ᠦᠪᠤᠷ ᠮᠤᠩᠭᠤᠯ᠎ᠤᠨ 1 ᠵᠠᠬᠢᠳᠠᠯ ᠰᠤᠷᠪᠤᠯᠵᠢᠯᠠᠯ ᠤ᠋ᠨ ᠬᠡᠷᠡᠭ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠰᠣᠩᠭᠣᠭ᠍ᠳᠠᠪᠠ
2025-12-31 11:08:29
ᠵᠣᠬᠢᠶᠠᠭ᠍ᠴᠢ᠄
​ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠦᠬᠡᠬᠤᠳᠠ ᠵᠢᠨ ᠢᠦᠢᠴᠢᠤᠸᠠᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠱᠢᠶ᠋ᠳᠪᠦᠷᠢᠯᠡᠭ᠌ᠰᠡᠨ ᠨᠢᠭᠡᠨ ᠵᠠᠬᠢᠳᠠᠯ ᠰᠤᠷᠪᠤᠯᠵᠢᠯᠠᠯ ᠤ᠋ᠨ ᠬᠡᠷᠡᠭ ᠨᠢ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠰᠣᠩᠭᠣᠭ᠍ᠳᠠᠵᠠᠢ᠃ 

ᠲᠤᠰ ᠬᠡᠷᠡᠭ ᠪᠣᠯ ᠤᠳᠠᠭᠠᠨ ᠵᠢᠯ ᠦᠷᠭᠦᠯᠵᠢᠯᠡᠭ᠌ᠰᠡᠨ᠂ ᠬᠡᠷᠡᠭ᠎ᠦᠨ ᠪᠠᠢᠳᠠᠯ ᠪᠤᠳᠤᠯᠢᠶᠠᠨᠲᠠᠶ᠂ ᠱᠢᠶ᠋ᠳᠪᠦᠷᠢᠯᠡᠬᠦ᠌ ᠬᠦᠴᠢᠷᠳᠡᠯ ᠶᠡᠬᠡᠲᠡᠶ ᠵᠠᠬᠢᠳᠠᠯ ᠰᠤᠷᠪᠤᠯᠵᠢᠯᠠᠯ ᠤ᠋ᠨ ᠳᠠᠷᠤᠭ᠍ᠳᠠᠮᠠᠯ ᠬᠡᠷᠡᠭ ᠪᠣᠯᠤᠨ᠎ᠠ᠃ ᠵᠠᠬᠢᠳᠠᠯ ᠰᠤᠷᠪᠤᠯᠵᠢᠯᠠᠯ ᠬᠢᠭ᠌ᠰᠡᠳ᠎ᠦᠨ ᠴᠢᠩᠭ᠎ᠠ ᠬᠦᠰᠡᠯ ᠱᠠᠭᠠᠷᠳᠠᠯᠭ᠎ᠠ ᠪᠠ ᠦᠷᠭᠦᠯᠵᠢᠯᠡᠨ ᠵᠠᠬᠢᠳᠠᠯ ᠰᠤᠷᠪᠤᠯᠵᠢᠯᠠᠯ ᠬᠢᠬᠦ ᠳᠠᠷᠤᠯᠲᠠ᠎ᠶ᠋ᠢᠨ ᠡᠮᠦᠨ᠎ᠡ᠂ ᠢᠦᠢᠴᠢᠤᠸᠠᠨ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠨᠢ ᠤᠯᠠᠨ ᠲᠦᠮᠡᠨ ᠵᠢᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ 《ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠤ᠋ᠨ ᠬᠡᠷᠡᠭ ᠪᠤᠯᠭᠠᠨ ᠳ᠋ᠸ᠋ ᠬᠠᠷᠢᠭᠤ ᠥᠭ᠌ᠬᠦ》 ᠠᠮᠠᠯᠠᠯᠲᠠ᠎ᠪᠠᠨ ᠭᠦᠨᠵᠡᠭᠡᠢ ᠦᠢᠯᠡᠳᠦᠯᠭᠡᠵᠢᠭᠦᠯᠵᠦ᠍᠂ ᠵᠠᠬᠢᠳᠠᠯ ᠰᠤᠷᠪᠤᠯᠵᠢᠯᠠᠯ᠎ᠢ ᠬᠦᠯᠢᠴᠡᠩᠭᠦᠢ ᠨᠠᠷᠢᠨ ᠨᠢᠮᠪᠠᠢ ᠬᠦᠯᠢᠶᠠᠨ ᠠᠪᠴᠤ᠌ ᠰᠣᠨᠣᠰᠭᠤ᠂ ᠪᠦᠬᠦ᠌ ᠲᠠᠯ᠎ᠠ᠎ᠪᠠᠷ ᠪᠤᠰᠤᠳᠴᠢ᠎ᠪᠠᠷ ᠪᠠᠢᠴᠠᠭᠠᠵᠤ ᠲᠠᠬᠢᠨ ᠬᠢᠨᠠᠬᠤ᠂ ᠤᠯᠠᠨ ᠲᠠᠯ᠎ᠠ᠎ᠶ᠋ᠢᠨ ᠬᠦᠴᠦᠨ᠎ᠢ ᠢᠳᠡᠪᠬᠢᠲᠡᠢ ᠵᠣᠬᠢᠴᠠᠭᠤᠯᠬᠤ᠂ ᠨᠡᠢᠭᠡᠮ᠎ᠡᠴᠡ ᠬᠠᠪᠰᠤᠷᠤᠨ ᠲᠡᠳᠬᠦᠬᠦ᠌ ᠵᠡᠷᠭᠡ ᠤᠯᠠᠨ ᠵᠦᠢᠯ᠎ᠦᠨ ᠠᠷᠭ᠎ᠠ ᠬᠡᠮᠵᠢᠶ᠎ᠡ ᠵᠢ ᠶᠡᠷᠦᠩᠬᠡᠢᠯᠡᠨ ᠬᠡᠷᠡᠭ᠌ᠯᠡᠬᠦ᠌᠎ᠪᠡᠷ ᠲᠠᠮᠵᠢᠨ᠂ ᠵᠠᠬᠢᠳᠠᠯ ᠰᠤᠷᠪᠤᠯᠵᠢᠯᠠᠯ ᠬᠢᠭ᠌ᠰᠡᠳ᠎ᠦᠨ 《ᠬᠠᠤᠯᠢ᠎ᠶ᠋ᠢᠨ ᠵᠠᠩᠭᠢᠯᠠᠭ᠎ᠠ》 ᠪᠠ 《ᠰᠡᠳᠭᠢᠯ᠎ᠦᠨ ᠵᠠᠩᠭᠢᠯᠠᠭ᠎ᠠ》᠎ᠶ᠋ᠢ ᠠᠮᠵᠢᠯᠲᠠ᠎ᠲᠠᠶ᠎ᠪᠠᠷ ᠲᠠᠢ᠌ᠯᠵᠤ᠂ ᠤᠴᠢᠷ ᠶᠠᠪᠤᠳᠠᠯ᠎ᠢ ᠳᠠᠭᠤᠰᠭᠠᠨ ᠠᠷᠠᠳ ᠤᠯᠠᠨ᠎ᠢ ᠰᠡᠳᠬᠢᠯ ᠬᠠᠨᠤᠮᠵᠢᠳᠠᠢ ᠪᠤᠯᠭᠠᠵᠠᠢ᠃ 

ᠲᠣᠰ ᠬᠡᠷᠡᠭ ᠤ᠋ᠨ ᠠᠮᠵᠢᠯᠲᠠ ᠲᠠᠶ ᠪᠠᠷ ᠰᠣᠩᠭᠣᠭ᠍ᠳᠠᠭ᠍ᠰᠠᠨ ᠶᠠᠪᠤᠳᠠᠯ ᠎ᠨᠢ ᠢᠦᠢᠴᠢᠤᠸᠠᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ 《ᠲᠢᠶᠠᠨ ᠠᠪᠠᠭᠠᠢ᠎ᠶ᠋ᠢᠨ ᠠᠵᠢᠯᠯᠠᠬᠤ ᠦᠷᠦᠬᠡ》 ᠵᠢᠨ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠡᠷ ᠨᠤᠲᠠᠯᠠᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠢᠦᠢᠴᠢᠤᠸᠠᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠣᠷᠳᠣ ᠬᠤᠭᠤᠴᠠᠭ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ 《ᠹᠸᠩᠴᠢᠶᠣᠤ᠎ᠶ᠋ᠢᠨ ᠲᠤᠷᠱᠢᠯᠭ᠎ᠠ》᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠰᠡᠳᠭᠢᠯ ᠲᠠᠯᠪᠢᠵᠤ ᠬᠠᠢᠷ᠎ᠠ ᠰᠡᠳᠭᠢᠯᠭᠡ ᠲᠡᠶ᠎ᠪᠡᠷ ᠱᠢᠶ᠋ᠳᠪᠦᠷᠢᠯᠡᠭ᠌ᠰᠡᠨ᠎ᠢ ᠳᠡᠭᠡᠳᠦ ᠬᠡᠮᠵᠢᠶ᠎ᠡ᠎ᠪᠡᠷ ᠮᠡᠳᠡᠷᠡᠵᠦ᠍᠂ ᠢᠦᠢᠴᠢᠤᠸᠠᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠪᠠᠢᠴᠠᠭᠠᠬᠤ ᠡᠩᠨᠡᠭᠡᠨ᠎ᠦ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ ᠪᠠ ᠠᠷᠠᠳ᠎ᠤᠨ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠶ᠋ᠢ ᠭᠦᠶ᠋ᠴᠡᠳ ᠢᠯᠡᠷᠡᠭᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号