ᠪᠤᠳᠠᠳᠠᠢ ᠠᠵᠢᠯᠯᠠᠵᠦ ᠬᠦᠭᠵᠢᠯᠳᠡ ᠵᠢ ᠠᠬᠢᠭᠤᠯᠤᠨ ᠡᠷᠡᠮᠡᠬᠡᠢᠯᠡᠨ ᠲᠡᠮᠡᠴᠠᠵᠦ ᠰᠢᠨ᠎ᠠ ᠪᠠᠢᠳᠠᠯ ᠢ᠋ ᠨᠡᠬᠡᠬᠡᠨ᠎ᠠ
2025-12-31 09:55:57
ᠵᠣᠬᠢᠶᠠᠭ᠍ᠴᠢ᠄
ᠬᠠᠨ ᠱᠢᠤᠸᠠᠢ ᠷᠦ᠋ ᠰᠦᠩ ᠱᠤᠸᠠᠩ ᠵᠠᠩ ᠬᠤᠢ ᠯᠢᠩ ᠯᠢ ᠼᠦᠨ ᠱᠢᠶᠠ ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

— ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢᠨ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ  ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠴᠢᠩᠭ᠎ᠠ ᠲᠤᠰᠭᠠᠯ ᠭᠠᠷᠪᠠ

         

12 ᠰᠠᠷ᠎ᠠ᠎ᠶ᠋ᠢᠨ 29 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶ᠋ᠢᠨ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠵᠤ᠂ ᠬᠤᠷᠠᠯ᠎ᠡᠴᠡ ᠣᠳᠣᠬᠠᠨ᠎ᠤ ᠠᠵᠤ ᠠᠬᠤᠶ᠎ᠶ᠋ᠢᠨ ᠪᠠᠢᠳᠠᠯ᠎ᠢ ᠵᠠᠳᠠᠯᠵᠤ᠂ 2026 ᠣᠨ᠎ᠤ ᠭᠤᠤᠯᠳᠠᠯᠭ᠎ᠠ᠎ᠲᠠᠶ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ᠎ᠳᠤ ᠣᠷᠣᠯᠴᠠᠭ᠍ᠰᠠᠨ ᠨᠥᠬᠥᠳ᠂ ᠡᠨᠡ ᠤᠳᠠᠭ᠎ᠠ᠎ᠶ᠋ᠢᠨ ᠬᠤᠷᠠᠯ ᠨᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠥ᠍᠂ ᠭᠣᠣᠯᠳᠠᠯᠭ᠎ᠠ᠎ᠶ᠋ᠢ ᠲᠤᠪᠤᠢ᠌ᠯᠭᠠᠵᠥ᠍᠂ ᠪᠣᠳᠠᠲᠠᠢ᠎ᠶ᠋ᠢ ᠡᠷᠬᠢᠮᠯᠡᠨ᠂ ᠣᠷᠣᠨ ᠳᠠᠶᠠᠭᠠᠷ᠎ᠢᠶᠠᠨ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ ᠭᠡᠵᠤ ᠦᠵᠡᠵᠡᠬᠡᠵᠠᠢ᠃ ᠤᠯᠠᠨ᠎ᠢᠶᠠᠷ᠎ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠬᠤᠷᠠᠯ᠎ᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠵᠦᠢᠯ᠎ᠦᠨ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠨ᠎ᠠ ᠭᠡᠵᠦ᠍ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠦᠩ ᠮᠢᠩ ᠵᠦ᠍᠄ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 〈1571〉 ᠠᠵᠢᠯ᠎ᠤᠨ ᠪᠠᠢᠷᠢᠯᠠᠭᠤᠯᠤᠯᠲᠠ ᠨᠢ ᠪᠦᠬᠦ᠌ ᠣᠷᠣᠨ᠎ᠤ ᠬᠦᠲᠦᠯᠦᠨ ᠳᠠᠭᠠᠭᠤᠯᠬᠤ ᠴᠢᠨᠠᠷᠲᠠᠢ᠂ ᠰᠠᠭᠤᠷᠢ ᠴᠢᠨᠠᠷᠲᠠᠢ᠂ ᠵᠠᠩᠭᠢᠯᠠᠭ᠎ᠠ᠎ᠶ᠋ᠢᠨ ᠴᠢᠨᠠᠷᠲᠠᠢ ᠠᠵᠢᠯ᠎ᠳᠤ ᠱᠢᠰᠲᠸᠮ ᠲᠠᠢ ᠲᠤᠬᠢᠷᠠᠭᠤᠯᠤᠯᠲᠠ ᠬᠢᠵᠦ᠍᠂ ᠬᠦᠭ ᠠᠶᠠᠰ᠂ ᠭᠣᠣᠯ ᠰᠡᠳᠦᠪ᠂ ᠠᠷᠭ᠎ᠠ ᠬᠡᠮᠵᠢᠶ᠎ᠠ ᠨᠢ ᠴᠦᠮ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢ ᠠᠳᠭᠤᠵᠠᠢ᠃ ᠮᠠᠨ᠎ᠤ ᠢᠷᠡᠬᠦ᠌ ᠵᠢᠯ᠎ᠦᠨ ᠠᠵᠢᠯ᠎ᠤᠨ ᠰᠡᠳᠭᠢᠴᠡ ᠨᠠᠩ ᠲᠣᠳᠣᠷᠬᠠᠶ ᠪᠣᠯᠵᠣ᠂ ᠠᠵᠤ ᠠᠬᠤᠶ᠎ᠶ᠋ᠢᠨ ᠠᠵᠢᠯ᠎ᠤᠨ ᠭᠤᠤᠯᠳᠠᠯᠭ᠎ᠠ ᠨᠠᠩ ᠲᠥᠪᠯᠡᠷᠡᠩᠭᠦᠶ ᠪᠣᠯᠵᠣ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠬᠤ᠂ ᠪᠣᠳᠠᠲᠠᠶ ᠠᠵᠢᠯᠯᠠᠬᠤ᠎ᠶ᠋ᠢ ᠴᠢᠩᠭᠠᠳᠭᠠᠬᠤ᠂ ᠪᠣᠳᠠᠲᠤ ᠠᠮᠵᠢᠯᠲᠠ᠎ᠶ᠋ᠢ ᠡᠷᠬᠢᠮᠯᠡᠬᠦ᠌ ᠤᠳᠤᠷᠢᠳᠤᠮᠵᠢ ᠨᠠᠩ ᠲᠣᠪᠣᠢᠮ᠎ᠠ ᠪᠣᠯᠪᠠ᠃ ᠢᠷᠡᠬᠦ᠌ ᠵᠢᠯ᠎ᠦᠨ ᠭᠦᠶ᠋ᠴᠡᠳᠭᠡᠯ ᠲᠣᠭ᠎ᠠ᠎ᠶ᠋ᠢᠨ ᠲᠣᠬᠢᠷᠠᠭᠤᠯᠤᠯᠲᠠ ᠴᠤ᠌ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠶᠡᠷᠦᠩᠬᠡᠶ ᠬᠥᠭ ᠠᠶᠠᠰ᠎ᠢ ᠢᠯᠡᠷᠡᠭᠦᠯᠵᠦ᠍᠂ ᠠᠵᠤ ᠠᠬᠤᠶ᠎ᠶ᠋ᠢᠨ ᠳᠠᠯᠳᠠ ᠬᠦᠴᠦᠨ᠎ᠢ ᠭᠦᠶ᠋ᠴᠡᠳ ᠠᠭᠤᠳᠠᠯᠵᠤ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠡᠬᠢᠯᠡᠭᠦᠯᠬᠦ᠌᠎ᠳᠦ ᠬᠥᠳᠡᠯᠭᠡᠬᠦ᠌ ᠬᠦᠴᠦᠨ ᠨᠡᠮᠡᠷᠢᠯᠡᠵᠦ᠍᠂ ᠨᠠᠳᠠ ᠳ᠋ᠦ ᠮᠠᠰᠢ ᠴᠢᠩᠭ᠎ᠠ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠮᠡᠳᠡᠷᠡᠬᠦᠯᠵᠡᠶ᠃ ᠪᠢᠳᠡ ᠵᠠᠪᠠᠯ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ ᠲᠤᠭᠤᠱᠢᠯᠠᠭᠤᠯᠤᠨ ᠨᠠᠢᠳᠠᠪᠤᠷᠢᠵᠢᠭᠤᠯᠤᠯᠳᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ ᠲᠠᠯ᠎ᠠ᠎ᠪᠠᠷ᠂ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ ᠠᠵᠢᠯ᠎ᠢᠶᠠᠨ ᠦᠷᠭᠦᠯᠵᠢᠯᠡᠨ ᠰᠠᠢᠲᠤᠷ  ᠠᠬᠢᠭᠤᠯᠵᠤ᠂ ᠲᠠᠪᠤᠨ ᠵᠢᠯ᠎ᠦᠨ ᠬᠠᠷᠠᠯᠲᠠ᠎ᠪᠠᠨ ᠲᠣᠭ᠍ᠲᠠᠭᠠᠵᠤ᠂ ᠰᠠᠢᠨ ᠰᠠᠢᠬᠠᠨ ᠡᠬᠢᠯᠡᠯᠲᠡ᠎ᠶ᠋ᠢ ᠠᠬᠢᠭᠤᠯᠤᠨ᠎ᠠ᠃ ᠡᠭᠦᠷᠭᠡ ᠴᠢᠳᠠᠪᠬᠢ᠎ᠳᠠᠭᠠᠨ ᠰᠠᠭᠤᠷᠢᠯᠠᠨ ᠬᠥᠭ᠌ᠵᠢᠯᠲᠡ᠎ᠶ᠋ᠢ ᠠᠳᠭᠤᠬᠤ ᠲᠠᠯ᠎ᠠ᠎ᠪᠠᠷ᠂ ᠭᠤᠤᠯᠳᠠᠭᠤ 4 ᠎ᠶ᠋ᠢ ᠲᠥᠪᠯᠡᠷᠡᠭᠦᠯᠬᠦ ᠵᠢᠨ ᠲᠤᠭᠤᠷᠢᠨ ᠳ᠋ᠤ 4 ᠎ᠶ᠋ᠢ ᠨᠢᠭᠡᠳᠦᠯᠲᠡᠶ ᠲᠥᠯᠥᠪᠵᠢᠭᠦᠯᠦᠨ᠎ᠠ᠃ ᠪᠠᠯᠠ ᠣᠷᠣᠭᠤᠯᠤᠯᠲᠠ᠎ᠶ᠋ᠢ ᠥᠷᠭᠡᠳᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 〈ᠲᠣᠭ᠎ᠠ ᠬᠡᠮᠵᠢᠶ᠎ᠡ〉 ᠶ᠋ᠢᠨ ᠨᠡᠮᠡᠭ᠌ᠳᠡᠯ ᠪᠠ 〈ᠶᠠᠰᠤ ᠴᠢᠨᠠᠷ〉 ᠤ᠋ᠨ ᠳᠡᠭᠡᠭ᠌ᠰᠢᠯᠡᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ᠎ᠡ; ᠠᠵᠤ ᠦᠢᠯᠡᠰ᠎ᠢ ᠲᠡᠰ ᠳᠡᠪᠱᠢᠬᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 〈ᠳᠣᠲᠣᠭᠠᠳᠤ ᠵᠢᠨ ᠦᠷᠢᠰᠦᠯᠳᠦᠭᠡᠨ〉 ᠢ᠋ ᠴᠡᠭ᠌ᠴᠡᠯᠡᠨ ᠵᠠᠰᠠᠬᠤ ᠪᠠ ᠬᠥᠳᠡᠯᠭᠡᠬᠦ᠌ ᠬᠦᠴᠦᠨ᠎ᠤ ᠰᠣᠯᠢᠭ᠍ᠳᠠᠯ᠎ᠢ ᠰᠠᠢᠲᠤᠷ ᠨᠢᠭᠡᠳᠦᠯᠲᠡᠢ ᠲᠥᠯᠥᠪᠵᠢᠭᠦᠯᠦᠨ᠎ᠡ; ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠣᠣᠰ ᠡᠵᠡᠮᠳᠡᠯ ᠪᠣᠯᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠰᠠᠢᠲᠤᠷ ᠨᠢᠭᠡᠳᠦᠯᠲᠡᠢ ᠲᠥᠯᠥᠪᠵᠢᠭᠦᠯᠦᠨ᠎ᠡ; ᠬᠥᠮᠦᠨ ᠠᠮᠠ᠎ᠶ᠋ᠢᠨ ᠬᠤᠪᠢᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠪᠠ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ 〈ᠬᠣᠶᠠᠷ ᠵᠢᠭᠰᠠᠭᠠᠯᠳᠠ ᠳ᠋ᠤ ᠲᠣᠭ᠍ᠲᠠᠪᠤᠷᠢᠵᠢᠬᠤ〉 ᠶ᠋ᠢ ᠪᠡᠶᠡᠯᠡᠭᠦᠯᠵᠦ᠍᠂ 〈ᠬᠣᠶᠠᠷ ᠲᠠᠯ᠎ᠠ ᠪᠡᠷ ᠦᠷᠭᠦᠯᠵᠢᠯᠡᠨ ᠡᠮᠦᠨ᠎ᠠ ᠡᠩᠨᠡᠭᠡᠨ ᠳ᠋ᠤ ᠶᠠᠪᠤᠬᠤ〉 ᠶ᠋ᠢ ᠪᠠᠲᠤᠯᠠᠵᠤ ᠬᠦᠴᠦᠨ ᠴᠢᠳᠠᠯ᠎ᠢᠶᠠᠨ ᠡᠷᠭᠦᠨ᠎ᠠ》 ᠭᠡᠪᠡ᠃

