ᠸᠠᠩ ᠸᠧᠢ ᠵᠦᠩ ᠤᠷᠤᠯᠴᠠᠵᠤ ᠵᠠᠩ ᡁᠢ ᠭᠠᠩ ᠪᠦᠦ ᠭᠠᠩ ᠸᠠᠩ ᠵᠧᠩ ᠫᠦ ᠪᠠᠶᠠᠷ᠎ᠤᠨ ᠦᠭᠡ ᠬᠡᠯᠡᠵᠡᠢ
12 ᠰᠠᠷ᠎ᠠ᠎ᠶ᠋ᠢᠨ 30 ᠤ᠋ ᠡᠳᠦᠷ᠂ ᠥᠪᠥᠷ ᠮᠣᠩᠭᠣᠯ᠎ᠤᠨ ᠪᠠᠷᠠᠭᠤᠨ ᠪᠡᠶ᠎ᠠ᠎ᠡᠴᠡ ᠪᠡᠭᠡᠵᠢᠩ ᠲᠢᠶᠠᠨᠵᠢᠨ ᠾᠸᠪᠸᠢ ᠬᠦᠷᠬᠦ᠌±800 ᠺᠢᠯᠦᠸᠤᠯᠲ᠎ᠤᠨ ᠣᠨᠴᠠ ᠥᠨᠳᠥᠷ ᠬᠦᠴᠦᠳᠡᠯᠲᠦ ᠲᠣᠭ᠍ᠲᠠᠮᠠᠯ ᠬᠦᠶᠦᠳᠡᠯ᠎ᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ ᠡᠬᠢᠯᠡᠬᠦ᠌ ᠲᠠᠢ᠌ᠴᠢᠯᠠᠯᠳᠠ᠎ᠶ᠋ᠢᠨ ᠠᠵᠢᠯᠯᠠᠭ᠎ᠠ ᠥᠪᠥᠷ ᠮᠣᠩᠭᠣᠯ᠂ ᠾᠸᠪᠸᠢ ᠬᠣᠶᠠᠷ ᠭᠠᠵᠠᠷ᠎ᠲᠤ ᠸᠢᠳᠢᠣ᠋ ᠬᠡᠯᠪᠡᠷᠢ᠎ᠪᠡᠷ ᠵᠡᠷᠭᠡ᠎ᠪᠡᠷ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠥᠪᠥᠷ ᠮᠣᠩᠭᠣᠯ᠎ᠤᠨ ᠬᠤᠷᠠᠯ᠎ᠤᠨ ᠲᠠᠯᠠᠪᠠᠢ᠎ᠳᠤ ᠣᠷᠣᠯᠴᠠᠪᠠ᠃
ᠤᠯᠤᠰ᠎ᠤᠨ ᠴᠠᠬᠢᠯᠭᠠᠨ ᠲᠣᠣᠷ᠎ᠤᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠵᠠᠩ ᡁᠢ ᠭᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠥᠪᠥᠷ ᠮᠣᠩᠭᠣᠯ᠎ᠤᠨ ᠬᠤᠷᠠᠯ᠎ᠤᠨ ᠲᠠᠯᠠᠪᠠᠢ᠎ᠳᠤ ᠤᠷᠢᠳ ᠬᠣᠵᠢᠳ ᠪᠠᠶᠠᠷ᠎ᠤᠨ ᠦᠭᠡ ᠬᠡᠯᠡᠪᠡ᠃ ᠾᠸᠪᠸᠢ ᠮᠤᠵᠢ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠮᠤᠵᠢ᠎ᠶ᠋ᠢᠨ ᠳᠠᠷᠤᠭ᠎ᠠ ᠸᠠᠩ ᠵᠧᠩ ᠫᠦ ᠾᠸᠪᠸᠢ ᠵᠢᠨ ᠬᠤᠷᠠᠯ᠎ᠤᠨ ᠲᠠᠯᠠᠪᠠᠢ᠎ᠳᠤ ᠪᠠᠶᠠᠷ᠎ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠥᠪᠥᠷ ᠮᠣᠩᠭᠣᠯ᠎ᠤᠨ ᠬᠤᠷᠠᠯ᠎ᠤᠨ ᠲᠠᠯᠠᠪᠠᠢ᠎ᠳᠤ ᠣᠷᠣᠯᠴᠠᠪᠠ᠃ ᠤᠯᠤᠰ᠎ᠤᠨ ᠴᠠᠬᠢᠯᠭᠠᠨ ᠲᠣᠣᠷ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ᠂ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠵᠠᠩ ᠸᠸᠨ ᠹᠸᠩ᠂ ᠾᠸᠪᠸᠢ ᠮᠤᠵᠢ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠤᠤ ᠳ᠋ᠠ ᠴᠦᠨ ᠾᠸᠪᠸᠢ ᠵᠢᠨ ᠬᠤᠷᠠᠯ᠎ᠤᠨ ᠲᠠᠯᠠᠪᠠᠢ᠎ᠳᠤ ᠣᠷᠣᠯᠴᠠᠪᠠ᠃
ᠸᠠᠩ ᠸᠧᠢ ᠵᠦᠩ᠂ ᠵᠠᠩ ᡁᠢ ᠭᠠᠩ᠂ ᠪᠦᠦ ᠭᠠᠩ ᠥᠪᠥᠷ ᠮᠣᠩᠭᠣᠯ᠎ᠤᠨ ᠬᠤᠷᠠᠯ᠎ᠤᠨ ᠲᠠᠯᠠᠪᠠᠢ᠎ᠳᠤ᠂ ᠸᠠᠩ ᠵᠧᠩ ᠫᠦ᠂ ᠵᠠᠩ ᠸᠸᠨ ᠹᠸᠩ᠂ ᠵᠤᠤ ᠳ᠋ᠠ ᠴᠦᠨ ᠾᠸᠪᠸᠢ ᠵᠢᠨ ᠬᠤᠷᠠᠯ᠎ᠤᠨ ᠲᠠᠯᠠᠪᠠᠢ᠎ᠳᠤ ᠢᠨᠵᠧᠨᠧᠷᠢᠩ᠎ᠢ ᠪᠠᠷᠢᠯᠭ᠎ᠠ ᠡᠬᠢᠯᠡᠭᠦᠯᠬᠦ᠌ ᠲᠥᠬᠥᠭᠡᠷᠦᠮᠵᠢ᠎ᠶ᠋ᠢ ᠬᠠᠮᠲᠤ ᠪᠠᠷ ᠡᠬᠢᠯᠡᠭᠦᠯᠪᠡ᠃
ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠪᠠᠷᠠᠭᠤᠨ ᠪᠡᠶ᠎ᠠ᠎ᠡᠴᠡ ᠪᠡᠭᠡᠵᠢᠩ ᠲᠢᠶᠠᠨᠵᠢᠨ ᠾᠧᠪᠧᠶ ᠬᠥᠷᠬᠥ᠌±800 ᠺᠢᠯᠦᠸᠤᠯᠲ᠎ᠤᠨ ᠣᠨᠴᠠ ᠥᠨᠳᠥᠷ ᠬᠦᠴᠦᠳᠡᠯᠲᠦ ᠲᠣᠭ᠍ᠲᠠᠮᠠᠯ ᠭᠦᠶᠦᠳᠡᠯ᠎ᠦᠨ ᠴᠠᠬᠢᠯᠭᠠᠨ᠎ᠤ ᠢᠨᠵᠧᠨᠧᠷᠢᠩ ᠪᠣᠯ ᠥᠪᠥᠷ ᠮᠣᠩᠭᠣᠯ᠎ᠤᠨ ᠠᠩᠬᠠᠳᠠᠭ᠍ᠴᠢ 《ᠡᠯᠡᠰᠦᠨ ᠴᠦᠯ ᠭᠤᠪᠢ ᠴᠦᠯᠯᠡᠷᠬᠡᠭ ᠭᠠᠵᠠᠷ》 ᠤ᠋ᠨ ᠱᠢᠨ᠎ᠡ ᠡᠨᠧᠷᠭᠢ᠎ᠶ᠋ᠢᠨ ᠲᠣᠮᠣ ᠰᠠᠭᠤᠷᠢᠨ ᠤ᠋ ᠴᠠᠬᠢᠯᠭᠠᠨ᠎ᠢ ᠭᠠᠳᠠᠭ᠍ᠰᠢ ᠬᠦᠷᠭᠡᠬᠦ ᠱᠤᠭᠤᠮ ᠪᠣᠯᠤᠨ᠎ᠠ᠂ ᠢᠨᠵᠧᠨᠧᠷᠢᠩ᠎ᠨᠢ ᠥᠪᠥᠷ ᠮᠣᠩᠭᠣᠯ᠎ᠤᠨ ᠣᠷᠳᠣᠰ ᠬᠣᠲᠠ᠎ᠶ᠋ᠢᠨ ᠳᠠᠯᠠᠳ᠎ᠤᠨ ᠭᠦᠶᠦᠳᠡᠯ ᠰᠣᠯᠢᠬᠤ ᠥᠷᠲᠡᠭᠡ᠎ᠡᠴᠡ ᠡᠬᠢᠯᠡᠵᠦ᠍᠂ ᠥᠪᠥᠷ ᠮᠣᠩᠭᠣᠯ᠂ ᠱᠠᠨ ᠰᠢᠪᠡᠷ ᠥᠩᠭᠡᠷᠡᠨ᠂ ᠾᠧᠪᠧᠶ᠎ᠶ᠋ᠢᠨ ᠼᠠᠩᠵᠧᠤᠶ᠋ᠢᠨ ᠭᠦᠶᠦᠳᠡᠯ ᠰᠣᠯᠢᠬᠤ ᠥᠷᠲᠡᠭᠡ᠎ᠳᠦ ᠬᠦᠷᠴᠦ᠍᠂ ᠴᠠᠬᠢᠯᠭᠠᠨ ᠬᠦᠷᠭᠡᠬᠦ ᠵᠠᠢ ᠨᠢ 700 ᠺᠢᠯᠣᠮᠧᠲ᠋ᠷ ᠪᠠᠢᠵᠤ᠂ 2027 ᠣᠨ᠎ᠳᠤ ᠠᠱᠢᠭ᠍ᠯᠠᠯᠲᠠ᠎ᠳᠤ ᠣᠷᠣᠭᠤᠯᠬᠤ᠎ᠪᠠᠷ ᠲᠥᠯᠥᠪᠯᠡᠵᠦ᠍ ᠪᠣᠶ᠃ ᠢᠨᠵᠸᠨ᠋ᠸᠷᠢᠩ᠎ᠢ ᠪᠦᠲᠦᠬᠡᠨ ᠪᠠᠢᠭᠤᠯᠵᠦ ᠳᠠᠭᠤᠰᠤᠭ᠍ᠰᠠᠨ᠎ᠤ ᠳᠠᠷᠠᠭ᠎ᠠ᠂ ᠵᠢᠯ ᠪᠦᠷᠢ ᠤᠮᠠᠷᠠᠲᠤ ᠣᠷᠣᠨ᠎ᠤ ᠴᠠᠬᠢᠯᠭᠠᠨ ᠳᠠᠭᠠᠭᠠᠴᠠ ᠵᠢᠨ ᠲᠥᠪ᠎ᠲᠦ ᠬᠦᠷᠭᠡᠬᠦ ᠴᠠᠬᠢᠯᠭᠠᠨ᠎ᠤ ᠬᠡᠮᠵᠢᠶ᠎ᠠ 360 ᠳ᠋ᠦᠩᠱᠢᠭᠤᠷ ᠺᠢᠯᠦᠸᠠᠲ ᠴᠠᠭ ᠢ᠋ ᠳᠠᠪᠠᠵᠤ᠂ ᠮᠠᠨ᠎ᠤ ᠣᠷᠣᠨ᠎ᠤ ᠴᠠᠬᠢᠯᠭᠠᠨ ᠬᠦᠴᠦᠨ ᠢ᠋ ᠭᠠᠳᠠᠭ᠍ᠰᠢ ᠬᠦᠷᠭᠡᠬᠦ᠌ ᠬᠡᠪᠴᠢᠶ᠎ᠡ᠎ᠶ᠋ᠢ ᠪᠦᠲᠦᠮᠵᠢᠲᠡᠶ ᠥᠷᠭᠡᠳᠭᠡᠵᠦ᠍᠂ ᠤᠮᠠᠷᠠᠲᠤ ᠣᠷᠣᠨ᠎ᠤ ᠡᠨᠧᠷᠭᠢ᠎ᠶ᠋ᠢᠨ ᠪᠦᠲᠦᠴᠡ ᠵᠢᠨ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ ᠪᠠ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠭᠠᠬᠤ᠎ᠶ᠋ᠢ ᠬᠦᠴᠦᠲᠡᠶ ᠠᠬᠢᠭᠤᠯᠵᠤ᠂ ᠪᠡᠭᠡᠵᠢᠩ ᠲᠢᠶᠠᠨᠵᠢᠨ ᠾᠧᠪᠧᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