ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ ᠰᠢᠨ᠎ᠡ ᠵᠢᠯ᠎ᠤᠨ ᠴᠠᠢᠯᠠᠯᠭ᠎ᠠ ᠬᠢᠪᠡ
2025-12-31 16:58:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠪᠠ

ᠯᠢ ᠴᠢᠶᠠᠩ  ᠵᠤᠤ ᠯᠸ ᠵᠢᠢ  ᠼᠠᠢ ᠴᠢ  ᠳ᠋ᠢᠩ ᠰᠢᠦᠸᠠᠢ ᠰᠢᠶᠠᠩ  ᠯᠢ ᠰᠢ  ᠬᠠᠨ ᠵᠧᠩ ᠣᠷᠣᠯᠴᠠᠵᠤ  ᠸᠠᠩ ᠬ᠍ᠦ ᠨᠢᠩ ᠴᠠᠢᠯᠠᠯᠭ᠎ᠠ ᠵᠢ ᠡᠷᠬᠢᠯᠡᠵᠡᠢ


ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠦᠬᠦ ᠤᠯᠤᠰ᠎ᠤᠨ ᠬᠣᠷᠢᠶ᠎ᠠ 2025 ᠤᠨ᠎ᠤ 12 ᠰᠠᠷ᠎ᠠ᠎ᠶᠢᠨ 31 ᠤ᠋ ᠦᠳᠡ᠎ᠶᠢᠨ ᠡᠮᠦᠨ᠎ᠡ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠶᠣᠰᠣᠯᠠᠯ᠎ᠤᠨ ᠲᠠᠩᠬᠢᠮ᠎ᠳᠦ ᠰᠢᠨ᠎ᠡ ᠵᠢᠯ᠎ᠤᠨ ᠴᠠᠢᠯᠠᠯᠭ᠎ᠠ ᠬᠢᠪᠡ᠃ ᠨᠠᠮ ᠪᠤᠯᠤᠨ ᠲᠥᠷᠥ᠎ᠶᠢᠨ ᠤᠳᠤᠷᠢᠳᠬᠤ ᠬᠥᠮᠥᠰ ᠰᠢ᠎ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬ᠍ᠤ ᠨᠢᠩ᠂ ᠼᠠᠢ ᠴᠢ᠂ ᠳ᠋ᠢᠩ ᠰᠢᠦᠸᠠᠢ ᠰᠢᠶᠠᠩ᠂ ᠯᠢ ᠰᠢ᠂ ᠬᠠᠨ ᠵᠧᠩ ᠨᠠᠷ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠥᠬᠥ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠠ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢ᠂ ᠲᠥᠪ᠎ᠤᠨ ᠪᠠ ᠲᠥᠷᠥ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠲᠠᠯ᠎ᠠ᠎ᠶᠢᠨ ᠬᠠᠷᠢᠭᠤᠴᠠᠯᠭᠠᠲᠠᠨ ᠵᠢᠴᠢ ᠨᠡᠢᠰᠯᠡᠯ᠎ᠦᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠥᠰ᠎ᠦᠨ ᠲᠥᠯᠥᠭᠡᠯᠡᠭᠴᠢᠳ᠎ᠲᠠᠢ ᠬᠠᠮᠲᠤ᠎ᠪᠠᠷ ᠨᠢᠭᠡ ᠲᠠᠩᠬᠢᠮ᠎ᠳᠤ ᠴᠤᠭᠯᠠᠷᠠᠵᠤ᠂ ᠬᠠᠮᠲᠦ ᠪᠡᠷ 2026 ᠣᠨ᠎ᠢ ᠤᠭᠲᠤᠪᠠ᠃

ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠠᠤᠭ᠎ᠠ ᠶᠡᠬᠡ ᠵᠢᠷᠤᠭ ᠲᠥᠰᠥᠪ᠎ᠢ ᠨᠢᠭᠡᠨᠲᠡ ᠵᠢᠷᠤᠭᠯᠠᠪᠠ᠂ ᠴᠢᠪ ᠬᠡᠮᠡᠨ ᠡᠷᠡᠯᠬᠡᠭᠯᠡᠨ ᠲᠡᠮᠡᠴᠡᠬᠦ  ᠴᠠᠭ ᠲᠤᠬᠢᠶᠠᠯ ᠬᠦᠷᠴᠤ ᠢᠷᠡᠯ᠎ᠡ᠃ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠡᠩ ᠨᠢᠭ᠍ᠲᠠᠷᠠᠨ ᠪᠦᠯᠬᠦᠮᠳᠡᠵᠦ᠂ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠦᠨ᠂ ᠡᠷᠡᠮᠡᠬᠡᠢᠯᠡᠨ ᠤᠷᠤᠭᠰᠢᠯᠠᠵᠤ᠂ ᠯᠠᠪᠳᠠᠭᠤᠨ ᠪᠣᠳᠠᠲᠠᠢ ᠠᠵᠢᠯᠯᠠᠵᠤ ᠠᠭᠤᠤ ᠦᠢᠯᠡᠰ᠎ᠢ ᠪᠦᠲᠦᠭᠡᠵᠦ᠂ ᠰᠢᠨ᠎ᠡ᠎ᠶᠢ ᠡᠭᠦᠳᠬᠦ᠎ᠪᠡᠷ ᠢᠷᠡᠭᠡᠳᠦᠢ ᠵᠢ ᠲᠡᠮᠡᠴᠡᠨ ᠣᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠦᠨ ᠨᠡᠬᠡᠭᠡᠬᠦ ᠬᠡᠷᠡᠭᠳᠡᠢ ᠭᠡᠵᠤ ᠴᠢᠬᠤᠯᠠᠴᠢᠯᠠᠪᠠ᠃

ᠰᠢ᠎ᠶᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ ᠪᠣᠯᠣᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠡᠮᠦᠨ᠎ᠡ ᠡᠴᠡ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠤᠯᠪᠤᠭ᠎ᠠ᠎ᠪᠣᠯᠣᠨ ᠨᠠᠮ ᠪᠦᠯᠦᠭ᠎ᠦᠨ ᠪᠤᠰᠤ ᠬᠥᠮᠥᠰ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠂ ᠰᠢᠶᠠᠩᠭᠠᠩ᠎ᠤᠨ ᠠᠬ᠎ᠠ ᠳᠡᠭᠦᠦ ᠨᠠᠷ᠂ ᠣᠣᠮᠧᠨ᠎ᠦ ᠠᠬ᠎ᠠ ᠳᠡᠭᠦᠦ ᠨᠠᠷ᠂ ᠲᠠᠢᠸᠠᠨ᠎ᠤ ᠠᠬ᠎ᠠ ᠳᠡᠭᠦᠦ ᠨᠠᠷ ᠪᠣᠯᠣᠨ ᠭᠠᠳᠠᠭᠠᠳᠤ᠎ᠳᠤ ᠪᠠᠢᠭ᠎ᠠ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢ ᠬᠠᠯᠠᠮᠵᠢᠯᠠᠨ ᠲᠡᠮᠵᠢᠵᠤ ᠪᠠᠢᠭ᠎ᠠ ᠡᠯ᠎ᠡ ᠤᠯᠤᠰ᠎ᠤᠨ ᠨᠠᠢᠵᠠ ᠨᠠᠷ᠎ᠲᠤ ᠰᠢᠨ᠎ᠡ  ᠵᠢᠯ᠎ᠤᠨ ᠰᠠᠢᠨ ᠰᠠᠢᠬᠠᠨ ᠵᠦᠨᠭᠨᠡᠯ᠎ᠢ ᠳᠡᠪᠰᠢᠭᠦᠯᠪᠡ!