《ᠨᠢᠭᠡ ᠵᠢᠯ᠎ᠦᠨ ᠲᠤᠷᠰᠢ ᠥᠪᠥᠷ ᠮᠣᠩᠭᠣᠯ᠎ᠤᠨ ᠬᠥᠭ᠌ᠵᠢᠯᠲᠡ ᠮᠠᠰᠢ ᠶᠡᠷᠦ᠍ ᠪᠤᠰᠤ᠎ᠶ᠋ᠢᠨ ᠪᠠᠢᠵᠤ᠂ ᠣᠯᠤᠭ᠍ᠰᠠᠨ ᠠᠮᠵᠢᠯᠲᠠ ᠪᠦᠲᠦᠮᠵᠢ ᠨᠢ ᠬᠥᠮᠦᠰ᠎ᠢ ᠵᠣᠷᠢᠭ᠍ᠵᠢᠭᠤᠯᠵᠤ᠂ ᠡᠷᠴᠢ ᠵᠣᠷᠢᠭ᠎ᠢ ᠬᠥᠪᠴᠢᠯᠡᠵᠦ᠍᠂ ᠴᠤᠭ ᠵᠣᠷᠢᠭ᠎ᠢ ᠴᠢᠩᠭᠠᠯᠠᠪᠠ᠂ ᠬᠤᠷᠠᠯ᠎ᠡᠴᠡ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠭᠣᠣᠯᠳᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠮᠠᠨ᠎ᠤ ᠠᠵᠢᠯ᠎ᠤᠨ ᠬᠠᠨᠳᠤᠯᠭᠠᠲᠤ ᠴᠢᠨᠠᠷ᠎ᠢ ᠴᠢᠩᠭᠠᠳᠭᠠᠬᠰᠠᠨ ᠪᠠᠢᠨ᠎ᠠ》 ᠬᠡᠵᠦ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠵᠢᠯᠳᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠸᠠᠩ ᠵᠢᠨ ᠪᠦᠦ ᠬᠡᠯᠡᠪᠡ᠃ ᠲᠡᠷᠡ᠂ ᠱᠢᠨ᠎ᠡ ᠮᠠᠶᠢᠭ ᠤ᠋ᠨ ᠠᠵᠤ ᠦᠢᠯᠡᠳᠪᠦᠷᠢᠵᠢᠯᠲᠡ᠎ᠶ᠋ᠢ ᠪᠡᠶᠡᠯᠡᠭᠦᠯᠬᠦ᠌ ᠡᠨᠡ ᠬᠦ᠌ ᠵᠠᠩᠭᠢᠯᠠᠭ᠎ᠠ᠎ᠶ᠋ᠢᠨ ᠡᠭᠦᠷᠭᠡ᠎ᠲᠡᠶ ᠨᠢᠭ᠍ᠲᠠ ᠤᠶᠠᠯᠳᠤᠭᠤᠯᠵᠤ᠂ ᠲᠣᠭ᠍ᠲᠠᠭᠤᠨ ᠤ᠋ ᠲᠤᠮᠳᠠ ᠤᠷᠤᠬᠰᠢᠯᠡᠨ ᠲᠠᠪᠰᠢᠬᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ ᠵᠢ ᠪᠠᠷᠢᠮᠳᠠᠯᠠᠵᠤ᠂ ᠤᠶᠤᠨᠴᠢᠯᠠᠬᠤ᠂ ᠪᠤᠬᠢᠷᠳᠤᠯ ᠦᠭᠡᠢᠵᠢᠬᠦᠯᠬᠦ᠂ ᠠᠭᠤᠰᠤᠯᠴᠠᠭᠤᠯᠬᠤ ᠴᠢᠭ᠌ᠯᠡᠯ ᠢ᠋ ᠪᠠᠷᠢᠮᠳᠠᠯᠠᠵᠤ᠂ ᠭᠠᠵᠠᠷ ᠣᠷᠣᠨ᠎ᠤ ᠪᠠᠢᠳᠠᠯ᠎ᠳ᠋ᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭ᠌ᠵᠢᠭᠦᠯᠵᠤ᠂ ᠤᠯᠠᠮᠵᠢᠯᠠᠯᠲᠤ ᠠᠵᠤ ᠦᠢᠯᠡᠰ᠎ᠦᠨ ᠳᠠᠯᠳᠠ ᠬᠦᠴᠦᠨ᠎ᠢ ᠠᠭᠤᠳᠠᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠂ ᠱᠢᠨ᠎ᠡ᠎ᠪᠡᠷ ᠮᠠᠨᠳᠤᠬᠰᠡᠨ ᠠᠵᠤ ᠦᠢᠯᠡᠰ ᠢ᠋ ᠲᠥᠪᠯᠡᠷᠡᠬᠦᠯᠤᠨ ᠪᠤᠵᠠᠭᠠᠢᠷᠠᠭᠤᠯᠬᠤ᠂ ᠢᠷᠡᠭᠡᠳᠦᠶ᠎ᠶ᠋ᠢᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠬᠡᠷᠡᠭ᠌ᠯᠡᠯᠲᠡ ᠵᠢ ᠠᠬᠢᠭᠤᠯᠵᠤ᠂ ᠲᠡᠷᠢᠭᠦᠨ᠎ᠦ ᠦᠢᠯᠡᠳᠬᠦ᠌ ᠦᠢᠯᠡᠰ᠎ᠢᠶᠡᠷ ᠭᠣᠣᠯᠯᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠦᠷᠬᠦᠯᠵᠢᠯᠡᠨ ᠶᠡᠷᠦᠩᠬᠡᠶ ᠬᠡᠮᠵᠢᠶ᠎ᠡ᠎ᠶ᠋ᠢ ᠥᠷᠭᠡᠳᠭᠡᠵᠤ᠂ ᠨᠡᠮᠡᠭᠳᠡᠯ ᠢ᠋ ᠰᠢᠯᠢᠳᠡᠭᠵᠢᠬᠦᠯᠵᠤ᠂ ᠬᠠᠳᠠᠭᠠᠯᠠᠯᠲᠠ᠎ᠶ᠋ᠢ ᠠᠮᠢᠳᠤᠯᠢᠭ ᠪᠣᠯᠭᠠᠵᠤ᠂ ᠶᠠᠰᠤ ᠴᠢᠨᠠᠷ᠎ᠢ ᠳᠡᠭᠡᠭ᠌ᠰᠢᠯᠡᠭᠦᠯᠵᠤ᠂ ᠪᠦᠬᠦ᠌ ᠬᠦᠴᠦᠨ᠎ᠢᠶᠡᠷ᠎ᠢᠶᠡᠨ ᠨᠡᠮᠡᠭ᠌ᠳᠡᠯ᠎ᠢ ᠲᠣᠭ᠍ᠲᠠᠪᠤᠷᠢᠵᠢᠭᠤᠯᠵᠤ᠂ ᠪᠡᠯᠡ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠵᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠵᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ᠎ᠦᠨ ᠲᠣᠭ᠍ᠲᠠᠭᠤᠨ᠎ᠢᠶᠠᠷ ᠪᠥᠬᠥ᠌ ᠣᠷᠣᠨ᠎ᠤ ᠬᠥᠭ᠌ᠵᠢᠯᠲᠡ᠎ᠶ᠋ᠢᠨ ᠳᠠᠪᠱᠢᠯᠲᠠ᠎ᠶ᠋ᠢ ᠳᠡᠮᠵᠢᠵᠤ᠂《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠦᠢᠯᠡᠳᠪᠦᠷᠢ᠎ᠶ᠋ᠢᠨ ᠠᠵᠤ ᠠᠬᠤᠶ᠎ᠶ᠋ᠢᠨ ᠲᠣᠭ᠍ᠲᠠᠭᠤᠨ ᠡᠬᠢᠯᠡᠯᠳᠠ ᠰᠠᠢᠨ ᠡᠬᠢᠯᠡᠯᠳᠠ ᠲᠠᠢ ᠪᠠᠢᠯᠭᠠᠬᠤ᠎ᠶ᠋ᠢ ᠴᠢᠷᠮᠠᠢᠨ ᠪᠡᠶᠡᠯᠡᠭᠦᠯᠦᠨ᠎ᠡ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠸᠩ ᠰᠢᠶᠤᠤ ᠶᠢᠤ᠂ ᠲᠣᠰ ᠤᠳᠠᠭ᠎ᠠ᠎ᠶ᠋ᠢᠨ ᠬᠤᠷᠠᠯ᠎ᠨᠢ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠪᠡᠷ ᠪᠥᠬᠥ᠌ ᠲᠠᠯ᠎ᠠ᠎ᠪᠠᠷ ᠪᠠᠷᠢᠮᠵᠢᠶᠠᠯᠠᠵᠤ᠂ ᠣᠳᠣᠬᠠᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠠᠢᠳᠠᠯ᠎ᠢ ᠭᠦᠨᠵᠡᠭᠡᠶ ᠵᠠᠳᠠᠯᠵᠤ᠂ 2026 ᠣᠨ᠎ᠤ ᠠᠵᠤ ᠠᠬᠤᠶ᠎ᠶ᠋ᠢᠨ ᠠᠵᠢᠯ᠎ᠢ ᠱᠢᠰᠲ᠋ᠧᠮ᠎ᠲᠡᠶ ᠪᠠᠢᠷᠢᠯᠠᠭᠤᠯᠵᠤ᠂ ᠵᠣᠭ᠍ᠰᠣᠴᠠ ᠠᠯᠤᠰ ᠭᠡᠳᠤ ᠵᠢᠨ᠂ ᠬᠠᠷᠠᠯᠲᠠ ᠲᠣᠳᠣᠷᠬᠠᠶ ᠪᠠᠢᠵᠤ᠂ ᠬᠥᠮᠦᠰ ᠤ᠋ᠨ ᠤᠷᠮ᠎ᠠ ᠵᠤᠷᠢᠭ ᠢ᠋ ᠬᠦᠭᠵᠢᠭᠡᠵᠤ᠂ ᠢᠳᠡᠭᠡᠯ ᠵᠤᠷᠢᠭ ᠢ᠋ ᠬᠦᠪᠴᠢᠯᠡᠪᠡ᠃ ᠪᠥᠬᠥ᠌ ᠣᠷᠣᠨ᠎ᠤ ᠤᠰᠤᠨ ᠠᠱᠢᠭ᠍ᠯᠠᠯᠲᠠ᠎ᠶ᠋ᠢᠨ ᠱᠢᠰᠲ᠋ᠧᠮ 2026 ᠣᠨ᠎ᠤ ᠠᠵᠤ ᠠᠬᠤᠶ᠎ᠶ᠋ᠢᠨ ᠠᠵᠢᠯ᠎ᠤᠨ ᠶᠡᠷᠦᠩᠬᠡᠶ ᠱᠠᠭᠠᠷᠳᠠᠯᠭ᠎ᠠ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠤᠯᠤᠰ᠎ᠤᠨ ᠤᠰᠤᠨ ᠠᠱᠢᠭ᠍ᠯᠠᠯᠲᠠ᠎ᠶ᠋ᠢᠨ ᠲᠤᠤᠷ᠎ᠤᠨ ᠪᠥᠲᠥᠭᠡᠨ ᠪᠠᠢᠭᠤᠯᠤᠯᠲᠠ᠂ 《 ᠬᠣᠶᠠᠷ ᠴᠢᠬᠤᠯᠠ》 ᠲᠥᠷᠥᠯ ᠵᠦᠶ᠋ᠯ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ᠂ ᠤᠰᠤᠨ ᠠᠱᠢᠭ᠍ᠯᠠᠯᠲᠠ᠎ᠶ᠋ᠢᠨ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠵᠢᠨ ᠲᠤᠯᠭᠠᠭᠤᠷᠢᠯᠠᠵᠤ ᠪᠠᠲᠤᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠣᠲᠣ ᠦᠶ᠎ᠡ᠎ᠶ᠋ᠢᠨ ᠤᠰᠤᠨ ᠠᠱᠢᠭ᠍ᠯᠠᠯᠲᠠ᠎ᠶ᠋ᠢᠨ ᠲᠤᠤᠷ᠎ᠤᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠲᠥᠷᠥᠯ ᠵᠦᠶ᠋ᠯ᠎ᠦᠨ ᠲᠥᠯᠥᠪᠵᠢᠭᠦᠯᠭᠡ᠎ᠶ᠋ᠢ ᠰᠠᠢᠲᠤᠷ ᠠᠳᠭᠤᠨ᠎ᠠ; 《ᠤᠰᠤ ᠪᠡᠷ ᠳᠥᠷᠪᠡ᠎ᠶ᠋ᠢ ᠲᠣᠭ᠍ᠲᠠᠭᠠᠬᠤ》 ᠵᠠᠷᠴᠢᠮ᠎ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠷᠠᠭᠤᠯᠤᠨ᠂ ᠭᠣᠣᠯᠳᠠᠯᠭ᠎ᠠ᠎ᠲᠠᠶ ᠬᠦᠷᠢᠶᠡᠨ᠎ᠳ᠋ᠡᠬᠢ ᠤᠰᠤᠨ᠎ᠤ ᠡᠬᠢ ᠪᠠᠶᠠᠯᠢᠭ᠎ᠢ ᠠᠱᠢᠭ᠍ᠯᠠᠬᠤ ᠪᠦᠬᠦ᠌ ᠶᠠᠪᠤᠴᠠ᠎ᠳᠤ ᠤᠰᠤ ᠠᠷᠪᠢᠯᠠᠬᠤ ᠳᠠᠯᠳᠠ ᠬᠦᠴᠦᠨ᠎ᠢ ᠶᠡᠬᠡ ᠪᠡᠷ ᠠᠭᠤᠳᠠᠯᠤᠨ᠎ᠠ; 《ᠭᠣᠣᠯ ᠮᠥᠷᠡᠨ᠎ᠦ ᠪᠠᠢᠯᠳᠤᠬᠤ ᠪᠤᠳᠤᠯᠭ᠎ᠠ》 ᠵᠢ ᠭᠦᠨᠵᠡᠭᠡᠢ ᠬᠡᠷᠡᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠲᠠᠪᠤᠨ ᠤᠰᠤ᠎ᠶ᠋ᠢ ᠬᠠᠮᠲᠤ᠎ᠪᠠᠷ ᠵᠠᠰᠠᠬᠤ》 ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠣᠣᠯ᠎ᠢ ᠰᠠᠢᠲᠤᠷ ᠬᠠᠮᠠᠭᠠᠯᠠᠵᠤ᠂ 《ᠬᠦᠯᠤᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ》 ᠵᠢᠴᠢ ᠴᠠᠭᠠᠨᠨᠠᠭᠤᠷ ᠵᠡᠷᠭᠡ ᠭᠣᠣᠯᠳᠠᠯᠭ᠎ᠠ᠎ᠲᠠᠶ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭᠠᠯᠠᠨ ᠵᠠᠰᠠᠬᠤ᠎ᠶ᠋ᠢ ᠭᠦᠨᠵᠡᠭᠡᠢᠷᠡᠭᠦᠯᠵᠦ᠍᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠳᠤ ᠡᠵᠡᠮᠳᠡᠵᠤ᠂ ᠤᠰᠤᠨ᠎ᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠬᠦᠯᠵᠦ ᠠᠨᠭᠬᠠᠨ ᠤ᠋ ᠠᠯᠬᠤᠮ ᠢ᠋ ᠰᠠᠢᠳᠤᠷ ᠠᠯᠬᠤᠬᠤ ᠵᠢ ᠦᠨᠡᠨ ᠬᠦ᠌ ᠪᠠᠲᠤᠯᠠᠨ᠎ᠠ ᠭᠡᠵᠤ ᠢᠯᠡᠳᠭᠡᠪᠡ᠃

ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᠱᠸᠨ᠂ 2026 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠬᠠᠤᠯᠢ ᠶᠣᠰᠣᠭᠠᠷ ᠭᠠᠢᠯᠢ᠎ᠶ᠋ᠢ ᠵᠠᠰᠠᠬᠤ᠎ᠶ᠋ᠢ ᠪᠠᠷᠢᠮᠲᠠᠯᠠᠵᠤ᠂《ᠬᠣᠷᠸ᠎ᠠ ᠭᠠᠢᠯᠢ᠎ᠶ᠋ᠢᠨ ᠵᠦᠶ ᠵᠣᠬᠢᠰᠲᠠᠶ ᠡᠭᠦᠷᠭᠡᠯᠡᠯ᠎ᠦᠨ ᠲᠦᠪᠱᠢᠨ᠎ᠢ ᠪᠠᠲᠤᠯᠠᠬᠤ》 ᠲᠤᠬᠠᠶ ᠨᠠᠮ᠎ᠤᠨ ᠲᠥᠪ ᠬᠣᠷᠢᠶ᠎ᠠ ᠵᠢᠨ ᠱᠠᠭᠠᠷᠳᠠᠯᠭ᠎ᠠ᠎ᠪᠡᠷ ᠪᠠᠷᠢᠮᠵᠢᠶᠠᠯᠠᠨ᠂ ᠡᠳ᠋ ᠬᠤᠷᠠᠮᠳᠤᠭᠤᠯᠵᠤ ᠪᠠᠶᠠᠵᠢᠬᠤ᠎ᠶ᠋ᠢ ᠵᠡᠷᠭᠡ᠎ᠪᠡᠷ ᠠᠳᠭᠤᠵᠤ᠂ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠯᠡᠭᠡᠨ᠎ᠦ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠭᠠᠢᠯᠢ ᠬᠤᠷᠢᠶᠠᠬᠤ ᠪᠠ ᠬᠠᠮᠢᠶᠠᠷᠬᠤ ᠳᠤᠳᠠᠭᠤᠳᠠᠯ᠎ᠢ ᠨᠦᠬᠦᠪᠤᠷᠢᠯᠡᠵᠦ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠴᠢᠩᠭᠠᠳᠭᠠᠨ᠂ ᠡᠳ᠋᠎ᠦᠨ ᠬᠦᠴᠦᠨ᠎ᠦ ᠪᠠᠲᠤᠯᠠᠭ᠎ᠠ᠎ᠶ᠋ᠢ ᠲᠠᠰᠤᠷᠠᠯᠲᠠ ᠥᠬᠡᠶ ᠪᠡᠬᠢᠵᠢᠭᠦᠯᠦᠨ᠎ᠡ᠃ ᠤᠷᠢᠳᠡᠴᠢ ᠰᠤᠳᠤᠯᠭᠠᠨ᠎ᠢ ᠰᠠᠢᠲᠤᠷ ᠠᠳᠭᠤᠵᠤ᠂ ᠭᠠᠢᠯᠢ᠎ᠶ᠋ᠢᠨ ᠢᠷᠡᠯᠲᠡ᠎ᠶ᠋ᠢ ᠢᠳᠡᠪᠬᠢᠲᠡᠶ ᠬᠠᠳᠠᠭᠠᠯᠠᠵᠤ᠂ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠠᠵᠤ ᠦᠶ᠋ᠯᠡᠰ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠪᠣᠯᠤᠨ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠨ ᠪᠤᠵᠠᠭᠠᠢᠷᠠᠬᠤ᠎ᠶ᠋ᠢ ᠨᠠᠩ ᠰᠠᠢᠲᠤᠷ ᠳᠡᠮᠵᠢᠨ᠎ᠡ᠃ ᠲᠣᠭᠠᠴᠢᠯᠠᠯᠳᠠ᠎ᠪᠠᠷ ᠭᠠᠢᠯᠢ᠎ᠶ᠋ᠢ ᠵᠠᠰᠠᠬᠤ᠎ᠶ᠋ᠢ ᠪᠠᠷᠢᠮᠲᠠᠯᠠᠵᠤ᠂ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠳᠤ ᠲᠦᠱᠢᠭ᠌ᠯᠡᠨ᠂ ᠭᠠᠢᠯᠢ ᠬᠤᠷᠢᠶᠠᠬᠤ ᠪᠠ ᠬᠠᠮᠢᠶᠠᠷᠬᠤ 《ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ》 ᠢ᠋ ᠭᠦᠨᠵᠡᠭᠡᠶ ᠬᠡᠷᠡᠭ᠌ᠵᠢᠭᠦᠯᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ ᠰᠦᠶ᠋ᠳᠭᠡᠯ᠎ᠳᠦ ᠬᠣᠯᠪᠣᠭ᠍ᠳᠠᠬᠤ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ ᠭᠠᠷᠴᠠᠭ》 ᠢ᠋ ᠰᠠᠢᠲᠤᠷ ᠬᠡᠷᠡᠭ᠌ᠯᠡᠨ᠂ ᠲᠣᠭᠠᠴᠢᠯᠠᠯᠳᠠ ᠤᠶᠤᠨᠴᠢᠯᠠᠯᠳᠠ ᠵᠢᠨ ᠮᠡᠷᠭᠡᠵᠢᠯ᠎ᠢ ᠱᠢᠨ᠎ᠡ᠎ᠶ᠋ᠢ ᠡᠭᠦᠳᠬᠦ᠌᠎ᠳᠦ ᠨᠠᠩ ᠣᠯᠠᠨ ᠬᠡᠷᠡᠭ᠌ᠯᠡᠵᠦ᠍᠂ ᠭᠠᠢᠯᠢ ᠰᠦᠶ᠋ᠳᠭᠡᠯ᠎ᠳᠦ ᠬᠣᠯᠪᠣᠭ᠍ᠳᠠᠬᠤ ᠨᠠᠩ ᠣᠯᠠᠨ ᠵᠦᠶ᠋ᠯᠡᠰ᠎ᠢ ᠥᠪᠡᠷᠲᠡᠭᠡᠨ ᠵᠠᠰᠠᠬᠤ ᠣᠷᠣᠨ᠎ᠤ 《ᠥᠨᠳᠥᠷ ᠪᠦᠲᠦᠮᠵᠢᠲᠡᠶ᠎ᠪᠡᠷ ᠨᠢᠭᠡ ᠶᠠᠪᠤᠳᠠᠯ ᠢ᠋ ᠭᠦᠶ᠋ᠴᠡᠳᠭᠡᠬᠦ᠌》 ᠨᠠᠷᠢᠨ ᠲᠠᠨᠭᠰᠠ ᠳ᠋ᠤ ᠣᠷᠣᠭᠤᠯᠤᠨ᠎ᠠ᠃ ᠭᠠᠢᠯᠢ᠎ᠶ᠋ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠨᠢᠭᠡᠳᠦᠯᠳᠠᠢ ᠲᠣᠮᠣ ᠵᠠᠬ᠎ᠠ ᠳᠡᠯᠭᠡᠭᠦᠷ᠎ᠦᠨ ᠪᠠᠢᠭᠤᠯᠤᠯᠲᠠ᠎ᠳᠦ ᠬᠦᠴᠦᠨ ᠨᠡᠮᠡᠷᠢᠯᠡᠨ᠎ᠡ᠃ ᠪᠥᠬᠥ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ ᠪᠠ ᠪᠥᠬᠥ᠌ ᠲᠠᠯ᠎ᠠ᠎ᠪᠠᠷ ᠭᠠᠢᠯᠢ ᠵᠢ ᠴᠢᠩᠭ᠎ᠠ ᠵᠠᠰᠠᠬᠤ᠎ᠶ᠋ᠢ ᠨᠡᠪᠲᠡᠷᠡᠯᠴᠡᠭᠦᠯᠦᠨ ᠠᠬᠢᠭᠤᠯᠵᠤ᠂ ᠬᠠᠤᠯᠢ᠎ᠡᠴᠡ ᠵᠥᠷᠢᠴᠡᠭ᠌ᠰᠡᠨ ᠭᠡᠷᠡᠭ᠎ᠢ ᠪᠠᠢᠴᠠᠭᠠᠨ ᠱᠢᠶ᠋ᠳᠪᠦᠷᠢᠯᠡᠬᠦ᠌᠂ ᠬᠠᠤᠯᠢ ᠬᠡᠷᠡᠭ᠌ᠵᠢᠭᠦᠯᠤᠯᠳᠡ᠎ᠶ᠋ᠢ ᠱᠢᠯᠢᠳᠡᠭ᠌ᠵᠢᠭᠦᠯᠬᠦ᠌᠂ ᠬᠠᠤᠯᠢ᠎ᠶ᠋ᠢ ᠰᠠᠬᠢᠬᠤ᠎ᠶ᠋ᠢ ᠠᠬᠢᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠬᠠᠤᠯᠢ᠎ᠪᠠᠷ ᠵᠠᠰᠠᠬᠤ ᠲᠥᠪ ᠭᠤᠤᠯᠴᠢ ᠭᠠᠢᠯᠢ ᠵᠢᠨ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭᠠᠨ᠎ᠠ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶ᠋ᠢ ᠠᠬᠢᠭᠤᠯᠬᠤ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠵᠦᠪᠯᠡᠯ᠎ᠦᠨ ᠳᠠᠷᠤᠭ᠎ᠠ ᠴᠢᠨ ᠶᠠᠨ᠂ 2026 ᠣᠨ᠎ᠳᠤ᠂ ᠪᠦᠬᠦ᠌ ᠣᠷᠣᠨ᠎ᠤ ᠠᠷᠠᠯᠵᠢᠶ᠎ᠠ᠎ᠶ᠋ᠢ ᠠᠬᠢᠭᠤᠯᠬᠤ ᠱᠢᠰᠲ᠋ᠧᠮ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢ ᠵᠡᠷᠭᠡ᠎ᠳᠦᠨᠢ ᠴᠢᠬᠤᠯᠠᠴᠢᠯᠠᠬᠤ᠂ ᠠᠷᠠᠯᠵᠢᠶᠠᠨ᠎ᠤ ᠪᠡᠯᠡ ᠣᠷᠣᠭᠤᠯᠤᠯᠲᠠ᠎ᠵᠢ ᠬᠠᠷᠢᠯᠴᠠᠨ ᠠᠬᠢᠭᠤᠯᠬᠤ᠂ ᠲᠠᠪᠴᠠᠩ᠎ᠤᠨ ᠡᠬᠢ ᠪᠠᠶᠠᠯᠢᠭ᠎ᠢᠶᠡᠷ ᠬᠦᠴᠦᠨ ᠣᠯᠭᠣᠬᠤ ᠶ᠋ᠢ ᠪᠠᠷᠢᠮᠲᠠᠯᠠᠨ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠦᠨ᠂ ᠣᠯᠠᠨ ᠤᠯᠤᠰ᠎ᠤᠨ ᠨᠠᠢᠵᠠ᠎ᠶ᠋ᠢᠨ ᠲᠣᠭᠣᠷᠢᠭ᠎ᠢᠶᠡᠨ ᠥᠷᠭᠡᠳᠭᠡᠵᠦ᠂ ᠣᠷᠣᠰ ᠮᠣᠩᠭᠣᠯ᠎ᠳᠤ ᠰᠠᠭᠤᠭ᠎ᠠ ᠲᠥᠯᠥᠭᠡᠯᠡᠭ᠌ᠴᠢ᠎ᠶ᠋ᠢᠨ ᠭᠠᠵᠠᠷ᠂ ᠣᠯᠠᠨ ᠲᠠᠯᠠᠲᠤ ᠪᠠ ᠬᠣᠶᠠᠷ ᠲᠠᠯᠠᠲᠤ ᠬᠠᠮᠲᠤᠷᠠᠯᠴᠠᠭᠠᠨ᠎ᠤ ᠲᠣᠭ᠍ᠲᠠᠴᠠ᠎ᠶ᠋ᠢᠨ ᠬᠠᠷᠢᠯᠴᠠᠬᠤ ᠠᠯᠪᠠᠨ ᠬᠡᠷ᠂ ᠥᠪᠥᠷ ᠮᠣᠩᠭᠣᠯ᠎ᠤᠨ ᠣᠯᠠᠨ ᠤᠯᠤᠰ᠎ᠤᠨ ᠬᠤᠳᠠᠯᠳᠤᠭᠠᠴᠢᠳ᠎ᠤᠨ ᠡᠪᠯᠡᠯ ᠵᠡᠷᠭᠡ ᠲᠠᠪᠴᠠᠩ᠎ᠤᠨ ᠪᠠᠢᠭᠤᠯᠤᠯᠲᠠ᠎ᠵᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠂ ᠤᠯᠠᠨ ᠤᠯᠤᠰ᠎ᠤᠨ ᠬᠤᠳᠠᠯᠳᠤᠭᠠᠨ᠎ᠤ ᠨᠡᠢᠭᠡᠮᠯᠢᠭ᠎ᠦᠨ ᠵᠣᠬᠢᠶᠠᠨ ᠪᠠᠢᠭᠤᠯᠤᠯᠲᠠ ᠵᠢᠴᠢ ᠠᠷᠠᠯᠵᠢᠶᠠᠨ᠎ᠤ ᠪᠡᠯᠡ ᠣᠷᠣᠭᠤᠯᠤᠯᠲᠠ᠎ᠶ᠋ᠢ ᠠᠬᠢᠭᠤᠯᠬᠤ ᠪᠠᠢᠭᠤᠯᠤᠮᠵᠢ᠎ᠯᠤᠭ᠎ᠠ᠎ᠶ᠋ᠢᠨ ᠬᠠᠷᠢᠯᠴᠠᠭ᠎ᠠ᠎ᠶ᠋ᠢ ᠴᠢᠩᠭᠠᠳᠭᠠᠵᠤ᠂《ᠬᠠᠲᠠᠭᠤ ᠨᠡᠪᠲᠡᠷᠡᠯᠴᠡᠭᠡ》᠂ 《ᠵᠥᠭᠡᠯᠡᠨ ᠨᠡᠪᠲᠡᠷᠡᠯᠴᠡᠭᠡ》᠂ 《ᠰᠡᠳᠭᠢᠯ᠎ᠦᠨ ᠨᠡᠪᠲᠡᠷᠡᠯᠴᠡᠭᠡ》 ᠵᠢ ᠭᠦᠨᠵᠡᠭᠡᠢᠷᠡᠭᠦᠯᠦᠨ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠣᠷᠣᠰ ᠮᠣᠩᠭᠣᠯ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠂ ᠡᠮᠦᠨᠡᠲᠦ ᠠᠮᠧᠷᠢᠺᠠ᠂ ᠧᠦ᠋ᠷᠣᠫᠠ ᠠᠮᠧᠷᠢᠺᠠ᠂ ᠠᠹᠷᠢᠺᠠ ᠲᠢᠪ᠎ᠦᠨ ᠵᠡᠷᠭᠡ ᠵᠠᠬ᠎ᠠ ᠳᠡᠯᠭᠡᠭᠦᠷ᠎ᠢ ᠥᠷᠭᠡᠳᠭᠡᠬᠦ᠌᠎ᠳᠦ ᠬᠦᠴᠦᠨ ᠨᠡᠮᠡᠷᠢᠯᠡᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡ ᠮᠥᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠂ ᠴᠧᠩᠳᠥ᠋ ᠴᠦᠩᠴᠢᠩ ᠪᠣᠯᠤᠨ ᠵᠡᠭᠦᠨ ᠬᠤᠢᠳᠤ ᠵᠢᠨ ᠭᠤᠷᠪᠠᠨ ᠮᠣᠵᠢ ᠵᠡᠷᠭᠡ ᠭᠠᠵᠠᠷ ᠣᠷᠣᠨ᠎ᠯᠤᠭ᠎ᠠ᠎ᠶ᠋ᠢᠨ ᠨᠡᠭᠡᠭᠡᠯᠲᠡᠲᠦ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ 