ᠡᠨᠡ ᠴᠢᠬᠤᠯᠠ ᠰᠢᠯᠭᠠᠯᠲᠠ᠎ᠶᠢᠨ ᠨᠡᠷ᠎ᠡ ᠮᠡᠳᠡᠭᠦᠯᠬᠦ ᠴᠠᠭ ᠲᠤᠭᠲᠠᠪᠠ
2025-12-30 10:10:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ 2026 ᠣᠨ᠎ᠤ ᠳᠡᠭᠡᠷ᠎ᠡ ᠬᠠᠭᠠᠰ ᠵᠢᠯ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ (ᠪᠢᠴᠢᠭ᠎ᠦᠨ ᠰᠢᠯᠭᠠᠯᠲᠠ) ᠵᠢᠨ ᠨᠡᠷ᠎ᠡ ᠮᠡᠳᠡᠭᠦᠯᠬᠦ ᠠᠵᠢᠯ 2026 ᠣᠨ ᠎ᠤ 1 ᠰᠠᠷ᠎ᠠ᠎ᠶᠢᠨ 9 ᠎ᠦ ᠡᠳᠦᠷ᠎ᠡᠴᠡ ᠡᠬᠢᠯᠡᠨ᠎ᠡ!

ᠥᠪᠥᠷ ᠮᠣᠩᠭᠣᠯ ᠎ᠳᠤ ᠨᠡᠷ᠎ᠡ ᠮᠡᠳᠡᠭᠦᠯᠬᠦ ᠰᠢᠯᠭᠠᠭᠤᠯᠤᠭ᠍ᠴᠢ ᠡᠷᠬᠡᠪᠰᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ 2026 ᠣᠨ᠎ᠤ ᠳᠡᠭᠡᠷ᠎ᠡ ᠬᠠᠭᠠᠰ ᠵᠢᠯ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ(ᠪᠢᠴᠢᠭ᠎ᠦᠨ ᠰᠢᠯᠭᠠᠯᠲᠠ)ᠵᠢᠨ ᠨᠡᠷ᠎ᠡ ᠮᠡᠳᠡᠭᠦᠯᠬᠦ ᠲᠤᠬᠠᠢ ᠠᠯᠪᠠᠨ ᠵᠠᠷᠯᠠᠯ》᠎ᠢ ᠤᠷᠢᠳᠴᠢᠯᠠᠨ ᠨᠠᠷᠢᠨ ᠬᠢᠨᠠᠮᠠᠭᠠᠢ ᠤᠩᠰᠢᠬᠤ᠎ᠶᠢᠨ ᠬᠠᠮᠲᠤ ᠠᠯᠪᠠᠨ ᠵᠠᠷᠯᠠᠯ ᠎ᠤᠨ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠬᠡᠷᠡᠭᠲᠡᠢ᠃

ᠴᠠᠭ᠎ᠤᠨ ᠲᠣᠬᠢᠷᠠᠭᠤᠯᠤᠯᠲᠠ᠄

ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄ 2026 ᠣᠨ᠎ᠤ 1 ᠰᠠᠷ᠎ᠠ᠎ᠶᠢᠨ 9 ᠎ᠡᠴᠡ 12 ᠎ᠤᠨ ᠡᠳᠦᠷ᠎ᠦᠨ 17 ᠴᠠᠭ ᠪᠤᠯᠲᠠᠯ᠎ᠠ;

ᠰᠦᠯᠵᠢᠶᠡᠨ᠎ᠲᠡᠭᠡᠷ᠎ᠡ ᠬᠢᠨᠠᠨ ᠬᠠᠷᠭᠤᠭᠤᠯᠬᠤ ᠴᠠᠭ᠄ 2026 ᠣᠨ᠎ᠤ 1 ᠰᠠᠷ᠎ᠠ᠎ᠶᠢᠨ 9 ᠎ᠡᠴᠡ 14 ᠎ᠦ ᠡᠳᠦᠷ᠎ᠦᠨ 12 ᠴᠠᠭ ᠪᠤᠯᠲᠠᠯ᠎ᠠ;

ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠴᠠᠭ᠄ 2026 ᠣᠨ᠎ᠤ 1 ᠰᠠᠷ᠎ᠠ᠎ᠶᠢᠨ 9 ᠎ᠦ ᠡᠳᠦᠷ᠎ᠡᠴᠡ 14 ᠎ᠦ ᠡᠳᠦᠷ᠎ᠦᠨ 24 ᠴᠠᠭ ᠪᠤᠯᠲᠠᠯ᠎ᠠ;

ᠰᠢᠯᠭᠠᠭᠤᠯᠬᠤ ᠦᠨᠡᠮᠯᠡᠯ ᠳᠠᠷᠤᠮᠠᠯᠯᠠᠬᠤ ᠴᠠᠭ᠄ 2026 ᠣᠨ᠎ᠤ 3 ᠰᠠᠷ᠎ᠠ᠎ᠶᠢᠨ 2᠎ᠤᠨ ᠡᠳᠦᠷ ᠎ᠡᠴᠡ 7 ᠎ᠤ ᠡᠳᠦᠷ ᠪᠤᠯᠲᠠᠯ᠎ᠠ;

ᠰᠢᠯᠭᠠᠯᠲᠠ᠎ᠶᠢᠨ ᠴᠠᠭ᠄ 2026 ᠣᠨ᠎ᠤ 3 ᠰᠠᠷ᠎ᠠ᠎ᠶᠢᠨ 7 ᠎ᠤ ᠡᠳᠦᠷ᠃

ᠰᠢᠯᠭᠠᠭᠤᠯᠤᠭ᠍ᠴᠢ᠎ᠶᠢᠨ ᠠᠩᠬ᠎ᠠ ᠤᠳᠠᠭ᠎ᠠ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠲᠠᠭᠯᠠᠬᠤ ᠴᠠᠭ 1 ᠰᠠᠷ᠎ᠠ᠎ᠶᠢᠨ 12 ᠎ᠤᠨ ᠡᠳᠦᠷ᠎ᠦᠨ 17 ᠴᠠᠭ᠎ᠠᠴᠠ ᠣᠷᠣᠢ ᠪᠠᠢᠵᠤ ᠪᠣᠯᠬᠤ ᠦᠭᠡᠢ᠂ ᠬᠢᠨᠠᠨ ᠬᠠᠷᠭᠤᠭᠤᠯᠬᠤ᠎ᠳᠤ ᠦᠩᠭᠡᠷᠡᠭᠰᠡᠨ ᠦᠭᠡᠢ ᠰᠢᠯᠭᠠᠭᠤᠯᠤᠭ᠍ᠴᠢ ᠡᠷᠬᠡᠪᠰᠢ 1 ᠰᠠᠷ᠎ᠠ᠎ᠶᠢᠨ 14 ᠎ᠦ ᠡᠳᠦᠷ ᠎ᠦᠨ 12 ᠴᠠᠭ᠎ᠠᠴᠠ ᠡᠮᠦᠨ᠎ᠡ ᠬᠢᠨᠠᠨ ᠬᠠᠷᠭᠤᠭᠤᠯᠬᠤ ᠪᠠᠢᠭᠤᠯᠤᠮᠵᠢ᠎ᠶᠢᠨ ᠬᠢᠨᠠᠨ ᠬᠠᠷᠭᠤᠭᠤᠯᠤᠭᠰᠠᠨ ᠰᠠᠨᠠᠯ ᠎ᠢ  ᠦᠨᠳᠦᠰᠦᠯᠡᠨ ᠵᠠᠰᠠᠪᠤᠷᠢ ᠣᠷᠣᠭᠤᠯᠤᠬᠰᠠᠨ ᠮᠡᠳᠡᠭᠡ ᠵᠠᠩᠭᠢ᠎ᠪᠠᠨ ᠳᠠᠬᠢᠨ ᠲᠤᠰᠢᠶᠠᠬᠤ ᠬᠡᠷᠡᠭᠲᠡᠢ᠃


ᠢᠷᠡᠯᠲᠡ᠄ ᠥᠪᠥᠷ ᠮᠣᠩᠭᠣᠯ᠎ᠤᠨ  ᠡᠳᠦᠷ᠎ᠤᠨ ᠰᠤᠨᠢᠨ᠎ᠤ ᠵᠢᠷᠭᠢᠶ᠎ᠡ ᠵᠢᠨ ᠲᠡᠪᠴᠡᠨᠭ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号