ᠳᠥᠷᠪᠡᠨ ᠰᠠᠯᠠᠭ᠎ᠠ ᠮᠥᠴᠢᠷ ᠬᠠᠮᠲᠤᠷᠠᠨ ᠠᠮᠢ ᠠᠬᠤᠶ ᠣᠷᠴᠢᠨ ᠲᠣᠭᠣᠷᠢᠨ᠎ᠢ ᠡᠪᠳᠡᠵᠦ᠍ ᠬᠣᠬᠢᠷᠠᠭᠤᠯᠤᠭ᠍ᠰᠠᠨ ᠠᠵᠢᠯᠯᠠᠭ᠎ᠠ᠎ᠡᠴᠡ ᠲᠥᠯᠥᠪᠦᠷᠢ ᠠᠪᠤᠭ᠍ᠰᠠᠨ ᠠᠷᠪᠠᠨ ᠶᠡᠬᠡ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠪᠡ
2025-12-31 10:39:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠮᠢ ᠠᠬᠤᠶ ᠣᠷᠴᠢᠨ ᠲᠤᠭᠤᠷᠢᠨ᠎ᠤ ᠶᠠᠮᠤᠨ ᠡᠴᠡ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠂ ᠤᠰᠤᠨ ᠠᠱᠢᠭ᠍ᠯᠠᠯᠲᠠ᠎ᠶ᠋ᠢᠨ ᠶᠠᠮᠤᠨ᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ ᠲᠠᠢ ᠬᠠᠮᠲᠤᠷᠠᠨ ᠣᠢᠷ᠎ᠠ᠎ᠳᠤ ᠳᠥᠷᠪᠡᠳᠦᠭᠡᠷ ᠪᠦᠯᠦᠭ᠎ᠦᠨ ᠠᠮᠢ ᠠᠬᠤᠶ ᠣᠷᠴᠢᠨ ᠲᠤᠭᠤᠷᠢᠨ᠎ᠤ ᠬᠣᠬᠢᠷᠠᠯ᠎ᠤᠨ ᠲᠥᠯᠥᠪᠦᠷᠢ᠎ᠶ᠋ᠢᠨ ᠠᠷᠪᠠᠨ ᠶᠡᠬᠡ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠪᠡ᠃ 

ᠡᠭᠦᠨ᠎ᠢ ᠰᠤᠷᠪᠤᠯᠵᠢᠯᠠᠭ᠍ᠴᠢ ᠠᠮᠢ ᠠᠬᠤᠶ ᠣᠷᠴᠢᠨ ᠲᠤᠭᠤᠷᠢᠨ᠎ᠤ ᠶᠠᠮᠤᠨ᠎ᠤ 26 ᠎ᠤ᠋ ᠡᠳᠦᠷ ᠬᠤᠷᠠᠯᠳᠤᠭᠤᠯᠤᠭ᠍ᠰᠠᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠵᠠᠢ᠃ 

ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠣᠨᠢᠨ ᠮᠡᠳᠡᠭᠡᠨ᠎ᠦ ᠥᠭᠦᠯᠡᠭ᠌ᠴᠢ ᠫᠸᠢ ᠱᠢᠶᠤᠤ ᠹᠸᠢ᠂ ᠡᠨᠡ ᠵᠢᠯ ᠪᠣᠯ ᠠᠮᠢ ᠠᠬᠤᠶ ᠣᠷᠴᠢᠨ ᠲᠣᠭᠣᠷᠢᠨ᠎ᠢ ᠡᠪᠳᠡᠵᠦ᠍ ᠬᠣᠬᠢᠷᠠᠭᠤᠯᠤᠭ᠍ᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠲᠦᠷᠢᠮ᠎ᠦᠨ ᠥᠭᠡᠷᠡᠴᠢᠯᠡᠯᠲᠡ᠎ᠶ᠋ᠢ ᠠᠬᠢᠭᠤᠯᠤᠭ᠍ᠰᠠᠨ ᠠᠷᠪᠠᠨ ᠵᠢᠯ᠎ᠦᠨ ᠣᠶ ᠪᠣᠯᠤᠨ᠎ᠠ᠃ 2015 ᠣᠨ᠎ᠳᠤ ᠨᠠᠮ᠎ᠤᠨ ᠲᠥᠪ ᠬᠣᠷᠢᠶ᠎ᠠ᠎ᠵᠢᠨ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠵᠢᠨ ᠠᠯᠪᠠᠨ ᠲᠢᠩᠬᠢᠮ 《ᠠᠮᠢ ᠠᠬᠤᠶ ᠣᠷᠴᠢᠨ ᠲᠣᠭᠣᠷᠢᠨ ᠎ᠢ ᠡᠪᠳᠡᠵᠦ᠍ ᠬᠣᠬᠢᠷᠠᠭᠤᠯᠤᠭ᠍ᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠲᠦᠷᠢᠮ ᠎ᠦᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠦᠨ ᠲᠥᠰᠦᠯ》 ᠎ᠢ᠋ ᠳᠠᠷᠤᠮᠠᠯᠯᠠᠨ ᠲᠠᠷᠬᠠᠭᠠᠭ᠍ᠰᠠᠨ᠎ᠡᠴᠡ ᠨᠠᠭᠠᠰᠢ᠂ ᠡᠯ᠎ᠡ ᠭᠠᠵᠠᠷ ᠎ᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠠᠮᠢ ᠠᠬᠤᠶ ᠣᠷᠴᠢᠨ ᠲᠣᠭᠣᠷᠢᠨ ᠎ᠢ ᠡᠪᠳᠡᠵᠦ᠍ ᠬᠣᠬᠢᠷᠠᠭᠤᠯᠤᠭ᠍ᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠬᠡᠷᠡᠭ᠎ᠢ ᠨᠡᠢᠲᠡ ᠪᠠᠷᠤᠭ 6.6 ᠲᠦᠮᠡᠨ ᠬᠤᠪᠢ ᠱᠢᠶ᠋ᠳᠪᠦᠷᠢᠯᠡᠵᠦ᠍᠂ ᠪᠠᠷᠤᠭ 352 ᠳ᠋ᠦᠩᠱᠢᠭᠤᠷ ᠲᠥᠭᠥᠷᠢᠭ᠎ᠦᠨ ᠲᠥᠯᠥᠪᠦᠷᠢ᠎ᠶ᠋ᠢᠨ ᠮᠥᠩᠭᠥ᠎ᠳᠦ ᠬᠣᠯᠪᠣᠭ᠍ᠳᠠᠵᠤ᠂ ᠨᠢᠭᠡ ᠪᠦᠯᠦᠭ ᠡᠪᠳᠡᠭ᠌ᠳᠡᠭ᠌ᠰᠡᠨ ᠠᠮᠢ ᠠᠬᠤᠶ ᠣᠷᠴᠢᠨ ᠲᠣᠭᠣᠷᠢᠨ᠎ᠢ ᠵᠠᠰᠠᠨ ᠰᠡᠷᠭᠦᠭᠡᠬᠦ᠌᠎ᠶ᠋ᠢ ᠠᠬᠢᠭᠤᠯᠪᠠ ᠭᠡᠵᠦ ᠲᠠᠨᠢᠯᠴᠠᠭᠤᠯᠪᠠ᠃ 

