ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠥᠷᠭᠡᠨ᠎ᠢᠶᠡᠷ ᠪᠣᠢᠵᠢᠭᠤᠯᠤᠨ ᠦᠶ᠋ᠯᠡᠳᠦᠯᠭᠡᠵᠢᠭᠦᠯᠵᠦ᠍᠂ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠳᠠᠭᠤᠷᠢᠶᠠᠯ ᠪᠠ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠳᠤᠮᠳᠠᠳᠤ᠎ᠶ᠋ᠢᠨ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠵᠤ᠂ ᠴᠠᠭ ᠦᠶ᠎ᠡ᠎ᠶ᠋ᠢᠨ ᠱᠢᠨ᠎ᠡ ᠬᠡᠪ ᠰᠤᠷᠲᠠᠯ᠎ᠢ ᠪᠣᠢᠵᠢᠭᠤᠯᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠬᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠤᠯᠪᠤᠭ᠎ᠠ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠤᠯᠤᠰ ᠲᠥᠷᠥ᠎ᠶ᠋ᠢᠨ ᠠᠵᠢᠯ᠎ᠤᠨ ᠲᠣᠪᠴᠢᠶ᠎ᠠ ᠶᠢᠰᠦᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠎ᠶ᠋ᠢ ᠱᠢᠯᠭᠠᠷᠠᠭᠤᠯᠤᠨ ᠲᠠᠨᠢᠯᠴᠠᠭᠤᠯᠬᠤ ᠪᠠ ᠰᠤᠷᠤᠯᠴᠠᠨ ᠤᠬᠠᠭᠤᠯᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃
ᠠᠵᠢᠯᠯᠠᠭ᠎ᠠ ᠥᠷᠨᠢᠭᠦᠯᠦᠭ᠌ᠰᠡᠨ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠥᠷᠭᠡᠨ᠎ᠢᠶᠡᠷ ᠬᠥᠳᠡᠯᠦᠯᠴᠡᠵᠦ᠍᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠬᠠᠷᠢᠶ᠎ᠠ ᠣᠷᠣᠨ ᠪᠠ ᠨᠢᠭᠡᠴᠢ᠎ᠡᠴᠡ ᠲᠠᠨᠢᠯᠴᠠᠭᠤᠯᠬᠤ᠂ ᠱᠠᠲᠤ ᠳᠠᠷᠠᠭᠠᠯᠠᠨ ᠬᠢᠨᠠᠨ ᠬᠠᠷᠭᠤᠭᠤᠯᠬᠤ᠂ ᠲᠤᠰᠭᠠᠶ ᠮᠡᠷᠭᠡᠵᠢᠯᠲᠡᠨ ᠬᠢᠨᠠᠨ ᠲᠣᠭ᠍ᠲᠠᠭᠠᠬᠤ ᠵᠡᠷᠭᠡ ᠲᠠᠰ ᠳᠠᠷᠠᠭᠠᠯᠠᠯ᠎ᠢᠶᠠᠷ ᠶᠠᠪᠤᠭᠳᠠᠭᠤᠯᠬᠤ ᠵᠢᠨ ᠬᠠᠮᠳᠤ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠰᠠᠨᠠᠯ᠎ᠢ ᠬᠤᠷᠢᠶᠠᠵᠤ᠂ ᠦᠶ᠋ᠯᠡ ᠠᠵᠢᠯᠯᠠᠭ᠎ᠠ᠎ᠨᠢ ᠲᠣᠪᠣᠢᠮ᠎ᠠ᠂ ᠵᠠᠩ ᠮᠣᠷᠠᠯ᠎ᠨᠢ ᠡᠷᠬᠢᠮ ᠳᠡᠭᠡᠳᠦ᠂ ᠨᠡᠢᠭᠡᠮ ᠨᠡᠢᠲᠡ᠎ᠳᠦ ᠮᠡᠳᠡᠷᠡᠭ᠌ᠳᠡᠭ᠌ᠰᠡᠨ᠂ ᠵᠢᠱ᠌ᠢᠶ᠎ᠡ ᠦᠵᠡᠭᠦᠯᠬᠦ᠌ ᠴᠢᠨᠠᠷ᠎ᠢᠶᠠᠷ ᠴᠢᠩᠭ᠎ᠠ ᠪᠠᠢᠬᠤ ᠪᠠᠷᠢᠮᠵᠢᠶ᠎ᠠ᠎ᠶ᠋ᠢ ᠪᠠᠷᠢᠮᠲᠠᠯᠠᠵᠤ᠂ ᠶᠢᠰᠦᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ 25 ᠵᠢᠱ᠌ᠢᠭ᠌ᠳᠡᠭ᠌ᠴᠢ᠎ᠶ᠋ᠢ ᠰᠣᠩᠭᠣᠨ ᠰᠢᠯᠭᠠᠷᠠᠭᠤᠯᠪᠠ᠃ ᠡᠭᠦᠨ᠎ᠳᠦ 《ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠭᠰᠠᠨ》 ᠲᠥᠷᠥᠯ᠎ᠦᠨ 5᠂ 《ᠲᠦᠪ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭᠰᠠᠨ》 ᠲᠥᠷᠥᠯ᠎ᠦᠨ 5᠂ 《ᠦᠨᠡᠨᠴᠢ ᠢᠲᠡᠭᠡᠮᠵᠢ ᠵᠢ ᠡᠷᠬᠢᠮᠯᠡᠭᠰᠡᠨ》 ᠲᠥᠷᠥᠯ᠎ᠦᠨ 5᠂ 《ᠠᠵᠢᠯ ᠦᠶ᠋ᠯᠡᠰ᠎ᠢᠶᠡᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ》 ᠲᠥᠷᠥᠯ᠎ᠦᠨ 5᠂ 《ᠨᠠᠰᠤᠲᠠᠨ᠎ᠢᠶᠠᠨ ᠠᠴᠢᠯᠠᠵᠤ ᠲᠥᠷᠥᠯ ᠰᠠᠳᠤᠨ᠎ᠢᠶᠠᠨ ᠬᠠᠢᠷᠠᠯᠠᠭᠰᠠᠨ》 ᠲᠥᠷᠥᠯ᠎ᠦᠨ 5 ᠪᠣᠶ᠃
ᠣᠳᠣ ᠰᠤᠨᠭᠭᠤᠭᠳᠠᠭᠰᠠᠳᠤᠨᠨᠡᠷᠡᠰᠢ ᠢᠯᠡ ᠨᠡᠢᠲᠡᠯᠡᠵᠦ᠍᠂ ᠣᠯᠠᠨ ᠲᠦᠮᠡᠨ᠎ᠦ ᠰᠠᠨᠠᠯ᠎ᠢ ᠰᠣᠨᠣᠰᠴᠤ᠌᠂ ᠨᠡᠢᠭᠡᠮ᠎ᠦᠨ ᠬᠢᠨᠠᠯᠲᠠ᠎ᠶ᠋ᠢ ᠬᠦᠯᠢᠶᠡᠨ᠎ᠠ᠃ ᠢᠯᠡ ᠨᠡᠢᠲᠡᠯᠡᠬᠦ᠌ ᠬᠤᠭᠤᠴᠠᠭ᠎ᠠ᠎ᠨᠢ 2025 ᠣᠨ᠎ᠤ 12 ᠰᠠᠷ᠎ᠠ᠎ᠶ᠋ᠢᠨ 31 ᠤ᠋ ᠡᠳᠦᠷ ᠡᠴᠡ 2026 ᠣᠨ᠎ᠤ 1 ᠰᠠᠷ᠎ᠠ᠎ᠶ᠋ᠢᠨ 6 ᠤ᠋ ᠡᠳᠦᠷ (ᠨᠡᠢᠲᠡ 7 ᠡᠳᠦᠷ)ᠪᠣᠯᠤᠨ᠎ᠠ᠃
