ᠬᠡᠷᠡᠭ ᠵᠢᠡᠷ ᠰᠤᠯᠢᠯᠴᠠᠨ ᠬᠠᠮᠳᠤᠷᠠᠨ ᠬᠦᠳᠡᠯᠦᠯᠴᠡᠬᠦ ᠵᠢ ᠴᠢᠩᠭᠠᠳᠬᠠᠵᠦ ᠵᠠᠰᠠᠭ ᠵᠠᠬᠢᠷᠭᠠᠨ᠎ᠤ ᠳᠠᠬᠢᠨ ᠵᠥᠪᠯᠡᠬᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ
2025-12-31 11:11:58
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠡᠴᠡ ᠴᠢᠨᠠᠷ ᠰᠠᠢᠲᠠᠢ ᠦᠷ᠎ᠡ ᠪᠦᠲᠦᠮᠵᠢᠲᠡᠶ ᠵᠠᠰᠠᠭ ᠵᠠᠬᠢᠷᠭᠠᠨ᠎ᠤ ᠳᠠᠬᠢᠨ ᠵᠥᠪᠯᠡᠬᠦ ᠬᠡᠷᠡᠭ᠎ᠦᠨ ᠰᠣᠯᠢᠯᠴᠠᠭᠠᠨ᠎ᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ᠃

ᠬᠤᠷᠠᠯ ᠨᠢ 《ᠴᠢᠨᠠᠷ ᠰᠠᠢᠲᠠᠢ ᠦᠷ᠎ᠡ ᠪᠦᠲᠦᠮᠵᠢᠲᠡᠶ ᠬᠥᠭᠵᠢᠯᠲᠡ》 ᠵᠢᠨ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠡᠯ᠎ᠡ ᠠᠢᠮᠠᠭ ᠬᠣᠲᠠ᠎ᠶᠢᠨ ᠬᠠᠤᠯᠢ ᠴᠠᠭᠠᠵᠠ᠎ᠶᠢᠨ ᠲᠣᠪᠴᠢᠶ᠎ᠠ ᠠ᠋ᠴᠠ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ᠎ᠪᠡᠷ ᠭᠠᠷᠳᠠᠴᠠ ᠪᠣᠯᠭᠠᠵᠤ᠂ ᠵᠠᠰᠠᠭ ᠵᠠᠬᠢᠷᠭᠠᠨ᠎ᠤ ᠳᠠᠬᠢᠨ ᠵᠥᠪᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠠᠷᠢᠨ ᠨᠢᠮᠪᠠᠢ ᠰᠢᠯᠢᠨ ᠰᠣᠩᠭᠣᠬᠤ᠎ᠶᠢᠨ ᠬᠠᠮᠲᠤ ᠬᠠᠷᠢᠭᠤ ᠮᠡᠳᠡᠭᠦᠯᠦᠯᠲᠡ ᠬᠢᠪᠡ᠃ ᠬᠠᠤᠯᠢ ᠴᠠᠭᠠᠵᠠ᠎ᠶᠢᠨ ᠲᠢᠩᠬᠢᠮ᠎ᠦᠨ ᠬᠡᠷᠡᠭ ᠰᠢᠢᠳᠪᠦᠷᠢᠯᠡᠬᠦ ᠭᠠᠵᠠᠷ ᠲᠠᠰᠤᠭ᠎ᠤᠨ ᠬᠠᠷᠢᠭᠤᠴᠠᠯᠭᠠᠲᠠᠨ ᠨᠢᠭᠡᠳ ᠨᠢᠭᠡ᠎ᠪᠡᠷ ᠦᠨᠡᠯᠡᠭᠰᠡᠨ ᠪᠥᠭᠡᠳ ᠵᠠᠰᠠᠭ ᠵᠠᠬᠢᠷᠭᠠᠨ᠎ᠤ ᠳᠠᠬᠢᠨ ᠵᠥᠪᠯᠡᠬᠦ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃

