27 ᠤ ᠡᠳᠦᠷ᠂ ᠥᠪᠥᠷ ᠮᠣᠩᠭᠣᠯ᠎ᠤᠨ
ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ 2026 ᠣᠨ᠎ᠤ ᠰᠢᠨ᠎ᠡ ᠤᠨᠦ ᠠᠮᠠᠷᠠᠯᠲᠠ ᠶᠢᠨ ᠬᠤᠭᠤᠴᠠᠭᠠᠨ᠎ᠤ
ᠵᠠᠰᠠᠮᠠᠯ ᠵᠠᠮ᠎ᠵᠢᠡᠷ ᠠᠶᠠᠯᠠᠵᠥ ᠵᠢᠭᠤᠯᠴᠢᠯᠠᠬᠤ ᠦᠢᠯᠡᠴᠢᠯᠡᠭᠡᠨ ᠦ ᠵᠦᠭᠯᠡᠭᠦᠷ ᠢ ᠨᠡᠢᠲᠡᠯᠡᠪᠡ᠃
2026 ᠣᠨ᠎ᠤ ᠰᠢᠨ᠎ᠡ ᠤᠨᠦ
ᠠᠮᠠᠷᠠᠯᠲᠠ᠎ᠶᠢᠨ ᠬᠤᠭᠤᠴᠠᠭ᠎ᠠ 2026 ᠣᠨ᠎ᠤ 1 ᠰᠠᠷ᠎ᠠ᠎ᠶᠢᠨ 1 ᠦ ᠡᠳᠦᠷ᠎ᠡᠴᠡ 1 ᠰᠠᠷ᠎ᠠ᠎ᠶᠢᠨ 3 ᠤ ᠡᠳᠦᠷ
ᠪᠣᠯᠲᠠᠯ᠎ᠠ ᠨᠡᠶ᠋ᠢᠲᠡ 3 ᠡᠳᠦᠷ ᠪᠠᠢᠵᠤ᠂ ᠪᠥᠬᠥ ᠤᠯᠤᠰ᠎ᠤᠨ ᠰᠦᠢᠳᠬᠡᠯ ᠬᠤᠷᠢᠶᠠᠬᠤ ᠵᠠᠰᠠᠮᠠᠯ ᠵᠠᠮᠬᠡᠪᠦᠨ
ᠶᠣᠰᠣᠭᠠᠷ ᠰᠦᠢᠳᠬᠡᠯ ᠬᠤᠷᠢᠶᠠᠨ᠎ᠠ᠃ 2026 ᠣᠨ᠎ᠤ ᠰᠢᠨ᠎ᠡ ᠤᠨᠦ ᠠᠮᠠᠷᠠᠯᠲᠠ᠎ᠶᠢᠨ ᠲᠣᠬᠢᠷᠠᠭᠤᠯᠤᠯᠲᠠ᠂ ᠣᠯᠠᠨ
ᠨᠡᠶ᠋ᠢᠲᠡ᠎ᠶᠢᠨ ᠶᠠᠪᠤᠵᠥ ᠰᠠᠭᠤᠬᠤ ᠬᠦᠰᠡᠯ ᠡᠷᠡᠮᠡᠯᠵᠡᠯ᠂ ᠠᠮᠠᠷᠠᠯᠲᠠ᠎ᠶᠢᠨ ᠬᠤᠭᠤᠴᠠᠭᠠᠨ᠎ᠤ ᠴᠠᠭ ᠠᠭᠤᠷ᠎ᠤᠨ
ᠪᠠᠢᠳᠠᠯ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠣᠯᠠᠨ ᠨᠡᠶ᠋ᠢᠲᠡ᠎ᠶᠢᠨ ᠭᠠᠳᠠᠭ᠍ᠰᠢ ᠭᠠᠷᠬᠤ
ᠬᠠᠯᠠᠭᠤᠷᠠᠯ ᠵᠣᠬᠢᠬᠤ ᠬᠡᠮᠵᠢᠶ᠎ᠡ᠎ᠪᠡᠷ ᠨᠡᠮᠡᠭᠳᠡᠵᠤ᠂ ᠡᠪᠦᠯ ᠦᠨ ᠤᠯᠠᠷᠢᠯ ᠤᠨ ᠵᠢᠭᠤᠯᠴᠢᠯᠠᠯ᠂ ᠴᠠᠰᠤ ᠮᠥᠰᠥᠨ᠎ᠤ
ᠬᠥᠳᠡᠯᠭᠡᠭᠡᠨ ᠪᠠ ᠲᠥᠷᠥᠯ ᠰᠠᠳᠤᠨ᠎ᠢᠶᠠᠨ ᠡᠷᠭᠢᠵᠦ ᠦᠵᠡᠬᠦ ᠵᠡᠷᠭᠡ᠎ᠪᠡᠷ ᠭᠣᠣᠯ ᠪᠣᠯᠭᠠᠬᠰᠠᠨ ᠳᠤᠮᠳᠠ ᠣᠢᠷ᠎ᠠ
ᠵᠠᠢ᠎ᠶᠢᠨ ᠶᠠᠪᠤᠵᠥ ᠰᠠᠭᠤᠬᠤ ᠬᠡᠷᠡᠭᠴᠡᠭᠡ ᠢᠯᠡᠳᠲᠡ ᠨᠡᠮᠡᠭᠳᠡᠬᠦ ᠪᠣᠯᠣᠨ᠎ᠠ᠃
ᠠᠶᠠᠨᠴᠢᠳ ᠪᠠ ᠪᠠᠷᠠᠭᠠᠨ ᠤ
ᠲᠡᠷᠭᠡ᠎ᠶᠢᠨ ᠲᠠᠷᠬᠠᠯᠲᠠ ᠶᠢᠨ ᠲᠠᠯ᠎ᠠ᠎ᠪᠠᠷ᠂ ᠵᠢᠱ᠌ᠢᠯᠲᠡ᠎ᠪᠡᠷ ᠲᠦᠷᠭᠡᠨ᠎ᠤ ᠵᠠᠰᠠᠮᠠᠯ ᠵᠠᠮ ᠤᠨ ᠠᠶᠠᠨᠴᠢᠳ᠎ᠤᠨ
ᠲᠡᠷᠭᠡᠨ᠎ᠦ ᠤᠷᠤᠰᠬᠠᠯ᠎ᠤᠨ ᠬᠡᠮᠵᠢᠶ᠎ᠡ᠎ᠶᠢᠨ ᠡᠵᠡᠯᠡᠬᠦ ᠬᠠᠷᠢᠴᠠᠯ 66% ᠠᠴᠠ ᠳᠡᠭᠡᠭᠰᠢ᠎ᠳᠦ ᠬᠦᠷᠬᠦ ᠪᠣᠯᠣᠨ᠎ᠠ᠂
ᠤᠨᠴᠠᠭᠠᠢᠯᠠᠨ ᠠᠮᠠᠷᠠᠯᠲᠠ᠎ᠶᠢᠨ ᠡᠮᠦᠨᠡᠬᠢ ᠡᠳᠦᠷ ᠪᠠ ᠠᠮᠠᠷᠠᠯᠲᠠ᠎ᠶᠢᠨ ᠬᠤᠭᠤᠴᠠᠭᠠᠨ᠎ᠤ ᠡᠴᠦᠰ᠎ᠦᠨ ᠡᠳᠦᠷ ᠡᠯ᠎ᠡ
ᠭᠠᠵᠠᠷ᠎ᠤᠨ ᠰᠦᠢᠳᠬᠡᠯ ᠬᠤᠷᠢᠶᠠᠬᠤ ᠥᠷᠲᠡᠭᠡ᠎ᠶᠢᠨ ᠲᠡᠷᠭᠡ ᠨᠡᠪᠲᠡᠷᠡᠬᠦ ᠳᠠᠷᠤᠯᠲᠠ ᠨᠡᠯᠢᠶᠡᠳ ᠶᠡᠬᠡ ᠪᠣᠯᠣᠨ᠎ᠠ᠃
ᠵᠠᠮ ᠬᠠᠷᠢᠯᠴᠠᠭᠠᠨ᠎ᠤ ᠰᠠᠯᠠᠭ᠎ᠠ ᠮᠥᠴᠢᠷ᠎ᠡᠴᠡ ᠥᠷᠭᠡᠨ ᠤᠯᠠᠨ ᠵᠢᠯᠣᠭᠣᠴᠢ᠎ᠳᠤ ᠶᠡᠬᠡ ᠰᠠᠯᠬᠢ ᠬᠦᠢᠳᠡᠨ ᠴᠠᠭ
ᠠᠭᠤᠷ᠎ᠢ ᠰᠡᠷᠭᠡᠢᠯᠡᠵᠦ᠂ ᠴᠠᠭ ᠢᠮᠠᠭᠲᠠ ᠯᠠᠪᠳᠠᠭᠤᠨ᠎ᠢᠶᠠᠷ ᠠᠶᠠᠯᠠᠵᠤ᠂ ᠵᠠᠮ ᠤᠨ ᠪᠠᠢᠳᠠᠯ ᠢ ᠠᠩᠬᠠᠷᠬᠤ ᠬᠡᠷᠡᠭᠲᠡᠢ ᠭᠡᠵᠦ ᠰᠠᠨᠠᠭᠤᠯᠵᠤ
