ᠰᠢ ᠵᠢᠨ ᠫᠢᠩ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ ᠥᠭ᠌ᠴᠡᠢ
ᠲᠥᠪ ᠦᠨ ᠬᠥᠳᠡᠭᠡ ᠲᠣᠰᠭᠣᠨ ᠤ ᠠᠵᠢᠯ ᠤᠨ ᠬᠤᠷᠠᠯ 29 ᠡᠴᠡ 30 ᠤ᠋ ᠡᠳᠦᠷ ᠪᠣᠯᠲᠠᠯ᠎ᠠ ᠪᠡᠭᠡᠵᠢᠩ ᠳᠦ ᠬᠤᠷᠠᠯᠳᠤᠪᠠ᠃ ᠬᠤᠷᠠᠯ ᠡᠴᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠵᠤ᠂ ᠣᠳᠣᠬᠠᠨ᠎ᠤ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠳᠤ ᠲᠤᠯᠭᠠᠷᠠᠵᠤ ᠪᠠᠢᠭ᠎ᠠ ᠪᠠᠢᠳᠠᠯ ᠪᠣᠯᠤᠨ ᠥᠷᠢᠰᠥᠯᠳᠦᠭᠡᠨ᠎ᠢ ᠵᠠᠳᠠᠯᠵᠤ᠂ 2026 ᠣᠨ᠎ᠤ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠪᠠᠢᠷᠢᠯᠠᠭᠤᠯᠪᠠ᠃
ᠨᠠᠮ᠎ᠤᠨ ᠲᠥᠪ ᠬᠣᠷᠢᠶ᠎ᠠ ᠡᠨᠡ ᠤᠳᠠᠭ᠎ᠠ᠎ᠶ᠋ᠢᠨ ᠬᠤᠷᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠪᠠ᠃ ᠬᠤᠷᠠᠯ᠎ᠡᠴᠡ ᠡᠮᠦᠨ᠎ᠡ᠂ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠣᠷᠢᠶ᠎ᠠ᠎ᠶᠢᠨ ᠬᠤᠷᠠᠯ᠎ᠡᠴᠡ ᠡᠨᠡ ᠤᠳᠠᠭ᠎ᠠ᠎ᠶ᠋ᠢᠨ ᠬᠤᠷᠠᠯ᠎ᠢ ᠰᠠᠢᠲᠤᠷ ᠬᠤᠷᠠᠯᠳᠤᠭᠤᠯᠬᠤ᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠵᠢᠭᠠᠪᠤᠷᠢ ᠥᠭ᠌ᠴᠡᠢ᠃ ᠰᠢ ᠵᠢᠨ ᠫᠢᠩ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌᠎ᠨᠢ ᠲᠤᠢᠯ᠎ᠤᠨ ᠴᠢᠬᠤᠯᠠ ᠶᠤᠮ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠳᠤ ᠠᠨᠭᠬᠠᠷᠤᠯ ᠵᠢᠨᠨ ᠲᠥᠪᠯᠡᠷᠡᠬᠥᠯᠥᠨ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠥᠴᠦᠬᠡᠨ ᠴᠦ᠍ ᠰᠤᠯᠠᠷᠠᠭᠤᠯᠤᠯ ᠥᠬᠡᠶ ᠰᠠᠢᠲᠤᠷ ᠠᠳᠭᠤᠵᠤ᠂ ᠰᠠᠢᠨ ᠲᠠᠷᠢᠶᠠᠨ ᠭᠠᠵᠠᠷ ᠰᠠᠢᠨ ᠡᠭᠦᠯᠳᠡᠷ ᠰᠠᠢᠨ ᠲᠠᠷᠢᠶᠠᠯᠠᠩ᠎ᠤᠨ ᠮᠠᠰᠢᠨ ᠰᠠᠢᠨ ᠠᠷᠭ᠎ᠠ᠎ᠶ᠋ᠢ ᠬᠤᠷᠠᠮᠳᠤᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠲᠠᠷᠢᠶᠠᠯᠠᠩ᠎ᠢ ᠬᠦᠴᠦᠷᠬᠡᠭ᠌ᠵᠢᠭᠦᠯᠦᠨ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠨ᠎ᠡ ᠬᠠᠩᠰᠢ᠎ᠶ᠋ᠢ ᠵᠦᠢ ᠵᠣᠬᠢᠰᠲᠠᠢ ᠬᠡᠪᠴᠢᠶᠠᠨ᠎ᠳᠦ ᠪᠠᠢᠯᠭᠠᠬᠤ᠎ᠶ᠋ᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ᠎ᠪᠠᠨ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠪᠠᠢᠩᠭᠤᠵᠢᠭᠤᠯᠤᠨ ᠬᠠᠪᠰᠤᠷᠤᠨ ᠲᠡᠳᠬᠦᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠳ᠋ᠤ ᠤᠷᠤᠭᠤᠯᠤᠨ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠵᠤ᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠥᠬᠡᠶ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ᠃ 《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠤᠷᠤᠰᠢᠨ ᠰᠠᠭᠤᠷᠢᠰᠢᠵᠤ ᠠᠵᠢᠯᠯᠠᠬᠤ᠎ᠳᠤ ᠲᠣᠬᠢᠲᠠᠶ ᠡᠶ᠎ᠡ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠵᠠᠰᠠᠯᠲᠠ ᠪᠠ ᠪᠣᠯᠪᠠᠰᠤᠨ ᠬᠥᠳᠡᠭᠡ ᠲᠣᠰᠭᠣᠨ᠎ᠤ ᠰᠤᠷᠲᠠᠯ᠎ᠤᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠶ᠋ᠢ ᠭᠤᠤᠯᠳᠠᠯᠭ᠎ᠠ ᠵᠢᠨ ᠳᠤᠳᠤᠷᠠᠬᠢ ᠭᠤᠤᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠲᠠᠪᠤᠨ ᠱᠠᠲᠤᠨ᠎ᠤ ᠱᠦᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠳᠭᠤᠵᠤ᠂ ᠡᠷᠡᠮᠡᠬᠡᠢᠯᠡᠨ ᠤᠷᠤᠭ᠍ᠰᠢᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠬᠥᠳᠡᠭᠡ ᠠᠵᠤ ᠠᠬᠤᠢ᠎ᠶ᠋ᠢ ᠣᠳᠣᠬᠢᠴᠢᠯᠠᠭ᠍ᠰᠠᠨ ᠲᠤᠮᠤ ᠠᠵᠤ ᠦᠢᠯᠡᠰ ᠪᠣᠯᠭᠠᠨ ᠪᠦᠲᠦᠭᠡᠨ ᠪᠠᠢᠭᠤᠯᠬᠤ᠎ᠪᠠᠷ ᠴᠢᠷᠮᠠᠢᠵᠤ᠂ ᠬᠥᠳᠡᠭᠡ ᠲᠣᠰᠭᠣᠨ᠎ᠢ ᠦᠨᠳᠦᠰᠦᠨ᠎ᠳᠡᠭᠡᠨ ᠤᠳᠤ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠲᠡᠶ ᠪᠣᠯᠭᠠᠵᠤ᠂ ᠲᠠᠷᠢᠶᠠᠴᠢᠳ᠎ᠤᠨ ᠠᠮᠢᠳᠤᠷᠠᠯ᠎ᠢ ᠨᠡᠩ ᠪᠠᠶᠠᠨ ᠴᠢᠨᠡᠭᠡᠯᠢᠭ ᠰᠠᠢ᠌ᠨ ᠰᠠᠢᠬᠠᠨ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢ ᠤᠯᠠᠮᠵᠢᠯᠠᠨ ᠰᠤᠷᠤᠯᠴᠠᠵᠦ᠍᠂ 《ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠳ᠋ᠤ ᠠᠩᠬᠠᠷᠤᠯ ᠵᠢᠨᠨ ᠲᠦᠪᠯᠡᠷᠡᠬᠦᠯᠤᠨ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠰᠠᠨᠠᠯ (ᠶᠠᠷᠢᠯᠴᠠᠬᠤ ᠨᠤᠤᠷᠠᠭ)》 ᠢ᠋ ᠶᠠᠷᠢᠯᠴᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠢ ᠰᠠᠢᠳ ᠯᠢᠦ ᠭᠦᠸᠧ ᠵᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠨᠢ ᠥᠨᠳᠥᠷ᠎ᠲᠦ ᠵᠣᠭ᠍ᠰᠣᠨ ᠠᠯᠤᠰ᠎ᠢ ᠪᠡᠷᠡᠯᠡᠵᠦ᠍᠂ ᠨᠠᠷᠢᠨ ᠲᠣᠳᠣᠷᠬᠠᠶ ᠭᠦᠨ ᠭᠦᠨᠵᠡᠭᠡᠶ ᠪᠠᠢᠵᠤ᠂ ᠮᠠᠰᠢ ᠴᠢᠩᠭ᠎ᠠ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠴᠢᠨᠠᠷ ᠪᠠ ᠠᠬᠤᠢᠴᠢ ᠬᠠᠨᠳᠤᠯᠭᠠᠲᠤ ᠴᠢᠨᠠᠷᠲᠠᠶ ᠪᠠᠢᠵᠤ᠂ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌᠎ᠳᠦ ᠴᠢᠭ᠌ᠯᠡᠯ᠎ᠢ ᠤᠯᠠᠮ ᠨᠢᠭᠡ ᠠᠯᠬᠤᠮ ᠲᠣᠳᠣᠷᠬᠠᠶ ᠵᠢᠭᠠᠵᠤ ᠥᠭ᠌ᠴᠡᠶ᠂ ᠡᠷᠬᠡᠪᠰᠢ ᠭᠦᠨᠵᠡᠭᠡᠶ ᠰᠤᠷᠤᠯᠴᠠᠨ ᠣᠢᠯᠠᠭᠠᠵᠤ᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ ᠪᠣᠯᠤᠨ ᠶᠠᠰᠤ ᠴᠢᠨᠠᠷᠲᠠᠶ ᠬᠣᠯᠪᠣᠭ᠍ᠳᠠᠨ᠎ᠠ᠂ ᠡᠷᠬᠡᠪᠰᠢ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠢ ᠲᠦᠷᠭᠡᠨ ᠪᠠᠢᠭᠤᠯᠬᠤ ᠬᠡᠷᠡᠭ᠌ᠲᠡᠢ᠃ ᠠᠮᠤ ᠲᠤᠰᠤᠨ᠎ᠤ ᠦᠢᠯᠡᠳᠪᠦᠷᠢᠯᠡᠯ᠎ᠢ ᠲᠣᠭ᠍ᠲᠠᠪᠤᠷᠢᠵᠢᠭᠤᠯᠵᠤ᠂ ᠱᠢᠨ᠎ᠡ ᠨᠢᠭᠡ ᠡᠭᠡᠯᠵᠢ᠎ᠶ᠋ᠢᠨ ᠮᠢᠩᠭᠠᠨ ᠳ᠋ᠦᠩᠱᠢᠭᠤᠷ ᠵᠢᠩ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠦᠴᠦᠯᠡᠨ ᠬᠡᠷᠡᠭ᠌ᠵᠢᠭᠦᠯᠵᠦ᠍᠂ ᠠᠮᠤ ᠪᠤᠳᠠᠭᠠᠨ᠎ᠤ ᠡᠭᠦᠯᠳᠡᠷ ᠢ᠋ ᠱᠢᠯᠢᠳᠡᠭ᠌ᠵᠢᠭᠦᠯᠬᠦ᠌ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠤᠰᠤᠨ ᠠᠱᠢᠭ᠍ᠯᠠᠯᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠴᠠᠭ ᠠᠭᠤᠷ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌᠎ᠶ᠋ᠢ ᠴᠢᠩᠭᠠᠳᠬᠠᠵᠤ᠂ ᠲᠠᠷᠢᠶᠠᠯᠠᠩ᠎ᠤᠨ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠴᠢᠳᠠᠪᠤᠷᠢ᠎ᠶ᠋ᠢ ᠨᠡᠮᠡᠭ᠌ᠳᠡᠭᠦᠯᠬᠦ᠌ ᠬᠡᠷᠡᠭ᠌ᠲᠡᠶ᠃ 《ᠬᠤᠯᠢᠰᠢᠨ ᠢᠳᠡᠭᠡᠨ》 ᠤ᠋ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠣᠯᠠᠨ ᠡᠱᠢᠵᠢᠭ᠌ᠰᠡᠨ ᠢᠳᠡᠭᠡᠨ᠎ᠦ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠳᠡᠢ᠃ ᠲᠠᠷᠢᠶᠠᠨ ᠭᠠᠵᠠᠷ᠎ᠢ ᠬᠠᠮᠠᠭᠠᠯᠠᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠴᠢᠩᠭᠠᠳᠭᠠᠵᠤ᠂ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠣᠷᠣᠨ ᠬᠤᠪᠢᠶᠠᠨ ᠲᠥᠷᠥᠯ ᠬᠤᠪᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠴᠢᠨᠠᠷ ᠰᠠᠢᠲᠠᠶ᠎ᠪᠠᠷ ᠠᠬᠢᠭᠤᠯᠬᠤ ᠬᠡᠷᠡᠭᠳᠡᠢ᠃ ᠲᠠᠷᠢᠶᠠᠯᠠᠩ᠎ᠤᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠢ᠎ᠪᠡᠷ ᠤᠨᠳᠤᠤᠰᠢᠭᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠲᠠᠷᠢᠶᠠᠯᠠᠩ᠎ᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ ᠬᠡᠷᠡᠭᠳᠡᠢ᠃ ᠳᠠᠬᠢᠨ ᠶᠠᠳᠠᠭᠤᠷᠠᠬᠤ ᠪᠠ ᠶᠠᠳᠠᠭᠤᠷᠠᠬᠤ ᠶ᠋ᠢ ᠰᠡᠷᠭᠡᠢᠯᠡᠬᠦ᠌ ᠪᠠᠢᠩᠭᠤᠵᠢᠭ᠍ᠰᠠᠨ ᠲᠣᠭ᠍ᠲᠠᠴᠠ᠎ᠶ᠋ᠢ ᠨᠢᠭᠡᠳᠦᠯᠲᠡᠶ ᠲᠥᠯᠥᠪᠵᠢᠭᠦᠯᠦᠨ ᠪᠠᠢᠭᠤᠯᠵᠤ᠂ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠤᠨ᠂ ᠬᠥᠭ᠌ᠵᠢᠭᠡᠳᠦᠶ ᠭᠠᠵᠠᠷ ᠣᠷᠣᠨ᠎ᠤ ᠬᠥᠭ᠌ᠵᠢᠯᠲᠡ᠎ᠶ᠋ᠢ ᠦᠷᠭᠦᠯᠵᠢᠯᠡᠨ ᠳᠡᠮᠵᠢᠵᠦ᠍᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠶ᠃ ᠠᠷᠭ᠎ᠠ ᠪᠦᠬᠦᠨ᠎ᠢ ᠰᠦᠪᠡᠭ᠌ᠴᠢᠯᠡᠨ ᠲᠠᠷᠢᠶᠠᠴᠢᠳ᠎ᠤᠨ ᠣᠷᠣᠯᠭ᠎ᠠ᠎ᠶ᠋ᠢᠨ ᠲᠣᠭ᠍ᠲᠠᠭᠤᠨ ᠨᠡᠮᠡᠭ᠌ᠳᠡᠯ᠎ᠢ ᠠᠬᠢᠭᠤᠯᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠱᠢᠭ ᠣᠷᠣᠯᠭ᠎ᠠ᠎ᠶ᠋ᠢ ᠪᠠᠲᠤᠯᠠᠬᠤ ᠲᠣᠭ᠍ᠲᠠᠴᠠ᠎ᠶ᠋ᠢ ᠪᠦᠷᠢᠨᠱᠢᠬᠦᠯᠬᠦ᠌ ᠬᠡᠷᠡᠭ᠌ᠲᠡᠢ᠃ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠬᠦ᠌ ᠦᠢᠯᠡᠴᠢᠯᠡᠭᠡᠨ᠎ᠦ ᠪᠠᠲᠤᠯᠠᠭ᠎ᠠ ᠪᠠ ᠨᠤᠲᠤᠭ᠎ᠲᠠᠭᠠᠨ ᠪᠤᠴᠠᠵᠤ ᠠᠵᠢᠯ ᠤᠯᠬᠤ ᠦᠢᠯᠡᠰ ᠪᠤᠰᠭᠠᠬᠤ ᠳᠡᠮᠵᠢᠯᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠬᠥᠯᠥᠰᠥᠨ ᠲᠠᠷᠢᠶᠠᠴᠢᠨ᠎ᠤ ᠠᠵᠢᠯ᠎ᠤᠨ ᠪᠠᠢᠷᠢ ᠵᠢ ᠲᠣᠭ᠍ᠲᠠᠪᠤᠷᠢᠵᠢᠭᠤᠯᠤᠨ ᠠᠵᠢᠯ ᠤᠯᠬᠤ᠎ᠶ᠋ᠢ ᠠᠬᠢᠭᠤᠯᠬᠤ ᠬᠡᠷᠡᠭᠳᠡᠢ᠃ ᠱᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠲᠠᠷᠢᠶᠠᠴᠢᠳ᠎ᠤᠨ ᠠᠵᠤ ᠦᠢᠯᠡᠰ᠎ᠦᠨ ᠬᠥᠭ᠌ᠵᠢᠯᠲᠡ᠎ᠳᠦ ᠣᠷᠣᠯᠴᠠᠬᠤ ᠠᠷᠭ᠎ᠠ ᠵᠠᠮ ᠪᠣᠯᠤᠨ ᠠᠷᠭ᠎ᠠ ᠮᠠᠶᠢᠭ᠎ᠢ ᠥᠷᠭᠡᠳᠭᠡᠨ᠂ ᠲᠠᠷᠢᠶᠠᠯᠠᠬᠤ ᠡᠷᠦᠬᠡ ᠲᠠᠢ ᠬᠤᠯᠪᠤᠭᠠᠯᠠᠨ ᠲᠠᠷᠢᠶᠠᠴᠢᠳ᠎ᠢ ᠲᠠᠢᠴᠢᠯᠠᠬᠤ ᠲᠤᠭᠳᠠᠴᠠ᠎ᠶ᠋ᠢ ᠪᠦᠷᠢᠨᠱᠢᠭᠦᠯᠬᠦ ᠬᠡᠷᠡᠭᠳᠡᠢ᠃ ᠭᠠᠵᠠᠷ ᠣᠷᠣᠨ᠎ᠤ ᠪᠠᠢᠳᠠᠯ ᠳ᠋ᠤᠨᠢ ᠲᠤᠬᠢᠷᠠᠭᠤᠯᠤᠨ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠥᠳᠡᠭᠡ ᠲᠣᠰᠭᠣᠨ᠎ᠤ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠱᠢᠯᠢᠳᠡᠭ᠌ᠵᠢᠭᠦᠯᠵᠦ᠍᠂ ᠬᠥᠳᠡᠭᠡ ᠲᠣᠰᠭᠣᠨ᠎ᠤ ᠤᠳᠤ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠦᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠬᠥᠳᠡᠭᠡ ᠲᠣᠰᠭᠣᠨ᠎ᠤ ᠴᠢᠨᠠᠷ ᠰᠠᠢᠲᠠᠢ ᠠᠮᠢᠳᠤᠷᠠᠯ᠎ᠤᠨ ᠣᠷᠣᠨ ᠵᠠᠢ᠎ᠶ᠋ᠢ ᠡᠭᠦᠳᠬᠦ᠌ ᠬᠡᠷᠡᠭ᠌ᠲᠡᠢ᠃ ᠬᠥᠳᠡᠭᠡ ᠲᠣᠰᠭᠣᠨ᠎ᠤ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠦᠷᠭᠦᠯᠵᠢᠯᠡᠨ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠦᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠬᠥᠳᠡᠭᠡ ᠲᠣᠰᠭᠣᠨ᠎ᠤ ᠵᠣᠷᠯᠣᠩ᠎ᠢ ᠥᠭᠡᠷᠡᠴᠢᠯᠡᠬᠦ᠌᠂ ᠬᠣᠭ ᠨᠣᠪᠰᠢ ᠲᠣᠰᠭᠣᠨ᠎ᠢ ᠪᠦᠰᠡᠯᠡᠬᠦ᠌ ᠵᠡᠷᠭᠡ ᠠᠰᠠᠭᠤᠳᠠᠯ᠎ᠢ ᠰᠠᠢᠲᠤᠷ ᠱᠢᠢᠳᠪᠦᠷᠢᠯᠡᠬᠦ ᠬᠡᠷᠡᠭᠳᠡᠢ᠃ ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢ ᠰᠠᠢᠲᠤᠷ ᠬᠢᠵᠦ᠍᠂ ᠨᠠᠮ᠎ᠤᠨ ᠪᠠᠢᠭᠤᠯᠤᠯᠲᠠ᠎ᠪᠡᠷ ᠬᠥᠳᠡᠭᠡ ᠲᠣᠰᠭᠣᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠬᠡᠷᠡᠭᠳᠡᠢ᠃ ᠪᠣᠯᠪᠠᠰᠤᠨ ᠬᠥᠳᠡᠭᠡ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢᠨ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠤ ᠵᠠᠩ ᠳᠠᠳᠭᠠᠯ᠎ᠢ ᠥᠭᠡᠷᠡᠴᠢᠯᠡᠨ ᠰᠠᠢᠵᠢᠷᠠᠭᠤᠯᠬᠤ᠎ᠶ᠋ᠢ ᠦᠷᠭᠦᠯᠵᠢᠯᠡᠨ ᠠᠬᠢᠭᠤᠯᠬᠤ ᠬᠡᠷᠡᠭᠳᠡᠢ᠃ ᠱᠢᠨ᠎ᠡ ᠴᠠᠭ ᠦᠶ᠎ᠡ᠎ᠶ᠋ᠢᠨ 《ᠹᠸᠩᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠡᠯ᠎ᠡ ᠲᠦᠷᠦᠯ᠎ᠦᠨ ᠵᠥᠷᠢᠴᠡᠯ ᠵᠠᠭᠤᠷᠠᠯᠳᠤᠭᠠᠨ᠎ᠢ ᠴᠠᠭ ᠲᠤᠬᠠᠢᠳᠤᠨᠢ ᠱᠢᠢᠳᠪᠦᠷᠢᠯᠡᠵᠦ᠍᠂ ᠬᠥᠳᠡᠭᠡ ᠲᠣᠰᠭᠣᠨ᠎ᠤ ᠠᠮᠤᠷ ᠲᠣᠭ᠍ᠲᠠᠭᠤᠨ᠎ᠢ ᠬᠠᠮᠠᠭᠠᠯᠠᠬᠤ ᠬᠡᠷᠡᠭᠳᠡᠢ᠃ ᠬᠥᠳᠡᠭᠡ ᠲᠣᠰᠭᠣᠨ᠎ᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠤᠭᠤᠴᠠᠭ᠎ᠠ ᠲᠤᠯᠤᠭ᠍ᠰᠠᠨ᠎ᠤ ᠳᠠᠷᠠᠭ᠎ᠠ ᠳᠠᠬᠢᠨ ᠭᠤᠴᠢᠨ ᠵᠢᠯ ᠤᠷᠲᠤᠳᠭᠠᠬᠤ ᠮᠤᠵᠢ ᠵᠢᠨ ᠲᠤᠷᠱᠢᠯᠲᠠ ᠵᠢᠨ ᠴᠡᠭ ᠢ᠋ ᠪᠥᠬᠥ᠌ ᠲᠠᠯ᠎ᠠ᠎ᠪᠠᠷ ᠥᠷᠨᠢᠭᠦᠯᠵᠦ᠍᠂ ᠬᠥᠳᠡᠭᠡ ᠲᠣᠰᠭᠣᠨ᠎ᠤ ᠡᠯ᠎ᠡ ᠲᠥᠷᠥᠯ᠎ᠦᠨ ᠡᠬᠢ ᠪᠠᠶᠠᠯᠢᠭ᠎ᠢ ᠠᠮᠢᠳᠤᠯᠢᠭᠵᠢᠭᠤᠯᠤᠨ ᠠᠰᠢᠭᠯᠠᠬᠤ ᠵᠢ ᠡᠮᠬᠢ ᠵᠢᠷᠤᠮ᠎ᠲᠠᠶ ᠰᠠᠢᠲᠤᠷ ᠬᠢᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠯᠠ ᠣᠷᠣᠭᠤᠯᠤᠯᠲᠠ ᠪᠠᠯᠠ ᠬᠤᠷᠠᠮᠳᠤᠭᠤᠯᠭ᠎ᠠ᠎ᠶ᠋ᠢᠨ ᠲᠣᠭ᠍ᠲᠠᠴᠠ᠎ᠵᠢᠨ ᠱᠢᠨ᠎ᠡ᠎ᠶ᠋ᠢ ᠡᠭᠦᠳᠴᠦ᠍᠂ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ᠎ᠡᠴᠡ᠂ ᠨᠠᠮ᠎ᠤᠨ《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠡᠯ᠎ᠡ ᠱᠠᠲᠤᠨ᠎ᠤ ᠨᠠᠮ ᠵᠠᠰᠠᠭ᠎ᠤᠨ ᠺᠠᠳ᠋ᠷ᠎ᠤᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠠᠳᠭᠤᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠠᠷᠢᠭᠤᠴᠠᠯᠭ᠎ᠠ᠎ᠶ᠋ᠢᠨ ᠲᠦᠷᠢᠮ᠎ᠦᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠤᠬᠠᠮᠰᠠᠷ᠎ᠡᠴᠡ᠎ᠪᠠᠨ ᠵᠢᠮ᠎ᠡ ᠶᠣᠰᠣ᠎ᠪᠠᠷ ᠠᠵᠢᠯᠯᠠᠵᠤ᠂ ᠠᠵᠢᠯ ᠬᠢᠵᠦ᠍ ᠦᠶ᠋ᠯᠡᠰ ᠪᠤᠰᠭᠠᠬᠤ ᠠᠮᠢᠵᠢᠷᠠᠯ᠎ᠤᠨ ᠬᠦᠴᠦᠨ᠎ᠢ ᠭᠦᠶ᠋ᠴᠡᠳ ᠬᠥᠭ᠌ᠵᠢᠭᠡᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠱᠢᠨ᠎ᠡ ᠠᠬᠢᠴᠠ᠎ᠲᠠᠶ ᠪᠣᠯᠭᠠᠬᠤ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠳᠠᠬᠢᠨ ᠱᠢᠨ᠎ᠡ ᠳᠡᠭ᠌ᠲᠡᠷ᠎ᠲᠦ ᠭᠠᠷᠭᠠᠬᠤ ᠵᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
ᠲᠥᠷᠥ᠎ᠶ᠋ᠢᠨ ᠶᠠᠪᠤᠳᠠᠯ᠎ᠤᠨ ᠭᠡᠱᠢᠭᠦᠨ ᠪᠥᠭᠡᠳ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠡᠸ᠋ ᠵᠧᠩ ᠯᠦᠩ ᠠᠩᠬᠠᠳᠤᠭᠠᠷ ᠪᠥᠬᠥᠳᠡ ᠬᠤᠷᠠᠯ᠎ᠢ ᠡᠷᠭᠢᠯᠡᠪᠡ᠃
ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠪᠣᠯᠤᠨ ᠲᠦᠯᠦᠪᠯᠡᠬᠡ ᠳ᠋ᠤ ᠲᠤᠰᠠᠭᠠᠷ ᠵᠢᠬᠰᠠᠭᠠᠭᠰᠠᠨ ᠬᠤᠳᠠ᠂ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠬᠠᠷᠢᠭᠤᠴᠠᠯᠭᠠᠲᠠᠨ ᠨᠥᠬᠥᠳ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠬᠣᠯᠪᠣᠭ᠍ᠳᠠᠯ ᠪᠦᠬᠦᠢ ᠮᠥᠩᠭᠥᠨ ᠭᠦᠢᠯᠭᠡᠭᠡᠨ᠎ᠦ ᠪᠠᠢᠭᠤᠯᠤᠮᠵᠢ ᠪᠣᠯᠤᠨ ᠠᠵᠤ ᠠᠬᠤᠢᠯᠠᠯ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 12 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ)