— 《ᠰᠤᠶᠤᠯ ᠵᠢᠭᠤᠯᠴᠢᠯᠠᠯ》 ᠲᠤᠰᠭᠠᠶ ᠬᠡᠪᠯᠡᠯ᠎ᠤᠨ 2025 ᠤᠨ᠎ᠤ ᠤᠳᠬᠤᠨᠳᠤᠭᠠᠷᠤᠨ ᠵᠢᠰᠢᠶᠠᠨ ᠲᠡᠭᠡᠷ᠎ᠠ
ᠬᠠᠷᠢᠭᠤᠴᠠᠬᠰᠠᠨ ᠨᠠᠢᠷᠠᠭᠤᠯᠤᠭ᠍ᠴᠢ᠎ᠶ᠋ᠢᠨ ᠦᠭᠡ
2025 ᠣᠨ᠎ᠳᠤ᠂ 《ᠰᠣᠶᠣᠯ ᠵᠢᠭᠤᠯᠴᠢᠯᠠᠯ》 ᠲᠤᠰᠭᠠᠶ ᠬᠡᠪᠯᠡᠯ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠭᠤᠤᠯ ᠱᠤᠭᠤᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠪᠥᠲᠥᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 26 ᠬᠤᠭᠤᠴᠠᠭ᠎ᠠ ᠨᠡᠢᠳᠡᠯᠡᠪᠡ᠃ ᠪᠥᠬᠥ᠌ ᠦᠵᠡᠮᠵᠢ᠎ᠶ᠋ᠢᠨ ᠬᠡᠯᠪᠡᠷᠢ᠎ᠪᠡᠷ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠬᠡᠷᠡᠭ᠌ᠯᠡᠭᠡᠨ᠎ᠦ ᠠᠮᠢᠵᠢᠷᠠᠯ᠎ᠤᠨ ᠬᠦᠴᠦᠨ᠂ ᠣᠷᠣᠨ ᠪᠦᠰᠡ᠎ᠶ᠋ᠢᠨ ᠰᠣᠶᠣᠯ᠎ᠤᠨ ᠷᠢᠳᠢ ᠱᠢᠳᠢ ᠵᠢᠴᠢ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠪᠡᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠪᠠᠢᠭᠤᠯᠤᠯᠲᠠ ᠬᠢᠭᠡᠳ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠳᠦ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠭᠤᠯ᠎ᠢ ᠪᠣᠶ ᠪᠣᠯᠭᠠᠪᠠ᠃
2026 ᠤᠨ᠎ᠳᠤ 《ᠰᠤᠶᠤᠯ ᠵᠢᠭᠤᠯᠴᠢᠯᠠᠯ》 ᠲᠤᠰᠭᠠᠶ ᠬᠡᠪᠯᠡᠯ ᠰᠣᠶᠣᠯ ᠵᠢᠭᠤᠯᠴᠢᠯᠠᠯ᠎ᠤᠨ ᠬᠦᠷᠢᠶᠠᠨ᠎ᠳᠡᠬᠢ ᠤᠯᠠᠨ ᠰᠤᠳᠤᠨ ᠰᠠᠢᠬᠠᠨ ᠮᠡᠳᠡᠭᠡᠯᠡᠯ ᠵᠢᠡᠷ ᠵᠢᠡᠨ ᠥᠪᠥᠷ ᠮᠣᠩᠭᠣᠯ᠎ᠤᠨ ᠦᠡᠭᠭᠡ ᠦᠵᠡᠮᠵᠢ᠂ ᠰᠤᠶᠤᠯ ᠢᠷᠭᠡᠨᠰᠢᠯ᠂ ᠲᠡᠤᠭᠡ ᠤᠳᠬ᠎ᠠ ᠤᠷᠠᠯᠢᠭ᠂ ᠬᠡᠷᠡᠭᠯᠡᠭᠡ᠂ ᠪᠤᠳᠠᠰ᠎ᠤᠨ ᠪᠤᠰᠤ ᠰᠤᠶᠤᠯ᠎ᠤᠨ ᠦᠪ᠂ ᠢᠳᠡᠭᠡᠨ ᠤᠮᠳᠠᠭᠠᠨ᠂ ᠵᠠᠡᠭ ᠠᠭᠠᠯᠢ ᠵᠡᠷᠭᠡ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠡᠭ ᠤᠯᠠᠨ ᠬᠦᠮᠤᠨ᠎ᠳᠤ ᠲᠠᠨᠢᠭᠤᠯᠵᠤ᠂ ᠰᠤᠶᠤᠯ ᠵᠢᠭᠤᠯᠴᠢᠯᠠᠯ᠎ᠤᠨ ᠨᠡᠷ᠎ᠠ ᠠᠯᠳᠠᠷᠰᠢᠯ᠎ᠢ ᠤᠯᠠᠮ ᠦᠷᠭᠡᠳᠭᠡᠬᠦ ᠪᠤᠯᠤᠨ᠎ᠠ᠃ ᠠᠡᠭᠬᠠᠷᠤᠨ ᠤᠡᠭᠰᠢᠬ᠍ᠰᠠᠨ ᠲᠠ ᠪᠦᠬᠦᠨ᠎ᠳᠡᠭᠡᠨ ᠪᠠᠶᠠᠷᠯᠠᠯ᠎ᠠ!
2025 ᠣᠨ᠎ᠳᠤ᠂ ᠦᠪᠤᠷ ᠮᠤᠡᠭᠭᠤᠯ᠎ᠤᠨ ᠰᠤᠶᠤᠯ ᠵᠢᠭᠤᠯᠴᠢᠯᠠᠯ᠎ᠤᠨ ᠠᠵᠤ ᠦᠢᠯᠡᠰ ᠦᠷᠨᠢᠬᠦᠨ ᠬᠦᠭᠵᠢᠪᠡ᠃ 《ᠠᠶᠠᠯᠭᠤᠳᠤ ᠵᠢᠭᠤᠯᠴᠢᠯᠠᠯ ᠦᠪᠤᠷ ᠮᠤᠡᠭᠭᠤᠯ》 ᠲᠦᠷᠤᠯ ᠲᠡᠮᠳᠡᠭ ᠵᠢᠡᠷ ᠭᠤᠤᠯ ᠪᠤᠯᠭᠠᠨ᠂ ᠤᠯᠠᠨ ᠲᠦᠮᠡᠨ᠎ᠤ ᠰᠤᠶᠤᠯ᠎ᠤᠨ ᠬᠡᠷᠡᠭᠴᠡᠭᠡ ᠱᠠᠭᠠᠷᠳᠠᠯᠭ᠎ᠠ᠎ᠳᠤ ᠦᠢᠯᠡᠴᠢᠯᠡᠭᠰᠡᠨ ᠵᠢᠡᠷ ᠪᠠᠷᠠᠬᠤ ᠦᠬᠡᠢ ᠵᠠᠬ᠎ᠠ ᠲᠡᠯᠭᠡᠬᠦᠷᠴᠢᠯᠡᠭᠰᠡᠨ ᠠᠵᠢᠯᠯᠠᠭ᠎ᠠ ᠵᠢᠨ ᠵᠠᠬᠪᠤᠷ᠎ᠢ ᠢᠳᠡᠪᠬᠢᠳᠠᠢ ᠰᠦᠪᠡᠭᠴᠢᠯᠡᠵᠤ᠂ ᠡᠯ᠎ᠠ ᠲᠦᠷᠤᠯ᠎ᠤᠨ ᠠᠵᠢᠯᠯᠠᠭ᠎ᠠ ᠵᠢ 《ᠬᠠᠯᠠᠮᠰᠢᠯ》 ᠲᠠᠢ ᠪᠦᠭᠡᠳ 《ᠬᠦᠨᠴᠡ》 ᠲᠠᠢ ᠪᠤᠯᠭᠠᠵᠤ᠂ ᠤᠯᠠᠨ ᠲᠦᠮᠡᠨ᠎ᠤ ᠰᠤᠶᠤᠯ᠎ᠤᠨ ᠠᠮᠢᠳᠤᠷᠠᠯ᠎ᠢ ᠪᠠᠶᠠᠯᠢᠬᠵᠢᠭᠤᠯᠪᠠ᠃