ᠢᠯᠡ ᠨᠡᠢᠲᠡᠯᠡᠬᠦ᠌ ᠬᠤᠭᠤᠴᠠᠭᠠᠨ᠎ᠳᠤ᠂ ᠨᠡᠢᠭᠡᠮ᠎ᠦᠨ ᠡᠯ᠎ᠡ ᠡᠲᠡᠭᠡᠳᠦᠨᠬᠢᠨᠦ ᠵᠢᠱ᠌ᠢᠭ᠌ᠳᠡᠭ᠌ᠴᠢ᠎ᠶ᠋ᠢᠨ ᠦᠶ᠋ᠯᠡ ᠶᠠᠪᠤᠳᠠᠯ᠎ᠢ ᠣᠢᠯᠠᠭᠠᠬᠤ᠎ᠶ᠋ᠢᠨ ᠬᠠᠮᠲᠤ ᠦᠨᠡᠨ᠎ᠡᠴᠡ ᠵᠥᠪ᠎ᠢ ᠡᠷᠢᠵᠦ᠍᠂ ᠪᠤᠰᠤᠳᠴᠢ ᠲᠥᠪ ᠭᠤᠤᠯᠴᠢ᠎ᠪᠠᠷ ᠦᠨᠡᠯᠡᠨ ᠶᠠᠷᠢᠯᠴᠠᠬᠤ ᠪᠠ ᠬᠢᠨᠠᠯᠲᠠ ᠲᠠᠯᠪᠢᠬᠤ᠎ᠶ᠋ᠢ ᠪᠠᠶᠠᠷᠯᠠᠨ ᠤᠭ᠍ᠲᠤᠨ᠎ᠠ᠃ ᠬᠡᠷᠪᠡ ᠵᠢᠱ᠌ᠢᠭ᠌ᠳᠡᠭ᠌ᠰᠡᠳᠲᠦ ᠣᠨᠳᠣᠣ ᠰᠠᠨᠠᠯ᠎ᠲᠠᠶ ᠪᠠᠢᠪᠠᠯ᠂ ᠤᠲᠠᠰᠤ᠂ ᠵᠠᠬᠢᠳᠠᠯ᠂ ᠢᠮᠧᠯ ᠵᠡᠷᠭᠡ ᠬᠡᠯᠪᠡᠷᠢ᠎ᠪᠡᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠶ᠋ᠢᠨ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ᠎ᠲᠦ ᠲᠤᠰᠭᠠᠭᠠᠷᠠᠢ᠃ ᠪᠠᠢᠳᠠᠯ᠎ᠢ ᠲᠤᠰᠭᠠᠬᠤ᠎ᠳᠤ ᠡᠷᠬᠡᠪᠰᠢ ᠦᠨᠡᠨ᠎ᠡᠴᠡ ᠵᠥᠪ᠎ᠢ ᠡᠷᠢᠬᠦ᠌᠎ᠶ᠋ᠢᠨ ᠬᠠᠮᠲᠤ ᠦᠨᠡᠨ ᠣᠪᠣᠭ ᠨᠡᠷ᠎ᠡ᠂ ᠠᠵᠢᠯᠯᠠᠵᠤ ᠪᠠᠢᠭ᠎ᠠ ᠨᠢᠭᠡᠴᠢ ᠪᠠ ᠬᠠᠷᠢᠯᠴᠠᠬᠤ ᠠᠷᠭ᠎ᠠ ᠮᠠᠶᠢᠭ ᠵᠢᠡᠨ ᠮᠡᠳᠡᠭ᠌ᠳᠡᠵᠦ᠍᠂ ᠬᠢᠨᠠᠨ ᠬᠠᠷᠭᠤᠭᠤᠯᠬᠤ ᠪᠠ ᠬᠠᠷᠢᠭᠤ ᠲᠤᠰᠭᠠᠬᠤ᠎ᠳᠤ ᠲᠥᠬᠥᠮ ᠪᠣᠯᠭᠠᠬᠤ ᠬᠡᠷᠡᠭ᠌ᠲᠡᠶ᠃
ᠬᠠᠷᠢᠯᠴᠠᠬᠤ ᠤᠲᠠᠰᠤ᠄ 0471— 4862639
ᠢᠮᠧᠯ᠄ nmghrb @ 163. com
ᠬᠠᠷᠢᠯᠴᠠᠬᠤ ᠬᠠᠶᠢᠭ᠄ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ᠎ᠶ᠋ᠢᠨ 1 ᠳ᠋ᠤᠭᠡᠷ ᠨᠣᠮᠧᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠵᠣᠬᠢᠴᠠᠭᠤᠯᠤᠨ ᠵᠢᠯᠣᠭᠣᠳᠭᠤ ᠭᠠᠵᠠᠷ
ᠱᠢᠦᠳᠠᠨ ᠨᠤᠮᠸᠷ᠄ 010096
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠤᠬᠠᠭᠤᠯᠬᠤ ᠬᠡᠯᠲᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠣᠶᠤᠨ᠎ᠤ ᠪᠣᠯᠪᠠᠰᠤᠨ᠎ᠤ ᠪᠠᠢᠭᠤᠯᠤᠯᠲᠠ ᠶ᠋ᠢᠨ ᠠᠯᠪᠠᠨ ᠬᠡᠷ
2025 ᠣᠨ᠎ᠤ 12 ᠰᠠᠷ᠎ᠠ᠎ᠶ᠋ᠢᠨ 31 ᠤ᠋ ᠡᠳᠦᠷ
ᠵᠢᠱ᠌ᠢᠭ᠌ᠳᠡᠭ᠌ᠰᠡᠳᠦᠨ ᠨᠡᠷᠡᠰ᠎ᠢ ᠺᠣᠳ᠋ ᠱᠢᠷᠪᠢᠵᠦ᠍ ᠦᠵᠡᠭᠡᠷᠡᠢ