ᠰᠢ᠎ᠶᠢᠨ ᠫᠢᠩ᠂ 2025 ᠣᠨ ᠪᠣᠯ ᠲᠤᠢᠯ᠎ᠤᠨ ᠶᠡᠷᠦ ᠪᠤᠰᠤ᠎ᠶᠢᠨ ᠨᠢᠭᠡ ᠵᠢᠯ ᠮᠥᠨ᠃ ᠪᠢᠳᠡ ᠬᠦᠴᠢᠷ᠎ᠢ ᠰᠥᠷᠴᠦ ᠤᠷᠤᠭᠰᠢᠯᠠᠨ᠂ ᠡᠷᠡᠯᠬᠡᠭᠯᠡᠨ ᠲᠡᠮᠡᠴᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ᠎ᠪᠠᠨ ᠤᠷᠤᠭᠰᠢᠲᠠᠢ ᠪᠡᠶᠡᠯᠡᠭᠦᠯᠵᠤ᠂ ᠴᠥᠭᠡᠨ ᠪᠤᠰᠤ ᠲᠤᠮᠤ ᠶᠠᠪᠤᠳᠠᠯ ᠴᠢᠬᠤᠯᠠ ᠶᠠᠪᠤᠳᠠᠯ᠎ᠢ ᠬᠢᠵᠤ ᠪᠦᠲᠦᠭᠡᠪᠡ᠃ ᠮᠠᠨ᠎ᠤ ᠤᠯᠤᠰ᠎ᠤᠨ ᠠᠵᠤ ᠠᠬᠤᠢ ᠳᠠᠷᠤᠯᠲᠠ ᠵᠢ ᠳᠠᠭᠠᠭᠠᠨ ᠤᠷᠤᠭᠰᠢᠯᠠᠵᠤ᠂ ᠰᠢᠨ᠎ᠡ ᠰᠢᠯᠢᠳᠡᠭ ᠲᠡᠢᠰᠢ ᠬᠥᠭᠵᠢᠵᠦ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠣᠯᠣᠨ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ᠎ᠢ ᠠᠯᠬᠤᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠡᠩ ᠬᠦᠴᠦᠲᠡᠢ ᠪᠣᠯᠵᠤ᠂ ᠨᠡᠢᠭᠡᠮ᠎ᠦᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠪᠠ᠃ 5 ᠵᠢᠯ᠎ᠦᠨ ᠰᠢᠷᠭᠠᠭᠤ ᠬᠠᠲᠠᠭᠤᠵᠢᠯᠲᠠᠢ ᠲᠡᠮᠡᠴᠡᠯ᠎ᠢ ᠦᠩᠬᠡᠷᠡᠭᠡᠭᠡᠳ᠂ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ ᠲᠠᠢ ᠰᠡᠭᠦᠯ ᠬᠤᠷᠢᠶᠠᠵᠤ᠂ ᠮᠠᠨ᠎ᠤ ᠤᠯᠤᠰ᠎ᠤᠨ ᠠᠵᠤ ᠠᠬᠤᠢ᠎ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠰᠢᠨ᠎ᠡ ᠳᠡᠭᠲᠡᠷ᠎ᠲᠦ ᠭᠠᠷᠪᠠ᠃ ᠪᠢᠳᠡ ᠡᠷᠡᠮᠡᠬᠡᠢᠯᠡᠨ ᠤᠷᠤᠭᠰᠢᠯᠠᠬᠤ ᠶᠠᠪᠤᠴᠠ᠎ᠳᠠᠭᠠᠨ ᠡᠷᠴᠢ ᠵᠣᠷᠢᠭ᠋᠂ ᠰᠥᠰᠥ ᠵᠣᠷᠢᠭ᠋᠂ ᠢᠳᠡ ᠬᠦᠴᠦ᠎ᠪᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠡᠷᠡᠰ ᠵᠣᠷᠢᠭ᠋ ᠪᠠ ᠢᠲᠡᠭᠡᠯ ᠵᠣᠷᠢᠭ᠋᠎ᠢᠶᠠᠨ ᠨᠡᠩ ᠪᠠᠲᠤᠳᠬᠠᠵᠠᠢ ᠭᠡᠵᠤ ᠵᠢᠭᠠᠵᠤ ᠭᠠᠷᠭᠠᠪᠠ᠃

