ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠡᠴᠡ ᠰᠠᠯᠵᠤ ᠴᠢᠳᠠᠬᠤ ᠦᠭᠡᠢ᠃ ᠶᠡᠷᠦᠩᠬᠡᠢ ᠱᠦᠵᠢ ᠰᠢ ᠵᠢᠨ ᠫᠢᠩ ᠴᠢᠬᠤᠯᠠ ᠵᠢᠭᠠᠪᠤᠷᠢ ᠥᠭ᠌ᠴᠦ᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠳᠠᠬᠢ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠢᠷᠡᠬᠦ᠌ ᠵᠢᠯ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠴᠢᠬᠤᠯᠠ ᠪᠠᠢᠷᠢᠯᠠᠭᠤᠯᠤᠯᠲᠠ ᠬᠢᠵᠦ᠍᠂ ᠪᠢᠳᠡᠨ᠎ᠦ ᠱᠢᠨ᠎ᠡ ᠠᠶᠠᠨ᠎ᠳᠠᠭᠠᠨ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠡᠵᠡᠮᠳᠡᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ᠎ᠳᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ᠃
12 ᠰᠠᠷ᠎ᠠ᠎ᠶ᠋ᠢᠨ 29 — 30᠎ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠭ᠍ᠰᠠᠨ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠡᠴᠡ ᠣᠳᠣᠬᠠᠨ᠎ᠤ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠳᠤ ᠲᠤᠯᠭᠠᠷᠠᠵᠤ ᠪᠠᠢᠭ᠎ᠠ ᠪᠠᠢᠳᠠᠯ ᠪᠣᠯᠤᠨ ᠥᠷᠢᠰᠥᠯᠳᠦᠭᠡᠨ᠎ᠢ ᠭᠦᠨᠵᠡᠭᠡᠶ ᠵᠠᠳᠠᠯᠵᠤ᠂ 2026 ᠣᠨ᠎ᠤ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠪᠥᠬᠥ᠌ ᠲᠠᠯ᠎ᠠ᠎ᠪᠠᠷ ᠪᠠᠢᠷᠢᠯᠠᠭᠤᠯᠬᠤ᠎ᠨᠢ ᠪᠢᠳᠡᠨ᠎ᠦ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠬᠦᠷᠢᠶᠡᠨ᠎ᠳᠡᠬᠢ ᠲᠣᠪᠣᠢᠮ᠎ᠠ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠬᠥᠳᠡᠭᠡ ᠠᠵᠤ ᠠᠬᠤᠶ᠎ᠶ᠋ᠢᠨ ᠬᠦᠴᠦᠷᠬᠡᠭ ᠤᠯᠤᠰ᠎ᠢ ᠲᠦᠷᠭᠡᠳᠭᠡᠨ ᠪᠥᠲᠥᠭᠡᠨ ᠪᠠᠢᠭᠤᠯᠬᠤ᠎ᠳᠤ ᠴᠢᠬᠤᠯᠠ ᠠᠴᠢ ᠬᠣᠯᠪᠣᠭ᠍ᠳᠠᠯ ᠲᠠᠶ ᠶᠤᠮ᠃