《ᠠᠶᠠᠯᠭᠤᠳᠦ ᠵᠢᠭᠤᠯᠴᠢᠯᠠᠯ ᠥᠪᠥᠷ ᠮᠣᠩᠭᠣᠯ》 ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠵᠤ᠂ ᠨᠡᠶ᠋ᠢᠲᠡ 19548.59 ᠳ᠋ᠦᠩᠰᠢᠭᠤᠷ ᠤᠳᠠᠭ᠎ᠠ ᠵᠢᠭᠤᠯᠴᠢᠯᠠᠬᠴᠢ ᠵᠢᠨ ᠬᠠᠯᠠᠮᠰᠢᠯ ᠶᠠᠷᠢᠶᠠᠨ᠎ᠳᠤ ᠤᠷᠤᠵᠤ᠂ 519.73 ᠳ᠋ᠦᠩᠰᠢᠭᠤᠷ ᠬᠥᠮᠥᠨ ᠤᠳᠠᠭᠠᠬᠠᠯᠠᠮᠰᠢᠯ ᠶᠠᠷᠢᠶᠠᠨ᠎ᠳᠤ ᠤᠷᠤᠯᠴᠠᠵᠦ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠤᠨ ᠳᠠᠮᠵᠢᠭᠤᠯᠭ᠎ᠠ᠎ᠶᠢᠨ ᠰᠢᠨ᠎ᠡ ᠲᠡᠮᠳᠡᠭᠯᠡᠯ᠎ᠢ ᠡᠭᠦᠳᠪᠡ; ᠬᠠᠮᠤᠭ᠎ᠤᠨ ᠭᠤᠶᠤ ᠲᠤᠷᠭᠠᠨ ᠬᠢᠯᠢ ᠵᠢᠨ ᠵᠠᠰᠠᠮᠠᠯ ᠵᠠᠮ 331᠂ ᠬᠠᠮᠤᠭ᠎ᠤᠨ ᠭᠤᠶᠤ ᠲᠠᠯ᠎ᠠ ᠨᠤᠳᠤᠭ᠎ᠤᠨ ᠵᠠᠰᠠᠮᠠᠯ ᠵᠠᠮ 99 ᠨᠤᠮᠸᠷᠳᠤ ᠵᠡᠷᠭᠡ《ᠲᠦᠷᠭᠡᠨ ᠤᠷᠤᠭ᠍ᠰᠢᠯᠠᠵᠦ ᠠᠯᠭᠤᠷ ᠵᠢᠭᠤᠯᠴᠢᠯᠠᠬᠤ》 ᠵᠠᠮ ᠬᠠᠷᠢᠯᠴᠠᠭᠠᠨ᠎ᠤ ᠲᠤᠤᠷ ᠲᠡᠬᠦᠯᠳᠡᠷᠵᠢᠵᠦ᠂ ᠵᠢᠭᠤᠯᠴᠢᠯᠠᠯ᠎ᠤᠨ ᠵᠠᠰᠠᠮᠠᠯ ᠵᠠᠮ᠎ᠤᠨ ᠭᠤᠤᠯ ᠰᠡᠳᠦᠪᠲᠦ ᠰᠣᠳᠣᠨ ᠵᠢᠱ᠌ᠢᠶ᠎ᠡ ᠵᠡᠷᠭᠡ ᠲᠠᠪᠤᠨ ᠶᠡᠬᠡ ᠢᠨᠵᠧᠨᠧᠷᠢᠩ᠎ᠢ ᠬᠡᠷᠡᠭᠵᠢᠬᠦᠯᠪᠡ; ᠪᠤᠳᠠᠰ᠎ᠤᠨ ᠪᠤᠰᠤ ᠰᠤᠶᠤᠯ᠎ᠤᠨ ᠦᠪ᠎ᠤᠨ ᠠᠵᠢᠯᠯᠠᠭ᠎ᠠ᠂ ᠮᠦᠰᠤ ᠴᠠᠰᠤᠨ᠎ᠤ ᠵᠢᠭᠤᠯᠴᠢᠯᠠᠯ᠂ ᠡᠯ᠎ᠠ ᠲᠦᠷᠤᠯ᠎ᠤᠨ ᠮᠦᠽᠸᠢ ᠵᠢᠨ ᠦᠵᠡᠬᠦᠯᠭᠡ᠂ ᠠᠷᠠᠳ ᠲᠸ᠋ ᠠᠰᠢᠭ ᠬᠦᠷᠳᠡᠭᠡᠭᠰᠡᠨ ᠤᠷᠠᠨ ᠰᠠᠢᠬᠠᠨ᠎ᠤ ᠲᠤᠬᠯᠠᠯᠳᠠ ᠵᠡᠷᠭᠡ ᠤᠯᠠᠨ ᠡᠰᠢᠳᠤ ᠰᠤᠶᠤᠯ ᠵᠢᠭᠤᠯᠴᠢᠯᠠᠯ᠎ᠤᠨ ᠠᠵᠢᠯᠯᠠᠭ᠎ᠠ ᠪᠠᠶᠠᠷ ᠲᠤᠷᠠᠰᠬᠠᠯ᠎ᠤᠨ ᠡᠳᠤᠷ᠎ᠤᠨ ᠬᠠᠮ ᠨᠠᠢᠷᠠᠯᠢ ᠪᠦᠷᠢᠯᠳᠦᠬᠦᠯᠵᠡᠢ; 《i ᠵᠢᠭᠤᠯᠴᠢᠯᠠᠯ ᠥᠪᠥᠷ ᠮᠣᠩᠭᠣᠯ》 ᠪᠦᠬᠦ ᠤᠷᠤᠨ ᠪᠦᠰᠡ ᠵᠢᠨ ᠤᠶᠤᠨᠴᠢ ᠰᠤᠶᠤᠯ ᠵᠢᠭᠤᠯᠴᠢᠯᠠᠯ᠎ᠤᠨ ᠦᠢᠯᠡᠴᠢᠯᠡᠭᠡᠨ᠎ᠤ ᠲᠠᠪᠴᠠᠩ ᠠᠱᠢᠭ᠍ᠯᠠᠯᠲᠠ᠎ᠳᠤ ᠣᠷᠣᠵᠤ᠂ 478 ᠦᠵᠡᠮᠵᠢ᠎ᠶ᠋ᠢᠨ ᠣᠷᠣᠨ᠂ 476 ᠰᠣᠶᠣᠯ᠎ᠤᠨ ᠮᠦᠽᠧᠶ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ ᠵᠡᠷᠭᠡ ᠨᠢᠭᠡ ᠦᠷᠳᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ᠎ᠶ᠋ᠢ ᠬᠠᠡᠭᠭᠠᠵᠤ᠂ ᠲᠣᠭᠠᠴᠢᠯᠠᠭ᠍ᠰᠠᠨ ᠣᠶᠤᠨᠴᠢ ᠠᠷᠭ᠎ᠠ ᠪᠠᠷᠢᠯ᠎ᠢᠶᠠᠷ ᠵᠢᠭᠤᠯᠴᠢᠯᠠᠬᠰᠠᠳ᠎ᠤᠨ ᠪᠡᠶᠡᠴᠢᠯᠡᠨ ᠣᠢᠯᠠᠭᠠᠬᠤ᠎ᠶ᠋ᠢ ᠲᠠᠰ ᠳᠡᠪᠱᠢᠭᠦᠯᠵᠠᠢ᠃
ᠰᠤᠶᠤᠯ ᠵᠢᠭᠤᠯᠴᠢᠯᠠᠯ᠎ᠤᠨ ᠬᠠᠯᠠᠮᠰᠢᠯ ᠦᠭᠡ — ᠠᠶᠠᠯᠭᠤᠳᠤ ᠵᠢᠭᠤᠯᠴᠢᠯᠠᠯ
ᠦᠪᠦᠷ ᠮᠤᠩᠭᠤᠯ᠎ᠤᠨ ᠵᠢᠭᠤᠯᠴᠢᠯᠠᠯ ᠲᠦᠷᠪᠡᠨ ᠤᠯᠠᠷᠢᠯ ᠵᠢᠡᠷ ᠬᠦᠭᠵᠢᠶᠡᠨᠳᠡᠢ
ᠰᠤᠶᠤᠯ ᠵᠢᠭᠤᠯᠴᠢᠯᠠᠯ᠎ᠤᠨ ᠮᠡᠳᠡᠭᠡᠯᠡᠯ ᠬᠤᠭᠤᠴᠠᠭ᠎ᠠ ᠪᠤᠯᠭᠠᠨ ᠬᠦᠨᠴᠡ ᠲᠠᠢ
ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠦᠨ ᠤᠬᠠᠭᠤᠯᠭ᠎ᠠ᠎ᠶᠢᠨ ᠠᠬᠢᠴᠠ᠎ᠶᠢ ᠳᠠᠭᠠᠯᠳᠤᠨ᠂ ᠪᠦᠬᠦ ᠤᠷᠤᠨ᠎ᠤ ᠡᠯ᠎ᠡ ᠭᠠᠵᠠᠷ᠎ᠤᠨ ᠥᠪᠡᠷᠮᠢᠴᠡ ᠣᠨᠴᠠᠯᠢᠭ᠋᠎ᠲᠠᠢ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ ᠬᠣᠢᠨ᠎ᠠ ᠬᠣᠢᠨ᠎ᠠ᠎ᠠᠴᠠ᠎ᠪᠠᠨ ᠴᠣᠯᠭᠣᠷᠠᠨ ᠭᠠᠷᠪᠠ᠃ ᠬᠥᠯᠥᠨ ᠪᠤᠢ᠍ᠢᠷ ᠬᠤᠳᠠ ᠲᠦᠷᠪᠡᠨ ᠤᠯᠠᠷᠢᠯ᠎ᠤᠨ ᠵᠢᠭᠤᠯᠴᠢᠯᠠᠯ᠎ᠤᠨ ᠲᠦᠷᠦᠯ ᠳᠡᠮᠳᠡᠭᠢᠦᠷᠭᠦᠯᠵᠢᠯᠡᠨ ᠡᠭᠦᠳᠴᠦ᠂ ᠴᠠᠰᠤ ᠮᠥᠰᠦᠨᠤ ᠡᠬᠢ ᠪᠠᠶᠠᠯᠢᠭ᠋᠎ᠲᠤ ᠲᠦᠰᠢᠭᠯᠡᠨ ᠡᠪᠦᠯ᠎ᠦᠨ ᠤᠯᠠᠷᠢᠯ᠎ᠳᠤ ᠵᠢᠭᠤᠯᠴᠢᠯᠠᠭᠰᠠᠳ᠎ᠢ ᠲᠠᠲᠠᠬᠰᠠᠨ ᠵᠢᠡᠷ ᠪᠠᠷᠠᠬᠤ ᠦᠭᠡᠢ᠂ ᠨᠡᠩ ᠴᠤ᠌ ᠠᠶᠠᠯᠭᠤᠳᠤ ᠵᠢᠭᠤᠯᠴᠢᠯᠠᠯ ᠥᠪᠥᠷ ᠮᠣᠩᠭᠣᠯ· ᠲᠠᠯ᠎ᠠ ᠨᠤᠲᠤᠭ᠎ᠤᠨ IP ᠶ᠋ᠢ ᠬᠠᠮᠲᠤ ᠪᠠᠷ ᠡᠳ᠋ᠯᠡᠬᠦ᠂ ᠰᠣᠳᠣᠨ ᠵᠠᠮ ᠱᠤᠭᠤᠮ᠎ᠢ ᠨᠡᠭᠡᠭᠡᠨ ᠬᠥᠭᠵᠢᠭᠦᠯᠬᠦ ᠵᠡᠷᠭᠡ ᠠᠷᠭ᠎ᠠ ᠬᠡᠯᠪᠡᠷᠢ᠎ᠪᠡᠷ ᠵᠢᠯ᠎ᠦᠨ ᠲᠦᠷᠪᠡᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠬᠤᠳᠠ᠎ᠶᠢ ᠴᠤᠬᠴᠠᠯᠠᠵᠠᠢ; ᠤᠯᠠᠭᠠᠨᠴᠠᠪ ᠬᠣᠲᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠡᠷᠭᠡ ᠲᠠᠪᠴᠠᠩ᠎ᠳᠤ ᠲᠦᠰᠢᠭᠯᠡᠨ᠂ 《ᠠᠶᠠᠯᠭᠤᠳᠤ ᠵᠢᠭᠤᠯᠴᠢᠯᠠᠯ ᠥᠪᠦᠷ ᠮᠣᠩᠭᠣᠯ》 ᠵᠢᠡᠷ ᠭᠣᠣᠯ ᠰᠡᠳᠦᠪ ᠪᠣᠯᠭᠠᠭᠰᠠᠨ ᠰᠣᠶᠣᠯ ᠵᠢᠭᠤᠯᠴᠢᠯᠠᠯ᠎ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ᠎ᠶᠢ ᠣᠯᠠᠨ ᠤᠳᠠᠭ᠎ᠠ ᠠᠮᠵᠢᠯᠲᠠ᠎ᠲᠠᠢ ᠥᠷᠨᠢᠭᠦᠯᠪᠡ; ᠪᠠᠶᠠᠨᠨᠠᠭᠤᠷ ᠬᠤᠳᠠ 《ᠠᠶᠠᠯᠭᠤᠳᠤ ᠵᠢᠭᠤᠯᠴᠢᠯᠠᠯ +》 ᠣᠨᠴᠠᠯᠢᠭ᠍ᠲᠤ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠪᠡ᠃
1 ᠰᠠᠷ᠎ᠠ ᠵᠢᠨ 1᠎ᠤ᠋ ᠡᠳᠤᠷ᠎ᠤᠨ 《ᠰᠤᠶᠤᠯ ᠵᠢᠭᠤᠯᠴᠢᠯᠠᠯ》 ᠲᠤᠰᠬᠠᠢ ᠬᠡᠪᠯᠡᠯ 《ᠮᠠᠨ᠎ᠤ ᠤᠷᠤᠨ᠎ᠤ ᠲᠦᠷᠪᠡᠨ ᠤᠯᠠᠷᠢᠯ᠎ᠤᠨ ᠵᠢᠭᠤᠯᠴᠢᠯᠠᠯ᠎ᠤᠨ ᠰᠢᠨ᠎ᠠ ᠬᠡᠯᠪᠡᠷᠢ ᠵᠢᠨ ᠡᠵᠡᠡᠭᠨᠡᠯᠳᠡ ᠵᠢᠨ ᠵᠠᠬᠪᠤᠷ᠎ᠤᠨ — ᠰᠢᠨ᠎ᠠ ᠰᠦᠪᠡᠭᠴᠢᠯᠡᠯ·ᠰᠢᠨ᠎ᠠ ᠬᠠᠯᠠᠮᠰᠢᠯ· ᠰᠢᠨ᠎ᠠ ᠰᠢᠪᠳᠤᠯᠤᠯᠳᠠ· ᠰᠢᠨ᠎ᠠ ᠲᠦᠷᠬᠦ》 ᠬᠦᠨᠴᠡ ᠮᠡᠳᠡᠭᠡᠯᠡᠯ ᠨᠡᠢᠳᠡᠯᠡᠵᠦ᠂ ᠦᠪᠦᠷ ᠮᠤᠩᠭᠤᠯ᠎ᠤᠨ ᠵᠢᠭᠤᠯᠴᠢᠯᠠᠯ᠎ᠤᠨ ᠦᠢᠯᠡᠰ᠎ᠢ ᠪᠠᠢᠭᠠᠯᠢ ᠠᠬᠤᠢ᠂ ᠬᠦᠳᠡᠭᠡ ᠲᠤᠰᠬᠤᠨ᠂ ᠰᠢᠨᠵᠢᠯᠡᠭᠡ ᠮᠡᠷᠭᠡᠵᠢᠯ᠂ ᠠᠵᠤ ᠦᠢᠯᠡᠳᠪᠤᠷᠢ᠂ ᠪᠡᠶ᠎ᠠ ᠵᠢᠨ ᠲᠠᠮᠢᠷ᠂ ᠲᠡᠤᠭᠡ ᠰᠤᠶᠤᠯ᠂ ᠵᠠᠡᠭ ᠦᠢᠯᠡ᠂ ᠪᠤᠳᠠᠰ᠎ᠤᠨ ᠪᠤᠰᠤ ᠰᠤᠶᠤᠯ᠎ᠤᠨ ᠦᠪ ᠵᠡᠷᠭᠡ ᠤᠯᠠᠨ ᠲᠠᠯ᠎ᠠ ᠲᠠᠢ ᠠᠭᠤᠰᠤᠯᠴᠠᠭᠤᠯᠵᠤ᠂ 《ᠲᠦᠷᠪᠡᠨ ᠤᠯᠠᠷᠢᠯ᠎ᠤᠨ ᠵᠢᠭᠤᠯᠴᠢᠯᠠᠯ》 ᠤ᠋ᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠤᠨ᠂ ᠵᠢᠭᠤᠯᠴᠢᠯᠠᠯ᠎ᠤᠨ ᠰᠢᠨ᠎ᠠ ᠲᠦᠷᠤᠯ ᠲᠡᠮᠳᠡᠭ᠎ᠢ ᠠᠯᠳᠠᠷᠰᠢᠭᠤᠯᠤᠨ᠂ 《ᠵᠢᠭᠤᠯᠴᠢᠯᠠᠯ +》᠂ 《+ ᠵᠢᠭᠤᠯᠴᠢᠯᠠᠯ》᠎ᠤ᠋ᠨ ᠰᠢᠨ᠎ᠠ ᠬᠡᠯᠪᠡᠷᠢ ᠵᠢᠨ ᠡᠵᠡᠡᠭᠨᠡᠯᠳᠡ ᠵᠢ ᠬᠦᠴᠤᠯᠡᠨ ᠬᠦᠭᠵᠢᠬᠦᠯᠵᠤ᠂ ᠵᠢᠭᠤᠯᠴᠢᠯᠠᠯ᠎ᠤᠨ ᠦᠢᠯᠡᠰ᠎ᠢ ᠲᠡᠰ ᠲᠡᠪᠰᠢᠬᠦᠯᠵᠤ ᠪᠠᠢᠭ᠎ᠠ ᠵᠢ ᠬᠦᠨᠴᠡ ᠮᠡᠳᠡᠭᠡᠯᠡᠪᠡ᠃

《ᠦᠵᠡᠮᠵᠢ·ᠢᠳᠡᠭᠡᠨ ᠤᠮᠳᠠᠭᠠᠨ·ᠠᠷᠠᠳ᠎ᠤᠨ ᠵᠠᠡᠭ ᠦᠢᠯᠡ·ᠦᠢᠯᠡᠴᠢᠯᠡᠭᠡ — ᠮᠠᠨ᠎ᠤ ᠤᠷᠤᠨ᠎ᠤ ᠬᠦᠳᠡᠭᠡ ᠲᠤᠰᠬᠤᠨ᠎ᠤ ᠰᠤᠶᠤᠯ ᠵᠢᠭᠤᠯᠴᠢᠯᠠᠯ᠎ᠤᠨ ᠬᠦᠭᠵᠢᠯᠳᠡ ᠵᠢᠨ ᠲᠡᠯᠳᠡ ᠬᠦᠴᠤᠨ ᠨᠢ ᠶᠠᠭᠤ ᠪᠤᠯᠬᠤ ᠪᠤᠢ?》 (3 ᠰᠠᠷ᠎ᠠ ᠵᠢᠨ 14᠎ᠤ᠋ 7 ᠳ᠋ᠤᠭᠠᠷ ᠨᠢᠭᠤᠷ)᠂ 《ᠮᠠᠨ᠎ᠤ ᠤᠷᠤᠨ᠎ᠤ ᠠᠵᠤ ᠠᠬᠤᠢ ᠰᠤᠶᠤᠯ ᠵᠢᠭᠤᠯᠴᠢᠯᠠᠯ ᠤᠯᠠᠨ ᠡᠰᠢᠳᠤ ᠡᠵᠡᠡᠭᠨᠡᠯᠳᠡ ᠵᠢ ᠲᠠᠢᠴᠢᠯᠠᠨ ᠦᠷᠨᠢᠨ ᠬᠦᠭᠵᠢᠭᠰᠡᠨ — ᠴᠡᠴᠡᠭᠳᠤ ᠤᠯᠠᠷᠢᠯ᠎ᠤᠨ ᠵᠢᠭᠤᠯᠴᠢᠯᠠᠯ᠎ᠤᠨ ᠠᠵᠤ ᠠᠬᠤᠢ》(5 ᠰᠠᠷ᠎ᠠ ᠵᠢᠨ 7᠎ᠤ᠋ ᠡᠳᠤᠷ᠎ᠤᠨ 6 ᠳ᠋ᠤᠭᠠᠷ ᠨᠢᠭᠤᠷ)᠂ 《ᠰᠤᠶᠤᠯ ᠵᠢᠭᠤᠯᠴᠢᠯᠠᠯ᠎ᠤᠨ ᠰᠢᠨ᠎ᠠ ᠬᠠᠷᠠᠭᠠᠰᠤ ᠰᠢᠨ᠎ᠠ ᠠᠭᠤᠯᠭ᠎ᠠ ᠰᠢᠨ᠎ᠠ ᠬᠡᠯᠪᠡᠷᠢ ᠰᠢᠨ᠎ᠠ ᠮᠤᠳ᠋ ᠤᠷᠤᠰᠬᠠᠯ ᠪᠤᠯᠤᠬᠰᠠᠨ — ᠬᠤᠳᠠ ᠵᠢᠨ ᠶᠠᠪᠠᠭᠠᠨ ᠵᠢᠭᠤᠯᠴᠢᠯᠠᠯ》 (5 ᠰᠠᠷ᠎ᠠ ᠵᠢᠨ 19᠎ᠤ᠋ ᠡᠳᠤᠷ᠎ᠤᠨ 5 ᠳ᠋ᠤᠭᠠᠷ ᠨᠢᠭᠤᠷ)᠂ 《ᠢᠳᠡᠭᠡᠨ ᠤᠮᠳᠠᠭᠠᠨ᠎ᠤ ᠰᠤᠶᠤᠯ ᠡᠴᠡ〈ᠦᠪᠤᠷ ᠮᠤᠡᠭᠭᠤᠯ᠎ᠤᠨ ᠦᠨᠤᠷ ᠠᠮᠳᠠ〉 ᠬᠦᠷᠳᠡᠯ᠎ᠠ — ᠰᠤᠶᠤᠯ ᠵᠢᠭᠤᠯᠴᠢᠯᠠᠯ᠎ᠤᠨ ᠬᠦᠭᠵᠢᠯᠳᠡ ᠵᠢᠨ ᠬᠦᠴᠤᠳᠤ ᠵᠢᠬᠦᠷ ᠪᠤᠯᠤᠬᠰᠠᠨ ᠦᠪᠤᠷ ᠮᠤᠡᠭᠭᠤᠯ᠎ᠤᠨ ᠠᠮᠳᠠᠳᠤ ᠢᠳᠡᠭᠡᠨ》 (6 ᠰᠠᠷ᠎ᠠ ᠵᠢᠨ 11᠎ᠤ᠋ ᠡᠳᠤᠷ᠎ᠤᠨ 6 ᠳ᠋ᠤᠭᠠᠷ ᠨᠢᠭᠤᠷ) ᠰᠢᠷᠢᠰ ᠲᠦᠷᠪᠡᠨ ᠮᠡᠳᠡᠭᠡᠯᠡᠯ ᠵᠢᠡᠷ ᠮᠠᠨ᠎ᠤ ᠤᠷᠤᠨ ᠤ ᠰᠤᠶᠤᠯ ᠵᠢᠭᠤᠯᠴᠢᠯᠠᠯ ᠤᠨ ᠠᠭᠤᠯᠭ᠎ᠠ ᠲᠠᠰᠤᠷᠠᠯᠳᠠ ᠦᠬᠡᠢ ᠦᠷᠭᠡᠵᠢᠵᠤ ᠪᠤᠰᠤᠳ ᠠᠵᠤ ᠦᠢᠯᠡᠰ ᠲᠠᠢ ᠠᠭᠤᠰᠤᠯᠴᠠᠨ ᠬᠦᠭᠵᠢᠵᠤ᠂ ᠪᠤᠰᠤᠳ ᠠᠵᠦ ᠦᠢᠯᠡᠰ᠎ᠢ ᠲᠠᠭᠠᠭᠤᠯᠤᠨ ᠬᠦᠭᠵᠢᠬᠦᠯᠦᠭᠰᠡᠨ ᠬᠦᠮᠤᠰ᠎ᠤᠨ ᠠᠡᠭᠬᠠᠷᠤᠯ᠎ᠢ ᠲᠠᠳᠠᠬᠰᠠᠨ 《ᠰᠤᠶᠤᠯ ᠵᠢᠭᠤᠯᠴᠢᠯᠠᠯ + ᠠᠵᠤ ᠠᠬᠤᠢ + ᠤᠯᠠᠨ ᠡᠰᠢᠳᠤ ᠡᠵᠡᠡᠭᠨᠡᠯᠳᠡ》 ᠵᠢ ᠪᠤᠢ ᠪᠤᠯᠭᠠᠬᠰᠠᠨ ᠲᠤᠬᠠᠢ ᠬᠦᠨᠴᠡ ᠮᠡᠳᠡᠭᠡᠯᠡᠨ᠂ ᠰᠤᠶᠤᠯ ᠵᠢᠭᠤᠯᠴᠢᠯᠠᠯ᠎ᠤᠨ ᠬᠦᠭᠵᠢᠯᠳᠡ ᠵᠢᠨ ᠪᠠᠢᠳᠠᠯ ᠬᠠᠨᠳᠤᠰᠢ ᠵᠢ ᠶᠡᠷᠦᠩᠬᠡᠢᠯᠡᠨ ᠮᠡᠳᠡᠭᠡᠯᠡᠪᠡ; 9 ᠰᠠᠷ᠎ᠠ ᠵᠢᠨ 10᠎ᠤ᠋ ᠡᠳᠤᠷ 《ᠰᠤᠶᠤᠯ ᠵᠢᠭᠤᠯᠴᠢᠯᠠᠯ》 ᠲᠤᠰᠬᠠᠢ ᠬᠡᠪᠯᠡᠯ 《3863.10 ᠲᠦᠮᠡᠨ ᠵᠢᠭᠤᠯᠴᠢᠯᠠᠬᠴᠢ ᠪᠠ 694.74 ᠳ᠋ᠦᠡᠭᠰᠢᠭᠤᠷ ᠲᠦᠬᠦᠷᠢᠭ᠎ᠤᠨ ᠬᠡᠷᠡᠭᠯᠡᠭᠡ — ᠮᠠᠨ᠎ᠤ ᠤᠷᠤᠨ᠎ᠤ 7 ᠰᠠᠷ᠎ᠠ ᠵᠢᠨ ᠵᠢᠭᠤᠯᠴᠢᠯᠠᠯ ᠲᠡᠤᠭᠡ ᠵᠢᠨ ᠰᠢᠨ᠎ᠠ ᠲᠡᠮᠳᠡᠭᠯᠡᠯ᠎ᠢ ᠡᠬᠦᠳᠦᠭᠰᠡᠨ ᠲᠤᠬᠠᠢ ᠮᠦᠷᠳᠡᠯ ᠰᠤᠷᠪᠤᠯᠵᠢᠯᠠᠭ᠎ᠠ》 ᠬᠡᠬᠦ ᠮᠡᠳᠡᠭᠡᠯᠡᠯ ᠨᠡᠢᠳᠡᠯᠡᠵᠤ᠂ 2025 ᠤᠨ᠎ᠤ ᠮᠠᠨ᠎ᠤ ᠤᠷᠤᠨ᠎ᠤ ᠵᠤᠨ᠎ᠤ ᠤᠯᠠᠷᠢᠯ᠎ᠤᠨ ᠡᠯ᠎ᠠ ᠭᠠᠵᠠᠷ ᠤᠷᠤᠨ᠎ᠤ ᠵᠢᠭᠤᠯᠴᠢᠯᠠᠯ᠎ᠤᠨ ᠵᠠᠬ᠎ᠠ ᠲᠡᠯᠭᠡᠬᠦᠷ᠎ᠤᠨ ᠢᠳᠡ ᠬᠦᠭ ᠲᠠᠢ ᠶᠠᠪᠤᠬᠳᠠᠬᠰᠠᠨ ᠪᠠᠢᠳᠠᠯ᠎ᠢ ᠮᠡᠳᠡᠭᠡᠯᠡᠵᠠᠢ᠃
ᠰᠤᠶᠤᠯ ᠵᠢᠭᠤᠯᠴᠢᠯᠠᠯ᠎ᠤᠨ ᠬᠠᠯᠠᠮᠰᠢᠯ ᠦᠭᠡ — ᠴᠡᠴᠡᠭᠳᠤ ᠤᠯᠠᠷᠢᠯ᠎ᠤᠨ ᠵᠢᠭᠤᠯᠴᠢᠯᠠᠯ
ᠦᠪᠦᠷ ᠮᠤᠩᠭᠤᠯ᠎ᠤᠨ ᠵᠢᠭᠤᠯᠴᠢᠯᠠᠯ ᠤᠯᠠᠨ ᠡᠰᠢᠵᠢᠨ ᠦᠷᠨᠢᠩᠬᠦᠢ
ᠰᠤᠶᠤᠯ ᠵᠢᠭᠤᠯᠴᠢᠯᠠᠯ᠎ᠤᠨ ᠮᠡᠳᠡᠭᠡᠯᠡᠯ ᠠᠭᠤᠯᠭ᠎ᠠ ᠲᠡᠯᠡᠷᠡᠨ ᠤᠩᠰᠢᠪᠦᠷᠢᠳᠠᠢ
ᠮᠠᠨ᠎ᠤ ᠤᠷᠤᠨ᠎ᠤ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠦᠨ ᠬᠢᠨ ᠴᠠᠭ ᠪᠠ ᠪᠠᠶᠠᠷ ᠳᠤᠷᠠᠰᠬᠠᠯ᠎ᠤᠨ ᠵᠠᠩᠭᠢᠯᠠᠭ᠎ᠠ᠎ᠶᠢᠨ ᠴᠡᠭ᠎ᠢ ᠴᠢᠩᠭ᠎ᠠ ᠠᠳᠬᠤᠵᠤ᠂ ᠴᠠᠰᠤ ᠮᠥᠰᠥᠨ᠎ᠤ ᠤᠯᠠᠷᠢᠯ᠂ ᠴᠠᠭᠠᠨ ᠰᠠᠷ᠎ᠠ᠂ ᠲᠠᠪᠤᠨ ᠰᠠᠷ᠎ᠠ᠎ᠶᠢᠨ ᠰᠢᠨ᠎ᠡ᠎ᠶᠢᠨ ᠲᠠᠪᠤᠨ᠎ᠤ ᠪᠠᠶᠠᠷ᠂ ᠤᠯᠤᠰ᠎ᠤᠨ ᠪᠠᠶᠠᠷ ᠵᠡᠷᠭᠡ ᠵᠢᠭᠤᠯᠴᠢᠯᠠᠯ᠎ᠤᠨ ᠬᠥᠭᠵᠢᠯᠲᠡᠢ ᠤᠯᠠᠷᠢᠯ ᠪᠠ ᠠᠮᠠᠷᠠᠯᠲᠠ᠎ᠶᠢᠨ ᠬᠤᠭᠤᠴᠠᠭᠠᠨ᠎ᠳᠤ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠦ᠂ ᠨᠥᠯᠥᠭᠡᠯᠡᠬᠦ ᠬᠡᠪᠴᠢᠶ᠎ᠡ᠎ᠶᠢ ᠥᠷᠭᠡᠳᠬᠡᠭᠰᠡᠨ ᠪᠠᠢᠨ᠎ᠠ᠃
2025 ᠤᠨ᠎ᠳᠤ᠂ 《ᠰᠤᠶᠤᠯ ᠵᠢᠭᠤᠯᠴᠢᠯᠠᠯ》 ᠲᠤᠰᠭᠠᠶ ᠬᠡᠪᠯᠡᠯ ᠤᠯᠠᠮᠵᠢᠯᠠᠯᠲᠤ ᠪᠠᠶᠠᠷ ᠲᠤᠷᠠᠰᠬᠠᠯ᠎ᠤᠨ ᠡᠳᠦᠷ᠎ᠦᠨ ᠮᠡᠳᠡᠭᠡᠯᠡᠯ᠎ᠳᠤ ᠠᠡᠭᠬᠠᠷᠤᠯ ᠵᠢᠡᠨ ᠬᠠᠨᠳᠤᠭᠤᠯᠵᠤ᠂ ᠣᠨᠴᠠᠭᠠᠢᠯᠠᠨ ᠴᠠᠭᠠᠨ ᠰᠠᠷ᠎ᠠ᠂ ᠦᠯᠵᠡᠢᠳᠤ ᠪᠠᠶᠠᠷ᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ ᠵᠡᠷᠭᠡ ᠴᠢᠬᠤᠯᠠ ᠪᠠᠶᠠᠷ᠎ᠤᠨ ᠡᠳᠦᠷ᠎ᠦᠨ ᠮᠡᠳᠡᠭᠡᠯᠡᠯ᠎ᠢ ᠤᠬᠠᠭᠠᠯᠠᠨ ᠲᠦᠰᠤᠪᠯᠡᠵᠤ᠂ 1 ᠰᠠᠷ᠎ᠠ ᠵᠢᠨ 27᠎ᠤ᠋ ᠡᠳᠤᠷ 《ᠴᠠᠭᠠᠨ ᠰᠠᠷ᠎ᠠ》 ᠬᠡᠬᠦ ᠤᠨᠴᠠ ᠮᠡᠳᠡᠭᠡᠯᠡᠯ ᠨᠡᠢᠳᠡᠯᠡᠵᠤ᠂ 《ᠴᠠᠭᠠᠨ ᠰᠠᠷ᠎ᠠ — ᠲᠤᠮᠳᠠᠳᠤᠴᠤᠳ᠎ᠤᠨ ᠤᠯᠠᠮᠵᠢᠯᠠᠯᠳᠤ ᠴᠠᠭᠠᠨ ᠰᠠᠷ᠎ᠠ ᠪᠡᠨ ᠪᠡᠯᠭᠡᠯᠡᠬᠦ ᠨᠡᠢᠭᠡᠮ᠎ᠤᠨ ᠦᠢᠯᠡᠳᠤᠯᠭᠡ》 ᠨᠢ ᠬᠦᠮᠤᠨ ᠲᠦᠷᠤᠯᠬᠢᠳᠡᠨᠤ ᠪᠤᠳᠠᠰ᠎ᠤᠨ ᠪᠤᠰᠤ ᠰᠤᠶᠤᠯ᠎ᠤᠨ ᠦᠪ᠎ᠤᠨ ᠲᠦᠯᠤᠭᠡᠯᠡᠬᠦ ᠪᠦᠳᠤᠭᠡᠯ᠎ᠳᠤ ᠵᠢᠬᠰᠠᠭᠠᠬᠳᠠᠬᠰᠠᠨᠤ ᠲᠠᠷᠠᠭᠠᠬᠢ ᠬᠠᠮᠤᠭ᠎ᠤᠨ ᠠᠡᠭᠬᠠᠨ᠎ᠤ ᠴᠠᠭᠠᠨ ᠰᠠᠷ᠎ᠠ᠎ᠳᠤ ᠵᠤᠷᠢᠭᠤᠯᠤᠨ᠂ ᠴᠠᠭᠠᠨ ᠰᠠᠷ᠎ᠠ ᠵᠢᠨ ᠠᠷᠠᠳ᠎ᠤᠨ ᠵᠠᠡᠭ ᠦᠢᠯᠡ ᠵᠢᠨ ᠠᠵᠢᠯᠯᠠᠭ᠎ᠠ᠂ ᠠᠷᠪᠠᠨ ᠬᠤᠶᠠᠷ ᠵᠢᠯ ᠪᠠ ᠴᠠᠭᠠᠨ ᠰᠠᠷ᠎ᠠ ᠵᠢᠨ ᠬᠠᠷᠢᠴᠠᠭ᠎ᠠ ᠵᠢᠴᠢ ᠴᠠᠭᠠᠨ ᠰᠠᠷ᠎ᠠ ᠵᠢᠨ ᠠᠮᠠᠷᠠᠯᠳᠠ ᠵᠢᠨ ᠡᠳᠤᠷ᠎ᠤᠨ ᠰᠤᠶᠤᠯ ᠵᠢᠭᠤᠯᠴᠢᠯᠠᠯ᠎ᠤᠨ ᠬᠦᠭᠵᠢᠶᠡᠨᠳᠤ ᠪᠠᠢᠳᠠᠯ᠎ᠤᠨ ᠲᠤᠬᠠᠢ ᠲᠠᠨᠢᠯᠴᠠᠭᠤᠯᠤᠨ ᠤᠡᠭᠰᠢᠬ᠍ᠴᠢᠳᠤᠨ ᠰᠠᠢᠬᠠᠨ ᠦᠨᠠᠯᠠᠯᠳᠠ ᠵᠢ ᠤᠯᠵᠤ ᠪᠢᠯᠡ᠃ ᠲᠤᠰ ᠮᠡᠳᠡᠭᠡᠯᠡᠯ᠎ᠤᠨ ᠨᠢᠭᠤᠷ ᠤᠷᠠᠯᠠᠯ ᠪᠦᠲᠦᠭᠡᠯᠴᠢ ᠴᠢᠨᠠᠷ ᠵᠢᠡᠷ ᠴᠢᠩᠭ᠎ᠠ᠂ ᠠᠷᠪᠠᠨ ᠬᠣᠶᠠᠷ ᠵᠢᠯ᠎ᠦᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠢᠭᠡᠳ ᠴᠠᠭᠠᠨ ᠰᠠᠷ᠎ᠠ᠎ᠶ᠋ᠢᠨ ᠰᠣᠶᠣᠯ᠎ᠢ ᠭᠦᠨᠵᠡᠭᠡᠶ ᠤᠶᠠᠯᠳᠤᠭᠤᠯᠵᠤ᠂ ᠤᠯᠠᠮᠵᠢᠯᠠᠯᠲᠤ ᠰᠣᠶᠣᠯ᠎ᠤᠨ ᠠᠭᠤᠯᠤᠭ᠍ᠳᠠᠬᠤᠨ᠎ᠢ ᠱᠢᠭᠤᠳ ᠳᠡᠯᠭᠡᠨ ᠦᠵᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠠᠷᠪᠠᠨ ᠬᠣᠶᠠᠷ ᠵᠢᠯ᠎ᠦᠨ ᠲᠠᠨᠢᠯ ᠲᠡᠰᠦᠯ ᠳᠦᠷᠢ ᠲᠥᠷᠬᠦ᠌᠎ᠪᠡᠷ ᠳᠠᠮᠵᠢᠭᠤᠯᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠡᠦᠬᠡ ᠰᠤᠶᠤᠯ ᠬᠢᠭᠡᠳ ᠴᠠᠭᠠᠨ ᠰᠠᠷ᠎ᠠ᠎ᠶ᠋ᠢᠨ ᠰᠣᠶᠣᠯ᠎ᠢ ᠤᠩᠱᠢᠨ ᠣᠢᠯᠠᠭᠠᠭᠤᠯᠵᠤ᠂ ᠦᠨᠳᠦᠰᠦᠲᠡᠨ᠎ᠨᠦᠭᠦᠳ᠎ᠦᠨ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠂ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠬᠤ᠎ᠶ᠋ᠢᠨ ᠬᠠᠮᠲᠤ ᠵᠠᠯᠠᠭᠤ ᠨᠢᠭᠡ ᠦᠶᠡᠶ᠋ᠢᠨᠬᠢᠨᠦ ᠱᠢᠯᠢᠳᠡᠭ ᠤᠯᠠᠮᠵᠢᠯᠠᠯᠲᠤ ᠰᠣᠶᠣᠯ᠎ᠢ ᠠᠩᠬᠠᠷᠤᠨ ᠬᠠᠯᠠᠮᠵᠢᠯᠠᠵᠤ᠂ ᠱᠢᠨ᠎ᠡ᠎ᠶ᠋ᠢ ᠡᠭᠦᠳᠬᠦ ᠤᠯᠠᠮᠵᠢᠯᠠᠬᠤ ᠠᠷᠭ᠎ᠠ ᠬᠡᠯᠪᠡᠷᠢ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠠᠭᠤᠯᠤᠭ᠍ᠳᠠᠬᠤᠨ᠎ᠢ ᠲᠤᠪᠤᠢᠯᠭᠠᠬᠰᠠᠨ ᠪᠠᠢᠨ᠎ᠠ᠃
ᠴᠠᠭᠠᠨ ᠰᠠᠷ᠎ᠠ ᠵᠢᠨ ᠦᠯᠵᠡᠢᠳᠤ ᠡᠳᠤᠷ᠎ᠤᠨ ᠪᠠᠶᠠᠷ ᠪᠤᠯ ᠲᠤᠮᠳᠠᠳᠤ ᠤᠯᠤᠰ᠎ᠤᠨ ᠤᠯᠠᠮᠵᠢᠯᠠᠯᠳᠤ ᠪᠠᠶᠠᠷ᠎ᠤᠨ ᠡᠳᠤᠷ᠎ᠤᠨ ᠨᠢᠭᠡ ᠪᠤᠯᠤᠨ᠎ᠠ᠃ 《ᠰᠤᠶᠤᠯ ᠵᠢᠭᠤᠯᠴᠢᠯᠠᠯ》 ᠲᠤᠰᠬᠠᠢ ᠬᠡᠪᠯᠡᠯ 2 ᠰᠠᠷ᠎ᠠ ᠵᠢᠨ 14᠎ᠤ᠋ ᠡᠳᠤᠷ 《ᠦᠯᠵᠡᠢᠳᠤ ᠪᠠᠶᠠᠷ᠎ᠤᠨ ᠬᠦᠭᠵᠢᠶᠡᠨ ᠨᠠᠷᠬᠢᠶᠠᠨ》 ᠮᠡᠳᠡᠭᠡᠯᠡᠯ ᠨᠡᠢᠳᠡᠯᠡᠵᠤ᠂ ᠬᠦᠬᠡᠬᠤᠳᠠ᠂ ᠪᠤᠭᠤᠳᠤ᠂ ᠤᠷᠳᠤᠰ᠂ ᠤᠯᠠᠭᠠᠨᠴᠠᠪ᠂ ᠰᠢᠯᠢ ᠵᠢᠨ ᠭᠤᠤᠯ᠂ ᠪᠠᠶᠠᠨᠨᠠᠭᠤᠷ ᠵᠡᠷᠭᠡ ᠭᠠᠵᠠᠷ ᠲᠸ᠋ ᠶᠠᠪᠤᠬᠳᠠᠬᠰᠠᠨ ᠦᠯᠵᠡᠢᠳᠤ ᠪᠠᠶᠠᠷ᠎ᠤᠨ ᠠᠵᠢᠯᠯᠠᠭ᠎ᠠ ᠵᠢ ᠬᠤᠷᠢᠶᠠᠡᠭᠭᠤᠢᠯᠠᠨ ᠮᠡᠳᠡᠭᠡᠯᠡᠭᠰᠡᠨ ᠪᠤᠯ᠂ ᠪᠢᠯᠢᠭ᠎ᠤᠨ ᠤᠯᠠᠷᠢᠯ᠎ᠤᠨ ᠲᠠᠪᠤᠨ ᠰᠠᠷ᠎ᠠ ᠵᠢᠨ ᠰᠢᠨ᠎ᠠ ᠵᠢᠨ ᠲᠠᠪᠤᠨ᠎ᠤ ᠤᠯᠠᠮᠵᠢᠯᠠᠯᠳᠤ ᠵᠠᠡᠭ ᠦᠢᠯᠡ ᠵᠢᠨ ᠰᠢᠷᠢᠰ ᠠᠵᠢᠯᠯᠠᠭ᠎ᠠ ᠵᠢᠨ ᠲᠤᠭᠤᠷᠢᠨ᠎ᠳᠤ᠂ 5 ᠰᠠᠷ᠎ᠠ ᠵᠢᠨ 30᠎ᠤ᠋ ᠡᠳᠤᠷ 《ᠦᠨᠳᠤᠷ ᠲᠸ᠋ ᠭᠠᠷᠴᠤ ᠠᠯᠤᠰ᠎ᠢ ᠪᠠᠷᠠᠯᠠᠬᠤᠶ᠎ᠠ ᠠᠭᠤᠯᠠ ᠬᠠᠢᠷᠬᠠᠨ ᠬᠦᠭᠡᠮᠳᠦᠭ ᠡᠷᠡᠬᠦᠯᠢ ᠬᠦᠰᠡᠨ ᠨᠠᠭᠤᠷ ᠲᠸ᠋ ᠲᠤᠯᠢᠳᠠᠬᠤᠶᠠ ᠤᠰᠤ ᠭᠤᠤᠯ ᠲᠤᠡᠭᠭᠠᠯᠠᠭ》 ᠰᠡᠳᠤᠪ ᠵᠢᠡᠷ ᠲᠠᠪᠤᠨ ᠰᠠᠷ᠎ᠠ ᠵᠢᠨ ᠰᠢᠨ᠎ᠠ ᠵᠢᠨ ᠲᠠᠪᠤᠨ᠎ᠤ ᠤᠯᠠᠮᠵᠢᠯᠠᠯᠳᠤ ᠵᠠᠡᠭ ᠦᠢᠯᠡ ᠵᠢᠨ ᠠᠵᠢᠯᠯᠠᠭ᠎ᠠ ᠡᠴᠡ ᠰᠤᠶᠤᠯ᠎ᠤᠨ ᠤᠯᠠᠮᠵᠢᠯᠠᠯᠵᠢᠡᠨ ᠪᠠᠳᠠᠷᠠᠭᠤᠯᠵᠤ ᠪᠠᠢᠭ᠎ᠠ ᠵᠢ ᠮᠡᠳᠡᠭᠡᠯᠡᠪᠡ᠃
ᠰᠤᠶᠤᠯ ᠵᠢᠭᠤᠯᠴᠢᠯᠠᠯ᠎ᠤᠨ ᠬᠠᠯᠠᠮᠰᠢᠯ ᠦᠭᠡ — ᠦᠯᠵᠡᠢᠳᠤ ᠡᠳᠦᠷ᠎ᠤᠨ ᠨᠠᠭᠠᠳᠤᠮ
ᠦᠪᠦᠷ ᠮᠤᠩᠭᠤᠯ᠎ᠤᠨ ᠵᠢᠭᠤᠯᠴᠢᠯᠠᠯ ᠡᠳᠦᠷ ᠡᠳᠦᠷ ᠨᠠᠭᠠᠳᠤᠮ ᠲᠠᠢ
ᠰᠤᠶᠤᠯ ᠵᠢᠭᠤᠯᠴᠢᠯᠠᠯ᠎ᠤᠨ ᠮᠡᠳᠡᠭᠡᠯᠡᠯ ᠬᠤᠭᠤᠴᠠᠭ᠎ᠠ ᠬᠤᠭᠤᠴᠠᠭ᠎ᠠ ᠴᠢᠨᠠᠷ ᠲᠠᠢ
ᠦᠨᠳᠦᠰᠦᠲᠡᠨ᠎ᠦ ᠳᠠᠭᠤᠤ ᠤᠷᠠᠯᠢᠭ ᠪᠣᠯᠣᠨ ᠵᠢᠭᠤᠯᠴᠢᠯᠠᠯ᠎ᠤᠨ ᠤᠶᠠᠯᠳᠤᠯ ᠨᠢ ᠨᠡᠩ ᠤᠯᠠᠨ ᠵᠠᠯᠠᠭᠤᠴᠤᠳ᠎ᠤᠨ ᠥᠪᠥᠷ ᠮᠣᠩᠭᠣᠯ᠎ᠤᠨ ᠤᠯᠠᠮᠵᠢᠯᠠᠯᠲᠤ ᠰᠣᠶᠣᠯ᠂ ᠮᠣᠷᠢᠨ ᠬᠤᠭᠤᠷ᠂ ᠤᠷᠳᠤ᠎ᠶᠢᠨ ᠳᠠᠭᠤᠤ᠂ ᠪᠦᠵᠢᠭ ᠤᠷᠠᠯᠢᠭ ᠵᠡᠷᠭᠡ ᠤᠯᠠᠮᠵᠢᠯᠠᠯᠲᠤ ᠲᠦᠷᠦᠯ ᠵᠦᠢᠯᠳ᠋ᠡᠬᠢ ᠠᠩᠬᠠᠷᠤᠯ᠎ᠢ ᠳᠠᠳᠠᠵᠤ᠂ ᠰᠦᠯᠵᠢᠶᠡᠨ ᠬᠠᠢᠯᠲᠠ᠎ᠶᠢᠨ ᠬᠡᠮᠵᠢᠶ᠎ᠡ ᠳᠠᠬᠢᠨ᠎ᠢᠶᠠᠷ ᠨᠡᠮᠡᠭᠳᠡᠵᠦ᠂ ᠥᠪᠥᠷ ᠮᠣᠩᠭᠣᠯ᠎ᠤᠨ ᠤᠯᠠᠮᠵᠢᠯᠠᠯᠲᠤ ᠰᠣᠶᠣᠯ ᠨᠡᠩ ᠤᠯᠠᠨ ᠬᠠᠮᠲᠤ᠎ᠶᠢᠨ ᠲᠠᠨᠢᠯᠲᠠ᠎ᠶᠢ ᠣᠯᠣᠭᠰᠠᠨ ᠪᠠᠢᠨ᠎ᠠ᠃