ᠣᠢᠯᠠᠭᠠᠭ᠍ᠰᠠᠨ᠎ᠢᠶᠠᠷ᠂ ᠲᠣᠰ ᠤᠳᠠᠭ᠎ᠠ ᠨᠡᠢᠲᠡᠯᠡᠭ᠌ᠰᠡᠨ ᠠᠷᠪᠠᠨ ᠶᠡᠬᠡ ᠨᠡᠢᠲᠡᠯᠢᠭ ᠬᠡᠷᠡᠭ᠎ᠦᠨ ᠵᠢᠱ᠌ᠢᠶ᠎ᠡ ᠨᠢ ᠠᠮᠢ ᠠᠬᠤᠶ ᠣᠷᠴᠢᠨ ᠲᠣᠭᠣᠷᠢᠨ᠂ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠤᠰᠤᠨ᠎ᠤ ᠡᠬᠢ ᠪᠠᠶᠠᠯᠢᠭ ᠎ᠤᠨ ᠬᠠᠮᠠᠭᠠᠯᠠᠯᠲᠠ᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠪᠣᠬᠢᠷᠲᠤᠯ᠎ᠤᠨ ᠵᠠᠰᠠᠯᠲᠠ ᠵᠡᠷᠭᠡ ᠣᠯᠠᠨ ᠭᠤᠤᠯᠳᠠᠯᠭ᠎ᠠ᠎ᠲᠠᠶ ᠬᠦᠷᠢᠶ᠎ᠡ᠎ᠶ᠋ᠢ ᠬᠠᠮᠤᠷᠤᠭ᠍ᠰᠠᠨ ᠪᠥᠭᠡᠳ ᠠᠩᠬ᠎ᠠ ᠤᠳᠠᠭ᠎ᠠ ᠲᠡᠯᠡᠶ ᠲᠠᠩᠭᠢᠰ᠎ᠤᠨ ᠠᠮᠢ ᠠᠬᠤᠶ ᠣᠷᠴᠢᠨ ᠲᠣᠭᠣᠷᠢᠨ᠎ᠤ ᠬᠣᠬᠢᠷᠠᠯ᠎ᠤᠨ ᠲᠥᠯᠥᠪᠦᠷᠢ᠎ᠶ᠋ᠢᠨ ᠵᠠᠷᠭᠤ᠎ᠶ᠋ᠢᠨ ᠬᠡᠷᠡᠭ᠎ᠲᠦ ᠣᠷᠣᠭᠤᠯᠤᠭ᠍ᠰᠠᠨ ᠪᠠᠢᠨ᠎ᠠ᠃ ᠨᠡᠢᠲᠡᠯᠢᠭ ᠬᠡᠷᠡᠭ᠎ᠦᠨ ᠵᠢᠱ᠌ᠢᠶ᠎ᠡ᠎ᠡᠴᠡ ᠭᠠᠳᠠᠨ᠎ᠠ᠂ ᠳᠥᠷᠪᠡᠨ ᠰᠠᠯᠠᠭ᠎ᠠ ᠮᠥᠴᠢᠷ ᠪᠠᠰᠠ 39 ᠯᠠᠪᠯᠠᠯᠲᠠ ᠪᠣᠯᠭᠠᠬᠤ ᠬᠡᠷᠡᠭ᠎ᠦᠨ ᠵᠢᠱ᠌ᠢᠶ᠎ᠡ᠎ᠶ᠋ᠢ ᠵᠡᠷᠭᠡ᠎ᠪᠡᠷ ᠨᠡᠢᠲᠡᠯᠡᠵᠦ᠍᠂ ᠨᠡᠢᠲᠡᠯᠢᠭ ᠬᠡᠷᠡᠭ᠎ᠦᠨ ᠵᠢᠱ᠌ᠢᠶ᠎ᠡ᠎ᠲᠡᠶ ᠬᠠᠷᠢᠯᠴᠠᠨ ᠨᠥᠬᠥᠪᠥᠷᠢ ᠪᠤᠯᠭᠠᠪᠠ᠃ 

ᠲᠡᠷᠡ᠂ ᠲᠠᠷᠠᠭᠠᠴᠢ ᠎ᠶ᠋ᠢᠨ ᠠᠯᠬᠤᠮ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠥᠭᠡᠷᠡᠴᠢᠯᠡᠯᠲᠡ᠎ᠶ᠋ᠢ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠠᠮᠢ ᠠᠬᠤᠶ ᠣᠷᠴᠢᠨ ᠲᠣᠭᠣᠷᠢᠨ᠎ᠢ ᠡᠪᠳᠡᠵᠦ᠍ ᠬᠣᠬᠢᠷᠠᠭᠤᠯᠤᠭ᠍ᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠲᠦᠷᠢᠮ᠎ᠢ ᠨᠠᠩ ᠵᠢᠷᠤᠮᠵᠢᠯ᠎ᠲᠠᠶ᠂ ᠨᠠᠩ ᠪᠣᠳᠠᠲᠤ ᠦᠷ᠎ᠡ ᠪᠦᠲᠦᠮᠵᠢᠲᠡᠶ ᠪᠣᠯᠭᠠᠬᠤ᠎ᠶ᠋ᠢ ᠠᠬᠢᠭᠤᠯᠵᠤ᠂ 《 ᠣᠷᠴᠢᠨ ᠲᠣᠭᠣᠷᠢᠨ ᠦᠨ᠎ᠡ᠎ᠲᠡᠶ᠂ ᠬᠣᠬᠢᠷᠠᠭᠤᠯᠪᠠᠯ ᠬᠠᠷᠢᠭᠤᠴᠠᠯᠭ᠎ᠠ ᠡᠭᠦᠷᠭᠡᠯᠡᠬᠦ᠌ 》 ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ ᠎ᠳᠤ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃ 


ᠢᠷᠡᠯᠲᠡ᠄ ᠰᠢᠨᠬᠤᠸᠠ ᠬᠤᠷᠢᠶ᠎ᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号