ᠬᠦᠳᠡᠭᠡ ᠠᠵᠤ ᠠᠬᠤᠢ ᠵᠢ ᠴᠢᠬᠤᠯᠠᠴᠢᠯᠠᠬᠤ ᠨᠢ ᠤᠯᠤᠰ ᠢ᠋ ᠵᠠᠰᠠᠬᠤ ᠵᠢᠨ ᠵᠠᠩᠭᠢᠯᠠᠭ᠎ᠠ ᠪᠤᠯᠤᠨ᠎ᠠ᠃ 2025 ᠣᠨ ᠪᠣᠯ ᠮᠠᠰᠢ ᠵᠢᠷ ᠤ᠋ᠨ ᠪᠤᠰᠤ ᠵᠢᠨ ᠶᠤᠮ᠂ ᠭᠠᠳᠠᠭᠠᠳᠤ ᠣᠷᠴᠢᠨ᠎ᠤ ᠳᠠᠷᠤᠯᠲᠠ ᠨᠡᠮᠡᠭ᠌ᠳᠡᠭ᠌ᠰᠡᠨ ᠪᠠ ᠳᠣᠲᠣᠭᠠᠳᠤ᠎ᠶ᠋ᠢᠨ ᠬᠦᠴᠢᠷᠳᠡᠯ ᠨᠡᠯᠢᠶᠡᠳ ᠤᠯᠠᠨ ᠪᠠᠢᠭ᠎ᠠ ᠨᠠᠷᠢᠨ ᠪᠤᠳᠤᠯᠢᠶᠠᠨᠲᠠᠢ ᠪᠠᠢᠳᠠᠯ ᠳᠣᠣᠷ᠎ᠠ᠂ ᠪᠦᠬᠦ᠌ ᠤᠯᠤᠰ᠎ᠢᠶᠠᠷ᠎ᠢᠶᠠᠨ ᠨᠢᠭᠡ ᠬᠥᠯᠭᠡ ᠱᠢᠳᠠᠷ᠎ᠠ ᠮᠡᠲᠦ ᠪᠠᠢᠵᠤ᠂ ᠳᠡᠭᠡᠳᠦ ᠲᠤᠤᠷᠠᠳᠤ ᠱᠠᠳᠤ᠎ᠪᠠᠷ᠎ᠢᠶᠠᠨ ᠰᠡᠳᠭᠢᠯ ᠨᠢᠭᠡᠳᠴᠦ᠍᠂ ᠨᠡᠯᠢᠶᠡᠳ ᠬᠦᠨᠳᠦ ᠨᠣᠴᠢᠲᠠᠢ ᠪᠠᠢᠭᠠᠯᠢ᠎ᠶ᠋ᠢᠨ ᠭᠠᠮᠱᠢᠭ ᠵᠡᠷᠭᠡ ᠠᠱᠢᠭ ᠦᠭᠡᠢ ᠬᠦᠴᠦᠨ ᠵᠦᠢᠯ᠎ᠦᠨ ᠨᠥᠯᠥᠭᠡ᠎ᠶ᠋ᠢ ᠢᠯᠠᠨ ᠳᠠᠪᠠᠵᠤ᠂ ᠪᠦᠬᠦ᠌ ᠵᠢᠯ᠎ᠦᠨ ᠠᠮᠤ ᠪᠤᠳᠠᠭᠠᠨ᠎ᠤ ᠤᠨᠠᠯᠲᠠ᠎ᠶ᠋ᠢ ᠳᠠᠬᠢᠨᠲᠠ ᠨᠡᠮᠡᠭ᠌ᠳᠡᠭᠦᠯᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠤ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠠᠲᠤᠯᠠᠪᠠ᠃ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ ᠤ᠋ᠨ ᠰᠢᠯᠭᠠᠯᠳᠠ ᠵᠢᠨ ᠠᠮᠵᠢᠯᠲᠠ ᠪᠦᠲᠦᠮᠵᠢ ᠨᠠᠯᠢᠶᠠᠳ ᠰᠠᠢᠨ ᠪᠠᠢᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠡᠭᠦᠰ ᠠᠮᠵᠢᠯᠲᠠ᠎ᠲᠠᠶ ᠰᠡᠬᠦᠯ ᠬᠤᠷᠢᠶᠠᠬᠤ ᠵᠢ ᠪᠠᠶᠠᠯᠡᠬᠦᠯᠬᠦ ᠳ᠋ᠤ ᠬᠦᠴᠦᠲᠡᠶ ᠲᠤᠯᠭᠠᠭᠤᠷᠢᠯᠠᠯ ᠬᠠᠩᠭᠠᠪᠠ᠃ ᠥᠩᠭᠡᠷᠡᠭ᠌ᠰᠡᠨ 5 ᠵᠢᠯ ᠪᠣᠯ ᠲᠤᠢᠯ᠎ᠤᠨ ᠶᠡᠷᠦ᠍ ᠪᠤᠰᠤ᠎ᠶ᠋ᠢᠨ ᠶᠤᠮ᠂ ᠪᠢᠳᠡ ᠬᠦᠴᠢᠷ ᠪᠡᠷᠬᠡᠱᠢᠶᠡᠯ ᠠᠶᠤᠯ ᠲᠦᠭ᠌ᠰᠢᠭᠦᠷᠢ᠎ᠶ᠋ᠢ ᠢᠯᠠᠨ ᠳᠠᠪᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ᠎ᠳᠤ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍ ᠴᠢᠳᠠᠭ᠍ᠰᠠᠨ᠎ᠤ ᠴᠢᠬᠤᠯᠠ ᠨᠢᠭᠡ ᠲᠠᠯ᠎ᠠ ᠪᠣᠯ ᠳᠠᠷᠤᠢ ᠬᠥᠳᠡᠭᠡ ᠠᠵᠤ ᠠᠬᠤᠢ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠵᠤ᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠰᠠᠭᠤᠷᠢ᠎ᠶ᠋ᠢ ᠰᠠᠢᠲᠤᠷ ᠰᠠᠬᠢᠬᠤ᠎ᠪᠠᠷ ᠡᠯ᠎ᠡ ᠵᠦᠢᠯ᠎ᠦᠨ ᠳᠠᠭᠠᠷᠢᠯᠳᠠ ᠥᠷᠢᠰᠥᠯᠳᠦᠭᠡᠨ᠎ᠢ ᠠᠷᠭᠠᠴᠠᠭᠠᠬᠤ 《ᠲᠤᠬᠳᠠᠪᠤᠷᠢᠵᠢᠭᠤᠯᠤᠬᠴᠢ》 ᠪᠣᠯᠭᠠᠵᠤ᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠰᠠᠢᠵᠢᠷᠠᠯᠲᠠ᠎ᠪᠠᠷ ᠪᠦᠬᠦ᠌ ᠲᠠᠯ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠤᠭ᠍ᠰᠠᠨ᠎ᠳᠤ ᠪᠠᠢᠨ᠎ᠠ᠃
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠬᠢᠨᠠᠨ ᠵᠦᠪᠯᠡᠵᠦ ᠪᠠᠲᠤᠯᠠᠨ᠂ ᠮᠠᠨ᠎ᠤ ᠤᠯᠤᠰ᠎ᠤᠨ ᠢᠷᠡᠭᠡᠳᠦᠢ᠎ᠶ᠋ᠢᠨ 5 ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠦ᠍ ᠲᠥᠯᠥᠪᠯᠡᠭᠡ ᠪᠠ ᠪᠠᠢᠯᠳᠤᠬᠤ ᠪᠤᠳᠤᠯᠭ᠎ᠠ᠎ᠶ᠋ᠢᠨ ᠵᠢᠷᠤᠭ ᠲᠥᠯᠥᠪᠯᠡᠭᠡ ᠬᠢᠵᠦ᠍᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠬᠦ᠌ ᠳ᠋ᠦ ᠲᠤᠰᠭᠠᠢ ᠪᠦᠯᠦᠭ᠌ ᠵᠢᠡᠷ ᠪᠠᠢᠷᠢᠯᠠᠭᠤᠯᠤᠯᠲᠠ ᠬᠢᠵᠡᠢ᠃ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ ᠪᠠ ᠶᠠᠰᠤ ᠴᠢᠨᠠᠷᠲᠠᠶ ᠬᠣᠯᠪᠣᠭ᠍ᠳᠠᠵᠤ ᠪᠠᠢᠳᠠᠭ᠃ ᠪᠢᠳᠡ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠶ᠋ᠢ ᠪᠦᠬᠦ᠌ ᠨᠠᠮ᠎ᠤᠨ ᠠᠵᠢᠯ᠎ᠤᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠲᠤᠭᠤᠱᠢᠯᠠᠭᠤᠯᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠡᠯ᠎ᠡ ᠵᠦᠢᠯ᠎ᠦᠨ ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠥᠳᠡᠭᠡ ᠠᠵᠤ ᠠᠬᠤᠢ᠎ᠶᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠬᠠᠷᠠᠯᠲᠠ ᠲᠡᠢᠰᠢ ᠯᠠᠪᠳᠠᠭᠤᠨ ᠪᠠᠲᠤᠲᠠᠢ ᠤᠷᠤᠭ᠍ᠰᠢᠯᠠᠬᠤ ᠬᠡᠷᠡᠭ᠌ᠲᠡᠢ᠃
ᠠᠮᠤ ᠪᠤᠳᠠᠭᠠᠨ᠎ᠤ ᠠᠮᠤᠷ ᠲᠦᠪᠱᠢᠨ ᠪᠣᠯ 《ᠤᠯᠤᠰ᠎ᠤᠨ ᠶᠡᠬᠡ ᠶᠠᠪᠤᠳᠠᠯ ᠮᠥᠨ》᠃ ᠤᠢ᠍ᠢᠷ᠎ᠠ᠎ᠶ᠋ᠢᠨ ᠵᠢᠯ᠎ᠡᠴᠡ᠂ ᠮᠠᠨ᠎ᠤ ᠤᠯᠤᠰ᠎ᠤᠨ ᠠᠮᠤ ᠪᠤᠳᠠᠭ᠎ᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ᠎ᠤ ᠠᠮᠤᠷ ᠲᠦᠪᠱᠢᠨ ᠶᠡᠷᠦᠩᠬᠡᠢ᠎ᠳᠡᠭᠡᠨ ᠪᠠᠲᠤᠯᠠᠭ᠎ᠠ᠎ᠲᠠᠶ ᠪᠣᠯᠤᠭ᠍ᠰᠠᠨ ᠪᠣᠯᠪᠠᠴᠤ᠌ ᠠᠯᠤᠰ ᠬᠡᠳᠤ᠎ᠡᠴᠡ ᠠᠪᠴᠤ᠌ ᠦᠵᠡᠪᠡᠯ ᠬᠡᠷᠡᠭ᠌ᠴᠡᠭᠡ ᠪᠠᠰᠠ ᠦᠷᠭᠦᠯᠵᠢᠯᠡᠨ ᠨᠡᠮᠡᠭ᠌ᠳᠡᠬᠦ᠌ ᠪᠣᠯᠤᠨ᠎ᠠ᠃ ᠨᠡᠢᠭᠡᠮ᠎ᠦᠨ ᠣᠳᠣᠬᠢᠴᠢᠯᠠᠯᠲᠠ᠎ᠶ᠋ᠢᠨ ᠬᠡᠮᠵᠢᠶ᠎ᠡ ᠬᠡᠳᠦᠢ ᠥᠨᠳᠥᠷ ᠪᠠᠢᠭ᠍ᠰᠠᠨ ᠴᠤ᠌᠂ 14 ᠳ᠋ᠦᠩᠱᠢᠭᠤᠷ ᠭᠠᠷᠤᠢ ᠬᠥᠮᠦᠨ ᠠᠮᠠ᠎ᠶ᠋ᠢᠨ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠲᠣᠭ᠍ᠲᠠᠪᠤᠷᠢᠵᠢᠭᠤᠯᠬᠤ ᠪᠣᠯ ᠢᠮᠠᠭ᠍ᠲᠠ ᠲᠡᠷᠢᠭᠦᠨ ᠴᠢᠬᠤᠯᠠ ᠶᠠᠪᠤᠳᠠᠯ ᠪᠣᠯᠤᠭ᠍ᠰᠠᠭᠠᠷ ᠢᠷᠡᠵᠠᠢ᠃ ᠭᠠᠳᠠᠭᠠᠳᠤ ᠣᠷᠴᠢᠨ ᠨᠥᠬᠥᠴᠡᠯ ᠬᠡᠳᠦᠢ ᠶᠡᠬᠡ ᠰᠠᠯᠬᠢ ᠰᠢᠷᠦᠭᠦᠨ ᠳᠠᠪᠠᠯᠭᠠᠨ ᠲᠠᠢ ᠪᠣᠯᠬᠤ ᠲᠤᠳᠤᠮ ᠠᠮᠤ ᠪᠤᠳᠠᠭᠠᠨ᠎ᠤ ᠠᠮᠤᠷ ᠲᠦᠪᠱᠢᠨ᠎ᠦ ᠡᠨᠡ ᠬᠦ᠌ ᠬᠥᠪᠴᠢ᠎ᠶ᠋ᠢ ᠲᠡᠳᠦᠢ ᠴᠢᠩᠭ᠎ᠠ ᠴᠢᠩᠭᠠᠯᠠᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠭᠤᠬᠤ ᠬᠡᠷᠡᠭ᠌ᠲᠡᠢ᠃ ᠡᠨᠡ ᠤᠳᠠᠭ᠎ᠠ᠎ᠶ᠋ᠢᠨ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠡᠴᠡ ᠢᠷᠡᠬᠦ᠌ ᠵᠢᠯ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠪᠠᠢᠷᠢᠯᠠᠭᠤᠯᠤᠯᠲᠠ᠎ᠳᠤ ᠡᠩ ᠲᠡᠷᠢᠭᠦᠨ᠎ᠳᠤ ᠵᠢᠭᠰᠠᠭᠠᠵᠤ ᠪᠠᠢᠭ᠎ᠠ ᠨᠢ ᠳᠠᠷᠤᠢ ᠬᠥᠳᠡᠭᠡ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ ᠪᠣᠯᠤᠨ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌ ᠶᠠᠪᠤᠳᠠᠯ ᠪᠣᠯᠤᠨ᠎ᠠ᠃ ᠭᠠᠷᠭᠠᠯᠲᠠ᠎ᠶᠢᠨ ᠬᠡᠮᠵᠢᠶ᠎ᠡ ᠪᠠ ᠦᠢᠯᠡᠳᠪᠦᠷᠢᠯᠡᠬᠦ ᠴᠢᠳᠠᠪᠤᠷᠢ᠂ ᠦᠢᠯᠡᠳᠪᠦᠷᠢᠯᠡᠯ᠎ᠦᠨ ᠠᠮᠢ ᠠᠬᠤᠢ᠂ ᠬᠤᠷᠢᠶᠠᠯᠲᠠ ᠪᠠ ᠣᠷᠣᠯᠭ᠎ᠠ᠎ᠶ᠋ᠢᠨ ᠨᠡᠮᠡᠭ᠌ᠳᠡᠯ᠎ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠵᠢ ᠪᠠᠲᠤᠯᠠᠵᠤ᠂ ᠮᠡᠷᠭᠡᠵᠢᠯ᠎ᠢᠶᠡᠷ ᠠᠮᠤ ᠪᠤᠳᠠᠭᠠᠨᠪ ᠤᠨᠠᠯᠲᠠ᠎ᠵᠢ ᠨᠡᠮᠡᠭᠳᠡᠭᠦᠯᠬᠦ᠎ᠵᠢ ᠪᠠᠷᠢᠮᠲᠠᠯᠠᠵᠤ᠌᠂ ᠠᠮᠤ ᠪᠤᠳᠠᠭᠠᠨ᠎ᠤ ᠠᠮᠤᠷ ᠲᠦᠪᠱᠢᠨ᠎ᠦ ᠰᠠᠭᠤᠷᠢ᠎ᠶ᠋ᠢ ᠪᠦᠬᠦ᠌ ᠲᠠᠯ᠎ᠠ᠎ᠪᠠᠷ ᠪᠡᠬᠢᠵᠢᠭᠦᠯᠵᠦ᠍᠂ ᠠᠮᠤ ᠪᠤᠳᠠᠭᠠᠨ᠎ᠤ ᠠᠮᠤᠷ ᠲᠦᠪᠱᠢᠨ᠎ᠦ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠬᠦ᠌ ᠬᠡᠷᠡᠭ᠌ᠲᠡᠢ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠤᠭᠤᠴᠠᠭ᠎ᠠ ᠪᠣᠯ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ ᠱᠢᠯᠵᠢᠯᠲᠡ᠎ᠶ᠋ᠢᠨ ᠬᠤᠭᠤᠴᠠᠭᠠᠨ᠎ᠤ ᠳᠠᠷᠠᠭᠠᠬᠢ ᠠᠩᠬᠠᠳᠤᠭᠠᠷ ᠲᠠᠪᠤᠨ ᠵᠢᠯ ᠪᠣᠯᠤᠨ᠎ᠠ᠂ ᠢᠷᠡᠬᠦ᠌ ᠵᠢᠯ ᠪᠣᠯ ᠪᠠᠢ᠌ᠩᠭᠤᠵᠢᠭ᠍ᠰᠠᠨ ᠬᠠᠪᠰᠤᠷᠤᠨ ᠲᠡᠳᠬᠦᠬᠦ᠌ ᠠᠵᠢᠯ᠎ᠢ ᠥᠷᠨᠢᠭᠦᠯᠬᠦ᠌ ᠠᠩᠬᠠᠨ᠎ᠤ ᠵᠢᠯ ᠪᠣᠯᠤᠨ᠎ᠠ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠤᠭ᠍ᠰᠠᠨ ᠨᠢ ᠬᠥᠮᠦᠨ ᠲᠥᠷᠥᠯᠬᠢᠲᠡᠨ᠎ᠦ ᠶᠠᠳᠠᠭᠤ ᠬᠦᠴᠢᠷᠳᠡᠯᠳᠡᠢ ᠬᠦᠮᠦᠨ ᠠᠮᠠ ᠵᠢ ᠴᠦᠬᠡᠳᠬᠡᠬᠦ ᠲᠡᠦᠬᠡᠨ ᠭᠠᠢᠬᠠᠮᠱᠢᠭ᠎ᠢ ᠡᠭᠦᠳᠴᠦ᠍᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠵᠠᠮ ᠳᠡᠭᠡᠷ᠎ᠡ ᠢᠳᠡᠷᠡᠭᠦᠨ ᠠᠯᠬᠤᠭ᠎ᠠ᠎ᠶ᠋ᠢ ᠠᠯᠬᠤᠵᠤ᠂ ᠠᠯᠤᠰ ᠬᠡᠳᠦ᠍᠎ᠶ᠋ᠢᠨ ᠲᠡᠦᠬᠡᠲᠦ ᠠᠴᠢ ᠬᠣᠯᠪᠣᠭ᠍ᠳᠠᠯ ᠪᠠ ᠳᠡᠯᠡᠬᠡᠢ᠎ᠶ᠋ᠢᠨ ᠠᠴᠢ ᠬᠣᠯᠪᠣᠭ᠍ᠳᠠᠯ᠎ᠲᠠᠶ ᠶᠤᠮ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌᠎ᠪᠡᠷ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ᠎ᠪᠡᠨ ᠪᠣᠯᠭᠠᠵᠤ᠂ ᠪᠠᠢ᠌ᠩᠭᠤᠵᠢᠬ᠍ᠰᠠᠨ ᠬᠠᠪᠰᠤᠷᠤᠨ ᠲᠡᠳᠬᠦᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠬᠦ᠌᠎ᠳᠦ ᠣᠷᠣᠭᠤᠯᠵᠤ᠂ ᠪᠠᠢ᠌ᠩᠭᠤᠵᠢᠬ᠍ᠰᠠᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠤᠨ᠂ ᠡᠳ᠋᠎ᠦᠨ ᠵᠠᠰᠠᠭ᠎ᠤᠨ ᠣᠷᠣᠭᠤᠯᠤᠯᠲᠠ᠂ ᠮᠥᠩᠭᠥᠨ ᠭᠦᠶ᠋ᠯᠭᠡᠭᠡᠨ᠎ᠦ ᠳᠡᠮᠵᠢᠯᠭᠡ᠂ ᠡᠬᠢ ᠪᠠᠶᠠᠯᠢᠭ᠎ᠤᠨ ᠡᠯᠧᠮᠧᠨ᠋ᠲ᠎ᠦᠨ ᠲᠣᠬᠢᠷᠠᠭᠤᠯᠤᠯᠲᠠ ᠵᠡᠷᠭᠡ ᠲᠠᠯ᠎ᠠ᠎ᠪᠠᠷ᠎ᠬᠢ ᠲᠥᠷᠥ᠎ᠶ᠋ᠢᠨ ᠪᠣᠳᠣᠯᠭ᠎ᠠ᠎ᠶ᠋ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠵᠤ᠂ ᠨᠡᠭᠡᠭᠡᠨ ᠬᠥᠭ᠌ᠵᠢᠭᠦᠯᠬᠦ᠌ ᠮᠠᠶᠢᠭ᠎ᠤᠨ ᠬᠠᠪᠰᠤᠷᠤᠨ ᠲᠡᠳᠬᠦᠬᠦ᠌᠎ᠶ᠋ᠢ ᠭᠤᠤᠯᠳᠠᠯᠭ᠎ᠠ᠎ᠶ᠋ᠢᠨ ᠳᠣᠲᠣᠷᠠᠬᠢ ᠭᠤᠤᠯᠳᠠᠯᠭ᠎ᠠ ᠪᠣᠯᠭᠠᠨ᠂ ᠬᠢᠨᠠᠨ ᠬᠡᠮᠵᠢᠵᠦ᠍ ᠬᠠᠪᠰᠤᠷᠤᠨ ᠲᠡᠳᠬᠦᠬᠦ᠌᠎ᠶ᠋ᠢᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ᠎ᠢ ᠳᠡᠭᠡᠭ᠌ᠰᠢᠯᠡᠭᠦᠯᠵᠦ᠍᠂ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠢᠳᠠᠯ ᠡᠭᠦᠰᠭᠦ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠶᠡᠷᠦᠩᠬᠡᠶ ᠱᠦᠵᠢ ᠰᠢ ᠵᠢᠨ ᠫᠢᠩ 《ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠪᠡᠷ ᠬᠥᠳᠡᠭᠡ ᠲᠣᠰᠭᠣᠨ᠎ᠤ ᠪᠥᠬᠥ᠌ ᠲᠠᠯ᠎ᠠ᠎ᠶ᠋ᠢᠨ ᠬᠥᠭ᠌ᠵᠢᠯ ᠮᠠᠨᠳᠤᠯ᠎ᠢ ᠳᠠᠢᠴᠢᠯᠠᠬᠤ ᠬᠡᠷᠡᠭ᠌ᠲᠡᠶ》᠂ 《ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠴᠢᠩᠭᠠᠳᠭᠠᠬᠤ ᠬᠢᠭᠡᠳ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢ ᠣᠷᠭᠠᠨᠢᠭ᠎ᠢᠶᠠᠷ ᠤᠶᠠᠯᠳᠤᠭᠤᠯᠬᠤ ᠬᠡᠷᠡᠭ᠌ᠲᠡᠶ》 ᠭᠡᠵᠦ᠍ ᠵᠢᠭᠠᠵᠤ ᠭᠠᠷᠭᠠᠭᠰᠠᠨ ᠨᠢ ᠱᠢᠰᠲ᠋ᠧᠮ᠎ᠦᠨ ᠦᠵᠡᠯᠲᠡ᠎ᠶ᠋ᠢ ᠪᠠᠷᠢᠮᠲᠠᠯᠠᠬᠤ᠂ ᠨᠢᠭᠡᠳᠦᠯᠲᠡᠶ ᠲᠥᠯᠥᠪᠵᠢᠭᠦᠯᠵᠦ ᠨᠡᠢᠲᠡ᠎ᠳᠦᠨᠢ ᠬᠠᠷᠠᠭᠠᠯᠵᠠᠬᠤ ᠠᠷᠭ᠎ᠠ᠎ᠶ᠋ᠢᠨ ᠣᠨᠣᠯ᠎ᠢ ᠢᠯᠡᠷᠡᠭᠦᠯᠪᠡ᠃ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠪᠣᠯ ᠱᠢᠨ᠎ᠡ ᠴᠠᠭ ᠦᠶ᠎ᠡ ᠱᠢᠨ᠎ᠡ ᠠᠶᠠᠨ᠎ᠳᠤ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠶᠡᠷᠦᠩᠬᠡᠢ ᠭᠠᠷᠳᠠᠴᠠ ᠮᠥᠨ᠂ ᠡᠷᠬᠡᠪᠰᠢ ᠬᠥᠳᠡᠭᠡ ᠲᠣᠰᠭᠣᠨ᠎ᠤ ᠡᠬᠢ ᠪᠠᠶᠠᠯᠢᠭ᠎ᠤᠨ ᠡᠯᠧᠮᠧᠨ᠋ᠲ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠬᠡᠷᠡᠭ᠌ᠲᠡᠢ᠃ ᠬᠣᠲᠠ ᠬᠥᠳᠡᠭᠡ᠎ᠶ᠋ᠢᠨ ᠠᠭᠤᠰᠤᠯᠴᠠᠯ ᠪᠠ ᠣᠷᠣᠨ ᠪᠦᠰᠡ᠎ᠶ᠋ᠢᠨ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠬᠤ ᠶᠡᠬᠡ ᠲᠠᠯ᠎ᠠ᠎ᠳᠤ ᠰᠠᠭᠤᠷᠢᠯᠠᠵᠤ᠂ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠲᠣᠰ ᠲᠣᠰ᠎ᠤᠨ ᠣᠨᠴᠠᠯᠢᠭ᠎ᠲᠠᠶ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢ ᠬᠥᠭ᠌ᠵᠢᠭᠦᠯᠵᠦ᠍᠂ ᠬᠦᠳᠡᠭᠡ ᠠᠵᠤ ᠠᠬᠤᠢ ᠵᠢ ᠬᠦᠴᠦᠷᠬᠡᠭ᠌ᠵᠢᠭᠦᠯᠦᠨ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠦᠶ᠋ᠯᠡᠰ᠎ᠢ ᠮᠠᠨᠳᠤᠭᠤᠯᠬᠤ᠂ ᠱᠢᠶᠠᠨ᠎ᠢ ᠬᠦᠴᠦᠷᠬᠡᠭ᠌ᠵᠢᠭᠦᠯᠬᠦ᠌᠂ ᠠᠷᠠᠳ᠎ᠢ ᠪᠠᠶᠠᠵᠢᠭᠤᠯᠬᠤ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢ ᠠᠬᠢᠭᠤᠯᠵᠤ᠂ ᠤᠷᠤᠰᠢᠨ ᠰᠠᠭᠤᠷᠢᠰᠢᠵᠦ ᠠᠵᠢᠯᠯᠠᠬᠤ᠎ᠳᠦ ᠲᠤᠬᠢᠳᠠᠢ ᠡᠶ᠎ᠡ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠦᠪᠱᠢᠨ᠂ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠲᠦᠪᠱᠢᠨ᠂ ᠬᠥᠳᠡᠭᠡ ᠲᠣᠰᠭᠣᠨ᠎ᠤ ᠵᠠᠰᠠᠯᠲᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃
ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠣᠯ ᠱᠢᠰᠲ᠋ᠧᠮᠲᠦ ᠴᠢᠨᠠᠷᠲᠠᠢ ᠢᠨᠵᠧᠨᠧᠷᠢᠩ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠡᠭᠦᠷᠭᠡ ᠮᠥᠨ᠂ ᠤᠳᠠᠭᠠᠨ ᠳᠠᠭᠠᠭᠠᠮᠠᠭᠠᠢ ᠲᠡᠮᠡᠴᠡᠬᠦ᠌ ᠭᠡᠷᠡᠭᠲᠡᠢ ᠮᠥᠷᠲᠡᠭᠡᠨ ᠥᠷᠯᠥᠭᠡ ᠦᠳᠡᠰᠢ᠎ᠶ᠋ᠢ ᠲᠡᠮᠡᠴᠡᠬᠦ᠌ ᠬᠡᠷᠡᠭ᠌ᠲᠡᠢ᠃ ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠬᠠᠷᠠᠯᠲᠠ᠎ᠪᠠᠨ ᠲᠣᠭ᠍ᠲᠠᠭᠠᠵᠤ᠂ ᠵᠢᠮ᠎ᠡ ᠶᠣᠰᠣ᠎ᠶ᠋ᠢ ᠬᠦᠨᠳᠦᠳᠭᠡᠵᠦ᠍᠂ ᠡᠷᠴᠢ ᠵᠣᠷᠢᠭ᠎ᠢᠶᠠᠨ ᠴᠢᠩᠭᠠᠯᠠᠵᠦ᠂ ᠵᠤᠷᠢᠭ ᠬᠦᠪᠴᠢᠯᠡᠨ ᠤᠷᠤᠭ᠍ᠰᠢᠯᠠᠵᠤ᠂ ᠬᠥᠳᠡᠭᠡ ᠠᠵᠤ ᠠᠬᠤᠢ᠎ᠶ᠋ᠢ ᠣᠳᠣᠬᠢᠴᠢᠯᠠᠭ᠍ᠰᠠᠨ ᠲᠤᠮᠤ ᠠᠵᠤ ᠦᠢᠯᠡᠰ ᠪᠣᠯᠭᠠᠨ ᠪᠦᠲᠦᠭᠡᠨ ᠪᠠᠢᠭᠤᠯᠬᠤ᠎ᠪᠠᠷ ᠴᠢᠷᠮᠠᠢᠵᠤ᠂ ᠬᠥᠳᠡᠭᠡ ᠲᠣᠰᠭᠣᠨ᠎ᠢ ᠦᠨᠳᠦᠰᠦᠨ᠎ᠳᠡᠭᠡᠨ ᠤᠳᠤ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠲᠡᠶ ᠪᠣᠯᠭᠠᠵᠤ᠂ ᠲᠠᠷᠢᠶᠠᠴᠢᠳ᠎ᠤᠨ ᠠᠮᠢᠳᠤᠷᠠᠯ᠎ᠢ ᠨᠡᠩ ᠪᠠᠶᠠᠨ ᠴᠢᠨᠡᠭᠡᠯᠢᠭ ᠰᠠᠢ᠌ᠨ ᠰᠠᠢᠬᠠᠨ ᠪᠣᠯᠭᠠᠬᠤ ᠬᠡᠷᠡᠭ᠌ᠲᠡᠢ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 12 ᠰᠠᠷ᠎ᠠ ᠵᠢᠨ 30 ᠤ᠋ ᠴᠠᠬᠢᠯᠭᠠᠨ ᠮᠡᠳᠡᠭᠡ)