— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠨᠢᠭᠡᠨᠲᠡ ᠥᠭᠦᠯᠡᠬᠦ᠌ ᠨᠢ
ᠵᠠᠩᠭᠢᠯᠠᠭ᠎ᠠ᠎ᠶ᠋ᠢᠨ ᠵᠢᠯ ᠳ᠋ᠤ ᠵᠠᠩᠭᠢᠯᠠᠭ᠎ᠠ᠎ᠶ᠋ᠢᠨ ᠪᠠᠢᠷᠢᠯᠠᠭᠤᠯᠤᠯᠲᠠ ᠬᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ ᠡᠴᠡ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠣᠳᠣᠷᠬᠠᠢ ᠳᠤᠷᠠᠳᠴᠠᠢ᠂ ᠡᠭᠦᠨ᠎ᠳᠦ ᠲᠡᠷᠢᠭᠦᠨ ᠪᠠᠢᠷᠢᠨ᠎ᠳᠤ ᠪᠠᠢᠭ᠎ᠠ 《1》 ᠨᠢ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃ ᠡᠨᠡ ᠬᠦ᠌ ᠪᠠᠢᠷᠢᠯᠠᠭᠤᠯᠤᠯᠲᠠ ᠨᠢ ᠤᠷᠤᠨ ᠳᠠᠶᠠᠭᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠬᠤ᠎ᠳᠤ ᠴᠢᠭ᠌ᠯᠡᠯ᠎ᠢ ᠲᠣᠭ᠍ᠲᠠᠭᠠᠵᠤ᠂ ᠠᠷᠭ᠎ᠠ ᠵᠠᠮ᠎ᠢ ᠲᠣᠳᠣᠷᠬᠠᠢᠯᠠᠵᠠᠢ᠃
ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ ᠢ᠋ ᠢᠮᠠᠭ᠍ᠲᠠ ᠭᠦᠨᠵᠡᠭᠡᠢ ᠬᠠᠯᠠᠮᠵᠢᠯᠠᠵᠤ᠂ 2023 ᠣᠨ᠎ᠤ 6 ᠰᠠᠷ᠎ᠠ᠎ᠳᠤ ᠮᠠᠨ᠎ᠤ ᠣᠷᠣᠨ᠎ᠳᠤ ᠱᠢᠨᠵᠢᠯᠡᠨ ᠪᠠᠢᠴᠠᠭᠠᠬᠤ᠎ᠳᠠᠭᠠᠨ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠤᠤᠯ ᠱᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠶ᠋ᠯ᠎ᠦᠨ ᠠᠵᠢᠯ᠎ᠤᠨ ᠭᠤᠤᠯ ᠱᠢᠵᠢᠮ ᠮᠥᠨ》 ᠭᠡᠬᠦ᠌ ᠴᠢᠬᠤᠯᠠ ᠶᠡᠬᠡ ᠨᠤᠲᠠᠯᠠᠯᠲᠠ ᠭᠠᠷᠭᠠᠵᠤ᠂ ᠪᠢᠳᠡᠨ᠎ᠦ ᠬᠣᠢᠱᠢᠳᠠ᠎ᠶ᠋ᠢᠨ ᠠᠵᠢᠯ᠎ᠳᠤ ᠦᠨᠳᠦᠰᠦᠨ ᠵᠢᠷᠤᠮᠯᠠᠯ ᠬᠠᠩᠭᠠᠪᠠ᠃ ᠣᠷᠣᠨ ᠳᠠᠶᠠᠭᠠᠷ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠦᠨᠳᠦᠰᠦᠲᠡᠨ᠎ᠨᠦᠭᠦᠳ ᠰᠡᠳᠭᠢᠯ ᠵᠢᠷᠦᠬᠡ᠎ᠪᠡᠨ ᠬᠣᠯᠪᠣᠨ ᠭᠠᠷ ᠭᠠᠷ᠎ᠢᠶᠠᠨ ᠬᠣᠯᠪᠣᠯᠴᠠᠬᠤ ᠢᠷᠠᠭᠤ ᠠᠯᠳᠠᠷᠲᠤ ᠤᠯᠠᠮᠵᠢᠯᠠᠯ᠎ᠢ ᠶᠡᠬᠡᠪᠡᠷ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ ᠬᠡᠷᠡᠭ᠌ᠲᠡᠢ᠃ ᠭᠠᠭ᠍ᠴᠠ ᠬᠦ᠌ ᠡᠨᠡ ᠬᠦ᠌ ᠭᠣᠣᠯ ᠱᠢᠵᠢᠮ᠎ᠢ ᠢᠮᠠᠭ᠍ᠲᠠ ᠲᠤᠭᠤᠱᠢᠯᠠᠭᠤᠯᠵᠤ᠂ ᠪᠠᠲᠤ ᠰᠠᠬᠢᠪᠠᠯ ᠰᠠᠶᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠨᠢᠭᠡ ᠰᠡᠳᠭᠢᠯ ᠨᠢᠭᠡ ᠵᠣᠷᠢᠭ᠎ᠢᠶᠠᠷ᠂ ᠢᠵᠢᠯ ᠴᠢᠭ᠌ᠯᠡᠯ᠎ᠢᠶᠡᠷ ᠤᠷᠤᠭ᠍ᠰᠢᠯᠠᠬᠤ ᠰᠦᠷ ᠳᠠᠯᠠᠢᠴᠠᠲᠠᠢ ᠠᠤᠭ᠎ᠠ ᠬᠦᠴᠦᠨ᠎ᠢ ᠨᠢᠭ᠍ᠲᠠᠷᠠᠭᠤᠯᠵᠤ᠂ ᠬᠠᠮᠲᠤ᠎ᠪᠠᠷ ᠪᠦᠯᠬᠦᠮᠳᠡᠨ ᠲᠡᠮᠡᠴᠡᠬᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠥᠪᠥᠷ ᠮᠣᠩᠭᠣᠯ᠎ᠤᠨ ᠡᠬᠡ ᠭᠠᠵᠠᠷ᠎ᠲᠤ ᠦᠷᠭᠦᠯᠵᠢᠯᠡᠨ ᠴᠤᠤᠷᠢᠶᠠᠳᠤᠭᠤᠯᠵᠤ ᠴᠢᠳᠠᠨ᠎ᠠ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠬᠤ ᠪᠣᠯ ᠠᠯᠤᠰ ᠢᠷᠡᠭᠡᠳᠦᠢ᠎ᠳᠦ ᠬᠣᠯᠪᠣᠭ᠍ᠳᠠᠬᠤ᠂ ᠪᠦᠬᠦ᠌ ᠲᠠᠯ᠎ᠠ᠎ᠳᠤ ᠬᠣᠯᠪᠣᠭ᠍ᠳᠠᠬᠤ ᠱᠢᠰᠲ᠋ᠧᠮᠲᠦ ᠢᠨᠵᠧᠨᠧᠷᠢᠩ ᠪᠣᠯᠤᠨ᠎ᠠ᠃ ᠪᠦᠬᠦ᠌ ᠣᠷᠣᠨ᠎ᠤ ᠡᠯ᠎ᠡ ᠱᠠᠳᠤ ᠡᠯ᠎ᠡ ᠭᠠᠵᠠᠷ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢᠨ ᠦᠨᠳᠦᠷᠴᠡ ᠡᠴᠡ ᠠᠰᠠᠭᠤᠳᠠᠯ᠎ᠢ ᠪᠣᠳᠣᠯᠬᠢᠯᠠᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠵᠢᠯ᠎ᠢ ᠠᠳᠭᠤᠬᠤ ᠤᠬᠠᠮᠰᠠᠷ᠎ᠢᠶᠠᠨ ᠴᠢᠩᠭᠠᠳᠭᠠᠬᠤ ᠬᠡᠷᠡᠭ᠌ᠲᠡᠢ᠃ ᠪᠠᠢᠩᠭᠤᠵᠢᠭ᠍ᠰᠠᠨ ᠣᠷᠳᠣ ᠬᠤᠭᠤᠴᠠᠭᠠᠨ᠎ᠤ ᠪᠦᠲᠦᠮᠵᠢᠲᠡᠶ ᠤᠬᠠᠭᠤᠯᠭ᠎ᠠ ᠬᠥᠮᠦᠵᠢᠯ᠎ᠦᠨ ᠲᠣᠭ᠍ᠲᠠᠴᠠ᠎ᠶ᠋ᠢ ᠬᠦᠴᠦᠯᠡᠨ ᠪᠠᠢᠭᠤᠯᠵᠤ᠂ 《ᠭᠤᠷᠪᠠᠨ ᠰᠠᠯᠵᠤ ᠴᠢᠳᠠᠬᠤ ᠥᠬᠡᠶ》᠂ 《ᠳᠥᠷᠪᠡ ᠵᠢ ᠬᠠᠮᠳᠤᠳᠬᠠᠬᠤ》᠂ 《 ᠲᠠᠪᠤᠨ ᠬᠠᠮᠳᠤ ᠵᠢᠨ ᠲᠠᠨᠢᠯᠳᠠ》 ᠵᠢᠨ ᠬᠥᠮᠦᠵᠢᠯ ᠪᠠ 《ᠨᠠᠮ᠎ᠤ᠋ᠨ ᠠᠴᠢ ᠳ᠋ᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ》 ᠣᠯᠠᠨ ᠲᠦᠮᠡᠨᠴᠢ ᠬᠥᠮᠦᠵᠢᠯ᠎ᠢ ᠥᠷᠭᠡᠨ᠎ᠢᠶᠡᠷ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠠᠬᠢ ᠪᠣᠶ ᠪᠣᠯᠭᠠᠬᠤ ᠭᠡᠷᠡᠭᠳᠠᠢ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠶᠠᠪᠤᠳᠠᠯ᠎ᠢ ᠭᠦᠨᠵᠡᠭᠡᠶ ᠠᠭᠤᠳᠠᠯᠵᠤ᠂ ᠱᠢᠨ᠎ᠡ ᠴᠠᠭ ᠦᠶ᠎ᠡ᠎ᠡᠴᠡ ᠨᠠᠭᠠᠱᠢᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠴᠠᠭ ᠲᠤᠬᠠᠶ᠎ᠳᠤᠨᠢ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠥᠯᠢᠭᠡᠷ᠎ᠢ ᠦᠨᠡᠨ ᠰᠡᠳᠭᠢᠯ᠎ᠡᠴᠡ᠎ᠪᠡᠨ ᠰᠠᠢᠲᠤᠷ ᠶᠠᠷᠢᠬᠤ ᠬᠡᠷᠡᠭ᠌ᠲᠡᠶ᠃
ᠠᠤᠭ᠎ᠠ ᠵᠢᠷᠤᠭ ᠲᠥᠰᠦᠪ᠎ᠢ ᠪᠡᠶᠡᠯᠡᠭᠦᠯᠬᠦ ᠳ᠋ᠦ ᠵᠦᠢᠯ ᠵᠦᠢᠯ᠎ᠦᠨ ᠪᠣᠳᠠᠲᠠᠢ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠎ᠡᠴᠡ ᠡᠬᠢᠯᠡᠵᠦ᠍᠂ ᠠᠯᠢ ᠤᠯᠠᠨ ᠯᠠᠪᠳᠠᠭᠤᠨ ᠪᠠᠲᠤᠲᠠᠢ ᠠᠵᠢᠯ᠎ᠤᠨ ᠬᠤᠷᠠᠮᠳᠤᠭᠤᠯᠤᠯ ᠵᠢᠡᠷ ᠪᠦᠲᠦᠳᠡᠭ᠃ ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠲᠤᠭᠤᠰᠢᠯᠠᠭᠤᠯᠬᠤ᠎ᠳᠤ ᠡᠷᠬᠡᠪᠰᠢ ᠪᠣᠳᠠᠲᠠᠢ ᠠᠵᠢᠯ᠎ᠲᠠᠶ ᠳᠡᠭᠡᠳᠦ ᠬᠡᠮᠵᠢᠶ᠎ᠡ᠎ᠪᠡᠷ ᠠᠭᠤᠰᠤᠯᠴᠠᠭᠤᠯᠬᠤ ᠬᠡᠷᠡᠭ᠌ᠲᠡᠢ᠃ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠠᠶᠠᠵᠢᠵᠤ ᠬᠠᠮᠲᠤ᠎ᠪᠠᠷ ᠡᠳ᠋ᠯᠡᠬᠦ᠌ ᠪᠣᠳᠠᠰ᠎ᠤᠨ ᠰᠠᠭᠤᠷᠢ᠎ᠶ᠋ᠢ ᠪᠡᠬᠢᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠶᠡᠬᠡᠪᠡᠷ ᠬᠥᠭ᠌ᠵᠢᠭᠦᠯᠵᠦ᠍᠂ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠠᠤᠯᠢ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠰᠠᠢᠲᠤᠷ ᠪᠠᠢᠭᠤᠯᠵᠤ᠂ ᠨᠡᠩ ᠲᠡᠭᠦᠯᠳᠡᠷᠵᠢᠭ᠌ᠰᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠡᠭᠦᠳᠴᠦ᠍᠂ ᠪᠦᠬᠦ᠌ ᠣᠷᠣᠨ᠎ᠤ ᠺᠠᠳ᠋ᠷ ᠤᠯᠠᠨ ᠲᠦᠮᠡᠨ᠎ᠢ ᠳᠠᠢ᠌ᠴᠢᠯᠠᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡ᠎ᠶ᠋ᠢᠨ 《ᠲᠦᠷᠪᠡᠨ ᠣᠨᠴᠠᠭᠠᠢ》 ᠵᠢᠨ ᠲᠤᠬᠠᠢ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠺᠠᠳ᠋ᠷ᠎ᠢ ᠰᠣᠩᠭᠣᠨ ᠬᠥᠮᠦᠵᠢᠭᠦᠯᠵᠦ᠍ ᠬᠠᠮᠢᠶᠠᠷᠴᠤ᠌ ᠬᠡᠷᠡᠭ᠌ᠯᠡᠬᠦ᠌ ᠪᠦᠬᠦ᠌ ᠬᠡᠯᠬᠢᠶ᠎ᠡ᠎ᠳᠦ ᠢᠯᠡᠷᠡᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠪᠦᠬᠦ᠌ ᠶᠠᠪᠤᠴᠠ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃
ᠳᠡᠭᠡᠷ᠎ᠠ ᠳᠤᠤᠷ᠎ᠠ ᠱᠠᠳᠤᠪᠡᠷᠢᠶᠡᠨ ᠰᠡᠳᠭᠢᠯ ᠨᠢᠭᠡᠦᠡᠪᠡᠯ ᠢᠯᠠᠯᠲᠠ ᠣᠯᠵᠤ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠠᠷᠭᠠᠴᠠᠭᠠᠪᠠᠯ ᠬᠥᠭ᠌ᠵᠢᠨ ᠮᠠᠨᠳᠤᠮᠤᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠨᠢ ᠠᠭᠠᠷ ᠪᠣᠯᠤᠨ ᠨᠡᠷᠡᠨ᠎ᠦ ᠭᠡᠷᠡᠯ ᠮᠡᠲᠦ᠍᠎ᠪᠡᠷ ᠬᠥᠮᠦᠰ᠎ᠦᠨ ᠰᠡᠳᠭᠢᠯ᠎ᠢ ᠤᠮᠳᠠᠯᠠᠵᠤ ᠭᠠᠵᠠᠷ ᠪᠣᠯᠭᠠᠨ᠎ᠳᠤ ᠪᠠᠢᠬᠤ ᠪᠣᠯᠬᠣᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠠᠤᠭ᠎ᠠ ᠬᠦᠴᠦᠨ᠎ᠢ ᠨᠢᠭ᠍ᠲᠠᠷᠠᠭᠤᠯᠬᠤ ᠨᠢ ᠯᠠᠪᠲᠠᠢ ᠶᠤᠮ᠃ ᠢᠷᠡᠬᠦ᠌ ᠵᠢᠯ᠎ᠦᠨ ᠠᠵᠢᠯ᠎ᠤᠨ ᠴᠢᠭ᠌ᠯᠡᠯ ᠨᠢᠭᠡᠨᠲᠡ ᠲᠣᠳᠣᠷᠬᠠᠢ ᠪᠣᠯᠪᠠ᠂ ᠣᠷᠣᠨ ᠳᠠᠶᠠᠭᠠᠷ ᠡᠷᠬᠡᠪᠰᠢ ᠴᠠᠭ ᠮᠦᠴᠡ ᠲᠠᠢ ᠤᠷᠤᠯᠳᠤᠬᠤ ᠬᠠᠷᠢᠭᠤᠴᠠᠯᠭᠠᠲᠤ ᠰᠡᠳᠭᠢᠯᠭᠡ᠂ ᠥᠷᠯᠥᠭᠡ ᠦᠳᠡᠰᠢ᠎ᠶ᠋ᠢ ᠲᠡᠮᠡᠴᠡᠬᠦ᠌ ᠡᠭᠦᠷᠭᠡᠲᠦ ᠪᠤᠳᠤᠯ᠂ ᠪᠡᠶ᠎ᠡ᠎ᠪᠡᠷ᠎ᠢᠶᠡᠨ ᠣᠷᠣᠯᠴᠠᠬᠤ ᠲᠤᠯᠭᠠᠮ ᠪᠤᠳᠤᠯ᠎ᠢᠶᠠᠷ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠬᠢᠯᠡᠯᠲᠡ᠎ᠶ᠋ᠢᠨ ᠵᠢᠯ᠎ᠳᠦ ᠱᠢᠨ᠎ᠡ ᠳᠦᠷᠰᠦ ᠪᠠᠢᠳᠠᠯ᠎ᠢ ᠢᠯᠡᠷᠡᠭᠦᠯᠵᠦ᠍᠂ ᠱᠢᠨ᠎ᠡ ᠠᠮᠵᠢᠯᠲᠠ ᠪᠦᠲᠦᠮᠵᠢ ᠭᠠᠷᠭᠠᠵᠤ᠂ ᠱᠢᠨ᠎ᠡ ᠦᠷ᠎ᠡ ᠪᠦᠲᠦᠮᠵᠢ ᠭᠠᠷᠭᠠᠬᠤ᠎ᠪᠠᠷ ᠴᠢᠷᠮᠠᠢᠬᠤ ᠬᠡᠷᠡᠭ᠌ᠲᠡᠢ᠃