《ᠥᠪᠥᠷ ᠮᠣᠩᠭᠣᠯ᠎ᠤᠨ ᠬᠤᠳᠠᠯᠳᠤᠭᠠᠴᠢᠨ᠎ᠬᠡᠯᠬᠢᠶ᠎ᠡ᠎ᠳᠤ ᠠᠭᠤᠰᠤᠯᠴᠠᠨ ᠤᠷᠤᠬᠤ᠌》᠂ 《ᠥᠪᠥᠷ ᠮᠣᠩᠭᠣᠯ᠎ᠤᠨ ᠪᠦᠲᠦᠭᠡᠭ᠌ᠳᠡᠬᠦᠨ᠎ᠢ ᠭᠠᠳᠠᠭᠰᠢ ᠭᠠᠷᠭᠠᠬᠤ》᠂ 《ᠥᠪᠥᠷ ᠮᠣᠩᠭᠣᠯ᠎ᠤᠨ ᠠᠵᠤ ᠠᠬᠤᠢᠯᠠᠯ ᠡᠷᠬᠡ᠎ᠪᠡᠨ ᠬᠠᠮᠠᠭᠠᠯᠠᠬᠤ》 ᠪᠠᠷ ᠠᠷᠠᠯᠵᠢᠶᠠᠨ᠎ᠤ ᠠᠵᠤ ᠦᠢᠯᠡᠰ᠎ᠦᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠦᠢᠯᠡᠴᠢᠯᠡᠭᠡᠨ᠎ᠦ ᠠᠷᠠᠯᠵᠢᠶ᠎ᠠ᠎ᠶ᠋ᠢ ᠱᠢᠯᠢᠳᠡᠭ᠌ᠵᠢᠭᠦᠯᠦᠨ᠂ 《ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠠᠶᠠᠯᠠᠯ》᠂ 《ᠬᠡᠯᠬᠢᠶᠡᠵᠢᠭ᠌ᠰᠡᠨ ᠥᠪᠥᠷ ᠮᠣᠩᠭᠣᠯ》 ᠤ᠋ᠨ ᠲᠦᠷᠦᠯ ᠲᠡᠮᠳᠡᠭ᠌᠎ᠢ ᠴᠤᠬᠴᠠᠯᠠᠵᠦ᠂ ᠤᠭ ᠭᠠᠷᠤᠯᠲᠠ᠎ᠶ᠋ᠢᠨ ᠣᠷᠣᠨ᠎ᠤ ᠦᠨᠡᠮᠯᠡᠯ ᠣᠯᠭᠣᠬᠤ᠂ ᠬᠤᠳᠠᠯᠳᠤᠭᠠᠨ᠎ᠤ ᠶᠠᠪᠤᠳᠠᠯ᠎ᠤᠨ ᠭᠡᠷᠡᠴᠢᠯᠡᠯ ᠪᠣᠯᠪᠠᠰᠤᠷᠠᠯ ᠵᠡᠷᠭᠡ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ᠂ ᠬᠡᠷᠡᠭ᠌ᠯᠡᠭᠡᠨ᠎ᠦ ᠬᠡᠯᠪᠡᠷᠢ᠎ᠶ᠋ᠢᠨ ᠣᠶᠤᠨ᠎ᠤ ᠬᠥᠮᠥᠷᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃

ᠢᠯᠢ ᠪᠦᠯᠦᠭ᠌ᠯᠡᠯ ᠺᠤᠮᠫᠠᠨᠢ ᠵᠢᠨ ᠳᠡᠭᠡᠳᠦ ᠲᠡᠰ᠎ᠤᠨ ᠭᠦᠢᠴᠡᠳᠭᠡᠭ᠌ᠴᠢ ᠶᠡᠷᠦᠩᠬᠡᠢ ᠵᠠᠬᠢᠷᠤᠯ ᠯᠢᠦ ᠴᠦᠨ ᠰᠢ᠂ ᠢᠯᠢ ᠪᠦᠯᠦᠭ᠌ᠯᠡᠯ ᠺᠤᠮᠫᠠᠨᠢ ᠲᠤᠰ ᠪᠡᠶ᠎ᠡ᠎ᠶ᠋ᠢᠨ ᠬᠥᠭ᠌ᠵᠢᠯᠲᠡ᠎ᠪᠡᠨ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠪᠣᠯᠤᠨ ᠥᠪᠡᠷᠲᠡᠭᠡᠨ ᠵᠠᠰᠠᠬᠤ ᠣᠷᠣᠨ᠎ᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠳᠤ ᠢᠳᠡᠪᠬᠢᠲᠡᠢ ᠠᠭᠤᠰᠤᠯᠴᠠᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠭᠦᠨᠵᠡᠭᠡᠢ ᠠᠬᠢᠭᠤᠯᠵᠤ᠂ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ 《ᠪᠣᠭᠣᠮᠢ》 ᠬᠢᠵᠠᠭᠠᠷᠯᠠᠯ᠎ᠤᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠱᠢᠨ᠎ᠡ᠎ᠶ᠋ᠢ ᠡᠭᠦᠳᠬᠦ᠌ ᠪᠣᠭᠣᠮᠲᠠ ᠱᠢᠪᠲᠤᠯᠬᠤ ᠠᠵᠢᠯ᠎ᠢ ᠥᠷᠨᠢᠭᠦᠯᠵᠦ᠍᠂ ᠨᠡᠩ ᠤᠶᠠᠨ ᠬᠠᠳᠠᠨ ᠴᠢᠨᠠᠷᠲᠠᠢ᠂ ᠨᠡᠩ ᠠᠮᠢᠵᠢᠷᠠᠯ᠎ᠤᠨ ᠬᠦᠴᠦᠨ᠎ᠲᠡᠶ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠴᠣᠭ᠍ᠴᠠᠯᠠᠨ᠎ᠠ; ᠴᠠᠭᠠᠨ ᠢᠳᠡᠭᠡᠨ᠎ᠤ ᠦᠢᠯᠡᠰ᠎ᠦᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠭᠦᠨᠵᠡᠭᠡᠢ ᠬᠥᠭ᠌ᠵᠢᠭᠡᠵᠦ᠍᠂ ᠤᠯᠤᠰ᠎ᠤᠨ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠬᠡᠷᠡᠭ᠌ᠯᠡᠭᠡ᠎ᠶ᠋ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠢ ᠡᠵᠡᠮᠳᠡᠵᠦ᠍᠂ 《ᠦᠳᠡᠭᠦᠰ ᠨᠢᠯᠬᠠᠰ》 ᠲᠤ᠌ ᠠᠩᠬᠠᠷᠤᠯ᠎ᠢᠶᠠᠨ ᠲᠥᠪᠯᠡᠷᠡᠭᠦᠯᠦᠨ ᠡᠮ ᠪᠣᠯᠤᠨ ᠢᠳᠡᠭᠡᠨ᠎ᠦ ᠵᠦᠢᠯᠡᠰ᠎ᠢ ᠢᠵᠢᠯᠢ ᠢᠷᠡᠯᠳᠡ᠎ᠲᠡᠶ ᠪᠣᠯᠭᠠᠬᠤ᠂ ᠰᠦ᠎ᠶᠢ ᠭᠦᠨᠵᠡᠬᠡᠢ ᠡᠳ᠋ᠱᠢᠭᠦᠯᠦᠭᠰᠡᠨ ᠱᠢᠷᠢᠰ ᠦᠢᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠨᠡᠩ ᠤᠯᠠᠨ ᠬᠥᠮᠦᠨ᠎ᠳᠦ 《ᠱᠢᠵᠢᠷ ᠠᠯᠳᠠᠨ ᠰᠦ᠎ᠶᠢᠨ ᠢᠷᠡᠯᠲᠡ᠎ᠶ᠋ᠢᠨ ᠪᠦᠰᠡ》᠎ᠶ᠋ᠢᠨ ᠴᠢᠨᠠᠷ ᠰᠠᠢᠲᠠᠢ ᠰᠦ᠎ᠵᠢ ᠡᠳ᠋ᠯᠡᠭᠦᠯᠦᠨ᠎ᠡ; ᠴᠠᠭᠠᠨ ᠢᠳᠡᠭᠡᠨ᠎ᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠦᠷᠢᠯᠳᠦᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠶ᠋ᠯᠡᠰ᠎ᠦᠨ ᠡᠬᠢᠨ ᠤ᠋ ᠪᠠ ᠡᠴᠦᠰ ᠤ᠋ᠨ ᠬᠡᠯᠬᠢᠶ᠎ᠡ ᠬᠢᠭᠡᠳ《ᠲᠣᠭᠠᠴᠢᠯᠠᠭ᠍ᠰᠠᠨ ᠢᠬᠡᠷ᠎ᠡ ᠳᠤᠰᠬᠠᠯ》᠂ ᠣᠶᠤᠨᠴᠢ ᠦᠶ᠋ᠯᠡᠳᠭᠡᠯ᠂ ᠦᠷᠭᠦᠯᠵᠢᠯᠡᠬᠦ᠌ ᠬᠥᠭ᠌ᠵᠢᠯᠲᠡ ᠵᠡᠷᠭᠡ ᠲᠡᠷᠢᠭᠦᠨ᠎ᠦ ᠣᠢᠯᠠᠭᠠᠭᠳᠠᠬᠤᠨ᠂ ᠣᠳᠣᠬᠢᠴᠢᠯᠠᠭ᠍ᠰᠠᠨ ᠮᠡᠷᠭᠡᠵᠢᠯ᠎ᠢ ᠪᠥᠬᠥ᠌ ᠲᠠᠯ᠎ᠠ᠎ᠪᠠᠷ ᠠᠪᠴᠠᠯᠳᠤᠭᠤᠯᠬᠤ᠂ ᠠᠭᠤᠰᠤᠯᠴᠠᠭᠤᠯᠤᠨ ᠲᠠᠰ ᠳᠡᠪᠱᠢᠭᠦᠯᠬᠦ᠎ᠵᠢ ᠳᠠᠢᠴᠢᠯᠠᠵᠤ᠂ ᠴᠠᠭᠠᠨ ᠢᠳᠡᠭᠡᠨ᠎ᠤ ᠦᠶ᠋ᠯᠡᠰ᠎ᠦᠨ 《ᠬᠥᠭᠡᠭᠡᠵᠦ᠍ ᠭᠦᠶ᠋ᠴᠡᠬᠦ᠌》 ᠡᠴᠡ《ᠳᠠᠪᠠᠵᠦ ᠲᠦᠷᠦᠬᠦᠯᠡᠬᠦ》 ᠵᠢ ᠠᠬᠢᠭᠤᠯᠤᠨ᠎ᠠ ᠭᠡᠵᠦ ᠢᠯᠡᠳᠭᠡᠪᠡ᠃

ᠥᠪᠥᠷ ᠮᠣᠩᠭᠣᠯ᠎ᠤᠨ ᠡᠸᠤ ᠵᠢᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠯᠢᠶᠠᠩ᠄ 《ᠥᠪᠥᠷ ᠮᠣᠩᠭᠣᠯ᠎ᠤᠨ ᠲᠤᠰ ᠭᠠᠵᠠᠷ ᠣᠷᠣᠨ᠎ᠳᠤ ᠨᠡᠪᠴᠢᠭᠦᠯᠦᠨ ᠪᠣᠢᠵᠢᠭᠤᠯᠤᠭ᠍ᠰᠠᠨ ᠰᠲ᠋ᠤᠺ᠎ᠢᠶᠡᠨ ᠵᠠᠬ᠎ᠠ ᠳᠡᠯᠭᠡᠭᠦᠷ᠎ᠲᠦ ᠭᠠᠷᠭᠠᠬᠰᠠᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠪᠢᠳᠡ ᠭᠣᠣᠯ ᠠᠵᠢᠯ ᠦᠢᠯᠡᠰ᠎ᠲᠡᠬᠡᠨ ᠰᠠᠭᠤᠷᠢᠯᠠᠨ ᠭᠦᠨᠵᠡᠭᠡᠢ ᠪᠦᠭᠡᠳ ᠨᠢᠮᠪᠠᠢ ᠠᠵᠢᠯᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ᠃ 〈ᠱᠢᠨ᠎ᠡ ᠡᠨᠧᠷᠭᠢ ᠪᠣᠯᠤᠨ ᠬᠠᠭᠠᠰ ᠳᠠᠮᠵᠢᠭᠤᠯᠤᠭ᠍ᠴᠢ ᠬᠤᠤᠰ ᠬᠦᠷᠳᠦ᠍᠎ᠪᠡᠷ ᠬᠥᠳᠡᠯᠭᠡᠭᠦᠷ ᠪᠣᠯᠭᠠᠬᠤ〉 ᠪᠠᠢᠯᠳᠤᠬᠤ ᠪᠣᠳᠣᠯᠭ᠎ᠠ᠎ᠶ᠋ᠢ ᠪᠠᠷᠢᠮᠲᠠᠯᠠᠵᠤ᠂ ᠥᠭᠡᠬᠦᠨ ᠴᠢᠯᠠᠭᠤᠨ ᠬᠠᠢᠯᠤᠭᠤᠷ᠎ᠤᠨ ᠭᠤᠤᠯ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ ᠬᠠᠭᠠᠰ ᠳᠠᠮᠵᠢᠭᠤᠯᠤᠭ᠍ᠴᠢ᠎ᠶ᠋ᠢᠨ ᠲᠠᠰ᠎ᠤᠨ ᠦᠶ᠋ᠯᠡᠳᠬᠦᠨ᠎ᠦ ᠭᠤᠤᠯᠯᠠᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠪᠡᠶ᠎ᠡ᠎ᠪᠡᠨ ᠳᠠᠭᠠᠭᠠᠵᠤ ᠡᠵᠡᠮᠳᠡᠵᠦ᠍ ᠳᠡᠢᠯᠬᠦ᠌᠎ᠳᠦ ᠬᠦᠴᠦᠨ ᠨᠡᠮᠡᠷᠢᠯᠡᠵᠦ᠍᠂ 〈ᠪᠣᠭᠣᠮᠢ〉ᠪᠤᠯᠵᠤ ᠪᠠᠢᠭ᠎ᠠ ᠬᠦᠴᠢᠷ ᠠᠰᠠᠭᠤᠳᠠᠯ᠎ᠢ ᠱᠢᠶ᠋ᠳᠪᠦᠷᠢᠯᠡᠨ᠎ᠡ; ᠣᠷᠣᠨ ᠪᠦᠰᠡ᠎ᠶ᠋ᠢᠨ ᠠᠵᠤ ᠦᠢᠯᠡᠰ᠎ᠦᠨ ᠳᠠᠪᠠᠭᠤᠯᠢᠭ᠎ᠲᠤ ᠲᠦᠱᠢᠭ᠌ᠯᠡᠨ ᠣᠶᠤᠨᠴᠢ ᠦᠢᠯᠡᠳᠬᠦ᠌ ᠦᠢᠯᠡᠰ᠎ᠦᠨ ᠳᠡᠰ ᠳᠡᠪᠱᠢᠬᠦ᠌᠎ᠶ᠋ᠢ ᠠᠬᠢᠭᠤᠯᠵᠤ᠂ ᠪᠣᠬᠢᠷᠲᠤᠯ ᠦᠭᠡᠢ ᠡᠷᠬᠢᠯᠳᠡᠳᠤ ᠦᠢᠯᠡᠳᠪᠦᠷᠢᠯᠡᠯ᠎ᠦᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠦᠢᠯᠡᠳᠦᠯᠭᠡᠵᠢᠭᠦᠯᠦᠨ᠎ᠡ; ᠰᠲ᠋ᠤᠺ᠎ᠢᠶᠡᠨ ᠵᠠᠬ᠎ᠠ ᠳᠡᠯᠭᠡᠭᠦᠷ᠎ᠲᠦ ᠭᠠᠷᠭᠠᠬᠰᠠᠨ ᠠᠵᠤ ᠠᠬᠤᠢᠯᠠᠯ᠎ᠤᠨ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠡᠬᠢᠨ᠎ᠤ ᠪᠠ ᠡᠴᠦᠰ᠎ᠤᠨ ᠭᠡᠯᠬᠢᠶ᠎ᠡ ᠵᠢᠨ ᠠᠵᠤ ᠦᠶ᠋ᠯᠡᠰ᠎ᠦᠨ ᠲᠥᠪᠯᠡᠷᠡᠯ᠎ᠢ ᠳᠠᠢᠴᠢᠯᠠᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号