ᠬᠤᠷᠠᠯ᠎ᠡᠴᠠ ᠡᠯ᠎ᠡ ᠭᠠᠵᠠᠷ᠎ᠤᠨ ᠵᠠᠰᠠᠭ ᠵᠠᠬᠢᠷᠭᠠᠨ᠎ᠤ ᠳᠠᠬᠢᠨ ᠵᠥᠪᠯᠡᠬᠦ᠎ᠳᠦ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠡᠨ ᠪᠣᠳᠠᠲᠠᠢ᠎ᠪᠠᠷ ᠨᠠᠮᠳᠠᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠳᠤ ᠬᠢᠨᠠᠯᠲᠠ ᠲᠠᠯᠪᠢᠬᠤ᠂ ᠳᠠᠬᠢᠨ ᠵᠥᠪᠯᠡᠵᠦ ᠠᠵᠤ ᠠᠬᠤᠢᠯᠠᠯ᠎ᠢ ᠬᠠᠮᠠᠭᠠᠯᠠᠬᠤ ᠵᠢᠴᠢ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ ᠲᠠᠯ᠎ᠠ᠎ᠪᠠᠷ ᠬᠢ ᠠᠮᠵᠢᠯᠲᠠ᠎ᠲᠠᠢ ᠠᠷᠭ᠎ᠠ ᠬᠢᠳᠡᠯ ᠪᠣᠯᠣᠨ ᠦᠷ᠎ᠡ ᠪᠦᠲᠦᠮᠵᠢ᠎ᠶᠢ ᠨᠤᠲᠠᠯᠠᠪᠠ᠃ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠭᠦᠨᠵᠡᠭᠡᠢ ᠰᠣᠯᠢᠯᠴᠠᠬᠤ ᠪᠠ ᠬᠠᠷᠢᠯᠴᠠᠨ ᠲᠣᠯᠢᠯᠠᠬᠤ᠎ᠪᠠᠷ ᠳᠠᠮᠵᠢᠨ᠂ ᠲᠤᠷᠰᠢᠯᠭ᠎ᠠ᠎ᠪᠠᠨ ᠪᠣᠯᠪᠠᠰᠤᠷᠠᠭᠤᠯᠵᠤ᠂ ᠲᠠᠨᠢᠯᠲᠠ᠎ᠪᠠᠨ ᠨᠢᠭᠡᠳᠬᠡᠨ᠂ ᠬᠠᠮᠳᠤᠷᠠᠯ ᠬᠦᠴᠦᠨ᠎ᠢ ᠨᠢᠭ᠍ᠲᠠᠷᠠᠭᠤᠯᠵᠤ᠂ ᠰᠡᠳᠬᠢᠴᠡ᠎ᠪᠡᠨ ᠰᠡᠩᠬᠡᠷᠡᠭᠦᠯᠵᠦ᠂ ᠠᠵᠢᠯ᠎ᠢᠶᠠᠨ ᠠᠬᠢᠭᠤᠯᠬᠤ ᠵᠢᠱ᠌ᠢᠭᠰᠡᠨ ᠬᠠᠷᠠᠯᠲᠠ᠎ᠳᠠᠭᠠᠨ ᠬᠦᠷᠴᠦ᠂ ᠲᠠᠷᠠᠭᠠᠴᠢ᠎ᠶᠢᠨ ᠱᠠᠲᠤᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠬᠦ ᠠᠵᠢᠯ᠎ᠤᠨ ᠴᠢᠨᠠᠷ ᠰᠠᠢᠲᠠᠢ ᠦᠷ᠎ᠡ ᠪᠦᠲᠦᠮᠵᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠪᠠ᠃

ᠬᠤᠷᠠᠯ᠎ᠡᠴᠠ᠂ ᠡᠯ᠎ᠡ ᠭᠠᠵᠠᠷ᠎ᠤᠨ ᠬᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠣᠨᠴᠠᠭᠠᠶ ᠬᠡᠷᠡᠭ᠎ᠢ ᠰᠢᠢᠳᠪᠦᠷᠢᠯᠡᠭᠰᠡᠨ ᠲᠤᠷᠰᠢᠯᠭ᠎ᠠ᠎ᠶᠢ ᠳᠤᠰ ᠲᠥᠷᠥᠯ᠎ᠦᠨ ᠬᠡᠷᠡᠭ᠎ᠢ ᠰᠢᠢᠳᠪᠦᠷᠢᠯᠡᠬᠦ ᠪᠠᠷᠢᠮᠵᠢᠶ᠎ᠠ ᠪᠠ ᠴᠢᠳᠠᠪᠤᠷᠢ ᠪᠣᠯᠭᠠᠨ ᠬᠤᠪᠢᠷᠠᠭᠤᠯᠵᠤ᠂ ᠳᠡᠭᠡᠷ᠎ᠡ ᠱᠠᠲᠤᠨ᠎ᠡᠴᠠ ᠳᠣᠣᠷ᠎ᠠ ᠱᠠᠲᠤᠨ᠎ᠳᠤ ᠬᠢᠨᠠᠯᠲᠠ ᠲᠠᠯᠪᠢᠵᠤ ᠵᠢᠯᠤᠭᠣᠳᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ; ᠵᠠᠰᠠᠭ ᠵᠠᠬᠢᠷᠭᠠᠨ᠎ᠤ ᠳᠠᠬᠢᠨ ᠵᠥᠪᠯᠡᠬᠦ ᠠᠵᠢᠯᠲᠠᠨ᠎ᠤ ᠬᠡᠷᠡᠭ ᠰᠢᠢᠳᠪᠦᠷᠢᠯᠡᠬᠦ ᠴᠢᠳᠠᠪᠤᠷᠢ᠎ᠶᠢ ᠴᠢᠨᠠᠬᠰᠢᠲᠠ ᠳᠡᠭᠡᠭᠰᠢᠯᠡᠭᠦᠯᠵᠦ᠂ ᠲᠤᠬᠠᠢᠯᠠᠭᠰᠠᠨ ᠠᠵᠢᠯ᠎ᠤᠨ ᠪᠣᠯᠪᠠᠰᠤᠷᠠᠯ ᠬᠢᠬᠦ᠂ ᠴᠢᠳᠠᠪᠤᠷᠢᠲᠠᠨ ᠰᠣᠩᠭᠣᠬᠤ᠂ ᠤᠷᠤᠯᠳᠤᠭᠠᠨ ᠡᠷᠭᠢᠯᠡᠬᠦ ᠵᠡᠷᠭᠡ ᠠᠷᠭ᠎ᠠ ᠮᠠᠶᠢᠭ᠋᠎ᠢᠶᠠᠷ ᠵᠠᠰᠠᠭ ᠵᠠᠬᠢᠷᠭᠠᠨ᠎ᠤ ᠳᠠᠬᠢᠨ ᠵᠥᠪᠯᠡᠬᠦ ᠠᠵᠢᠯᠲᠠᠨ᠎ᠤ ᠡᠩᠨᠡᠭᠡ᠎ᠶᠢᠨ ᠲᠤᠰᠬᠠᠢᠵᠢᠭ᠍ᠰᠠᠨ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ ᠬᠡᠷᠡᠭᠲᠡᠢ; ᠤᠨᠤᠯ ᠪᠣᠯᠣᠨ ᠪᠣᠳᠠᠲᠤ ᠶᠠᠪᠤᠳᠠᠯ᠎ᠤᠨ ᠬᠣᠯᠪᠣᠯᠳᠤᠯ ᠠᠭᠤᠰᠤᠯᠴᠠᠯ᠎ᠢ ᠭᠦᠨᠵᠡᠭᠡᠢᠷᠡᠭᠦᠯᠵᠦ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ ᠬᠠᠤᠯᠢ᠎ᠶᠢᠨ ᠤᠬᠠᠭᠠᠨ᠎ᠤ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠬᠤ ᠬᠡᠷᠡᠭᠲᠡᠢ; ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠵᠠᠰᠠᠭ ᠵᠠᠬᠢᠷᠭᠠᠨ᠎ᠤ ᠳᠠᠬᠢᠨ ᠵᠥᠪᠯᠡᠬᠦ᠎ᠶᠢᠨ ᠣᠯᠠᠨ ᠨᠡᠶ᠋ᠢᠲᠡ᠎ᠶᠢ ᠢᠲᠡᠭᠡᠭᠦᠯᠬᠦ ᠬᠦᠴᠦᠨ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠪᠦᠷ ᠮᠤᠩᠭᠤᠯ᠎ᠤᠨ ᠵᠠᠰᠠᠭ ᠵᠠᠬᠢᠷᠭᠠᠨ᠎ᠤ ᠳᠠᠬᠢᠨ ᠵᠥᠪᠯᠡᠬᠦ ᠠᠵᠢᠯ᠎ᠤᠨ ᠳᠠᠬᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠵᠤ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠨᠠᠩ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠱᠠᠭᠠᠷᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号