ᠪᠤᠢ᠃
ᠵᠢᠱ᠌ᠢᠯᠲᠡ ᠪᠡᠷ 2025 ᠣᠨ ᠤ
12 ᠰᠠᠷ᠎ᠠ᠎ᠶᠢᠨ 31 ᠦ ᠡᠳᠦᠷ (ᠠᠮᠠᠷᠠᠯᠲᠠ᠎ᠶᠢᠨ ᠡᠮᠦᠨᠡᠬᠢ ᠡᠳᠦᠷ) ᠭᠠᠳᠠᠭ᠍ᠰᠢ ᠭᠠᠷᠬᠤ ᠲᠡᠷᠭᠡᠨ᠎ᠦ ᠲᠣᠭ᠎ᠠ
ᠣᠷᠭᠢᠯ᠎ᠳᠠᠭᠠᠨ ᠬᠦᠷᠴᠤ᠂ ᠲᠣᠰ ᠡᠳᠦᠷ᠎ᠦᠨ 16 ᠴᠠᠭ ᠠᠴᠠ ᠡᠬᠢᠯᠡᠨ ᠲᠦᠷᠭᠡᠨ ᠤ ᠵᠠᠰᠠᠮᠠᠯ ᠵᠠᠮ᠎ᠤᠨ ᠲᠡᠷᠭᠡᠨ᠎ᠦ
ᠲᠣᠭ᠎ᠠ ᠡᠬᠢᠯᠡᠨ ᠨᠡᠮᠡᠭᠳᠡᠵᠦ᠂ 17—19 ᠴᠠᠭ᠎ᠲᠤ ᠣᠷᠭᠢᠯ᠎ᠳᠠᠭᠠᠨ ᠲᠤᠯᠬᠤ ᠪᠣᠯᠣᠨ᠎ᠠ; 2026 ᠣᠨ᠎ᠤ 1 ᠰᠠᠷ᠎ᠠ᠎ᠶᠢᠨ 1 ᠦ ᠡᠳᠦᠷ (ᠠᠮᠠᠷᠠᠯᠲᠠ᠎ᠶᠢᠨ ᠨᠢᠭᠡᠳᠦᠭᠡᠷ ᠡᠳᠦᠷ)᠎ᠤᠨ
9 — 12 ᠴᠠᠭ᠎ᠲᠤ ᠠᠶᠠᠯᠠᠯ᠎ᠤᠨ ᠪᠠᠭ᠎ᠠ ᠣᠷᠭᠢᠯ ᠦᠶ᠎ᠡ ᠢᠯᠡᠷᠡᠵᠦ᠂ 2026 ᠣᠨ᠎ᠤ 1 ᠰᠠᠷ᠎ᠠ᠎ᠶᠢᠨ 3 ᠤ ᠡᠳᠦᠷ(ᠠᠮᠠᠷᠠᠯᠲᠠ᠎ᠶᠢᠨ ᠬᠠᠮᠤᠭ
ᠰᠡᠭᠦᠯᠴᠢ᠎ᠶᠢᠨ ᠡᠳᠦᠷ)᠎ᠤᠨ 15 — 18 ᠴᠠᠭ᠎ᠲᠤ ᠪᠤᠴᠠᠬᠤ ᠣᠷᠭᠢᠯ ᠦᠶ᠎ᠡ ᠢᠯᠡᠷᠡᠨ᠎ᠡ ᠃
ᠰᠢᠨ᠎ᠡ ᠤᠨ ᠦ ᠠᠮᠠᠷᠠᠯᠲᠠ᠎ᠶᠢᠨ
ᠬᠤᠭᠤᠴᠠᠭᠠᠨ᠎ᠳᠤ᠂ ᠭᠠᠵᠠᠷ ᠣᠷᠣᠨ᠎ᠤ ᠲᠠᠷᠬᠠᠯᠲᠠ᠎ᠠᠴᠠ ᠦᠵᠡᠪᠡᠯ᠂ ᠲᠡᠷᠭᠡᠨ ᠤ ᠤᠷᠤᠰᠬᠠᠯ ᠭᠣᠣᠯᠳᠠᠭᠤ ᠬᠥᠬᠡᠬᠣᠲᠠ᠂
ᠣᠷᠳᠣᠰ ᠬᠣᠲᠠ᠂ ᠤᠯᠠᠭᠠᠨᠴᠠᠪ ᠬᠣᠲᠠ ᠪᠣᠯᠣᠨ ᠤᠯᠠᠭᠠᠨᠬᠠᠳᠠ ᠬᠣᠲᠠ ᠵᠡᠷᠭᠡ ᠠᠢᠮᠠᠭ ᠬᠣᠲᠠ᠎ᠳᠤ ᠲᠥᠪᠯᠡᠷᠡᠨᠠ᠃
ᠵᠠᠮ᠎ᠤᠨ ᠬᠡᠰᠡᠭ᠎ᠦᠨ ᠲᠠᠷᠬᠠᠯᠲᠠ᠎ᠠᠴᠠ ᠦᠵᠡᠪᠡᠯ᠂ G6 ᠪᠡᠭᠡᠵᠢᠩ᠎ᠡᠴᠡ ᠲᠥᠪᠡᠳ
ᠬᠦᠷᠬᠦ ᠲᠦᠷᠭᠡᠨᠪ ᠵᠠᠰᠠᠮᠠᠯ ᠵᠠᠮ (ᠤᠯᠠᠭᠠᠨᠴᠠᠪ ᠬᠣᠲᠠ᠎ᠶᠢᠨ ᠬᠡᠰᠡᠭ᠂ ᠬᠥᠬᠡᠬᠣᠲᠠ᠎ᠶᠢᠨ ᠬᠡᠰᠡᠭ᠂ ᠪᠤᠭᠤᠲᠤ
ᠬᠣᠲᠠ᠎ᠶᠢᠨ ᠬᠡᠰᠡᠭ )᠂ G65 ᠪᠤᠭᠤᠲᠤ ᠡᠴᠡ ᠮᠤᠤᠮᠢᠩ ᠬᠦᠷᠬᠦ ᠲᠦᠷᠭᠡᠨ᠎ᠤ ᠵᠠᠰᠠᠮᠠᠯ
ᠵᠠᠮ ( ᠪᠤᠭᠤᠲᠤ ᠬᠣᠲᠠ᠎ᠠᠴᠠ ᠣᠷᠳᠣᠰ ᠬᠣᠲᠠ ᠬᠦᠷᠬᠦ ᠬᠡᠰᠡᠭ ᠂ G45 ᠳ᠋ᠠᠴᠢᠩ
ᠡᠴᠡ ᠭᠤᠸᠠᠩᠵᠸᠤ ᠬᠦᠷᠬᠦ ᠲᠦᠷᠭᠡᠨ᠎ᠤ ᠵᠠᠰᠠᠮᠠᠯ ᠵᠠᠮ (ᠤᠯᠠᠭᠠᠨᠬᠠᠳᠠ ᠬᠣᠲᠠ᠎ᠶᠢᠨ ᠬᠡᠰᠡᠭ᠂ ᠲᠦᠩᠯᠢᠶᠣᠣ ᠬᠣᠲᠠ᠎ᠶᠢᠨ
ᠬᠡᠰᠡᠭ ) ᠵᠢᠡᠷ ᠲᠡᠷᠭᠡᠨ᠎ᠦ ᠤᠷᠤᠰᠬᠠᠯ ᠨᠢᠭ᠍ᠲᠠᠷᠠᠵᠤ᠂ G6 ᠪᠡᠭᠡᠵᠢᠩ᠎ᠡᠴᠡ
ᠲᠥᠪᠡᠳ ᠬᠦᠷᠬᠦ ᠲᠦᠷᠭᠡᠨ᠎ᠤ ᠵᠠᠰᠠᠮᠠᠯ ᠵᠠᠮ᠎ᠤᠨ ᠲᠡᠷᠭᠡᠨ᠎ᠤ ᠲᠤᠭ᠎ᠠ ᠬᠡᠮᠵᠢᠶ᠎ᠡ ᠬᠠᠮᠤᠭ᠎ᠤᠨ ᠶᠡᠬᠡ ᠪᠣᠯᠣᠨ᠎ᠠ᠃
ᠠᠮᠠᠷᠠᠯᠲᠠ᠎ᠶᠢᠨ ᠬᠤᠭᠤᠴᠠᠭᠠᠨ᠎ᠳᠤ
ᠣᠷᠳᠣᠰ ᠬᠣᠲᠠ᠂ ᠤᠯᠠᠭᠠᠨᠬᠠᠳᠠ ᠬᠣᠲᠠ᠂ ᠬᠥᠬᠡᠬᠣᠲᠠ᠂ ᠪᠤᠭᠤᠲᠤ ᠬᠣᠲᠠ ᠪᠣᠯᠣᠨ ᠤᠯᠠᠭᠠᠨᠴᠠᠪ ᠬᠣᠲᠠ ᠵᠡᠷᠭᠡ ᠠᠢᠮᠠᠭ
ᠬᠣᠲᠠ ᠪᠣᠯ ᠠᠶᠠᠯᠠᠯ ᠵᠢᠭᠤᠯᠴᠢᠯᠠᠯ ᠤ᠋ᠨ ᠬᠠᠯᠠᠮᠰᠢᠯ ᠭᠠᠵᠠᠷ ᠣᠷᠣᠨ ᠪᠣᠯᠣᠨ᠎ᠠ᠃
ᠢᠷᠡᠯᠲᠡ ᠄ ᠲᠥᠪ ᠷᠠᠳᠢᠣ᠋ ᠵᠢᠨ ᠰᠦᠯᠵᠢᠶ᠎ᠡ