ᠤᠯᠤᠰ᠎ᠤᠨ ᠲᠡᠷᠢᠭᠦᠯᠡᠭ᠌ᠴᠢ ᠰᠢ ᠵᠢᠨ ᠫᠢᠩ 2026 ᠣᠨ᠎ᠤ ᠱᠢᠨ᠎ᠡ ᠵᠢᠯ᠎ᠦᠨ ᠪᠠᠶᠠᠷ᠎ᠤᠨ ᠦᠭᠡ ᠨᠡᠢᠲᠡᠯᠡᠪᠡ
2025-12-31 21:41:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨ᠎ᠡ ᠵᠢᠯ ᠤ᠋ᠨ ᠪᠤᠱᠤᠭᠠᠨ ᠳᠡᠭᠡᠷ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠪᠣᠯᠤᠨ ᠢᠨᠲ᠋ᠸᠷ ᠰᠦᠯᠵᠢᠶ᠎ᠡ᠎ᠪᠡᠷ ᠳᠠᠮᠵᠢᠭᠤᠯᠤᠨ᠂ 2026 ᠣᠨ᠎ᠤ ᠱᠢᠨ᠎ᠡ ᠵᠢᠯ᠎ᠦᠨ ᠪᠠᠶᠠᠷ᠎ᠤᠨ ᠦᠭᠡ ᠨᠡᠢᠲᠡᠯᠡᠪᠡ᠃ ᠪᠦᠬᠦ᠌ ᠠᠭᠤᠯᠭ᠎ᠠ ᠨᠢ ᠳᠣᠣᠷᠠᠬᠢ ᠮᠡᠲᠦ ᠄


微信图片_20251231221253.jpg


ᠲᠠ ᠪᠦᠬᠦᠨ ᠰᠠᠢᠨ ᠪᠠᠢᠨ᠎ᠠ ᠤᠤ︕ ᠣᠨ ᠵᠢᠯ ᠰᠣᠯᠢᠭ᠍ᠳᠠᠵᠤ᠂ ᠴᠠᠭ ᠦᠶ᠎ᠡ ᠱᠢᠨᠡᠳᠦᠪᠡ᠃ ᠱᠢᠨ᠎ᠡ ᠵᠢᠯ ᠬᠦᠷᠴᠦ᠍ ᠢᠷᠡᠬᠦ᠌ ᠲᠠᠱᠢᠷᠠᠮ᠎ᠢᠶᠠᠷ᠂ ᠪᠢ ᠪᠡᠭᠡᠵᠢᠩ ᠡᠴᠡ ᠲᠠ ᠪᠦᠬᠦᠨ᠎ᠳᠦ ᠰᠠᠢ᠌ᠨ ᠰᠠᠢᠬᠠᠨ ᠵᠥᠩᠨᠡᠯ ᠳᠡᠪᠱᠢᠭᠦᠯᠵᠦ᠍ ᠪᠠᠢᠨ᠎ᠠ︕

2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯ ᠬᠤᠷᠢᠶᠠᠬᠤ ᠵᠢᠯ ᠪᠣᠯᠤᠨ᠎ᠠ᠃ 5 ᠵᠢᠯ᠎ᠦᠨ ᠲᠤᠷᠰᠢ᠂ ᠪᠢᠳᠡ ᠡᠷᠴᠢ ᠵᠣᠷᠢᠭ᠎ᠢᠶᠠᠨ ᠬᠥᠪᠴᠢᠯᠡᠨ ᠴᠢᠷᠮᠠᠢᠵᠤ᠂ ᠡᠷᠡᠮᠡᠬᠡᠢᠯᠡᠨ ᠤᠷᠤᠭ᠍ᠰᠢᠯᠠᠵᠤ᠂ ᠳᠠᠪᠬᠤᠷ ᠳᠠᠪᠬᠤᠷ ᠬᠦᠴᠢᠷ ᠪᠡᠷᠬᠡᠱᠢᠶᠡᠯ ᠥᠷᠢᠰᠥᠯᠳᠦᠭᠡᠨ᠎ᠢ ᠢᠯᠠᠨ ᠳᠠᠪᠠᠵᠤ᠂ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ ᠳ᠋ᠤ ᠯᠠᠪᠳᠠᠭᠤᠨ ᠪᠠᠲᠤᠲᠠᠢ ᠠᠯᠬᠤᠭ᠎ᠠ ᠵᠢ ᠠᠯᠬᠤᠪᠠ᠃ ᠮᠠᠨ᠎ᠤ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠵᠠᠯᠭᠠᠭ᠎ᠠ᠎ᠪᠠᠷ ᠱᠢᠨ᠎ᠡ ᠪᠣᠭᠣᠮᠲᠠ᠎ᠶ᠋ᠢ ᠳᠠᠪᠠᠵᠤ᠂ ᠡᠨᠡ ᠵᠢᠯ ᠵᠢᠱ᠌ᠢᠯᠲᠡ᠎ᠪᠡᠷ 140 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠶ ᠪᠣᠳᠠᠲᠤ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠨᠤᠮᠢᠨ ᠤᠰᠤ ᠬᠥᠬᠡᠮᠳᠦᠭ ᠠᠭᠤᠯᠠ ᠦᠵᠡᠰᠭᠦᠯᠡᠩᠲᠦ ᠰᠠᠢᠬᠠᠨ ᠳᠡᠪᠢᠰᠭᠡᠷ ᠥᠩᠭᠡ ᠪᠣᠯᠵᠣ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ ᠲᠠᠰᠤᠷᠠᠯᠲᠠ ᠥᠬᠡᠶ ᠴᠢᠩᠭᠠᠷᠠᠵᠠᠶ᠃ 5 ᠵᠢᠯ᠎ᠦᠨ ᠥᠩᠭᠡᠷᠡᠯᠲᠡ ᠲᠤᠢᠯ᠎ᠤᠨ ᠶᠡᠷᠦ᠍ ᠪᠤᠰᠤ᠎ᠶ᠋ᠢᠨ ᠪᠠᠢᠵᠤ᠂ ᠠᠮᠵᠢᠯᠲᠠ ᠪᠦᠲᠦᠮᠵᠢ᠎ᠶ᠋ᠢ ᠬᠢᠯᠪᠠᠷ ᠪᠤᠰᠤ᠎ᠪᠠᠷ ᠣᠯᠤᠭ᠍ᠰᠠᠨ ᠶᠤᠮ᠃ ᠣᠯᠠᠨ᠎ᠢᠶᠠᠷ᠎ᠢᠶᠠᠨ ᠡᠷᠡᠯᠬᠡᠭ᠌ᠯᠡᠨ ᠲᠡᠮᠡᠴᠡᠵᠦ᠍᠂ ᠱᠢᠷᠭᠠᠭᠤ ᠠᠵᠢᠯᠯᠠᠨ ᠬᠤᠪᠢ ᠨᠡᠮᠡᠷᠢ ᠦᠵᠡᠭᠦᠯᠵᠤ᠂ ᠴᠡᠴᠡᠭ᠌ᠯᠡᠨ ᠬᠥᠭ᠌ᠵᠢᠭ᠌ᠰᠡᠨ ᠳᠤᠮᠳᠠᠳᠤ ᠤᠯᠤᠰ᠎ᠢ ᠴᠣᠭ᠍ᠴᠠᠯᠠᠨ ᠪᠠᠢᠭᠤᠯᠪᠠ᠃ ᠪᠢ ᠱᠢᠷᠭᠠᠭᠤ ᠬᠠᠲᠠᠭᠤᠵᠢᠯᠲᠠᠶ ᠲᠡᠮᠡᠴᠡᠭ᠌ᠴᠢ ᠨᠢᠭᠡᠪᠦᠷᠢ᠎ᠳᠦ ᠬᠦᠨᠳᠦᠳᠭᠡᠯ ᠳᠡᠪᠱᠢᠭᠦᠯᠵᠦ᠍ ᠪᠠᠢᠨ᠎ᠠ︕

ᠡᠨᠡ ᠨᠢᠭᠡ ᠵᠢᠯ᠎ᠳᠦ᠂ ᠮᠠᠷᠳᠠᠭᠳᠠᠰᠢ ᠦᠭᠡᠢ ᠶᠠᠪᠤᠳᠠᠯ ᠭᠡᠪᠡᠯ᠂ ᠪᠢᠳᠡ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠳᠤᠷᠠᠰᠭᠠᠵᠤ᠂ ᠲᠠᠢᠸᠠᠨ᠎ᠢ ᠡᠭᠡᠬᠦᠯᠦᠨ ᠠᠪᠤᠬᠰᠠᠨ ᠳᠤᠷᠠᠰᠭᠠᠯ᠎ᠤᠨ ᠡᠳᠦᠷ᠎ᠢ ᠲᠤᠭᠳᠠᠭᠠᠪᠠ᠃ ᠤᠯᠤᠰ᠎ᠤᠨ ᠦᠪᠡᠳᠡᠭ᠌ᠰᠢ ᠶᠣᠰᠣᠯᠠᠯ ᠰᠦᠷ ᠵᠢᠪᠬᠤᠭ᠎ᠠ᠎ᠲᠠᠶ ᠶᠠᠪᠤᠭᠳᠠᠵᠤ᠂ ᠢᠯᠠᠯᠲᠠ ᠵᠢᠨ ᠢᠷᠠᠭᠤ ᠠᠯᠳᠠᠷ ᠲᠡᠦᠬᠡ᠎ᠶ᠋ᠢᠨ ᠬᠠᠭᠤᠳᠠᠰᠤᠨ ᠳ᠋ᠤ ᠥᠨᠢᠳᠡ ᠲᠡᠮᠳᠡᠭ᠌ᠯᠡᠭ᠌ᠳᠡᠵᠤ᠂ ᠳᠤᠮᠳᠠᠳᠤ᠎ᠶ᠋ᠢᠨ ᠬᠥᠪᠡᠭᠦᠳ ᠥᠬᠢᠳ᠎ᠦᠨ ᠲᠡᠦᠬᠡ᠎ᠪᠡᠨ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠢ᠎ᠪᠡᠨ ᠨᠡᠭᠡᠭᠡᠬᠦ᠎ᠶ᠋ᠢ ᠵᠣᠷᠢᠭ᠍ᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠠᠤᠭ᠎ᠠ ᠬᠦᠴᠦᠨ᠎ᠢ ᠨᠢᠭ᠍ᠲᠠᠷᠠᠭᠤᠯᠪᠠ᠃