ᠰᠢ᠎ᠶᠢᠨ ᠫᠢᠩ᠂ ᠨᠢᠭᠡ ᠵᠢᠯ᠎ᠦᠨ ᠲᠤᠷᠰᠢ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠰᠠᠭᠤᠷᠢ᠎ᠶᠢ ᠬᠦᠴᠦᠯᠡᠨ ᠪᠡᠬᠢᠵᠢᠭᠦᠯᠵᠦ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠡᠷᠭᠡ ᠵᠢᠨ ᠲᠤᠭᠤᠷᠢᠨ ᠳ᠋ᠤ ᠲᠥᠷᠥ᠎ᠶᠢᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠰᠢᠨ᠎ᠡ ᠬᠤᠪᠢ ᠨᠡᠮᠡᠷᠢ ᠦᠵᠡᠭᠦᠯᠦᠭᠰᠡᠨ ᠪᠠᠢᠨ᠎ᠠ ᠭᠡᠵᠤ ᠴᠢᠬᠤᠯᠠᠴᠢᠯᠠᠪᠠ᠃

ᠰᠢ᠎ᠶᠢᠨ ᠫᠢᠩ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ ᠪᠤᠯᠤᠨ᠎ᠠ᠃ ᠪᠢᠳᠡ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠲᠣᠭᠲᠠᠭᠤᠨ᠎ᠤ ᠳᠤᠮᠳᠠ ᠠᠬᠢᠯᠳᠠ ᠲᠠᠢ ᠪᠠᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠨᠡᠩ ᠢᠳᠡᠪᠬᠢᠲᠡᠢ ᠪᠦᠬᠡᠳ ᠦᠷ᠎ᠡ ᠪᠦᠳᠦᠮᠵᠢᠳᠡᠢ ᠬᠣᠷᠸ᠎ᠠ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠳᠠ ᠪᠠ ᠲᠣᠭ᠎ᠠ ᠬᠡᠮᠵᠢᠶ᠎ᠡ᠎ᠶᠢᠨ ᠵᠣᠬᠢᠰᠲᠠᠢ ᠨᠡᠮᠡᠭᠳᠡᠯ᠎ᠢ ᠪᠡᠶᠡᠯᠡᠬᠦᠯᠬᠦ᠎ᠶᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ᠎ᠶᠢᠨ ᠫᠢᠩ᠂ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ ᠨᠠᠮ ᠪᠠ ᠤᠯᠤᠰ᠎ᠤᠨ ᠭᠣᠣᠯ ᠡᠭᠦᠷᠭᠡ᠎ᠲᠠᠢ ᠨᠢᠭ᠍ᠲᠠ ᠤᠶᠠᠯᠳᠤᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢ ᠲᠣᠭᠲᠠᠭᠠᠬᠤ ᠪᠠ ᠬᠡᠷᠡᠭᠵᠢᠭᠦᠯᠬᠦ᠎ᠳᠤ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠵᠥᠪᠯᠡᠯᠭᠡ ᠬᠢᠵᠦ ᠵᠠᠰᠠᠭ᠎ᠤᠨ ᠶᠠᠪᠤᠳᠠᠯ᠎ᠢ ᠵᠥᠪᠯᠡᠨ᠂ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠡᠷᠬᠦᠵᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠥᠷᠨᠢᠭᠦᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠥᠮᠥᠰ᠎ᠦᠨ ᠰᠡᠳᠬᠢᠯ᠎ᠢ ᠥᠷᠭᠡᠨ᠎ᠢᠶᠡᠷ ᠨᠢᠭ᠍ᠲᠠᠷᠠᠭᠤᠯᠵᠤ᠂ ᠬᠠᠮᠲᠤ ᠎ᠶᠢᠨ ᠲᠠᠨᠢᠯᠲᠠ ᠎ᠶᠢ ᠨᠢᠭ᠍ᠲᠠᠷᠠᠭᠤᠯᠵᠤ᠂ ᠣᠶᠤᠨ ᠤᠬᠠᠭᠠᠨ ᠎ᠢ ᠨᠢᠭ᠍ᠲᠠᠷᠠᠭᠤᠯᠵᠤ᠂ ᠬᠦᠴᠦᠨ ᠴᠢᠳᠠᠯ ᠎ᠢ ᠨᠢᠭ᠍ᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ (ᠶᠠᠷᠢᠶᠠᠨ᠎ᠤ ᠪᠦᠬᠦ ᠠᠭᠤᠯᠭ᠎ᠠ᠎ᠶᠢ ᠠᠰ ᠲᠤᠨᠢ ᠨᠡᠢᠲᠡᠯᠡᠨ᠎ᠡ) 

