ᠤᠢ᠍ᠢᠷ᠎ᠠ ᠳ᠋ᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠳᠠᠷᠤᠭ᠎ᠠ ᠵᠧᠩ ᠭᠤᠸᠠᠩ ᠵᠤᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠤᠤ ᠶᠦᠩ ᠪᠥᠸᠧ᠂ ᠳᠠᠢ᠌ᠴᠢᠨ ᠲᠤᠰ ᠲᠤᠰ ᠪᠤᠭᠤᠲᠤ ᠬᠤᠳᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠢ ᠱᠢᠭᠤᠢ ᠪᠠ ᠨᠤᠲᠤᠬ ᠪᠡᠯᠴᠢᠭᠡᠷ᠎ᠤᠨ ᠲᠣᠪᠴᠢᠢ᠎ᠠ᠎ᠳᠤ ᠬᠦᠷᠴᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠵᠧᠩ ᠭᠤᠸᠠᠩ ᠵᠤᠤ ᠪᠤᠭᠤᠲᠤ ᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠢ᠎ᠠ᠎ᠶ᠋ᠢᠨ ᠬᠥᠨᠳᠡᠯᠡᠨ ᠬᠤᠪᠢᠶᠠᠷᠢ ᠲᠣᠪᠴᠢᠢ᠎ᠠ᠎ᠶ᠋ᠢᠨ ᠪᠦᠯᠬᠦᠮᠳᠡᠯ ᠶᠡᠬᠡ ᠵᠡᠭᠡᠯᠢ᠎ᠶ᠋ᠢᠨ ᠲᠣᠮᠢᠯᠠᠭ᠍ᠰᠠᠨ ᠰᠠᠯᠪᠤᠷᠢ᠎ᠳᠤ ᠬᠦᠷᠴᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠣᠯᠤᠨ ᠭᠣᠣᠯ ᠬᠠᠷᠠᠯᠲᠠ᠎ᠶ᠋ᠢ ᠭᠦᠨᠵᠡᠭᠡᠢ ᠣᠢᠯᠠᠭᠠᠬᠤ ᠵᠡᠷᠭᠡ ᠲᠠᠯ᠎ᠠ᠎ᠪᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠤ᠂ ᠪᠦᠬᠦ᠌ ᠠᠷᠠᠳ᠎ᠤᠨ ᠴᠠᠭ᠍ᠳᠠᠭ᠎ᠠ ᠲᠤᠰᠠᠯᠠᠬᠤ ᠴᠠᠭ᠍ᠳᠠᠭ᠎ᠠ᠎ᠨᠠᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ ᠠᠵᠢᠯ᠎ᠤᠨ ᠱᠢᠰᠲᠸᠮ ᠲᠠᠢ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠂ ᠠᠮᠤᠷ ᠲᠦᠪᠱᠢᠨ᠎ᠢ ᠬᠠᠮᠠᠭᠠᠯᠠᠬᠤ᠂ ᠲᠣᠭ᠍ᠲᠠᠭᠤᠨ᠎ᠢ ᠬᠠᠮᠠᠭᠠᠯᠠᠬᠤ᠂ ᠬᠥᠭ᠌ᠵᠢᠯᠲᠡ᠎ᠶ᠋ᠢ ᠠᠬᠢᠭᠤᠯᠬᠤ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠣᠳᠣᠬᠢᠴᠢᠯᠠᠯᠲᠠ᠎ᠶ᠋ᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠡᠩ ᠶᠡᠬᠡ ᠳᠣᠲᠣᠭᠠᠳᠤ᠎ᠶ᠋ᠢ ᠬᠠᠮᠠᠭᠠᠯᠠᠬᠤ ᠬᠦᠴᠦᠨ ᠴᠢᠳᠠᠯ᠎ᠢᠶᠠᠨ ᠡᠷᠭᠦᠬᠦ᠌ ᠵᠢ ᠵᠣᠷᠢᠭ᠍ᠵᠢᠭᠤᠯᠪᠠ᠃
ᠶᠤᠤ ᠶᠦᠩ ᠪᠥᠸᠧ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠳᠦ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠶᠤᠤ ᠶᠦᠩ ᠪᠥᠸᠧ᠂ ᠶᠡᠷᠦᠩᠭᠡᠢ ᠱᠦᠵᠢ ᠰᠢ ᠵᠢᠨ ᠫᠢᠩ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠤᠯᠠᠨᠳᠡ ᠴᠢᠬᠤᠯᠠ ᠵᠢᠭᠠᠪᠤᠷᠢ ᠥᠭ᠌ᠴᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠠᠴᠠ ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ ᠵᠡᠷᠭᠡ ᠲᠠᠯ᠎ᠠ᠎ᠪᠠᠷ ᠪᠠᠰᠠ ᠲᠣᠳᠣᠷᠬᠠᠢ ᠱᠠᠭᠠᠷᠳᠠᠯᠭ᠎ᠠ ᠪᠠ ᠪᠠᠢᠷᠢᠯᠠᠭᠤᠯᠤᠯᠲᠠ ᠬᠢᠵᠡᠢ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲᠸᠮ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠱᠠᠭᠠᠷᠳᠠᠯᠭ᠎ᠠ ᠶᠣᠰᠣᠭᠠᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠴᠢᠬᠤᠯᠠ ᠶᠡᠬᠡ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠬᠡᠵᠦ ᠴᠢᠬᠤᠯᠠᠴᠢᠯᠠᠪᠠ᠃
ᠳᠠᠢ᠌ᠴᠢᠨ ᠥᠪᠡᠷᠲᠡᠭᠡᠨ ᠵᠠᠰᠠᠬᠤ ᠣᠷᠣᠨ᠎ᠤ ᠤᠢ ᠱᠢᠭᠤᠢ ᠪᠠ ᠨᠤᠲᠤᠬ ᠪᠡᠯᠴᠢᠭᠡᠷ᠎ᠤᠨ ᠲᠣᠪᠴᠢᠢ᠎ᠠ᠎ᠳᠤ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠲᠠᠢᠴᠢᠨ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠤᠢ ᠱᠢᠭᠤᠢ ᠨᠤᠲᠤᠬ ᠪᠡᠯᠴᠢᠭᠡᠷ᠎ᠦᠨ ᠹᠷᠣᠨᠲ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠶᠠᠷᠦᠩᠭᠡᠢ ᠱᠦᠵᠢ ᠰᠢ ᠵᠢᠨ ᠫᠢᠩ᠎ᠤᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠰᠠᠨᠠᠯ》 ᠳ᠋ᠡᠬᠢ ᠤᠢ ᠱᠢᠭᠤᠢ ᠨᠤᠲᠤᠬ ᠪᠡᠯᠴᠢᠭᠡᠷ᠎ᠦᠨ ᠠᠵᠢᠯ᠎ᠤᠨ ᠲᠤᠬᠠᠢ ᠪᠠᠢᠯᠳᠤᠬᠤ ᠪᠤᠳᠤᠯᠭ᠎ᠠ᠎ᠶ᠋ᠢᠨ ᠲᠤᠬᠢᠷᠠᠭᠤᠯᠤᠯᠳᠠ᠎ᠶ᠋ᠢ ᠣᠨᠣᠪᠴᠢᠲᠠᠢ ᠤᠢ᠍ᠢᠯᠠᠭᠠᠨ ᠡᠵᠡᠮᠱᠢᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠡᠯ᠎ᠡ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢ ᠪᠣᠳᠠᠲᠠᠢ ᠠᠳᠭᠤᠨ ᠨᠠᠷᠢᠯᠢᠭ ᠠᠳᠭᠤᠵᠤ᠂ ᠤᠢ ᠱᠢᠭᠤᠢ ᠨᠤᠲᠤᠬ ᠪᠡᠯᠴᠢᠭᠡᠷ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠨ ᠠᠬᠢᠭᠤᠯᠵᠤ᠂ ᠮᠠᠨ᠎ᠤ ᠣᠷᠣᠨ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠳᠦᠬᠡᠨ ᠪᠠᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠬᠤᠰᠢᠭᠤᠷᠠᠬᠤ ᠵᠢ ᠳᠡᠮᠵᠢᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