12 ᠰᠠᠷ᠎ᠠ᠎ᠶ᠋ᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠤᠯᠤᠰ᠎ᠤᠨ ᠴᠠᠬᠢᠯᠭᠠᠨ ᠲᠣᠣᠷ᠎ᠤᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠵᠠᠩ ᡁᠢ ᠭᠠᠩ᠎ᠨᠠᠷ᠎ᠲᠠᠶ ᠠᠭᠤᠯᠵᠠᠪᠠ᠃
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠵᠠᠩ ᡁᠢ ᠭᠠᠩ᠎ᠨᠠᠷ᠎ᠢ ᠪᠠᠶᠠᠷᠯᠠᠨ ᠤᠭ᠍ᠲᠤᠵᠤ᠂ ᠤᠯᠤᠰ᠎ᠤᠨ ᠴᠠᠬᠢᠯᠭᠠᠨ ᠲᠣᠣᠷ᠎ᠤᠨ ᠺᠣᠮᠫᠠᠨᠢ᠎ᠶ᠋ᠢᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠬᠦᠴᠦᠲᠡᠢ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠣᠳᠣᠬᠠᠨ ᠳ᠋ᠤ᠂ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠤ᠂ ᠱᠢᠨ᠎ᠡ ᠡᠨᠧᠷᠭᠢ᠎ᠶ᠋ᠢᠨ ᠬᠠᠩᠭᠠᠯᠭ᠎ᠠ᠎ᠶ᠋ᠢᠨ ᠬᠠᠷᠢᠴᠠᠯ᠎ᠢ ᠦᠷᠭᠦᠯᠵᠢᠯᠡᠨ ᠳᠡᠭᠡᠭ᠌ᠰᠢᠯᠡᠭᠦᠯᠵᠤ᠂ ᠲᠤᠬᠠᠶ᠎ᠶ᠋ᠢᠨ ᠭᠠᠵᠠᠷ ᠲᠠᠭᠠᠨ ᠱᠢᠩᠭᠡᠭᠡᠬᠦ᠌ ᠪᠠ ᠭᠠᠳᠠᠭ᠍ᠰᠢ ᠬᠦᠷᠭᠡᠬᠦ ᠵᠢ ᠨᠢᠭᠡᠳᠦᠯᠲᠡᠶ ᠲᠥᠯᠥᠪᠵᠢᠬᠦᠯᠵᠤ᠂ ᠱᠢᠨ᠎ᠡ ᠭᠡᠯᠪᠡᠷᠢ ᠵᠢᠨ ᠴᠠᠬᠢᠯᠭᠠᠨ ᠬᠦᠴᠦᠨ᠎ᠦ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠱᠢᠨ᠎ᠡ ᠬᠡᠯᠪᠡᠷᠢ ᠵᠢᠨ ᠡᠨᠧᠷᠭᠢ᠎ᠶ᠋ᠢᠨ ᠱᠢᠰᠲ᠋ᠧᠮ᠎ᠢ ᠪᠠᠢᠭᠤᠯᠵᠤ᠂ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ ᠢ᠋ ᠰᠠᠢᠲᠤᠷ ᠪᠦᠲᠦᠭᠡᠨ ᠪᠠᠢᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠨᠡᠩ ᠰᠠᠢᠲᠤᠷ ᠪᠠᠲᠤᠯᠠᠵᠤ᠂ ᠡᠨᠧᠷᠭᠢ᠎ᠶ᠋ᠢᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ ᠬᠤᠪᠢ ᠨᠡᠮᠡᠷᠢ ᠦᠵᠡᠭᠦᠯᠵᠤ ᠪᠠᠢᠨ᠎ᠠ᠃ 《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠪᠣᠬᠢᠷᠲᠤᠯ ᠥᠬᠡᠶ ᠴᠠᠬᠢᠯᠭᠠᠨ᠎ᠢ ᠭᠠᠳᠠᠭ᠍ᠰᠢ ᠬᠦᠷᠭᠡᠬᠦ᠌ ᠬᠡᠷᠡᠭ᠌ᠴᠡᠭᠡ ᠶᠡᠬᠡᠪᠡᠷ ᠨᠡᠮᠡᠭ᠌ᠳᠡᠬᠦ᠌ ᠪᠣᠯᠤᠨ᠎ᠠ᠂ ᠤᠯᠤᠰ᠎ᠤᠨ ᠴᠠᠬᠢᠯᠭᠠᠨ᠎ᠤ ᠲᠤᠤᠷ᠎ᠤᠨ ᠺᠣᠮᠫᠠᠨᠢ᠎ᠨᠢ ᠴᠠᠬᠢᠯᠭᠠᠨ᠎ᠲᠤᠤᠷ᠎ᠤᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠪᠠᠨ ᠲᠦᠷᠭᠡᠳᠭᠡᠵᠦ᠍᠂ 《ᠡᠯᠡᠰᠤᠨ ᠴᠦᠯ ᠭᠤᠪᠢ ᠴᠦᠯᠯᠠᠷᠭᠡᠭ ᠭᠠᠵᠠᠷ》᠎ᠤ᠋ᠨ ᠱᠢᠨ᠎ᠡ ᠡᠨᠧᠷᠭᠢ᠎ᠶ᠋ᠢᠨ ᠰᠠᠭᠤᠷᠢᠨ ᠤ᠋ ᠭᠠᠳᠠᠭ᠍ᠰᠢ ᠬᠦᠷᠭᠡᠬᠦ᠌ ᠵᠠᠮ᠎ᠤᠨ ᠪᠥᠲᠥᠭᠡᠨ ᠪᠠᠢᠭᠤᠯᠤᠯᠲᠠ᠂ ᠴᠠᠬᠢᠯᠭᠠᠨ᠎ᠲᠤᠤᠷ᠎ᠤᠨ ᠠᠮᠤᠷ ᠲᠦᠪᠱᠢᠨ᠎ᠦ ᠤᠶᠠᠨ ᠬᠠᠲᠠᠨ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠨᠠᠩ ᠶᠡᠬᠡ ᠳᠡᠮᠵᠢᠯᠭᠡ ᠦᠵᠡᠭᠦᠯᠵᠦ᠍᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢ ᠭᠠᠳᠠᠭ᠍ᠰᠢ ᠬᠦᠷᠭᠡᠬᠦ᠌ ᠴᠢᠳᠠᠪᠤᠷᠢ ᠵᠢ ᠦᠷᠭᠦᠯᠵᠢᠯᠡᠨ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠪᠣᠬᠢᠷᠲᠤᠯ ᠥᠬᠡᠶ ᠴᠠᠬᠢᠯᠭᠠᠨ᠎ᠤ ᠡᠬᠢ ᠪᠠᠶᠠᠯᠢᠭ᠎ᠢ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠨᠠᠩ ᠰᠠᠢᠲᠤᠷ ᠠᠬᠢᠭᠤᠯᠵᠤ᠂ ᠪᠥᠬᠥ᠌ ᠤᠯᠤᠰ᠎ᠤᠨ《ᠬᠤᠤᠰ ᠨᠡᠭᠦᠷᠡᠰᠦᠳᠦ᠋ᠷᠦᠭ᠌ᠴᠢ》᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠲᠤᠯᠭᠠᠭᠤᠷᠢᠯᠠᠯ ᠬᠠᠩᠭᠠᠬᠤ ᠵᠢ ᠬᠦᠰᠡᠵᠤ ᠪᠠᠢᠨ᠎ᠠ᠃ ᠤᠯᠤᠰ᠎ᠤᠨ ᠴᠠᠬᠢᠯᠭᠠᠨ ᠲᠤᠤᠷ᠎ᠤᠨ ᠺᠣᠮᠫᠠᠨᠢ᠎ᠶ᠋ᠢᠨ ᠥᠪᠥᠷ ᠮᠣᠩᠭᠣᠯ᠎ᠤᠨ ᠳᠡᠮᠵᠢᠯᠭᠡ ᠪᠠ ᠬᠠᠮᠵᠢᠯᠴᠠᠭ᠎ᠠ ᠵᠢ ᠬᠡᠷᠡᠭ᠌ᠰᠡᠬᠦ᠌ ᠵᠦᠶ᠋ᠯᠡᠰ ᠲᠤ᠌ ᠪᠢᠳᠡ ᠯᠠᠪᠲᠠᠶ ᠪᠥᠬᠥ᠌ ᠬᠦᠴᠦᠨ᠎ᠢᠶᠡᠷ᠎ᠢᠶᠡᠨ ᠴᠢᠷᠮᠠᠢᠨ᠎ᠠ ᠭᠡᠵᠤ ᠬᠡᠯᠡᠪᠡ᠃
ᠵᠠᠩ ᡁᠢ ᠭᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠤᠯᠤᠰ᠎ᠤᠨ ᠴᠠᠬᠢᠯᠭᠠᠨ ᠲᠣᠣᠷ᠎ᠤᠨ ᠺᠣᠮᠫᠠᠨᠢ᠎ᠶ᠋ᠢᠨ ᠠᠵᠢᠯ᠎ᠢ ᠳᠡᠮᠵᠢᠭ᠌ᠰᠡᠨ᠎ᠳᠦ ᠲᠠᠯᠠᠷᠬᠠᠬᠤ᠎ᠶ᠋ᠢᠨ ᠵᠡᠷᠭᠡ ᠪᠡᠷ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠲᠦᠷᠦᠯ ᠵᠦᠢᠯ᠎ᠦᠨ ᠠᠬᠢᠴᠠ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠠᠬᠢ ᠪᠠᠢᠷᠢ ᠰᠠᠭᠤᠷᠢ ᠴᠢᠬᠤᠯᠠ ᠪᠠᠢᠵᠤ᠂ ᠣᠢᠷ᠎ᠠ᠎ᠶ᠋ᠢᠨ ᠵᠢᠯ᠎ᠦᠨ ᠬᠥᠭ᠌ᠵᠢᠯᠲᠡ᠎ᠶ᠋ᠢᠨ ᠪᠠᠢᠳᠠᠯ ᠰᠠᠢᠨ ᠪᠠᠢᠨ᠎ᠠ᠃ ᠤᠯᠤᠰ᠎ᠤᠨ ᠴᠠᠬᠢᠯᠭᠠᠨ ᠲᠤᠤᠷ᠎ᠤᠨ ᠺᠣᠮᠫᠠᠨᠢ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠪᠠᠢᠷᠢᠱᠢᠭᠤᠯᠤᠯᠲᠠᠯᠤᠭᠠ ᠤᠶᠠᠯᠳᠤᠭᠤᠯᠤᠨ᠂ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠂ ᠴᠢᠬᠤᠯᠠ ᠶᠡᠬᠡ ᠲᠥᠷᠥᠯ ᠵᠦᠶ᠋ᠯ᠎ᠢ ᠨᠠᠢᠳᠠᠪᠤᠷᠢᠵᠢᠭᠤᠯᠬᠤ ᠵᠡᠷᠭᠡ ᠲᠠᠯ᠎ᠠ᠎ᠶ᠋ᠢᠨ ᠬᠡᠷᠡᠭ᠌ᠴᠡᠭᠡᠯᠤᠭᠡ ᠢᠳᠡᠪᠬᠢᠲᠡᠶ ᠵᠣᠯᠭᠠᠭᠤᠯᠵᠤ᠂ ᠬᠣᠶᠠᠷ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠪᠡᠬᠢᠵᠢᠭᠦᠯᠦᠨ ᠭᠦᠨᠵᠡᠭᠡᠢᠷᠡᠭᠦᠯᠵᠦ᠍᠂ ᠥᠪᠥᠷ ᠮᠣᠩᠭᠣᠯ᠎ᠤᠨ ᠡᠨᠧᠷᠭᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠣᠷᠣᠯᠴᠠᠵᠠᠢ᠃