ᠥᠪᠡᠷᠲᠡᠭᠡᠨ ᠵᠠᠰᠠᠬᠤ ᠣᠷᠣᠨ ᠤ ᠴᠡᠷᠢᠭ ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ ᠤᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠡᠳᠦᠷ ᠡᠴᠨ ᠨᠠᠭᠠᠰᠢ᠂ ᠦᠪᠦᠷ ᠮᠤᠡᠭᠭᠤᠯ ᠤ᠋ᠨ ᠡᠯ᠎ᠠ ᠭᠠᠵᠠᠷ᠎ᠤᠨ᠎ᠬᠢᠨ ᠬᠣᠶᠠᠷ ᠢ ᠬᠦᠷᠢᠶᠡᠯᠡᠬᠦ᠌ ᠠᠵᠢᠯᠯᠠᠭ᠎ᠠ ᠵᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠡᠷᠴᠢᠮ ᠲᠡᠶ᠂ ᠬᠠᠢᠷ᠎ᠠ ᠬᠠᠯᠠᠮᠵᠢ᠎ᠲᠠᠶ᠂ ᠭᠦᠨᠴᠡ᠎ᠲᠡᠶ ᠠᠷᠭ᠎ᠠ ᠬᠡᠮᠵᠢᠶ᠎ᠠ ᠪᠡᠷ ᠠᠰᠠᠷᠠᠨ ᠬᠠᠷᠠᠭᠠᠯᠵᠠᠬᠤ ᠡᠲᠡᠭᠡᠳ ᠲᠦ ᠬᠦᠨᠳᠦᠳᠭᠡᠯ ᠪᠠ ᠬᠠᠢᠷ᠎ᠠ ᠬᠠᠯᠠᠮᠵᠢᠬᠦᠷᠭᠡᠪᠡ᠃
ᠲᠦᠩᠯᠢᠶᠣᠤ ᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠠᠷᠠᠳ᠎ᠤᠨ ᠶᠠᠪᠤᠳᠠᠯ᠎ᠤᠨ ᠡᠷᠡᠭᠦᠯᠵᠢᠯ ᠤ᠋ᠨ ᠡᠮᠨᠡᠯᠭᠡ᠎ᠶ᠋ᠢᠨ ᠬᠣᠷᠢᠶ᠎ᠠ᠎ᠲᠠᠶ ᠬᠠᠮᠲᠤᠷᠠᠨ᠂ ᠬᠣᠷᠴᠢᠨ ᠲᠣᠭᠣᠷᠢᠭ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠠᠰᠠᠷᠠᠨ ᠬᠠᠷᠠᠭᠠᠯᠵᠠᠬᠤ ᠡᠲᠡᠭᠡᠳ᠎ᠲᠦ ᠰᠦᠶ᠋ᠳᠭᠡᠯ ᠬᠤᠷᠢᠶᠠᠬᠤ ᠥᠬᠡᠶ᠎ᠪᠡᠷ ᠪᠡᠶ᠎ᠡ᠎ᠶ᠋ᠢᠨ ᠪᠠᠢᠴᠠᠭᠠᠯᠲᠠ ᠬᠢᠵᠦ ᠦᠭᠪᠡ᠃ ᠠᠵᠢᠯᠲᠠᠳ ᠪᠣᠯᠤᠨ ᠡᠮᠴᠢ ᠰᠤᠪᠢᠯᠠᠭ᠍ᠴᠢ ᠪᠠᠢᠴᠠᠭᠠᠯᠲᠠ ᠵᠢᠨ ᠲᠥᠷᠥᠯ ᠵᠦᠶ᠋ᠯ᠎ᠢ ᠨᠠᠷᠢᠨ ᠨᠢᠮᠪᠠᠶ ᠲᠣᠭ᠍ᠲᠠᠭᠠᠨ᠂ ᠨᠠᠰᠤᠲᠠᠶ ᠡᠪᠡᠳᠴᠢᠨ᠎ᠲᠡᠶ ᠵᠡᠮᠳᠡᠭ ᠬᠥᠮᠦᠰ᠎ᠲᠦ 《ᠬᠡᠷ᠎ᠲᠦᠨᠢ ᠬᠦᠷᠴᠦ᠍ ᠪᠠᠢᠴᠠᠭᠠᠬᠤ》 ᠦᠶ᠋ᠯᠡᠴᠢᠯᠡᠭᠡ ᠬᠠᠩᠭᠠᠪᠠ᠃ ᠲᠤᠬᠠᠢ ᠵᠢᠨ ᠲᠠᠯᠠᠪᠠᠢ ᠳ᠋ᠤ᠂ ᠡᠮᠴᠢ ᠰᠤᠪᠢᠯᠠᠭ᠍ᠴᠢᠨᠠᠷ ᠠᠰᠠᠷᠠᠨ ᠬᠠᠷᠠᠭᠠᠯᠵᠠᠬᠤ ᠡᠲᠡᠭᠡᠳ᠎ᠲᠦ ᠡᠷᠡᠬᠦᠯ ᠮᠡᠨᠳᠤ ᠵᠢᠨ ᠵᠦᠪᠯᠡᠯᠭᠡ ᠦᠭᠭᠦᠭᠰᠡᠨ ᠪᠦᠭᠡᠳ ᠨᠢᠭᠡ ᠬᠥᠮᠦᠨ᠎ᠳᠦ ᠨᠢᠭᠡ ᠡᠷᠡᠭᠦᠯ ᠮᠡᠨᠳᠦ᠍᠎ᠶ᠋ᠢᠨ ᠲᠠᠩᠰᠠ ᠡᠪᠬᠡᠮᠡᠯ ᠪᠠᠢᠭᠤᠯᠵᠦ᠂ ᠬᠠᠢᠷ᠎ᠠ ᠬᠠᠯᠠᠮᠵᠢ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠪᠠ᠃