ᠪᠢᠳᠡ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠣᠯᠭᠣᠪᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠠᠵᠤ ᠦᠢᠯᠡᠰ ᠭᠦᠨᠵᠡᠭᠡᠢ ᠠᠭᠤᠰᠤᠯᠴᠠᠵᠤ᠂ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠴᠣᠯᠭᠣᠷᠠᠨ ᠭᠠᠷᠴᠤ᠌᠂ ᠵᠣᠬᠢᠶᠠᠮᠠᠯ ᠤᠶᠤᠨ᠎ᠴᠢᠳᠠᠪᠤᠷᠢ᠎ᠶ᠋ᠢᠨ ᠲᠤᠮᠤ ᠵᠠᠭ᠍ᠪᠤᠷ ᠵᠠᠯᠭᠠᠭ᠎ᠠ ᠪᠡᠷ ᠪᠤᠢ ᠪᠤᠯᠵᠤ᠂ ᠴᠠᠬᠢᠮ᠎ᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ᠌ ᠠᠵᠢᠯ ᠱᠢᠨ᠎ᠡ ᠱᠢᠪᠲᠤᠯᠤᠯᠲᠠ᠎ᠲᠠᠶ ᠪᠤᠯᠵᠥ᠍᠂ ᠮᠠᠨ᠎ᠤ ᠤᠯᠤᠰ ᠱᠢᠨ᠎ᠡ᠎ᠶ᠋ᠢ ᠡᠭᠦᠳᠬᠦ᠌ ᠬᠦᠴᠦᠨ ᠬᠠᠮᠤᠭ᠎ᠤᠨ ᠲᠦᠷᠭᠡᠨ ᠳᠡᠭᠡᠭ᠌ᠰᠢᠯᠡᠭ᠌ᠰᠡᠨ ᠠᠵᠤ ᠠᠬᠤᠢ᠎ᠶ᠋ᠢᠨ ᠴᠣᠭ᠍ᠴᠠ᠎ᠶ᠋ᠢᠨ ᠨᠢᠭᠡ ᠪᠣᠯᠪᠠ᠃ ᠲᠢᠶᠠᠨ ᠸᠸᠨ ᠬᠣᠶᠠᠳᠤᠭᠠᠷ 《ᠣᠲᠣᠨ ᠮᠡᠴᠢᠳ ᠢ᠋ ᠬᠠᠢᠬᠤ》 ᠠᠶᠠᠯᠠᠯ᠎ᠢᠶᠠᠨ ᠡᠬᠢᠯᠡᠭᠦᠯᠵᠦ᠍᠂ ᠶᠠᠯᠤᠰᠠᠩᠪᠦ ᠮᠦᠷᠡᠨ ᠤ᠋ ᠳᠤᠤᠷᠠᠳᠤ ᠤᠷᠤᠰᠬᠠᠯ ᠤ᠋ᠨ ᠤᠰᠤᠨ ᠴᠠᠬᠢᠯᠭᠠᠨ᠎ᠤ ᠢᠨᠵᠧᠨᠧᠷᠢᠩ᠎ᠢ ᠡᠬᠢᠯᠡᠨ ᠪᠠᠢᠭᠤᠯᠵᠤ᠂ ᠠᠩᠬᠠᠳᠠᠭ᠍ᠴᠢ ᠴᠠᠬᠢᠯᠭᠠᠨ ᠰᠣᠷᠢᠨᠵᠢᠨ ᠵᠢᠡᠷ ᠬᠠᠷᠪᠤᠨ ᠨᠢᠰᠬᠦ ᠬᠡᠯᠪᠡᠷᠢ᠎ᠶ᠋ᠢᠨ ᠨᠢᠰᠭᠡᠯ᠎ᠦᠨ ᠰᠠᠭᠤᠷᠢ ᠬᠥᠯᠭᠡ ᠣᠩᠭᠣᠴᠠ ᠵᠢᠩᠬᠢᠨᠢ᠎ᠪᠡᠷ ᠠᠰᠢᠭᠯᠠᠯᠳᠠ᠎ᠳᠤ ᠣᠷᠣᠪᠠ᠃ ᠬᠥᠮᠦᠨ ᠬᠡᠯᠪᠡᠷᠢᠲᠦ ᠮᠠᠱᠢᠨ ᠬᠥᠮᠦᠨ《ᠵᠡᠪᠰᠡᠭ᠎ᠦᠨ ᠡᠷᠳᠡᠮ᠎ᠦᠨ ᠵᠠᠭ᠍ᠪᠤᠷ》ᠢ᠋ ᠭᠠᠢᠬᠠᠭᠤᠯᠵᠤ᠂ ᠵᠢᠯᠣᠭᠣᠴᠢ ᠥᠬᠡᠶ ᠨᠢᠰᠭᠡᠯ ᠭᠤᠢᠳᠠ ᠰᠠᠢᠬᠠᠨ 《ᠬᠤᠸᠠᠷ ᠫᠤᠤᠵᠢᠩ》 ᠤ᠋ᠨ ᠲᠤᠭᠯᠠᠯᠳᠠ ᠭᠠᠷᠭᠠᠪᠠ᠃ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌ ᠨᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠤᠢ ᠪᠣᠯᠭᠠᠭ᠍ᠰᠠᠨ ᠪᠥᠭᠡᠳ ᠠᠮᠢᠳᠤᠷᠠᠯ᠎ᠢ ᠨᠡᠩ ᠪᠠᠶᠠᠯᠢᠭ ᠰᠠᠢᠬᠠᠨ ᠪᠣᠯᠭᠠᠵᠠᠢ᠃

