ᠦᠪᠤᠷ ᠮᠤᠩᠭᠤᠯ᠎ᠤᠨ ᠠᠩᠬᠠᠳᠠᠭ᠍ᠴᠢ ᠣᠷᠣᠨ ᠨᠤᠲᠤᠭ᠎ᠤᠨ ᠡᠭᠦᠯᠳᠡᠷ᠎ᠢ ᠬᠠᠮᠠᠭᠠᠯᠠᠬᠤ ᠲᠦᠷᠢᠮ᠎ᠪᠤᠳᠠᠳᠤ ᠦᠷ᠎ᠠ ᠪᠦᠳᠦᠮᠵᠢ ᠤᠯᠵᠦ ᠠᠷᠪᠠᠰ᠎ᠤᠨ ᠨᠤᠤᠯᠤᠭᠤᠷ᠎ᠤᠨ ᠴᠠᠭᠠᠨ ᠢᠮᠠᠭ᠎ᠠ ᠳᠡᠵᠢᠭᠡᠵᠦ ᠪᠠᠢᠭ᠎ᠠ ᠮᠠᠯᠴᠢᠳ᠎ᠤᠨ ᠡᠷᠤᠬᠡ ᠳᠤᠮᠳᠡᠴᠢ ᠵᠢᠨ ᠤᠷᠤᠯᠭ᠎ᠠ10000 ᠭᠠᠷᠤᠢ ᠲᠦᠬᠦᠷᠢᠭ ᠨᠡᠮᠡᠭᠳᠡᠪᠠ
2025-12-31 15:25:05
ᠵᠣᠬᠢᠶᠠᠭ᠍ᠴᠢ᠄
ᠴᠢᠬᠢᠷᠠᠭ ᠭᠤᠤ ᠬᠤᠡᠭ ᠯᠢᠶᠠᠨ ᠦᠨᠢᠷ ᠪᠤᠶᠠᠨᠨᠨᠡᠷᠢᠯ ᠰᠠᠨᠰᠠᠷ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ᠎ᠤᠨ ᠠᠩᠬᠠᠳᠠᠭ᠍ᠴᠢ ᠣᠷᠣᠨ ᠨᠤᠲᠤᠭ᠎ᠤᠨ ᠡᠭᠦᠯᠳᠡᠷ᠎ᠢ ᠬᠠᠮᠠᠭᠠᠯᠠᠬᠤ ᠲᠦᠷᠢᠮ ᠪᠤᠯᠬᠤ 《ᠣᠷᠳᠣᠰ ᠬᠣᠲᠠ᠎ᠶ᠋ᠢᠨ ᠠᠷᠪᠠᠰ᠎ᠤᠨ ᠨᠣᠤᠯᠤᠭ᠋ᠸ᠋ᠷ᠎ᠤᠨ ᠴᠠᠭᠠᠨ ᠢᠮᠠᠭ᠎ᠠ᠎ᠶ᠋ᠢ  ᠬᠠᠮᠠᠭᠠᠯᠠᠬᠤ ᠲᠦᠷᠢᠮ》 ᠬᠡᠷᠡᠭᠵᠢᠬᠦᠯᠦᠭᠳᠡᠭᠰᠡᠨ ᠵᠢᠯ ᠭᠠᠷᠤᠢ ᠵᠢᠨ ᠳᠤᠷᠰᠢ ᠪᠤᠳᠠᠳᠤ ᠦᠷ᠎ᠠ ᠪᠦᠳᠦᠮᠵᠢ ᠤᠯᠵᠦ᠂ ᠠᠷᠪᠠᠰ᠎ᠤᠨ ᠨᠤᠤᠯᠤᠭᠤᠷ᠎ᠤᠨ ᠴᠠᠭᠠᠨ ᠢᠮᠠᠭ᠎ᠠ ᠵᠢᠨ ᠡᠬᠦᠯᠳᠡᠷ ᠲᠤᠰᠬᠠᠢ ᠬᠠᠤᠯᠢ ᠵᠢᠨ ᠬᠠᠮᠠᠭᠠᠯᠠᠯᠳᠠ᠎ᠳᠤ ᠤᠷᠤᠭᠰᠠᠨ ᠳᠡᠳᠤᠢ ᠦᠭᠡᠢ᠂ ᠤᠷᠳᠤᠰ ᠬᠤᠳᠠ ᠵᠢᠨ ᠳᠠᠷᠢᠶᠠᠯᠠᠩ ᠮᠠᠯ ᠠᠵᠦ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ᠎ᠦ ᠳᠤᠪᠴᠢᠶ᠎ᠠ ᠵᠢᠨ ᠬᠠᠩᠭᠠᠭᠰᠠᠨ ᠳᠤᠭ᠎ᠠ ᠪᠦᠷᠢᠳᠬᠡᠯ ᠵᠢᠠᠷ ᠳᠤᠰ ᠬᠤᠳᠠ ᠰᠠᠢᠨ ᠨᠤᠤᠯᠤᠭᠤᠷ᠎ᠢ ᠰᠠᠢᠨ ᠦᠨ᠎ᠠ ᠳ᠋ᠤ ᠬᠦᠷᠭᠡᠬᠦ ᠱᠠᠩᠨᠠᠯ ᠨᠦᠬᠦᠪᠤᠷᠢ ᠵᠢᠨ ᠮᠦᠩᠬᠦ ᠵᠢ 489 ᠲᠦᠮᠡᠨ ᠲᠦᠬᠦᠷᠢᠭ ᠳᠠᠷᠬᠠᠭᠠᠵᠦ᠂ ᠠᠷᠪᠠᠰ᠎ᠤᠨ ᠨᠤᠤᠯᠤᠭᠤᠷ᠎ᠤᠨ ᠴᠠᠭᠠᠨ ᠢᠮᠠᠭ᠎ᠠ ᠳᠡᠵᠢᠭᠡᠵᠦ ᠪᠠᠢᠭ᠎ᠠ ᠮᠠᠯᠴᠢᠳ᠎ᠤᠨ ᠡᠷᠤᠬᠡ ᠳᠤᠮᠳᠡᠴᠢ ᠵᠢᠨ ᠤᠷᠤᠯᠭ᠎ᠠ10000 ᠭᠠᠷᠤᠢ ᠲᠦᠬᠦᠷᠢᠭ ᠨᠡᠮᠡᠭᠳᠡᠵᠡᠢ᠃ 

