ᠰᠤᠷᠪᠤᠯᠵᠢᠯᠠᠭ᠍ᠴᠢ 25 ᠤ᠋ ᠡᠳᠦᠷ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠡᠨᠡ ᠵᠢᠯ᠎ᠦᠨ ᠲᠦᠷᠦᠭᠦᠦ 11 ᠰᠠᠷ᠎ᠠ᠎ᠳᠤ᠂ ᠪᠥᠬᠥ᠌ ᠤᠯᠤᠰ᠎ᠲᠤ ᠬᠣᠲᠠ ᠪᠠᠯᠭᠠᠰᠤᠨ᠎ᠤ 2.58 ᠲᠦᠮᠡᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠢ ᠥᠭᠡᠷᠡᠴᠢᠯᠡᠨ ᠱᠢᠨᠡᠳᠭᠡᠬᠦ᠌ ᠠᠵᠢᠯ᠎ᠢ ᠱᠢᠨ᠎ᠡ᠎ᠪᠡᠷ ᠡᠬᠢᠯᠡᠭᠦᠯᠪᠡ᠃
ᠭᠠᠵᠠᠷ ᠣᠷᠣᠨ ᠬᠤᠪᠢᠶᠠᠵᠤ ᠦᠵᠡᠪᠡᠯ᠂ ᠪᠡᠭᠡᠵᠢᠩ᠂ ᠲᠢᠶᠠᠨᠵᠢᠨ᠂ ᠾᠧᠪᠧᠶ᠂ ᠵᠢᠶᠠᠩᠰᠢ ᠵᠡᠷᠭᠡ 22 ᠭᠠᠵᠠᠷ ᠣᠷᠣᠨ ᠪᠠ ᠱᠢᠨᠵᠢᠶᠠᠩ ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠨᠢᠭᠡᠨᠲᠡ ᠣᠨ ᠤ ᠬᠣᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠢ ᠥᠭᠡᠷᠡᠴᠢᠯᠡᠨ ᠱᠢᠨᠡᠳᠭᠡᠬᠦ᠌ ᠲᠥᠯᠥᠪᠯᠡᠭᠡ᠎ᠪᠡᠨ ᠪᠡᠶᠡᠯᠡᠭᠦᠯᠪᠡ᠃
2025 ᠣᠨ᠎ᠳᠤ᠂ ᠪᠥᠬᠥ᠌ ᠤᠯᠤᠰ ᠲᠤ ᠬᠣᠲᠠ ᠪᠠᠯᠭᠠᠰᠤᠨ᠎ᠤ 2.5 ᠲᠦᠮᠡᠨ ᠬᠠᠭᠤᠴᠢᠨ ᠰᠠᠭᠤᠭᠠᠯᠢ ᠠᠷᠠᠳ ᠤᠨ ᠲᠣᠭᠣᠷᠢᠭ ᠢ ᠱᠢᠨ᠎ᠡ᠎ᠪᠡᠷ ᠪᠠᠷᠢᠯᠭ᠎ᠠ ᠡᠬᠢᠯᠡᠭᠦᠯᠵᠦ᠍ ᠥᠭᠡᠷᠡᠴᠢᠯᠡᠨ ᠪᠠᠢᠭᠤᠯᠬᠤ᠎ᠪᠠᠷ ᠲᠥᠯᠥᠪᠯᠡᠪᠡ᠃ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠬᠠᠮᠢᠶ᠎ᠠ ᠪᠥᠬᠥᠶ ᠬᠠᠷᠢᠭᠤᠴᠠᠯᠭᠠᠲᠠᠨ᠂ 2026 ᠣᠨ᠎ᠳᠤ᠂ 《ᠬᠤᠸᠠᠷ ᠬᠠᠳᠭᠤᠬᠤ》 ᠡᠷᠳᠡᠮ᠎ᠢᠶᠡᠷ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠂ ᠪᠦᠷᠢᠨ ᠪᠦᠲᠦᠨ ᠨᠡᠢᠭᠡᠮ ᠲᠣᠭᠣᠷᠢᠭ᠎ᠢ ᠪᠥᠲᠥᠭᠡᠨ ᠪᠠᠢᠭᠤᠯᠬᠤ᠂ ᠬᠠᠷᠮᠠᠨ ᠴᠡᠴᠡᠷᠯᠢᠭ᠎ᠢ ᠪᠥᠲᠥᠭᠡᠨ ᠪᠠᠢᠭᠤᠯᠬᠤ᠂ ᠵᠦᠯᠭᠡ ᠭᠠᠵᠠᠷ ᠢ ᠨᠡᠭᠡᠭᠡᠯᠲᠡᠲᠡᠶ ᠪᠠᠢᠯᠭᠠᠵᠤ ᠬᠠᠮᠲᠤ᠎ᠪᠠᠷ ᠡᠳ᠋ᠯᠡᠬᠦ᠌᠂ 《ᠬᠠᠢᠷ᠎ᠠ ᠬᠠᠯᠠᠮᠵᠢ᠎ᠶ᠋ᠢᠨ ᠢᠨᠵᠧᠨᠧᠷᠢᠩ》 ᠢ᠋ ᠪᠥᠲᠥᠭᠡᠨ ᠪᠠᠢᠭᠤᠯᠬᠤ᠂ ᠬᠣᠲᠠ᠎ᠶ᠋ᠢᠨ ᠵᠢᠵᠢᠭ ᠪᠢᠴᠢᠯ ᠣᠯᠠᠨ ᠨᠡᠢᠲᠡ᠎ᠶ᠋ᠢᠨ ᠣᠷᠣᠨ ᠵᠠᠶ᠎ᠶ᠋ᠢ ᠥᠭᠡᠷᠡᠴᠢᠯᠡᠨ ᠱᠢᠨᠡᠳᠭᠡᠬᠦ᠌ ᠶ᠋ᠢ ᠨᠠᠷᠢᠯᠢᠭ᠍ᠵᠢᠭᠤᠯᠤᠨ ᠠᠬᠢᠭᠤᠯᠵᠤ᠂ ᠬᠠᠷᠰᠢ ᠰᠠᠭᠠᠳ ᠥᠬᠡᠶ ᠪᠥᠭᠡᠳ ᠨᠠᠰᠤᠵᠢᠯ ᠳᠦ ᠳᠣᠭᠢᠷᠠᠬᠤ ᠣᠷᠴᠢᠨ ᠠᠬᠤᠶ ᠶ᠋ᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ ᠭᠡᠵᠦ ᠢᠯᠡᠳᠭᠡᠪᠡ᠃
ᠢᠷᠡᠯᠲᠡ᠄ ᠰᠢᠨᠬᠤᠸᠠ ᠬᠤᠷᠢᠶ᠎ᠠ