6 ᠰᠠᠷ᠎ᠠ ᠡᠴᠡ 9 ᠰᠠᠷ᠎ᠠ ᠪᠤᠯᠳᠠᠯ᠎ᠠ ᠶᠠᠪᠤᠬᠳᠠᠬᠰᠠᠨ ᠮᠠᠨ᠎ᠤ ᠤᠷᠤᠨ᠎ᠤ ᠰᠤᠶᠤᠯ ᠵᠢᠭᠤᠯᠴᠢᠯᠠᠯ᠎ᠤᠨ ᠠᠵᠢᠯᠯᠠᠭ᠎ᠠ ᠵᠢᠨ ᠤᠯᠠᠷᠢᠯ ᠨᠢ ᠲᠤᠰᠬᠠᠢ ᠲᠤᠬᠯᠠᠯᠳᠠ᠂ ᠰᠤᠳᠤᠨ ᠪᠦᠳᠤᠭᠡᠯ᠎ᠤᠨ ᠦᠵᠡᠬᠦᠯᠭᠡ᠂ ᠦᠵᠡᠰᠬᠦᠯᠡᠡᠭ᠎ᠤᠨ ᠴᠤᠬᠯᠠᠭᠠᠨ᠂ ᠤᠯᠠᠨ ᠲᠦᠮᠡᠨᠴᠢ ᠰᠤᠶᠤᠯ᠎ᠤᠨ ᠠᠵᠢᠯᠯᠠᠭ᠎ᠠ᠂ ᠰᠤᠶᠤᠯ ᠵᠢᠭᠤᠯᠴᠢᠯᠠᠯ᠎ᠤᠨ ᠠᠭᠤᠰᠤᠯᠴᠠᠯ᠂ ᠦᠵᠡᠬᠦᠯᠭᠡ ᠨᠡᠪᠳᠡᠷᠡᠬᠦᠯᠭᠡ᠂ ᠬᠠᠷᠢᠭᠤ ᠮᠡᠳᠡᠬᠦᠯᠤᠯᠳᠠ ᠵᠢᠨ ᠲᠤᠬᠯᠠᠯᠳᠠ᠂ ᠠᠢᠮᠠᠭ ᠬᠤᠳᠠ ᠬᠤᠯᠪᠤᠭᠠᠯᠠᠨ ᠬᠦᠳᠡᠯᠤᠯᠴᠡᠬᠦ 8 ᠶᠡᠭᠡ ᠲᠦᠷᠤᠯ᠎ᠤᠨ 75 ᠵᠦᠢᠯ᠎ᠤᠨ ᠠᠵᠢᠯᠯᠠᠭ᠎ᠠ ᠪᠤᠯᠤᠨ ᠰᠤᠶᠤᠯ ᠵᠢᠭᠤᠯᠴᠢᠯᠠᠯ᠎ᠢ ᠪᠠᠶᠠᠴᠢᠯᠠᠨ ᠦᠢᠯᠠᠭᠠᠬᠤ 300 ᠭᠠᠷᠤᠢ ᠲᠦᠷᠤᠯ ᠵᠢᠡᠷ ᠲᠠᠮᠵᠢᠭᠤᠯᠤᠨ᠂ ᠰᠢᠨ᠎ᠠ ᠴᠠᠭ ᠦᠶ᠎ᠠ ᠵᠢᠨ ᠰᠤᠶᠤᠯ᠎ᠤᠨ ᠬᠦᠴᠤᠷᠭᠡᠭ ᠲᠠᠭᠤᠨ᠎ᠢ ᠬᠠᠡᠭᠭᠢᠨᠠᠭᠤᠯᠤᠬᠰᠠᠨ ᠮᠦᠷᠳᠡᠭᠡᠨ 62.1ᠳ᠋ᠦᠡᠭᠰᠢᠭᠤᠷ ᠬᠦᠮᠤᠨ᠎ᠤ ᠠᠡᠭᠬᠠᠷᠤᠯ᠎ᠢ ᠲᠠᠳᠠᠬᠰᠠᠨ ᠠᠮᠵᠢᠯᠳᠠ᠎ᠳᠤ ᠬᠦᠷᠴᠠᠢ᠃ 《ᠰᠤᠶᠤᠯ ᠵᠢᠭᠤᠯᠴᠢᠯᠠᠯ》 ᠲᠤᠰᠬᠠᠢ ᠬᠡᠪᠯᠡᠯ 6 ᠰᠠᠷ᠎ᠠ ᠵᠢᠨ 25᠎ᠤ᠋ ᠡᠳᠤᠷ ᠡᠳᠡᠭᠡᠷ ᠠᠭᠤᠯᠭ᠎ᠠ ᠵᠢ ᠬᠠᠮᠤᠷᠤᠭᠤᠯᠤᠨ ᠬᠦᠨᠴᠡ ᠮᠡᠳᠡᠭᠡᠯᠡᠪᠡ᠃
ᠲᠤᠮᠳᠠᠳᠤ ᠮᠤᠡᠭᠭᠤᠯ᠎ᠤᠨ ᠦᠵᠡᠰᠬᠦᠯᠡᠡᠭ᠎ᠤᠨ ᠴᠤᠬᠯᠠᠭᠠᠨ ᠨᠢ ᠪᠠᠢᠬᠤ ᠦᠬᠡᠢ ᠡᠴᠡ ᠪᠡᠨ ᠪᠠᠢᠬᠤ ᠪᠤᠯᠵᠤ᠂ ᠪᠠᠭ᠎ᠠ ᠡᠴᠡ ᠪᠡᠨ ᠶᠡᠭᠡ ᠪᠤᠯᠵᠤ᠂ 10 ᠵᠢᠯ᠎ᠤᠨ ᠲᠤᠷᠰᠢ᠂ ᠲᠤᠮᠳᠠᠳᠤ ᠮᠤᠡᠭᠭᠤᠯ᠎ᠤᠨ ᠠᠵᠤ ᠠᠬᠤᠢ ᠠᠷᠠᠯᠵᠢᠶ᠎ᠠ ᠬᠤᠳᠠᠯᠳᠤᠭ᠎ᠠ ᠵᠢᠨ ᠬᠠᠷᠢᠯᠴᠠᠭᠠᠨ᠎ᠤ ᠴᠢᠬᠤᠯᠠ ᠲᠠᠪᠴᠠᠡᠭ ᠪᠤᠯᠤᠬᠰᠠᠨ ᠲᠡᠳᠤᠢ ᠦᠬᠡᠢ᠂ ᠰᠤᠶᠤᠯ ᠢᠷᠭᠡᠨᠰᠢᠯ᠎ᠤᠨ ᠰᠤᠯᠢᠯᠴᠠᠭᠠᠨ᠎ᠤ ᠪᠠᠳᠤ ᠪᠠᠬᠢ ᠬᠦᠬᠦᠷᠭᠡ ᠵᠢ ᠲᠠᠯᠪᠢᠵᠠᠢ᠃ 《ᠰᠤᠶᠤᠯ ᠵᠢᠭᠤᠯᠴᠢᠯᠠᠯ》 ᠲᠤᠰᠬᠠᠢ ᠬᠡᠪᠯᠡᠯ ᠲᠠᠪᠤᠳᠤᠭᠠᠷ ᠬᠤᠭᠤᠴᠠᠭᠠᠨ᠎ᠤ ᠲᠤᠮᠳᠠᠳᠤ ᠤᠯᠤᠰ — ᠮᠤᠡᠭᠭᠤᠯ ᠤᠯᠤᠰ ᠤᠨ ᠦᠵᠡᠰᠬᠦᠯᠡᠡᠭ᠎ᠤᠨ ᠴᠤᠬᠯᠠᠭᠠᠨ ᠤᠨᠴᠠ ᠬᠡᠪᠯᠡᠯ᠎ᠢ ᠲᠦᠰᠤᠪᠯᠡᠵᠤ᠂ 《ᠲᠠᠶᠠᠡᠭ ᠲᠡᠯᠡᠬᠡᠢ ᠵᠢ ᠬᠤᠯᠪᠤᠬᠰᠠᠨ ᠴᠡᠡᠭᠭᠡᠷ ᠬᠠᠳᠠᠭ — ᠲᠤᠮᠳᠠᠳᠤ ᠮᠤᠡᠭᠭᠤᠯ᠎ᠤᠨ ᠦᠵᠡᠰᠬᠦᠯᠠᠡᠭᠤᠨ ᠴᠤᠬᠯᠠᠭᠠᠨ᠎ᠤ ᠡᠷᠬᠢᠴᠡᠬᠦᠯᠤᠯ》 (8 ᠰᠠᠷ᠎ᠠ ᠵᠢᠨ 25᠎ᠤ᠋ ᠡᠳᠤᠷ᠎ᠤᠨ 5 ᠳ᠋ᠤᠭᠠᠷ ᠨᠢᠭᠤᠷ)᠂ 《ᠠᠵᠤ ᠠᠬᠤᠢ ᠠᠷᠠᠯᠵᠢᠶᠠᠨ᠎ᠤ ᠵᠦᠪᠳᠡᠯᠴᠡᠭᠡᠷ᠎ᠤᠨ ᠲᠡᠮᠳᠡᠭᠯᠡᠯ》 (8 ᠰᠠᠷ᠎ᠠ ᠵᠢᠨ 27᠎ᠤ᠋ ᠡᠳᠤᠷ᠎ᠤᠨ 5 ᠳ᠋ᠤᠭᠠᠷ ᠨᠢᠭᠤᠷ)᠂ 《ᠤᠷᠤᠢᠯᠠᠬᠰᠠᠨ ᠮᠡᠷᠭᠡᠵᠢᠯ ᠲᠡᠬᠦᠯᠳᠡᠷ ᠤᠨᠴᠠᠯᠢᠬᠳᠤ ᠪᠠᠷᠠᠭ᠎ᠠ ᠡᠯᠪᠡᠭ ᠤᠷᠠᠨ ᠲᠤᠬᠯᠠᠯᠳᠠ ᠪᠠᠬᠠᠷᠤᠮ᠎ᠠ — ᠲᠠᠪᠤᠳᠤᠭᠠᠷ ᠬᠤᠭᠤᠴᠠᠭᠠᠨ᠎ᠤ ᠲᠤᠮᠳᠠᠳᠤ ᠤᠯᠤᠰ — ᠮᠤᠡᠭᠭᠤᠯ ᠤᠯᠤᠰ᠎ᠤᠨ ᠦᠵᠡᠰᠬᠦᠯᠡᠡᠭ᠎ᠤᠨ ᠴᠤᠬᠯᠠᠭᠠᠨ᠎ᠤ ᠦᠵᠡᠬᠦᠯᠭᠡ ᠲᠡᠯᠭᠡᠨ ᠪᠤᠷᠤᠯᠠᠭᠤᠯᠭ᠎ᠠ ᠵᠢᠨ ᠲᠤᠬᠠᠢ ᠲᠠᠳᠠᠯᠠᠭ᠎ᠠ》 (8 ᠰᠠᠷ᠎ᠠ ᠵᠢᠨ 29᠎ᠤ᠋ ᠡᠳᠤᠷ᠎ᠤᠨ 5 ᠳ᠋ᠤᠭᠠᠷ ᠨᠢᠭᠤᠷ)᠂ 《ᠲᠤᠮᠳᠠᠳᠤ ᠮᠤᠡᠭᠭᠤᠯ᠎ᠤᠨ ᠦᠵᠡᠰᠬᠦᠯᠡᠡᠭ᠎ᠤᠨ ᠴᠤᠬᠯᠠᠭᠠᠨ — ᠦᠪᠤᠷ ᠮᠤᠡᠭᠭᠤᠯ᠎ᠤᠨ ᠬᠦᠭᠵᠢᠯᠳᠡ ᠵᠢᠨ ᠰᠢᠨ᠎ᠠ ᠠᠵᠠ ᠲᠤᠬᠢᠶᠠᠯ》 (9 ᠰᠠᠷ᠎ᠠ ᠵᠢᠨ 4᠎ᠤ᠋ ᠡᠳᠤᠷ᠎ᠤᠨ 12 ᠳ᠋ᠤᠭᠠᠷ ᠨᠢᠭᠤᠷ) ᠵᠡᠷᠭᠡ ᠰᠡᠳᠤᠪ ᠵᠢᠡᠷ ᠲᠤᠮᠳᠠᠳᠤ ᠮᠤᠡᠭᠭᠤᠯ᠎ᠤᠨ ᠦᠵᠡᠰᠬᠦᠯᠡᠡᠭ᠎ᠤᠨ ᠴᠤᠬᠯᠠᠭᠠᠨ᠎ᠤ 10 ᠵᠢᠯ᠎ᠤᠨ ᠴᠢᠷᠮᠠᠢᠯᠭ᠎ᠠ ᠪᠡᠷ ᠲᠠᠮᠵᠢᠨ ᠡᠯ᠎ᠠ ᠬᠦᠷᠢᠶ᠎ᠠ ᠴᠠᠷᠠᠭᠠᠨ᠎ᠳᠤ ᠤᠯᠤᠬᠰᠠᠨ ᠠᠮᠵᠢᠯᠳᠠ ᠪᠦᠳᠤᠮᠵᠢ ᠵᠢ ᠮᠡᠳᠡᠭᠡᠯᠡᠨ ᠦᠨᠠᠯᠠᠵᠠᠢ᠃
《ᠤᠮᠠᠷᠠᠳᠤ ᠬᠢᠯᠢ᠎ᠳᠤ ᠴᠤᠭᠴᠠᠯᠠᠭᠳᠠᠭᠰᠠᠨ ᠪᠦᠵᠢᠭ ᠤᠷᠠᠯᠢᠬ᠎ᠤᠨ ᠰᠢᠨ᠎ᠡ ᠦᠨᠳᠦᠷᠯᠢᠭ — ᠦᠪᠤᠷ ᠮᠤᠡᠭᠭᠤᠯ᠎ᠤᠨ ᠲᠤᠯᠤᠳᠤᠭᠠᠷ ᠬᠤᠭᠤᠴᠠᠭᠠᠨ᠎ᠤ ᠪᠦᠵᠢᠭ᠎ᠤᠨ ᠤᠷᠤᠯᠳᠤᠭᠠᠨ᠎ᠤ ᠲᠤᠬᠠᠢ ᠠᠵᠢᠬᠯᠠᠯᠳᠠ》 (4 ᠰᠠᠷ᠎ᠠ ᠵᠨ 30᠎ᠤ᠋ ᠡᠳᠤᠷ᠎ᠤᠨ 6 ᠳ᠋ᠤᠭᠠᠷ ᠨᠢᠭᠤᠷ)᠂ 《ᠠᠭᠤᠯᠠ ᠤᠰᠤ ᠪᠡᠷ ᠵᠢᠡᠨ ᠤᠭᠠᠯᠵᠠᠯᠠᠨ ᠨᠠᠢᠯᠠᠵᠤ ᠤᠷᠠᠯᠢᠭ ᠰᠤᠶᠤᠯ ᠵᠢᠡᠷ ᠵᠢᠡᠨ ᠰᠡᠳᠬᠢᠯ ᠵᠢᠷᠤᠭᠡ ᠪᠡᠨ ᠬᠤᠯᠪᠤᠯᠠ — 2025 ᠤᠨ᠎ᠤ ᠲᠤᠮᠳᠠᠳᠤ ᠤᠯᠤᠰ᠎ᠤᠨ ᠢᠵᠠᠭᠤᠷ ᠠᠷᠠᠳ᠎ᠤᠨ ᠲᠠᠭᠤᠤ ᠵᠢᠨ ᠨᠠᠢᠷ᠎ᠤᠨ ᠡᠬᠢᠯᠡᠯᠳᠡ ᠵᠢᠨ ᠦᠳᠡᠰᠢᠯᠡᠭᠡ ᠵᠢᠨ ᠲᠠᠳᠠᠯᠠᠭ᠎ᠠ》 (7 ᠰᠠᠷ᠎ᠠ ᠵᠢᠨ 7᠎ᠤ᠋ ᠡᠳᠤᠷ᠎ᠤᠨ 5᠎ᠳ᠋ᠤᠭᠠᠷ ᠨᠢᠭᠤᠷ)᠂《ᠦᠵᠡᠮᠤᠷᠢᠳᠠᠢ! ᠭᠠᠢᠬᠠᠭᠤᠰᠢᠳᠠᠢ! ᠪᠠᠬᠠᠳᠤᠭᠤᠰᠢᠳᠠᠢ! — ᠶᠢᠰᠤᠳᠤᠭᠡᠷ ᠬᠤᠭᠤᠴᠠᠭᠠᠨ᠎ᠤ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠤᠶᠤᠯ᠎ᠤᠨ ᠠᠵᠤ ᠦᠢᠯᠡᠰ᠎ᠤᠨ ᠦᠵᠡᠰᠬᠦᠯᠡᠡᠭ ᠪᠠ ᠠᠷᠠᠯᠵᠢᠶᠠᠨ᠎ᠤ ᠴᠤᠬᠯᠠᠭᠠᠨ᠎ᠤ ᠲᠤᠬᠠᠢ ᠲᠠᠳᠠᠯᠠᠭ᠎ᠠ》 (7 ᠰᠠᠷ᠎ᠠ ᠵᠢᠨ 23᠎ᠤ᠋ ᠡᠳᠤᠷ᠎ᠤᠨ 6᠎ᠳ᠋ᠤᠭᠠᠷ ᠨᠢᠭᠤᠷ) ᠁ ᠡᠳᠡᠭᠡᠷ ᠮᠡᠳᠡᠭᠡᠯᠡᠯ ᠨᠢ ᠲᠠᠨ᠎ᠤ ᠠᠡᠭᠬᠠᠷᠤᠯ᠎ᠳᠤ ᠬᠦᠷᠦᠭᠰᠡᠨ ᠬᠡᠳᠡᠭ ᠲᠸ᠋ ᠢᠳᠡᠭᠡᠵᠤ ᠪᠠᠢᠨ᠎ᠠ᠃
2025 ᠤᠨ᠎ᠳᠤ 《ᠰᠤᠶᠤᠯ ᠵᠢᠭᠤᠯᠴᠢᠯᠠᠯ》 ᠲᠤᠰᠭᠠᠶ ᠬᠡᠪᠯᠡᠯ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ᠎ᠲᠠᠶ ᠪᠡᠨ ᠨᠢᠭ᠍ᠲᠠ ᠤᠶᠠᠯᠳᠤᠭᠤᠯᠤᠨ᠂ ᠱᠢᠨ᠎ᠡ ᠵᠢᠯ ᠴᠠᠭᠠᠨ ᠰᠠᠷ᠎ᠠ᠂ ᠬᠥᠳᠡᠭᠡ ᠲᠣᠰᠭᠣᠨ᠎ᠤ ᠵᠢᠭᠤᠯᠴᠢᠯᠠᠯ᠂ ᠴᠡᠴᠡᠭ᠌ᠲᠦ ᠤᠯᠠᠷᠢᠯ᠎ᠤᠨ ᠵᠢᠭᠤᠯᠴᠢᠯᠠᠯ᠂ ᠠᠮᠲᠠᠲᠤ ᠢᠳᠡᠭᠡᠨ᠎ᠦ ᠵᠢᠭᠤᠯᠴᠢᠯᠠᠯ ᠵᠡᠷᠭᠡ ᠣᠨᠴᠠᠯᠢᠭ᠍ᠲᠤ ᠡᠵᠡᠩᠨᠡᠯᠲᠡ᠎ᠶ᠋ᠢᠨ ᠬᠡᠯᠪᠡᠷᠢ᠎ᠶ᠋ᠢ ᠬᠠᠮᠤᠷᠤᠭ᠍ᠰᠠᠨ ᠮᠥᠷᠲᠡᠭᠡᠨ ᠪᠠᠰᠠ ᠡᠯ᠎ᠡ ᠭᠠᠵᠠᠷ᠎ᠤᠨ ᠮᠥᠰᠥ᠍ ᠴᠠᠰᠤᠨ᠎ᠤ ᠨᠠᠭᠠᠳᠤᠮ᠎ᠤᠨ ᠠᠵᠢᠯᠯᠠᠭ᠎ᠠ ᠵᠢᠴᠢ ᠰᠣᠳᠣᠨ ᠵᠠᠮ ᠱᠤᠭᠤᠮ᠂ ᠭᠤᠤᠯᠯᠠᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠦᠷ᠎ᠡ ᠪᠦᠲᠦᠮᠵᠢ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠵᠠᠮ ᠬᠠᠷᠢᠯᠴᠠᠭ᠎ᠠ + ᠵᠢᠭᠤᠯᠴᠢᠯᠠᠯ》᠂ 《ᠵᠢᠭᠤᠯᠴᠢᠯᠠᠯ + ᠲᠠᠷᠢᠶᠠᠯᠠᠡᠭ》᠎ᠢ᠋ ᠠᠭᠤᠰᠤᠯᠴᠠᠭᠤᠯᠤᠨ ᠬᠥᠭ᠌ᠵᠢᠭᠦᠯᠦᠭ᠌ᠰᠡᠨ ᠦᠷ᠎ᠡ ᠪᠦᠲᠦᠭᠡᠯ᠎ᠢ ᠭᠤᠤᠯᠳᠠᠯᠭ᠎ᠠ᠎ᠲᠠᠶ ᠮᠡᠳᠡᠭᠡᠯᠡᠪᠡ᠃