ᠡᠪᠦᠯ᠎ᠤᠨ ᠦᠷᠯᠤᠭᠡ ᠵᠢᠨ ᠬᠦᠢᠳᠡᠨ ᠵᠢᠪᠡᠷ ᠤᠷᠳᠤᠰ᠎ᠤᠨ ᠦᠨᠳᠤᠷᠯᠢᠢᠠ᠋ ᠲᠸ᠋ ᠰᠡᠷ ᠰᠡᠷ ᠰᠡᠷᠴᠢᠬᠢᠨᠡᠨ᠎ᠠ᠃ ᠤᠳᠤᠭ ᠬᠤᠰᠢᠭᠤᠨ ᠤ᠋ ᠠᠷᠪᠠᠰ ᠰᠤᠮᠤᠨ ᠳ᠋ᠤ ᠪᠠᠢᠷᠢᠯᠠᠭ᠎ᠠ ᠦᠪᠦᠷ ᠮᠤᠩᠭᠤᠯ ᠤ᠋ᠨ ᠢ ᠸᠧᠢ ᠨᠤᠤᠯᠤᠭᠤᠷ ᠤ᠋ᠨ ᠴᠠᠭᠠᠨ ᠢᠮᠠᠭᠠᠨ ᠤ᠋ ᠬᠢᠵᠠᠭᠠᠷᠳᠤ ᠺᠤᠮᠫᠠᠨᠢ ᠶ᠋ᠢᠨ ᠠᠷᠪᠠᠰ ᠤ᠋ᠨ ᠨᠤᠤᠯᠤᠭᠤᠷ ᠤ᠋ᠨ ᠴᠠᠭᠠᠨ ᠢᠮᠠᠭᠠᠨ ᠤ᠋ ᠤᠳᠤᠬᠢᠴᠢᠯᠠᠭᠰᠠᠨ ᠦᠷ᠎ᠡ ᠶ᠋ᠢᠨ ᠦᠢᠯᠡᠰ ᠤ᠋ᠨ ᠬᠦᠷᠢᠶᠡᠯᠡᠩ ᠳ᠋ᠤ᠂ ᠠᠵᠢᠯᠴᠢᠳ ᠶᠠᠭ ᠤᠬᠤᠨ᠎ᠠ ᠶ᠋ᠢᠨ ᠴᠢᠬᠢᠨ ᠳ᠋ᠤ ᠵᠡᠬᠦᠯᠬᠡᠭᠰᠡᠨ ᠮᠡᠷᠭᠡᠨ ᠴᠤᠬᠤᠷ ᠢ᠋ ᠰᠢᠷᠪᠢᠵᠤ᠂ ᠪᠡᠶ᠎ᠡ ᠪᠢᠯᠳᠠᠷ ᠤ᠋ᠨ ᠬᠦᠢᠴᠡᠳᠬᠡᠯ ᠲᠤᠭ᠎ᠠ᠂ ᠨᠤᠤᠯᠤᠭᠤᠷ ᠤ᠋ᠨ ᠪᠠᠢᠳᠠᠯ ᠵᠢᠴᠢ ᠤᠳᠤᠮ ᠡᠬᠦᠯᠳᠡᠷ ᠤ᠋ᠨ ᠬᠢᠨᠢ ᠮᠡᠳᠡᠭᠡ ᠵᠠᠨᠭᠭᠢ ᠵᠡᠷᠬᠡ ᠵᠢ ᠨᠠᠷᠢᠯᠢᠭ ᠳᠡᠮᠳᠡᠭᠯᠡᠵᠦ ᠳᠠᠩᠰᠠᠯᠠᠨ ᠶᠠᠭᠠᠷᠠᠵᠦ ᠪᠠᠢᠯ᠎ᠠ᠃

ᠠᠷᠪᠠᠰ᠎ᠤᠨ ᠨᠣᠤᠯᠤᠭ᠋ᠸ᠋ᠷ᠎ᠤᠨ ᠴᠠᠭᠠᠨ ᠢᠮᠠᠭ᠎ᠠ ᠪᠣᠯ ᠮᠠᠨ᠎ᠤ ᠤᠯᠤᠰ ᠲᠸ᠋ ᠣᠨᠴᠠ ᠪᠠᠢᠳᠠᠭ ᠨᠤᠤᠯᠤᠭᠤᠷ ᠬᠢᠭᠡᠳ ᠮᠢᠬ᠎ᠠ ᠵᠢ ᠨᠢ ᠵᠡᠷᠭᠡ᠎ᠪᠡᠷ ᠬᠡᠷᠡᠭ᠌ᠯᠡᠨ ᠡᠳ᠋ᠯᠡᠵᠤ ᠪᠤᠯᠳᠠᠭ ᠣᠷᠣᠨ ᠨᠤᠲᠤᠭ᠎ᠤᠨ ᠱᠢᠯᠢᠳᠡᠭ ᠡᠭᠦᠯᠳᠡᠷ ᠪᠣᠯᠤᠨ᠎ᠠ᠂ ᠨᠣᠣᠯᠣᠭᠤᠷ᠎ᠤᠨ ᠬᠢᠨᠢ  ᠭᠠᠷᠤᠯᠲᠠ ᠥᠨᠳᠥᠷ᠂ ᠴᠢᠨᠠᠷ ᠱᠢᠯᠢᠳᠡᠭ ᠪᠠᠢᠵᠦ᠂ 《ᠵᠥᠭᠡᠯᠡᠨ ᠠᠯᠲᠠ》 ᠬᠡᠮᠡᠭ᠌ᠳᠡᠵᠦ᠍᠂ 《ᠤᠷᠳᠤᠰ᠎ᠤᠨ ᠢᠮᠠᠭᠠᠨ ᠨᠤᠤᠯᠤᠭᠤᠷ ᠳᠡᠯᠡᠬᠡᠢ ᠵᠢ ᠳᠤᠯᠠᠭᠠᠯᠨᠨ᠎ᠠ》 ᠬᠡᠮᠡᠨ ᠪᠦᠬᠦ ᠳᠡᠯᠡᠬᠡᠢ ᠳ᠋ᠤ ᠠᠯᠳᠠᠷᠰᠢᠭᠰᠠᠨ ᠪᠠᠢᠳᠠᠭ᠃ ᠡᠨᠡᠬᠦ 《ᠵᠦᠬᠡᠯᠡᠨ ᠠᠯᠳᠠᠨ》᠎ᠦ ᠪᠡᠨ ᠨᠡᠷ᠎ᠠ ᠠᠯᠳᠠᠷᠰᠢᠯ᠎ᠢ ᠤᠯᠠᠮ ᠬᠦᠭᠵᠢᠬᠦᠯᠤᠨ ᠮᠠᠨᠳᠤᠭᠤᠯᠬᠤ ᠵᠢᠨ ᠲᠦᠯᠦᠭᠡ᠂ 2022 ᠤᠨ ᠳ᠋ᠤ ᠤᠷᠳᠤᠰ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠡᠴᠡ 《ᠳᠡᠯᠡᠬᠡᠢ ᠵᠢᠨ ᠳᠡᠰ᠎ᠤᠨ ᠢᠮᠠᠭᠠᠨ ᠨᠤᠤᠯᠤᠭᠤᠷ᠎ᠤᠨ ᠠᠵᠦ ᠦᠢᠯᠡᠰ᠎ᠢ ᠴᠤᠭᠴᠠᠯᠠᠬᠤ ᠠᠵᠢᠯᠯᠠᠭᠠᠨ᠎ᠦ ᠲᠦᠰᠦᠯ》᠎ᠢ ᠨᠡᠢᠳᠡᠯᠡᠨ᠂ ᠵᠢᠯ ᠪᠤᠯᠭᠠᠨ ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠬᠤ ᠪᠡᠷ ᠲᠦᠯᠦᠪᠯᠡᠵᠦ᠂ ᠢᠯᠠᠩᠭᠤᠶ᠎ᠠ ᠪᠥᠬᠥ᠌ ᠤᠷᠤᠨ᠎ᠦ ᠠᠩᠬᠠᠳᠠᠭᠴᠢ ᠣᠷᠣᠨ ᠨᠤᠲᠤᠭ᠎ᠤᠨ ᠡᠭᠦᠯᠳᠡᠷ᠎ᠢ ᠬᠠᠮᠠᠭᠠᠯᠠᠬᠤ᠎ᠳᠤ ᠴᠢᠭ᠌ᠯᠡᠭᠦᠯᠦᠭᠰᠡᠨ ᠲᠤᠰᠭᠠᠶ ᠬᠠᠤᠯᠢ ᠲᠣᠭ᠍ᠲᠠᠭᠠᠯ ᠪᠤᠯᠬᠤ 《ᠣᠷᠳᠣᠰ ᠬᠣᠲᠠ᠎ᠶ᠋ᠢᠨ ᠠᠷᠪᠠᠰ᠎ᠤᠨ ᠨᠣᠤᠯᠤᠭ᠋ᠸ᠋ᠷ᠎ᠤᠨ ᠴᠠᠭᠠᠨ ᠢᠮᠠᠭ᠎ᠠ᠎ᠶ᠋ᠢ ᠬᠠᠮᠠᠭᠠᠯᠠᠬᠤ ᠲᠦᠷᠢᠮ》 (ᠳᠣᠷᠣᠭ᠍ᠰᠢ 《ᠲᠦᠷᠢᠮ》 ᠭᠡᠵᠦ᠍ ᠲᠣᠪᠴᠢᠯᠠᠨ᠎ᠠ) ᠎ᠢ᠋ 2024 ᠤᠨ᠎ᠤ 6 ᠰᠠᠷ᠎ᠠ ᠵᠢᠨ 1᠎ᠤ᠋ ᠡᠳᠤᠷ ᠡᠴᠡ ᠡᠬᠢᠯᠡᠨ  ᠨᠡᠢᠲᠡᠯᠡᠨ ᠬᠡᠷᠡᠭ᠌ᠵᠢᠭᠦᠯᠵᠤ᠂ ᠠᠷᠪᠠᠰ᠎ᠤᠨ ᠨᠣᠤᠯᠤᠭ᠋ᠸ᠋ᠷ᠎ᠤᠨ ᠴᠠᠭᠠᠨ ᠢᠮᠠᠭᠠᠨ᠎ᠤ ᠡᠭᠦᠯᠳᠡᠷ᠎ᠦᠨ ᠡᠬᠢ ᠪᠠᠶᠠᠯᠢᠭ᠎ᠢ ᠬᠠᠮᠠᠭᠠᠯᠠᠬᠤ ᠪᠣᠳᠠᠲᠠᠶ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠤ᠂ ᠡᠭᠦᠯᠳᠡᠷ᠎ᠦᠨ ᠭᠤᠤᠯ ᠬᠠᠮᠠᠭᠠᠯᠠᠯᠲᠠ᠎ᠶ᠋ᠢᠨ ᠣᠷᠣᠨ᠎ᠢ ᠵᠠᠭᠠᠭ᠍ᠯᠠᠨ ᠲᠣᠭ᠍ᠲᠠᠭᠠᠵᠤ᠂ ᠤᠳᠤᠮᠯᠡᠯ᠎ᠤᠨ ᠡᠬᠢ ᠪᠠᠶᠠᠯᠢᠭ᠎ᠤᠨ ᠭᠧᠨ᠎ᠦ ᠬᠥᠮᠥᠷᠭᠡ᠎ᠶ᠋ᠢ ᠪᠠᠢᠭᠤᠯᠤᠨ᠂ ᠡᠭᠦᠯᠳᠡᠷ᠎ᠢ ᠳᠠᠩᠰᠠᠯᠠᠬᠤ ᠪᠠ ᠰᠣᠩᠭᠣᠨ ᠪᠣᠢᠵᠢᠭᠤᠯᠵᠤ ᠦᠷᠡᠵᠢᠭᠦᠯᠬᠦ᠌᠎ᠶ᠋ᠢ ᠵᠢᠷᠤᠮᠵᠢᠭᠤᠯᠵᠤ᠂ ᠱᠢᠯᠢᠳᠡᠭ ᠤᠳᠤᠮᠯᠡᠯ᠎ᠤᠨ ᠱᠢᠨᠵᠢ ᠪᠠᠢᠳᠠᠯ᠎ᠤᠨ ᠲᠣᠭ᠍ᠲᠠᠭᠤᠨ᠎ᠢᠶᠠᠷ ᠦᠰᠴᠤ ᠦᠷᠡᠵᠢᠬᠦ᠎ᠶ᠋ᠢ ᠦᠨᠡᠨ ᠬᠦ᠌ ᠪᠠᠲᠤᠯᠠᠪᠠ; ᠨᠤᠲᠤᠭ ᠪᠡᠯᠴᠢᠭᠡᠷ᠎ᠦᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠬᠤ᠂ ᠮᠠᠯ ᠪᠡᠯᠴᠢᠭᠡᠷ᠎ᠦᠨ ᠲᠡᠩᠴᠡᠭᠦᠷᠢ᠂ ᠰᠡᠯᠭᠦᠨ ᠮᠠᠯᠵᠢᠬᠤ ᠵᠡᠷᠭᠡ ᠲᠡᠵᠢᠭᠡᠨ ᠦᠷᠡᠵᠢᠭᠦᠯᠬᠦ᠌ ᠵᠠᠭ᠍ᠪᠤᠷ ᠢ᠋ ᠬᠡᠷᠡᠭ᠌ᠵᠢᠭᠦᠯᠦᠨ᠂ ᠠᠮᠢ ᠠᠬᠤᠢ᠎ᠶ᠋ᠢᠨ ᠲᠡᠵᠢᠭᠡᠨ ᠦᠷᠡᠵᠢᠭᠦᠯᠬᠦ᠌ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠬᠡᠷᠡᠭ᠌ᠯᠡᠬᠦ᠌᠎ᠶ᠋ᠢ ᠵᠣᠷᠢᠭ᠍ᠵᠢᠭᠤᠯᠵᠤ᠂ ᠮᠠᠯ ᠠᠵᠤ ᠠᠬᠤᠢ᠎ᠶ᠋ᠢᠨ ᠬᠥᠭ᠌ᠵᠢᠯᠲᠡ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠰᠠᠢᠨ ᠨᠥᠬᠥᠴᠡᠯᠳᠦᠯ᠎ᠢ ᠪᠡᠶᠡᠯᠡᠭᠦᠯᠪᠡ᠃ ᠡᠭᠦᠨ᠎ᠦ ᠬᠠᠮᠲᠤ᠂ ᠠᠵᠤ ᠦᠶ᠋ᠯᠡᠰ᠎ᠦᠨ ᠬᠡᠯᠬᠢᠶ᠎ᠠ᠎ᠶ᠋ᠢ ᠲᠡᠭᠦᠯᠳᠡᠷᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠢᠮᠠᠭᠠᠨ ᠨᠣᠤᠯᠤᠭ᠋ᠸ᠋ᠷ᠎ᠢ ᠨᠠᠷᠢᠯᠢᠭ ᠡᠳ᠋ᠱᠢᠭᠦᠯᠬᠦ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠡᠮᠵᠢᠵᠦ᠍᠂ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭᠯᠡᠭᠡᠨ᠎ᠦ ᠲᠡᠮᠳᠡᠭ᠌᠎ᠢ ᠪᠣᠢᠵᠢᠭᠤᠯᠤᠨ᠂ ᠶᠠᠰᠤ ᠴᠢᠨᠠᠷ᠎ᠢ ᠮᠥᠷᠳᠡᠨ ᠪᠠᠢᠴᠠᠭᠠᠬᠤ ᠱᠢᠰᠲ᠋ᠧᠮ᠎ᠢ ᠪᠦᠷᠢᠨᠱᠢᠭᠦᠯᠵᠦ᠍᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠂ ᠮᠠᠯᠴᠢᠳ᠎ᠤᠨ ᠣᠷᠣᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠬᠦ᠌᠎ᠳᠦ ᠬᠠᠤᠯᠢ ᠵᠢᠨ᠎ᠪᠠᠲᠤᠯᠠᠭ᠎ᠠ ᠬᠠᠩᠭᠠᠬᠰᠠᠨ ᠪᠠᠢᠨ᠎ᠠ᠃

《〈ᠲᠦᠷᠢᠮ〉 ᠢ᠋ ᠬᠡᠷᠡᠭ᠌ᠵᠢᠭᠦᠯᠦᠭ᠌ᠰᠡᠨ᠎ᠡᠴᠡ ᠨᠠᠭᠠᠰᠢ ᠪᠢᠳᠡ ᠢᠮᠠᠭ᠎ᠠ ᠲᠡᠵᠢᠭᠡᠬᠦ᠌᠎ᠳᠦ ᠨᠡᠡᠭ ᠵᠤᠷᠢᠭ ᠲᠠᠢ ᠪᠣᠯᠵᠣ᠂ ᠡᠭᠦᠯᠳᠡᠷ ᠮᠠᠭᠤᠳᠠᠬᠤ᠎ᠠᠴᠠ ᠵᠣᠪᠠᠬᠤ ᠥᠬᠡᠶ ᠪᠤᠯᠤᠬᠰᠠᠨ ᠮᠥᠷᠲᠡᠭᠡᠨ ᠠᠮᠢ ᠠᠬᠤᠶ᠎ᠤᠷᠴᠢᠨ ᠲᠤᠭᠤᠷᠢᠨ᠎ᠢ ᠡᠪᠳᠡᠬᠦ ᠬᠡᠵᠤ ᠴᠸ᠋ ᠰᠠᠨᠠᠭ᠎ᠠ ᠪᠤᠯᠬᠤ ᠥᠬᠡᠶ ᠪᠣᠯᠵᠣ᠂ ᠨᠠᠩ ᠴᠤ᠌ 〈ᠵᠥᠭᠡᠯᠡᠨ ᠠᠯᠲᠠ〉 ᠎ᠶ᠋ᠢᠨ ᠨᠠᠷᠠᠲᠤ ᠲᠦᠷᠦᠯ ᠲᠡᠮᠳᠡᠭ᠎ᠢ ᠡᠭᠦᠳᠬᠦ᠌ ᠢᠲᠡᠭᠡᠯ᠎ᠲᠡᠶ ᠪᠣᠯᠪᠠ᠃ 〈ᠲᠦᠷᠢᠮ〉 ᠨᠢ ᠤᠨᠴᠠ ᠨᠠᠷᠢᠨ ᠨᠤᠤᠯᠤᠭᠤᠷ ᠲᠤ᠌ ᠱᠠᠩᠨᠠᠯ ᠨᠦᠬᠦᠪᠦᠷᠢ ᠤᠯᠭᠤᠨ᠂ ᠵᠠᠬ᠎ᠠ ᠳᠡᠯᠭᠡᠬᠦᠷ ᠤ᠋ᠨ ᠦᠨ᠎ᠡ ᠬᠠᠩᠰᠢ ᠶ᠋ᠢᠨ ᠰᠠᠭᠤᠷᠢᠨ ᠳᠡᠭᠡᠷ᠎ᠡ ᠠᠷᠪᠠᠰ ᠤ᠋ᠨ ᠨᠤᠤᠯᠤᠭᠤᠷ ᠤ᠋ᠨ ᠴᠠᠭᠠᠨ ᠢᠮᠠᠭᠠᠨ ᠤ᠋ ᠡᠭᠦᠯᠳᠡᠷ ᠢ᠋ ᠬᠠᠮᠠᠭᠠᠯᠠᠬᠤ ᠣᠷᠣᠨ ᠤ᠋ ᠴᠢᠨᠠᠷ ᠰᠠᠢᠲᠠᠢ ᠨᠤᠤᠯᠤᠭᠤᠷ ᠢ᠋ ᠤᠷᠢᠳ ᠶ᠋ᠢᠡᠷ ᠬᠣᠷᠢᠶᠠᠨ ᠠᠪᠴᠤ᠂ ᠨᠤᠤᠯᠤᠭᠤᠷ ᠤ᠋ᠨ ᠰᠢᠷᠭᠡᠭᠯᠢᠭ᠎ᠤᠨ ᠨᠠᠷᠢᠴᠠ ᠶ᠋ᠢᠨ ᠬᠡᠮᠵᠢᠶ᠎ᠡ ᠨᠢ 14.5 ᠮᠢᠺᠷᠤᠮᠸᠲᠷ ᠤ᠋ᠨ ᠳᠣᠲᠣᠷ᠎ᠠ ᠪᠠᠢᠪᠠᠯ ᠺᠢᠯᠣᠭ᠌ᠷᠠᠮ ᠪᠦᠷᠢ ᠳ᠋ᠤ ᠬᠠᠮᠤᠭ ᠤ᠋ᠨ ᠶᠡᠬᠡ ᠳ᠋ᠡᠬᠡᠨ 500 ᠲᠥᠭᠥᠷᠢᠭ ᠤ᠋ᠨ ᠨᠥᠬᠥᠪᠦᠷᠢ ᠤᠯᠭᠤᠵᠤ ᠪᠤᠢ᠃ ᠡᠬᠦᠨ᠎ᠳᠤ ᠮᠠᠨᠠᠢᠬᠢᠨ ᠡᠨᠡ ᠵᠢᠯ 5000 ᠰᠢᠬᠠᠮ ᠲᠦᠬᠦᠷᠢᠭ᠎ᠤᠨ ᠱᠠᠩᠨᠠᠯ ᠨᠦᠬᠦᠪᠤᠷᠢ ᠬᠦᠷᠳᠡᠵᠡᠢ》 ᠬᠡᠵᠤ ᠣᠷᠳᠣᠰ ᠬᠣᠲᠠ᠎ᠶ᠋ᠢᠨ ᠤᠳᠤᠭ ᠬᠣᠱᠢᠭᠤᠨ᠎ᠤ ᠠᠷᠪᠠᠰ ᠰᠤᠮᠤ ᠵᠢᠨ ᠪᠠᠶᠠᠠᠠᠤᠰᠤ ᠭᠠᠴᠠᠭ᠎ᠠ ᠵᠢᠨ ᠮᠠᠯᠴᠢᠨ ᠪᠠᠳᠤᠪᠠᠭᠠᠨ᠎ᠠ ᠢᠮᠠᠭᠠᠨ ᠰᠦᠷᠦᠭ᠎ᠢᠶᠡᠨ ᠵᠢᠭᠠᠵᠤ ᠴᠢᠷᠠᠶ᠎ᠳᠤᠨᠢ ᠢᠨᠢᠶᠡᠮᠰᠦᠭ᠌ᠯᠡᠯ ᠲᠣᠳᠣᠷᠠᠨ᠎ᠠ᠃ ᠪᠠᠳᠤᠪᠠᠭᠠᠨ᠎ᠠ ᠳᠠᠢ ᠠᠳᠠᠯᠢᠬᠠᠨ ᠵᠢᠠᠷ᠂ ᠠᠷᠪᠠᠰ ᠰᠤᠮᠤᠨ᠎ᠦ ᠤᠯᠠᠭᠠᠡᠡᠤᠰᠤ ᠭᠠᠴᠠᠭᠠᠨ᠎ᠦ ᠮᠠᠯᠴᠢᠨ ᠤᠶᠦᠨᠪᠢᠯᠢᠭ᠎ᠤᠨ ᠬᠢᠨ 2000 ᠭᠠᠷᠤᠢ ᠠᠷᠪᠠᠰ᠎ᠤᠨ ᠨᠤᠤᠯᠤᠭᠤᠷ᠎ᠤᠨ ᠴᠠᠭᠠᠨ ᠢᠮᠠᠭ᠎ᠠ ᠮᠠᠯᠵᠢᠵᠦ᠂ ᠦᠩᠭᠡᠷᠡᠭᠰᠡᠨ ᠬᠠᠪᠤᠷ ᠰᠠᠮᠨᠠᠭᠰᠠᠨ ᠢᠮᠠᠭᠠᠳ᠎ᠤᠨ ᠬᠢᠨᠢ ᠨᠤᠤᠯᠤᠭᠤᠷ᠎ᠤᠨ ᠰᠢᠷᠭᠡᠭᠯᠢᠭ᠎ᠤᠨ ᠨᠠᠷᠢᠴᠠ ᠵᠢᠨ ᠬᠡᠮᠵᠢᠶ᠎ᠠ ᠨᠢ ᠬᠠᠮᠤᠭ᠎ᠤᠨ ᠦᠨᠳᠤᠷ ᠳᠡᠭᠡᠨ 14 ᠮᠢᠺᠷᠤᠮᠸᠲᠷ ᠲᠸ᠋ ᠬᠦᠷᠴᠤ᠂ 13 ᠲᠦᠮᠡ ᠭᠠᠷᠤᠢ ᠲᠦᠬᠦᠷᠢᠭ᠎ᠤᠨ ᠱᠠᠩᠨᠠᠯ ᠨᠦᠬᠦᠪᠤᠷᠢ ᠤᠯᠵᠠᠢ᠃ ᠮᠦᠨ ᠡᠨᠡ ᠵᠢᠯ ᠤᠯᠠᠭᠠᠡᠡᠤᠰᠤ ᠭᠠᠴᠠᠭ᠎ᠠ ᠵᠢᠨ ᠮᠠᠯᠵᠢᠬᠤ ᠡᠷᠤᠬᠡ ᠵᠢᠨ ᠬᠠᠭᠠᠰ ᠤᠷᠴᠢᠮ ᠨᠢ ᠰᠠᠢᠨ ᠨᠤᠤᠯᠤᠭᠤᠷ᠎ᠢ ᠰᠠᠢᠨ ᠦᠨ᠎ᠠ ᠳ᠋ᠤ ᠬᠦᠷᠭᠡᠬᠦ ᠱᠠᠩᠨᠠᠯ ᠨᠦᠬᠦᠪᠤᠷᠢ ᠵᠢᠨ ᠮᠦᠩᠬᠦ ᠵᠢ ᠬᠦᠷᠳᠡᠵᠦ᠂ ᠢᠮᠠᠭ᠎ᠠ ᠮᠠᠯᠵᠢᠵᠦ ᠤᠷᠤᠯᠭ᠎ᠠ ᠪᠡᠨ ᠨᠡᠮᠡᠭᠳᠡᠬᠦᠯᠬᠦ ᠳ᠋ᠤ ᠢᠳᠡᠭᠡᠯ ᠳᠠᠢ ᠪᠤᠯᠵᠡᠢ᠃  

ᠣᠢᠯᠠᠭᠠᠭ᠍ᠰᠠᠨ᠎ᠢᠶᠠᠷ᠂ 《ᠲᠦᠷᠢᠮ》᠎ᠢ᠋ ᠪᠤᠳᠠᠳᠠᠢ ᠳ᠋ᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠣᠷᠳᠣᠰ ᠬᠣᠲᠠ ᠨᠢᠭᠡᠨᠲᠡ 《ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠤ ᠠᠬᠤᠢᠯᠠᠯ᠎ᠢᠶᠠᠷ ᠭᠤᠤᠯ ᠴᠣᠭ᠍ᠴᠠ ᠪᠣᠯᠭᠠᠬᠤ᠂ ᠮᠠᠯᠴᠢᠳ ᠣᠷᠣᠯᠴᠠᠬᠤ》 ᠬᠣᠯᠪᠣᠭᠠᠯᠠᠨ ᠬᠥᠳᠡᠯᠦᠯᠴᠡᠵᠦ᠍ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠬᠠᠤᠯᠢ ᠬᠡᠷᠡᠭ᠌ᠵᠢᠭᠦᠯᠬᠦ᠌ ᠲᠤᠰᠭᠠᠶ ᠡᠩᠨᠡᠭᠡ᠎ᠶ᠋ᠢ ᠵᠣᠬᠢᠶᠠᠨ ᠪᠠᠢᠭᠤᠯᠵᠤ᠂ ᠲᠡᠵᠢᠭᠡᠨ ᠦᠷᠡᠵᠢᠭᠦᠯᠬᠦ᠌᠂ ᠪᠣᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠡᠯ᠎ᠡ ᠭᠣᠭ᠍ᠴᠣᠭ᠎ᠠ᠎ᠳᠠᠬᠢ ᠬᠢᠨᠠᠯᠲᠠ ᠬᠠᠮᠢᠶᠠᠷᠤᠯᠲᠠ᠎ᠵᠢ ᠴᠢᠩᠭᠠᠳᠭᠠᠪᠠ᠃ ᠡᠭᠦᠨ᠎ᠦ ᠬᠠᠮᠲᠤ ᠲᠥᠷᠥ᠎ᠶ᠋ᠢᠨ ᠪᠣᠳᠣᠯᠭ᠎ᠠ᠎ᠪᠠᠷ ᠲᠡᠳᠬᠦᠬᠦ᠌ ᠡᠷᠴᠢᠮ᠎ᠢᠶᠡᠨ ᠨᠡᠮᠡᠭ᠌ᠳᠡᠭᠦᠯᠦᠨ᠂ ᠲᠤᠰᠭᠠᠶ ᠲᠦᠷᠦᠯ᠎ᠦᠨ ᠬᠥᠭ᠌ᠵᠢᠯᠲᠡ᠎ᠶ᠋ᠢᠨ ᠪᠡᠯᠡ ᠮᠥᠩᠭᠥ᠌ ᠭᠠᠷᠭᠠᠵᠦ᠂ ᠡᠬᠦᠯᠳᠡᠷ ᠰᠠᠢᠵᠢᠷᠠᠭᠤᠯᠬᠤ᠂ ᠮᠡᠷᠭᠡᠵᠢᠯ ᠳᠡᠯᠭᠡᠷᠡᠭᠦᠯᠬᠦ᠌᠂ ᠲᠦᠷᠦᠯ ᠲᠡᠮᠳᠡᠭ ᠡᠬᠦᠳᠬᠦ ᠵᠡᠷᠭᠡ ᠠᠵᠢᠯ᠎ᠳᠤ ᠬᠡᠷᠡᠭ᠌ᠯᠡᠨ᠂ ᠮᠠᠯᠴᠢᠳ᠎ᠤᠨ ᠦᠢᠯᠡᠳᠪᠦᠷᠢᠯᠡᠯ᠎ᠦᠨ ᠠᠷᠭ᠎ᠠ ᠬᠡᠯᠪᠡᠷᠢ ᠪᠡᠨ ᠬᠤᠪᠢᠷᠠᠭᠤᠯᠬᠤ᠎ᠶ᠋ᠢ ᠬᠥᠲᠥᠯᠥᠨ ᠵᠢᠯᠣᠭᠣᠳᠴᠤ᠌᠂ ᠡᠷᠴᠢᠮᠵᠢᠭᠦᠯᠦᠭ᠌ᠰᠡᠨ᠂ ᠪᠠᠷᠢᠮᠵᠢᠶᠠᠵᠢᠭᠤᠯᠤᠭ᠍ᠰᠠᠨ᠂ ᠪᠣᠬᠢᠷᠲᠤᠯ ᠦᠬᠡᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠭᠤᠯᠤᠬᠰᠠᠨ ᠪᠠᠢᠨ᠎ᠠ᠃

   ᠤᠳᠤᠬᠠᠨ ᠳ᠋ᠤ ᠤᠷᠳᠤᠰ ᠬᠤᠳᠠ ᠰᠢᠯᠢᠳᠡᠭ ᠨᠤᠤᠯᠤᠭᠤᠷ᠎ᠤᠨ ᠢᠮᠠᠭ᠎ᠠ ᠳᠡᠵᠢᠭᠡᠨ ᠦᠷᠡᠵᠢᠬᠦᠯᠬᠦ ᠰᠠᠭᠤᠷᠢᠨ᠂ ᠨᠤᠤᠯᠤᠭᠤᠷ᠎ᠤᠨ ᠢᠮᠠᠭ᠎ᠠ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠢᠨ᠎ᠠ ᠵᠢ ᠡᠬᠦᠳᠬᠦ ᠲᠦᠪ᠂ ᠢᠮᠠᠭᠠᠨ ᠨᠤᠤᠯᠤᠭᠤᠷ᠎ᠤᠨ ᠠᠷᠠᠯᠵᠢᠶᠠᠨ᠎ᠦ ᠲᠦᠪ᠂ ᠢᠮᠠᠭᠠᠨ ᠨᠤᠤᠯᠤᠭᠤᠷ᠎ᠤᠨ ᠠᠵᠦ ᠦᠢᠯᠡᠰ᠎ᠤᠨ ᠲᠦᠪ ᠵᠡᠷᠭᠡ 《ᠨᠢᠭᠡ ᠰᠠᠭᠤᠷᠢᠨ ᠭᠤᠷᠪᠡᠨ ᠲᠦᠪ》᠎ᠤᠨ ᠪᠦᠬᠦ ᠠᠵᠦ ᠦᠢᠯᠡᠰ᠎ᠤᠨ ᠬᠡᠯᠬᠢᠶᠡᠶ᠎ᠠ ᠵᠢ ᠪᠦᠷᠢᠯᠳᠤᠬᠦᠯᠵᠦ᠂ ᠪᠦᠬᠦ ᠬᠤᠳᠠ ᠵᠢᠨ ᠨᠤᠤᠯᠤᠭᠤᠷ᠎ᠤᠨ ᠴᠠᠭᠠᠠ ᠢᠮᠠᠭ᠎ᠠ 693.8 ᠲᠦᠮᠡ ᠳ᠋ᠤ ᠬᠦᠷᠴᠤ᠂ ᠪᠦᠬᠦ ᠤᠷᠤᠨ᠎ᠦ 45.9% ᠵᠢ ᠡᠵᠡᠯᠡᠵᠦ᠂ ᠨᠤᠤᠯᠤᠭᠤᠷ᠎ᠤᠨ ᠵᠢᠯ᠎ᠤᠨ ᠭᠠᠷᠤᠯᠳᠠ 3552 ᠲᠤᠨ ᠳ᠋ᠤ ᠬᠦᠷᠴᠤ᠂ ᠪᠦᠬᠦ ᠤᠷᠤᠨ᠎ᠦ ᠨᠤᠤᠯᠤᠭᠤᠷ᠎ᠤᠨ ᠶᠡᠷᠤᠩᠬᠡᠢ ᠭᠠᠷᠤᠯᠳᠡ ᠵᠢᠨ 58.7% ᠵᠢ ᠡᠵᠡᠯᠡᠵᠦ᠂  ᠪᠦᠬᠦ ᠤᠯᠤᠰ᠎ᠤᠨ 25%᠂ ᠪᠦᠬᠦ ᠳᠡᠯᠡᠬᠡᠢ ᠵᠢᠨ 15% ᠵᠢ ᠡᠵᠡᠯᠡᠪᠠ;ᠤᠤᠯ ᠨᠤᠤᠯᠤᠭᠤᠷ᠎ᠤᠨ ᠵᠢᠯ᠎ᠤᠨ ᠠᠷᠠᠯᠵᠢᠶᠠᠨ᠎ᠦ ᠬᠡᠮᠵᠢᠶ᠎ᠠ 7600 ᠲᠤᠨ᠎ᠢ ᠳᠠᠪᠠᠵᠦ᠂ ᠪᠦᠬᠦ ᠤᠯᠤᠰ᠎ᠤᠨ 50% ᠵᠢ ᠡᠵᠡᠯᠡᠪᠡ᠃ ᠲᠦᠷᠦ ᠵᠢᠨ ᠪᠤᠳᠤᠯᠭ᠎ᠠ ᠵᠢᠨ ᠳᠠᠢᠴᠢᠯᠠᠯ ᠪᠠ ᠲᠦᠷᠢᠮ᠎ᠤᠨ ᠨᠠᠢᠳᠠᠪᠤᠷᠢᠵᠢᠭᠤᠯᠤᠯᠳᠠ ᠳᠤᠤᠷ᠎ᠠ᠂ ᠤᠳᠤᠭ ᠬᠤᠰᠢᠭᠤ᠂ ᠤᠳᠤᠭ᠎ᠤᠨ ᠡᠮᠤᠨᠡᠳᠤ ᠬᠤᠰᠢᠭᠤᠨ᠎ᠦ ᠭᠤᠤᠯ ᠭᠠᠷᠤᠯᠳᠡ ᠵᠢᠨ ᠤᠷᠤᠨ ᠳ᠋ᠡᠬᠢ ᠬᠡᠲᠦ ᠨᠠᠷᠢᠨ (14.5 ᠮᠢᠺᠷᠤᠮᠸᠲ᠋ᠷ᠎ᠠᠴᠠ ᠳᠣᠷᠣᠭ᠍ᠰᠢ) ᠨᠤᠤᠯᠤᠭᠤᠷᠳᠤ ᠢᠮᠠᠭ᠎ᠠ ᠵᠢᠨ ᠡᠵᠡᠯᠡᠬᠦ ᠬᠠᠷᠢᠴᠠᠯ 