ᠪᠢᠳᠡ ᠰᠣᠶᠣᠯ᠎ᠢᠶᠠᠷ ᠣᠶᠤᠨ ᠰᠠᠨᠠᠭᠠᠨ᠎ᠤ ᠭᠡᠷ ᠣᠷᠣᠨ᠎ᠢᠶᠠᠨ ᠤᠮᠳᠠᠯᠠᠪᠠ᠃ ᠰᠣᠶᠣᠯ ᠮᠦᠽᠧᠢ᠎ᠶ᠋ᠢᠨ ᠬᠠᠯᠠᠮᠱᠢᠯ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠯᠠᠮᠱᠢᠯ ᠳᠠᠰᠤᠷᠠᠯᠳᠠ ᠦᠭᠡᠢ ᠬᠦᠭᠵᠢᠶᠡᠨᠳᠠᠢ ᠪᠤᠯᠵᠤ᠂ ᠳᠡᠯᠡᠬᠡᠢ᠎ᠶ᠋ᠢᠨ ᠪᠤᠳᠠᠰ ᠤ᠋ᠨ ᠪᠤᠰᠤ ᠰᠤᠶᠤᠯ ᠤ᠋ᠨ ᠥᠪ ᠤ᠋ᠨ ᠨᠡᠷᠡᠰ ᠲᠤ᠌ ᠱᠢᠨ᠎ᠡ ᠭᠡᠱᠢᠭᠦᠨ ᠨᠡᠮᠡᠭ᠌ᠳᠡᠵᠦ᠍᠂ ᠦ᠋ ᠺᠦᠩ ᠪᠣᠯᠤᠨ ᠨᠸ ᠵᠠ ᠪᠦᠬᠦ᠌ ᠳᠡᠯᠡᠬᠡᠢ᠎ᠳᠦ ᠠᠯᠳᠠᠷᠰᠢᠵᠤ᠂ ᠡᠷᠲᠡᠨ᠎ᠦ ᠤᠯᠤᠰ᠎ᠤᠨ ᠬᠡᠪ ᠨᠠᠮᠪᠠ ᠨᠢ ᠵᠠᠯᠠᠭᠤᠴᠤᠳ᠎ᠤᠨ ᠨᠢᠳᠤᠨ᠎ᠳᠡᠬᠢ《ᠬᠠᠮᠤᠭ ᠤ᠋ᠨ ᠰᠠᠢᠬᠠᠨ ᠭᠤᠤ᠎ᠠ ᠲᠠᠭᠠᠱᠢᠶᠠᠯ》 ᠪᠣᠯᠪᠠ᠃ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠬᠥᠭ᠌ᠵᠢᠶᠡᠨᠲᠡᠶ ᠪᠤᠯᠵᠤ᠂ 《ᠬᠣᠲᠠ᠎ᠶ᠋ᠢᠨ ᠬᠡᠳᠦ ᠳᠡᠰ ᠤ᠋ᠨ ᠬᠦᠯ ᠪᠦᠮᠪᠦᠭᠡ ᠵᠢᠨ ᠬᠤᠯᠪᠤᠭᠠᠳᠤ ᠤᠷᠤᠯᠳᠤᠭᠠᠨ 》᠂  《ᠲᠣᠰᠭᠣᠨ᠎ᠤ ᠬᠡᠳᠦ ᠳᠡᠰ ᠤ᠋ᠨ ᠬᠦᠯ ᠪᠦᠮᠪᠦᠭᠡ ᠵᠢᠨ ᠬᠤᠯᠪᠤᠭᠠᠳᠤ ᠤᠷᠤᠯᠳᠤᠭᠠᠨ》 ᠬᠥᠷ ᠬᠥᠭ᠌ᠵᠢᠶᠡᠨ᠎ᠢᠶᠡᠷ ᠪᠢᠯᠬᠠᠵᠤ᠂ ᠴᠠᠰᠤ ᠮᠥᠰᠥ᠍ᠨ᠎ᠤ ᠲᠠᠮᠢᠷ᠎ᠤᠨ ᠬᠥᠳᠡᠯᠭᠡᠭᠡᠨ᠎ᠨᠢ ᠡᠪᠦᠯ᠎ᠦᠨ ᠤᠯᠠᠷᠢᠯ ᠤ᠋ᠨ ᠬᠠᠯᠠᠭᠤᠨ ᠤᠷᠮᠠᠰ ᠢ᠋ ᠬᠥᠭ᠌ᠵᠢᠭᠡᠪᠡ᠃ ᠤᠯᠠᠮᠵᠢᠯᠠᠯᠳᠤ ᠰᠤᠶᠤᠯ ᠪᠣᠯᠤᠨ ᠤᠳᠤ ᠦᠶ᠎ᠡ ᠵᠢᠨ ᠰᠤᠶᠤᠯ ᠠᠭᠤᠰᠤᠯᠴᠠᠵᠤ᠂ ᠳᠤᠮᠳᠠᠳᠤ᠎ᠶ᠋ᠢᠨ ᠰᠣᠶᠣᠯ ᠨᠡᠩ ᠭᠢᠯᠠᠯᠵᠠᠮ᠎ᠠ ᠭᠡᠷᠡᠯ ᠭᠢᠯᠪᠠᠭ᠎ᠠ᠎ᠪᠠᠨ ᠰᠠᠴᠤᠷᠠᠭᠤᠯᠪᠠ᠃

ᠪᠢᠳᠡ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠵᠤ ᠬᠠᠮᠲᠤ᠎ᠪᠠᠷ ᠡᠳ᠋ᠯᠡᠨ᠎ᠠ᠃ ᠪᠢ ᠲᠥᠪᠡᠳ᠂ ᠱᠢᠨᠵᠢᠶᠠᠩ᠎ᠳᠤ ᠬᠦᠷᠴᠦ᠍ ᠪᠡᠯᠭᠡᠯᠡᠬᠦ᠌ ᠠᠵᠢᠯᠯᠠᠭ᠎ᠠ᠎ᠳᠤ ᠣᠷᠣᠯᠴᠠᠵᠤ᠂ ᠴᠠᠰᠤᠲᠤ ᠥᠨᠳᠥᠷᠯᠢᠭ᠎ᠡᠴᠡ ᠲᠩᠷᠢ ᠠᠭᠤᠯᠠ᠎ᠶ᠋ᠢᠨ ᠡᠮᠦᠨ᠎ᠡ ᠤᠮᠠᠷ᠎ᠠ ᠬᠦᠷᠲᠡᠯ᠎ᠡ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠰᠡᠳᠭᠢᠯ ᠵᠢᠷᠦᠬᠡ᠎ᠪᠡᠨ ᠬᠣᠯᠪᠣᠵᠤ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠤᠯᠠᠨ᠎ᠢᠶᠠᠷ᠎ᠢᠶᠠᠨ ᠠᠷᠢᠭᠤᠨ ᠴᠠᠭᠠᠨ ᠬᠠᠳᠠᠭ᠂ ᠬᠠᠯᠠᠭᠤᠮᠰᠤᠭ ᠳᠠᠭᠤᠤ ᠪᠥᠵᠢᠭ᠎ᠢᠶᠡᠷ ᠵᠢᠡᠨ ᠡᠬᠡ ᠤᠯᠤᠰ᠎ᠢᠶᠠᠨ ᠬᠠᠢᠷᠠᠯᠠᠵᠤ᠂ ᠵᠣᠯ ᠵᠢᠷᠭᠠᠯ᠎ᠢᠶᠠᠨ ᠮᠠᠭ᠍ᠲᠠᠨ ᠲᠠᠭᠤᠯᠠᠵᠤ ᠪᠠᠢᠬᠤ᠎ᠪᠠᠨ ᠢᠯᠡᠳᠭᠡᠪᠡ᠃ ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠦᠭᠡᠢ᠂ ᠵᠢᠵᠢᠭ ᠰᠠᠵᠢᠭ ᠶᠠᠪᠤᠳᠠᠯ ᠪᠦᠬᠦᠨ ᠨᠢ ᠬᠠᠢᠷ᠎ᠠ ᠬᠠᠯᠠᠮᠵᠢ᠎ᠶ᠋ᠢ ᠢᠯᠡᠳᠭᠡᠨ᠎ᠡ᠃ ᠥᠩᠭᠡᠷᠡᠭ᠌ᠰᠡᠨ ᠨᠢᠭᠡ ᠵᠢᠯ᠎ᠳᠦ᠂ ᠱᠢᠨ᠎ᠡ᠎ᠪᠡᠷ ᠠᠵᠢᠯ ᠣᠯᠤᠭ᠍ᠰᠠᠨ ᠬᠥᠮᠦᠰ᠎ᠦᠨ ᠡᠷᠬᠡ ᠠᠱᠢᠭ ᠤᠯᠠᠮ ᠨᠢᠭᠡ ᠠᠯᠬᠤᠮ ᠪᠠᠲᠤᠯᠠᠭ᠎ᠠ᠎ᠲᠠᠶ ᠪᠣᠯᠵᠣ᠂ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ ᠨᠢ ᠨᠠᠰᠤᠲᠠᠢᠴᠤᠳ᠎ᠲᠤ ᠲᠥᠬᠥᠮ ᠦᠵᠡᠭᠦᠯᠵᠦ᠍᠂ ᠬᠡᠦᠬᠡᠳ ᠪᠣᠢᠵᠢᠭᠤᠯᠬᠤ ᠬᠡᠷ ᠪᠦᠯᠢ᠎ᠳᠦ ᠰᠠᠷ᠎ᠠ ᠪᠦᠷᠢ 300 ᠲᠥᠭᠥᠷᠢᠭ᠎ᠦᠨ ᠨᠥᠬᠥᠪᠥᠷᠢ ᠢᠯᠡᠭᠦᠦ ᠣᠯᠭᠣᠪᠠ᠃ ᠲᠦᠯᠡᠰᠢ ᠠᠮᠤ ᠲᠣᠰᠣ ᠳᠠᠪᠤᠰᠤ᠂ ᠡᠭᠡᠯ ᠵᠢᠷ᠎ᠤᠨ ᠡᠳᠦᠷ ᠬᠤᠨᠤᠬ ᠦᠷᠬᠦᠯᠵᠢᠯᠡᠵᠦ᠂ 《ᠪᠠᠭ᠎ᠠ ᠭᠡᠷ ᠪᠦᠯᠢ》 ᠨᠢᠭᠡ ᠪᠦᠷᠢ ᠬᠥᠷ ᠬᠥᠭ᠌ᠵᠢᠶᠡᠨ᠎ᠢᠶᠡᠷ ᠪᠢᠯᠬᠠᠵᠤ᠂ ᠳᠤᠮᠳᠠᠳᠤ ᠤᠯᠤᠰ᠎ᠤᠨ ᠡᠨᠡ ᠬᠦ᠌ 《ᠲᠤᠮᠤ ᠭᠡᠷ ᠪᠦᠯᠢ》 ᠡᠳᠦᠷ᠎ᠡᠴᠡ ᠡᠳᠦᠷ ᠥᠭᠡᠳᠡᠯᠡᠨ ᠮᠠᠨᠳᠤᠵᠤ ᠪᠠᠢᠨ᠎ᠠ᠃

ᠪᠢᠳᠠ ᠦᠷᠭᠦᠯᠵᠢᠯᠡᠨ ᠭᠡᠬᠦᠳᠡᠭ ᠴᠡᠭᠡᠵᠢ᠎ᠪᠡᠨ ᠳᠡᠯᠭᠡᠨ ᠳᠡᠯᠡᠬᠡᠶ ᠳ᠋ᠠᠬᠢᠨ ᠳ᠋ᠤ ᠨᠡᠭᠡᠭᠡᠯᠲᠠ ᠬᠢᠨ᠎ᠡ᠃ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠢᠶᠠᠨᠵᠢᠨ᠎ᠳᠠᠬᠢ ᠲᠦᠷᠦᠭᠦᠴᠦᠳ᠎ᠦᠨ ᠬᠤᠷᠠᠯ᠂ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ ᠠᠮᠵᠢᠯᠲᠠ᠎ᠲᠠᠶ ᠶᠠᠪᠤᠭ᠍ᠳᠠᠵᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠪᠦᠬᠦ᠌ ᠠᠷᠠᠯ᠎ᠢᠶᠠᠷ᠎ᠢᠶᠠᠨ ᠪᠣᠭᠣᠮᠲᠠ ᠬᠠᠭᠠᠵᠤ ᠠᠵᠢᠯᠯᠠᠭᠤᠯᠪᠠ᠃ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠨᠡᠩ ᠰᠠᠢᠲᠤᠷ ᠠᠷᠭᠠᠴᠠᠭᠠᠬᠤ᠎ᠶ᠋ᠢᠨ ᠲᠥᠯᠥᠭᠡ᠂ ᠮᠠᠨ᠎ᠤ ᠤᠯᠤᠰ ᠱᠢᠨ᠎ᠡ ᠨᠢᠭᠡ ᠡᠭᠡᠯᠵᠢ᠎ᠶ᠋ᠢᠨ ᠤᠯᠤᠰ᠎ᠤᠨ ᠪᠡᠶ᠎ᠡ᠎ᠪᠡᠨ ᠳᠠᠭᠠᠭᠠᠭ᠍ᠰᠠᠨ ᠬᠤᠪᠢ ᠨᠡᠮᠡᠷᠢ᠎ᠶ᠋ᠢ ᠨᠡᠢᠲᠡᠯᠡᠪᠡ᠃ 《ᠭᠤᠷᠪᠠᠨ ᠶᠡᠬᠡ ᠰᠠᠨᠠᠭᠠᠴᠢᠯᠠᠭ᠎ᠠ》 ᠵᠢᠨ ᠳᠠᠷᠠᠭ᠎ᠠ᠂ ᠪᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠪᠠ᠃ ᠣᠳᠣᠬᠠᠨ᠎ᠤ ᠳᠡᠯᠡᠬᠡᠶ ᠶᠢᠷᠲᠢᠨᠴᠦ᠍ ᠡᠭᠡᠳᠡᠷᠡᠭᠡᠨ ᠪᠤᠳᠤᠯᠢᠶᠠᠨᠲᠠᠶ ᠪᠣᠯᠵᠣ᠂ ᠵᠠᠷᠢᠮ ᠭᠠᠵᠠᠷ ᠣᠷᠣᠨ ᠮᠥᠨ ᠯᠡ ᠲᠡᠢᠨ᠎ᠦ ᠤᠳᠤᠭᠠᠨ ᠳ᠋ᠦ ᠪᠦᠷᠬᠦᠭ᠌ᠳᠡᠵᠦ᠍ ᠪᠠᠢᠨ᠎ᠠ᠃ ᠳᠤᠮᠳᠠᠳᠤ ᠤᠯᠤᠰ ᠢᠮᠠᠭ᠍ᠲᠠ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠳᠤᠷᠠᠲᠠᠶ᠎ᠠ ᠡᠯ᠎ᠡ ᠤᠯᠤᠰ᠎ᠯᠤᠭ᠎ᠠ ᠭᠠᠷ ᠬᠣᠯᠪᠣᠨ ᠳᠡᠯᠡᠬᠡᠢ᠎ᠶ᠋ᠢᠨ ᠡᠩᠬᠡ ᠲᠠᠢᠪᠤᠩ ᠬᠥᠭ᠌ᠵᠢᠯᠲᠡ᠎ᠶ᠋ᠢ ᠠᠬᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ᠃

ᠲᠦᠷᠦᠭᠦᠬᠡᠨ᠂ ᠪᠢ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠵᠤ᠂ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠤᠨ᠎ᠬᠢᠨ ᠨᠢᠭᠡ ᠰᠡᠳᠭᠢᠯ ᠨᠢᠭᠡ ᠵᠣᠷᠢᠭ᠎ᠢᠶᠠᠷ ᠬᠠᠮᠲᠤ᠎ᠪᠠᠷ ᠤᠷᠤᠭ᠍ᠰᠢᠯᠠᠭ᠍ᠰᠠᠨ᠎ᠨᠢ ᠬᠥᠮᠦᠰ᠎ᠢ ᠪᠠᠶᠠᠷᠯᠠᠭᠤᠯᠤᠮ᠎ᠠ ᠪᠠᠢᠨ᠎ᠠ᠃ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠴᠢᠭ᠌ᠯᠡᠯᠲᠡ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ ᠱᠢᠶᠠᠩᠭᠠᠩ ᠣᠣᠮᠧᠨ᠎ᠦ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠠᠭᠤᠰᠤᠯᠴᠠᠬᠤ᠎ᠶ᠋ᠢ ᠳᠡᠮᠵᠢᠵᠦ᠍᠂ ᠣᠷᠳᠣ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠪᠠᠲᠤᠯᠠᠬᠤ ᠬᠡᠷᠡᠭ᠌ᠲᠡᠶ᠃ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ ᠤ᠋ ᠠᠬ᠎ᠠ ᠳᠡᠭᠦᠦ᠍᠎ᠨᠡᠷ ᠴᠢᠰᠤ ᠮᠢᠬᠠᠨ᠎ᠤ ᠪᠠᠷᠢᠯᠳᠤᠯᠭ᠎ᠠ᠎ᠲᠠᠶ᠂ ᠡᠭᠡ ᠤᠯᠤᠰ ᠵᠢᠡᠨ ᠨᠢᠭᠡᠳᠭᠡᠬᠦ᠌ ᠲᠡᠦᠬᠡ᠎ᠶ᠋ᠢᠨ ᠶᠡᠬᠡ ᠬᠠᠨᠳᠤᠰᠢ ᠬᠤᠷᠢᠭ᠍ᠯᠠᠭ᠍ᠳᠠᠰᠢ ᠦᠭᠡᠢ ᠶᠤᠮ︕

ᠨᠠᠮ ᠮᠠᠨᠳᠤᠪᠠᠯ ᠰᠠᠶᠢ ᠤᠯᠤᠰ ᠬᠦᠴᠦᠷᠬᠡᠭ᠌ᠵᠢᠵᠦ᠍ ᠴᠢᠳᠠᠨ᠎ᠠ᠃ ᠪᠢᠳᠡ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠍᠂ ᠮᠣᠳᠣ ᠨᠡᠭᠦᠯᠭᠡᠨ ᠢᠲᠡᠭᠡᠯ ᠲᠣᠭ᠍ᠲᠠᠭᠠᠵᠤ ᠨᠠᠮ᠎ᠢ ᠴᠢᠩᠭ᠎ᠠ ᠬᠠᠮᠢᠶᠠᠷᠤᠨ ᠨᠠᠮ᠎ᠢ ᠴᠢᠩᠭ᠎ᠠ ᠵᠠᠰᠠᠵᠤ᠂ ᠢᠯᠵᠢᠷᠠᠯ᠎ᠢ ᠠᠷᠢᠯᠭᠠᠵᠤ ᠪᠤᠯᠴᠢᠩ᠎ᠢ ᠡᠷᠡᠬᠦᠯᠵᠢᠬᠦᠯᠦᠨ ᠥᠪᠡᠷ ᠪᠡᠶ᠎ᠡ᠎ᠵᠢᠨ ᠬᠤᠪᠢᠰᠭᠠᠯ ᠬᠢᠬᠦ᠌᠎ᠶ᠋ᠢ ᠠᠬᠢᠭᠤᠯᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠦᠷᠭᠦᠯᠵᠢᠯᠡᠨ ᠰᠠᠢᠵᠢᠷᠠᠪᠠ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠳᠠᠪᠲᠠᠨ ᠪᠣᠯᠪᠠᠰᠤᠷᠠᠭᠤᠯᠵᠤ᠂ ᠤᠷᠲᠤ ᠬᠤᠭᠤᠴᠠᠭ᠎ᠠ᠎ᠪᠠᠷ ᠪᠠᠷᠢᠮᠲᠠᠯᠠᠵᠤ᠂  ᠶᠠᠨ ᠠᠨ᠎ᠤ 《ᠨᠦᠬᠡᠨ ᠭᠡᠷ᠎ᠦᠨ ᠠᠰᠠᠭᠤᠯᠲᠠ》ᠵᠢ ᠦᠷᠭᠦᠯᠵᠢᠯᠡᠨ ᠰᠠᠢᠲᠤᠷ ᠬᠠᠷᠢᠭᠤᠯᠵᠤ᠂ ᠠᠷᠠᠳ ᠲᠦᠮᠡᠨ᠎ᠳᠦ ᠣᠰᠣᠯᠳᠠᠬᠤ ᠦᠭᠡᠢ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃

 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠤᠴᠢᠷ ᠶᠠᠪᠤᠳᠠᠯ ᠢ᠋ ᠡᠬᠢᠯᠡᠬᠦᠯᠬᠦ ᠳ᠋ᠤ ᠡᠷᠬᠡᠪᠰᠢ ᠦᠷ᠎ᠠ ᠳ᠋ᠦᠩ ᠢ᠋ ᠨᠢ ᠪᠤᠳᠤᠯᠬᠢᠯᠠᠬᠤ ᠭᠡᠷᠡᠭᠳᠠᠢ᠂ ᠠᠮᠵᠢᠯᠳᠠ ᠪᠦᠳᠦᠮᠵᠢ ᠤᠯᠬᠤ ᠳ᠋ᠤ ᠶᠡᠷᠤ ᠨᠢ ᠡᠬᠢᠯᠡᠬᠦᠯᠬᠦ ᠳ᠋ᠡᠭᠡᠨ ᠨᠠᠷᠢᠨ ᠬᠢᠨᠠᠮᠠᠭᠠᠢ ᠲᠦᠯᠦᠪᠵᠢᠬᠦᠯᠬᠦ ᠭᠡᠷᠡᠭᠳᠠᠢ᠃ ᠪᠢᠳᠡ ᠬᠠᠷᠠᠯᠲᠠ ᠡᠭᠦᠷᠭᠡ᠎ᠪᠡᠨ ᠤᠨᠢᠯᠠᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠭᠠᠢᠬᠠᠮᠱᠢᠭ᠎ᠤᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌ ᠬᠡᠷᠡᠭ᠌ᠲᠡᠢ᠃

 ᠬᠦᠰᠡᠯ ᠵᠡᠬᠦᠳᠤ ᠪᠡᠨ ᠬᠦᠭᠡᠭᠡᠴᠡᠯᠳᠤᠬᠦ ᠳ᠋ᠤ ᠬᠤᠯᠠ ᠬᠡᠮᠡᠨ ᠰᠢᠨᠳᠠᠷᠠᠬᠤ ᠦᠭᠡᠢ︔ᠭᠡᠭᠡᠨ ᠰᠠᠷᠠᠭᠤᠯ ᠤᠷᠤᠬᠰᠢᠯᠠᠯᠳᠠ ᠵᠢᠨ ᠵᠠᠮ ᠳᠡᠭᠡᠷ᠎ᠡ ᠢᠳᠡᠷᠡᠬᠦᠨ ᠠᠯᠬᠤᠭ᠎ᠠ ᠪᠡᠷ ᠤᠷᠤᠬᠰᠢᠯᠠᠨᠠᠮ᠃ ᠪᠢᠳᠡ ᠬᠤᠷᠳᠤᠨ ᠮᠤᠷᠢᠨ ᠳ᠋ᠠᠭᠠᠨ ᠲᠠᠰᠢᠭᠤᠷ ᠨᠠᠮᠡᠬᠦ ᠤᠮᠤᠭ ᠵᠤᠷᠢᠭ ᠵᠢᠡᠷ᠂ ᠲᠦᠮᠡᠨ ᠠᠬᠳᠠ ᠵᠢᠨ ᠲᠦᠪᠡᠷᠭᠡᠨ ᠤ᠋ ᠰᠦᠷ ᠵᠢᠪᠬᠤᠭ᠎ᠠ ᠵᠢ ᠬᠦᠭᠵᠢᠭᠡᠵᠤ᠂ ᠴᠤᠴᠠᠯᠳᠠ ᠦᠭᠡᠢ ᠤᠷᠤᠬᠰᠢᠯᠠᠬᠤ ᠡᠷᠴᠢ ᠵᠤᠷᠢᠭ ᠵᠢᠡᠷ᠂ ᠬᠠᠮᠲᠤ᠎ᠪᠠᠷ ᠬᠦᠰᠡᠯ ᠵᠡᠭᠦᠳᠦ᠍᠎ᠶ᠋ᠢᠨ᠎ᠢᠶᠡᠨ ᠲᠥᠯᠥᠭᠡ ᠲᠡᠮᠡᠴᠡᠵᠦ᠍᠂ ᠵᠣᠯ ᠵᠢᠷᠭᠠᠯ᠎ᠤᠨ᠎ᠢᠶᠠᠨ ᠲᠥᠯᠥᠭᠡ ᠲᠡᠮᠡᠴᠡᠵᠦ᠍᠂ ᠠᠤᠭ᠎ᠠ ᠶᠡᠬᠡ ᠬᠦᠰᠡᠯ ᠵᠡᠭᠦᠳᠦ᠍᠎ᠪᠡᠨ ᠰᠠᠢ᠌ᠨ ᠰᠠᠢᠬᠠᠨ ᠪᠣᠳᠠᠲᠤ ᠠᠬᠤᠢ ᠪᠣᠯᠭᠠᠶ᠎ᠠ᠃

ᠱᠢᠨ᠎ᠡ ᠵᠢᠯ᠎ᠦᠨ ᠠᠯᠳᠠᠨ ᠨᠠᠷᠠᠨ ᠤ᠋ ᠠᠨᠭᠬᠠᠨ ᠤ᠋ ᠲᠤᠶᠠᠭ᠎ᠠ ᠤᠳᠠᠯ ᠦᠭᠡᠢ ᠡᠭᠡ ᠭᠠᠵᠠᠷ ᠲᠦ᠍ ᠰᠠᠭᠠᠳᠠᠬᠤ ᠪᠣᠯᠤᠯ᠎ᠠ᠃ ᠡᠬᠡ ᠤᠯᠤᠰ᠎ᠤᠨ ᠠᠭᠤᠯᠠ ᠤᠰᠤ ᠰᠦᠷᠯᠢᠭ ᠰᠠᠢᠬᠠᠨ᠂ ᠡᠬᠡ ᠭᠠᠵᠠᠷ ᠥᠨᠢᠷ ᠲᠠᠩᠰᠤᠭ᠂ ᠬᠤᠪᠢᠯᠭᠠᠨ ᠣᠷᠣᠨ᠎ᠤ ᠬᠦᠭᠵᠢᠨ ᠮᠠᠨᠳᠤᠬᠤ ᠵᠢ ᠬᠦᠰᠡᠨ ᠵᠥᠩᠨᠡᠶ᠎ᠡ︕ ᠤᠯᠠᠨ᠎ᠢᠶᠠᠷ᠎ᠢᠶᠠᠨ ᠪᠠᠶᠠᠷ ᠵᠢᠷᠭᠠᠯ ᠲᠠᠢ᠂ ᠠᠵᠢᠯ ᠦᠢᠯᠡᠰ᠎ᠲᠡᠬᠡᠨ ᠠᠮᠵᠢᠯᠲᠠ ᠣᠯᠵᠤ᠂ ᠲᠦᠮᠡᠨ ᠬᠡᠷᠡᠭ ᠲᠡᠭᠦᠰ ᠪᠦᠲᠦᠬᠦ᠌᠎ᠶ᠋ᠢ ᠬᠦᠰᠡᠨ ᠵᠦᠨᠭᠨᠡᠶ᠎ᠠ︕

      ( ᠰᠢᠨᠬᠤᠸᠠ ᠬᠤᠷᠢᠶ᠎ᠠ ᠵᠢᠨ 2025 ᠤᠨ᠎ᠤ 12 ᠰᠠᠷ᠎ᠠ ᠵᠢᠨ 31᠎ᠤ ᠡᠳᠦᠷ᠎ᠤᠨ ᠴᠠᠭᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号