ᠴᠠᠢᠯᠠᠯᠭ᠎ᠠ᠎ᠶᠢ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠣᠪᠴᠢᠶ᠎ᠠ ᠵᠢᠨ ᠪᠠᠢᠩᠭᠤ ᠎ᠶᠢᠨ  ᠭᠡᠰᠢᠭᠦᠨ᠂  ᠪᠦᠬᠦ ᠤᠯᠤᠰ ᠎ᠤᠨ ᠤᠯᠤᠰ  ᠲᠦᠷᠦ ᠎ᠶᠢᠨ  ᠵᠥᠪᠯᠡᠯᠭᠡᠨ ᠎ᠦ  ᠲᠡᠷᠢᠭᠦᠯᠡᠭᠴᠢ  ᠸᠠᠩ ᠬᠤ᠌ ᠨᠢᠩ  ᠡᠷᠬᠢᠯᠡᠪᠡ᠃  ᠲᠡᠷᠡ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠢᠨᠵᠢ ᠴᠢᠨᠠᠷ ᠪᠠᠢᠷᠢ ᠲᠣᠭᠲᠠᠭᠠᠯᠲᠠ᠎ᠶᠢ ᠪᠠᠲᠤ ᠡᠵᠡᠮᠳᠡᠵᠦ᠂ ᠨᠠᠮ ᠪᠠ ᠤᠯᠤᠰ᠎ᠤᠨ ᠭᠣᠣᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠲᠤᠰᠬᠠᠢ ᠵᠥᠪᠯᠡᠬᠦ ᠪᠠᠢᠭᠤᠯᠤᠮᠵᠢ ᠪᠣᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠨᠢᠭᠡ ᠰᠡᠳᠬᠢᠯ ᠨᠢᠭᠡ ᠵᠣᠷᠢᠭ᠋᠂ ᠤᠯᠠᠨ᠎ᠤ ᠤᠬᠠᠭᠠᠨ ᠬᠠᠮᠲᠤ᠎ᠶᠢᠨ ᠬᠦᠴᠦᠨ᠎ᠢᠶᠡᠷ 《ᠠᠷᠪᠠᠨ ᠲᠠᠪᠤᠳᠤᠭᠠᠷ ᠲᠠᠪᠤᠨ ᠵᠢᠯ》᠎ᠦ᠋ᠨ ᠲᠥᠯᠦᠪᠵᠢᠭᠦᠯᠭᠡ ᠵᠢᠨ ᠰᠠᠢᠨ ᠰᠠᠢᠬᠠᠨ ᠡᠬᠢᠯᠡᠯᠳᠡ ᠵᠢ ᠪᠡᠶᠡᠯᠡᠬᠦᠯᠵᠤ᠂ ᠰᠠᠭᠤᠷᠢ ᠵᠢ ᠲᠠᠯᠪᠢᠬᠤ᠎ᠳᠦ ᠦᠷᠬᠡᠨ᠎ᠢᠶᠡᠷ ᠰᠡᠳᠬᠢᠯ᠎ᠢ ᠨᠢᠭ᠍ᠲᠠᠷᠠᠭᠤᠯᠤᠨ ᠬᠦᠴᠦᠨ ᠴᠢᠳᠠᠯ᠎ᠢ ᠲᠦᠪᠯᠡᠷᠡᠬᠦᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠳᠡᠢ ᠭᠡᠵᠦ ᠵᠢᠭᠠᠵᠤ ᠭᠠᠷᠭᠠᠪᠠ᠃

ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠦᠨ ᠲᠥᠪ ᠬᠤᠷᠢᠶ᠎ᠠ᠎ᠶᠢᠨ ᠲᠡᠷᠢᠭᠦᠯᠡᠭᠴᠢ ᠼᠠᠢ ᠳᠠ ᠹᠧᠩ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠣᠨ ᠨᠠᠮ ᠪᠦᠯᠦᠭ᠎ᠦᠨ ᠪᠤᠰᠤ ᠬᠥᠮᠥᠰ᠎ᠢ ᠲᠥᠯᠥᠭᠡᠯᠡᠨ ᠶᠠᠷᠢᠶ᠎ᠠ ᠲᠠᠯᠪᠢᠵᠤ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠲᠤᠰ ᠪᠡᠶ᠎ᠡ᠎ᠶᠢᠨ ᠪᠠᠢᠭᠤᠯᠤᠯᠲᠠ᠎ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠥᠭᠵᠢᠯᠲᠡ᠎ᠶᠢᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠪᠡ᠃

ᠤᠳᠬ᠎ᠠ ᠤᠷᠠᠯᠢᠭ᠋᠎ᠤᠨ ᠠᠵᠢᠯᠲᠠᠳ ᠲᠤᠬᠠᠢ᠎ᠶᠢᠨ ᠳᠠᠯᠠᠪᠠᠢ᠎ᠳᠦ ᠭᠣᠢᠳᠠ ᠰᠠᠢᠬᠠᠨ ᠲᠣᠭᠯᠠᠯᠲᠠ ᠭᠠᠷᠭᠠᠪᠠ᠃ ᠬᠠᠮᠤᠭ᠎ᠤᠨ ᠰᠡᠬᠦᠯ᠎ᠳᠦ᠂ ᠤᠯᠠᠨ᠎ᠢᠶᠠᠷ᠎ᠢᠶᠠᠨ ᠪᠣᠰᠴᠤ ᠵᠣᠭᠰᠣᠨ 《ᠪᠦᠯᠬᠦᠮᠳᠡᠯ ᠪᠣᠯ ᠬᠦᠴᠦᠨ ᠮᠥᠨ》 ᠭᠡᠬᠦ ᠳᠠᠭᠤᠤ ᠵᠢ ᠬᠠᠩᠬᠢᠨᠠᠳᠠᠯ᠎ᠠ ᠳᠠᠭᠤᠯᠠᠵᠠᠭᠠᠪᠠ᠃ ᠬᠤᠷᠠᠯ᠎ᠤᠨ ᠲᠠᠯᠠᠪᠠᠢ ᠳ᠋ᠤ ᠬᠦᠷ ᠬᠦᠭᠵᠢᠶᠡᠨᠳᠤ ᠦᠯᠵᠡᠢ ᠪᠡᠯᠬᠡ ᠲᠠᠢ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢᠶᠡᠷ ᠪᠢᠯᠬᠠᠪᠠ᠃

ᠪᠡᠭᠡᠵᠢᠩ᠎ᠳᠦ ᠪᠠᠢᠭ᠎ᠠ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠣᠪᠴᠢᠶ᠎ᠠ ᠵᠢᠨ ᠭᠡᠰᠢᠭᠦᠨ᠂ ᠲᠥᠪ᠎ᠦᠨ ᠱᠦᠵᠢ ᠨᠠᠷ᠎ᠦᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠤᠷᠢᠶ᠎ᠠ᠎ᠶᠢᠨ ᠬᠡᠰᠡᠭ ᠤᠳᠤᠷᠢᠳᠬᠤ ᠨᠥᠬᠥᠳ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠤᠳᠤᠷᠢᠳᠬᠤ ᠨᠥᠬᠥᠳ ᠪᠣᠯᠣᠨ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠵᠢᠨ ᠲᠤᠰᠢᠶᠠᠯ᠎ᠢ ᠬᠠᠷᠢᠭᠤᠴᠠᠵᠤ ᠦᠩᠬᠡᠷᠡᠭᠰᠡᠨ ᠪᠡᠭᠡᠵᠢᠩ᠎ᠳᠦ ᠪᠠᠢᠭ᠎ᠠ ᠠᠬᠠᠮᠠᠳ ᠨᠥᠬᠥᠳ ᠴᠠᠢᠯᠠᠯᠭ᠎ᠠ᠎ᠳᠤ ᠣᠷᠣᠯᠴᠠᠵᠠᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 12 ᠰᠠᠷ᠎ᠠ᠎ᠶᠢᠨ 31᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号