19% ᠡᠴᠡ 31.3% ᠪᠤᠯᠤᠨ ᠳᠡᠭᠡᠭᠰᠢᠯᠡᠵᠦ᠂ ᠣᠨᠴᠠ ᠨᠠᠷᠢᠨ (15 .5 ᠮᠢᠺᠷᠤᠮᠸᠲ᠋ᠷ᠎ᠠᠴᠠ ᠳᠣᠷᠣᠭ᠍ᠰᠢ) ᠨᠤᠤᠯᠤᠭᠤᠷᠳᠤ ᠢᠮᠠᠭ᠎ᠠ ᠵᠢᠨ ᠡᠵᠡᠯᠡᠬᠦ ᠬᠠᠷᠢᠴᠠᠯ 30% ᠪᠠᠢᠭᠰᠠᠨ ᠡᠴᠡ 50% ᠪᠤᠯᠵᠦ ᠨᠡᠮᠡᠭᠳᠡᠪᠠ᠃ ᠤᠷᠳᠤᠰ ᠬᠤᠳᠠ ᠪᠠᠰᠠ ᠢ ᠸᠧᠶ ᠤᠯᠤᠰ᠎ᠤᠨ ᠲᠠᠰ᠎ᠤᠨ ᠨᠣᠤᠯᠤᠭ᠋ᠸ᠋ᠷ᠎ᠤᠨ ᠴᠠᠭᠠᠨ ᠢᠮᠠᠭᠠᠨ᠎ᠤ ᠡᠭᠦᠯᠳᠡᠷ ᠬᠠᠮᠠᠭᠠᠯᠠᠬᠤ ᠲᠠᠯᠠᠪᠠᠶ᠎ᠶ᠋ᠢ ᠤᠯᠤᠰ᠎ᠤᠨ ᠥᠮᠴᠢᠯᠡᠯᠲᠦ ᠪᠣᠯᠭᠠᠬᠤ ᠥᠭᠡᠷᠡᠴᠢᠯᠡᠯᠲᠡ᠎ᠶ᠋ᠢ ᠪᠡᠶᠡᠯᠡᠭᠦᠯᠵᠦ᠍᠂ ᠤᠬᠤᠨ᠎ᠠ ᠲᠡᠵᠢᠭᠡᠬᠦ ᠲᠠᠯᠠᠪᠠᠶ᠎ᠶ᠋ᠢ 10 ᠪᠠᠢᠭᠤᠯᠵᠤ᠂ ᠬᠡᠲᠦ ᠨᠠᠷᠢᠨ ᠨᠤᠤᠯᠤᠭᠤᠷᠳᠤ ᠢᠮᠠᠭ᠎ᠠ ᠵᠢᠨ ᠭᠤᠤᠯᠯᠠᠬᠤ ᠰᠦᠷᠦᠭ ᠎ᠢ 100᠂ ᠣᠨᠴᠠ ᠨᠠᠷᠢᠨ ᠨᠤᠤᠯᠤᠭᠤᠷᠳᠤ ᠢᠮᠠᠭ᠎ᠠ ᠵᠢᠨ ᠭᠤᠤᠯᠯᠠᠬᠤ ᠰᠦᠷᠦᠭ ᠎ᠢ 100 ᠎ᠶ᠋ᠢ ᠪᠣᠢᠵᠢᠭᠤᠯᠵᠠᠢ᠃ 40 ᠲᠦᠮᠡᠨ ᠠᠷᠪᠠᠰ᠎ᠤᠨ ᠨᠣᠣᠯᠤᠭᠤᠷ᠎ᠤᠨ ᠴᠠᠭᠠᠨ ᠢᠮᠠᠭᠠᠨ᠎ᠤ ᠦᠶ᠋ᠯᠡᠳᠪᠦᠷᠢᠯᠡᠯ᠎ᠦᠨ ᠴᠢᠳᠠᠪᠬᠢ᠎ᠶ᠋ᠢ ᠬᠢᠨᠠᠨ ᠲᠣᠭ᠍ᠲᠠᠭᠠᠵᠤ᠂ ᠲᠦᠮᠡ ᠭᠠᠷᠤᠢ ᠠᠷᠪᠠᠰ᠎ᠤᠨ ᠱᠢᠯᠢᠳᠡᠭ ᠡᠭᠦᠯᠳᠡᠷ᠎ᠦᠨ ᠤᠬᠤᠨ᠎ᠠ᠎ᠶ᠋ᠢ ᠮᠠᠯᠴᠢᠳ ᠲᠸ᠋ ᠬᠤᠪᠢᠶᠠᠨ ᠦᠭᠴᠠᠢ᠃ ᠮᠦᠨ ᠵᠠᠯᠭᠠᠭ᠎ᠠ ᠪᠠᠷ ᠶᠢᠰᠦᠨ ᠬᠤᠭᠤᠴᠠᠭᠠᠨ᠎ᠤ ᠠᠷᠪᠠᠰ᠎ᠤᠨ ᠨᠤᠤᠯᠤᠭᠤᠷ᠎ᠤᠨ ᠴᠠᠭᠠᠨ ᠢᠮᠠᠭᠠᠨ᠎ᠤ ᠦᠷ᠎ᠠ ᠵᠢᠨ ᠮᠠᠯ᠎ᠤᠨ ᠠᠳᠠᠯᠢᠳᠭᠠᠨ ᠱᠢᠯᠭᠠᠷᠠᠭᠤᠯᠬᠤ ᠤᠷᠤᠯᠳᠤᠭᠠᠨ᠎ᠢ ᠠᠮᠵᠢᠯᠳᠠ ᠲᠠᠢ ᠡᠷᠭᠢᠯᠡᠵᠦ᠍᠂ ᠤᠭ ᠡᠭᠦᠯᠳᠡᠷ᠎ᠦᠨ ᠠᠷᠪᠠᠰ᠎ᠤᠨ ᠨᠤᠤᠯᠤᠭᠤᠷ᠎ᠤᠨ ᠴᠠᠭᠠᠨ ᠢᠮᠠᠭᠠᠨ᠎ᠤ ᠦᠨ᠎ᠡ ᠬᠠᠡᠭᠰᠢ᠂ ᠦᠨ᠎ᠡ ᠥᠷᠲᠡᠭ ᠵᠢᠴᠢ ᠨᠠᠷᠠᠲᠤ ᠲᠥᠷᠥᠯ ᠲᠡᠮᠳᠡᠭ᠌᠎ᠤᠨ ᠨᠥᠯᠥᠭᠡᠯᠡᠬᠦ ᠬᠦᠴᠤᠨ᠎ᠢ ᠳᠡᠭᠡᠭᠰᠢᠯᠡᠬᠦᠯᠬᠦ ᠳ᠋ᠤ ᠴᠢᠬᠤᠯᠠ ᠦᠢᠯᠡᠳᠤᠯ ᠦᠵᠡᠬᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号