ᠤᠯᠠᠭᠠᠨᠬᠠᠳᠠ ᠬᠣᠲᠠ᠎ᠶ᠋ᠢᠨ ᠣᠩᠨᠢᠭᠤᠳ ᠬᠣᠱᠢᠭᠤᠨ᠎ᠤ ᠴᠡᠷᠢᠭ᠎ᠤ᠋ᠨ ᠠᠯᠪᠠ ᠡᠴᠡ ᠬᠠᠯᠠᠭ᠍ᠳᠠᠭ᠍ᠰᠠᠳ ᠤᠨ ᠶᠠᠪᠤᠳᠠᠯ᠎ᠤᠨ ᠲᠣᠪᠴᠢᠶ᠎ᠠ ᠨᠢ ᠠᠩᠬᠠᠳᠤᠭᠠᠷ ᠬᠤᠭᠤᠴᠠᠭᠠᠨ᠎ᠤ 《ᠬᠣᠶᠠᠷ᠎ᠢ ᠬᠦᠷᠢᠶᠡᠯᠡᠬᠦ᠌ ᠬᠤᠨᠳᠠᠭᠠᠲᠤ》 ᠥᠲᠥᠨ ᠪᠥᠮᠪᠥᠭᠡ᠎ᠶ᠋ᠢᠨ ᠤᠷᠤᠯᠳᠤᠭᠠᠨ᠎ᠢ ᠡᠷᠭᠢᠯᠡᠪᠡ᠃ ᠴᠡᠷᠢᠭ᠎ᠦᠨ ᠠᠯᠪᠠ᠎ᠠᠴᠠ ᠬᠠᠯᠠᠬᠳᠠᠬᠰᠠᠳ ᠵᠢᠴᠢ ᠭᠡᠷ ᠪᠦᠯᠢ ᠵᠢᠨ ᠬᠢᠨ᠂ ᠴᠡᠷᠢᠭ᠎ᠢᠶᠡᠨ ᠬᠦᠷᠢᠶᠡᠯᠡᠬᠦ᠌ ᠠᠵᠤ ᠠᠬᠤᠢᠯᠠᠯ᠎ᠤᠨ ᠠᠵᠢᠯᠲᠠᠨ ᠵᠡᠷᠭᠡ ᠬᠥᠮᠦᠰ ᠤᠷᠤᠯᠳᠤᠭᠠᠨ᠎ᠳᠤ ᠣᠷᠣᠯᠴᠠᠵᠦ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠭ᠌ᠰᠡᠨ ᠪᠠᠢᠨ᠎ᠠ᠃
ᠬᠥᠯᠥᠨ ᠪᠤᠢ᠌ᠷ ᠬᠤᠳᠠ ᠶ᠋ᠢᠨ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ ᠤ ᠴᠡᠷᠢᠭ ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠢ᠎ᠠ ᠨᠡᠢᠭᠡᠮᠴᠢᠯᠡᠭ᠌ᠰᠡᠨ ᠴᠡᠷᠢᠭ ᠵᠢᠡᠨ ᠬᠦᠷᠢᠶᠡᠯᠡᠬᠦ᠌ ᠠᠵᠢᠯᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠷᠢᠶ᠎ᠠ ᠣᠷᠣᠨ᠎ᠤ᠎ᠪᠠᠨ ᠴᠡᠷᠢᠭ ᠵᠢᠡᠨ ᠬᠦᠷᠢᠶᠡᠯᠡᠬᠦ᠌ ᠲᠡᠯᠭᠡᠭᠦᠷ ᠵᠡᠷᠭᠡ᠎ᠳᠦ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠪᠡ᠃ ᠠᠵᠢᠯᠲᠠᠳ ᠬᠤᠳᠠᠯᠳᠤᠭᠠᠴᠢᠨ ᠡᠷᠦᠭᠡ ᠲᠠᠶ ᠶᠠᠷᠢᠯᠴᠠᠵᠤ᠂ ᠡᠵᠡᠩᠨᠡᠯᠲᠡ ᠶ᠋ᠢᠨ ᠪᠠᠢᠳᠠᠯ ᠪᠣᠯᠤᠨ ᠬᠠᠷᠠᠭᠠᠯᠵᠠᠯ᠎ᠤᠨ ᠲᠥᠷᠥ ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠣᠢᠯᠠᠭᠠᠪᠡ᠃
ᠦᠨᠳᠦᠰᠦᠨ ᠱᠠᠲᠤᠨ ᠳᠤ ᠣᠢᠷᠠᠲᠤᠵᠦ᠂ ᠬᠥᠮᠦᠰ ᠦᠨ ᠰᠡᠳᠭᠢᠯ᠎ᠢ ᠳᠤᠯᠠᠭᠠᠴᠠᠭᠤᠯᠤᠭ᠍ᠰᠠᠨ ᠬᠣᠶᠠᠷ᠎ᠢ ᠬᠦᠷᠢᠶᠡᠯᠡᠬᠦ᠌ ᠠᠵᠢᠯᠯᠠᠭ᠎ᠠ᠎ᠨᠢ ᠴᠡᠷᠢᠭ ᠬᠦᠮᠦᠨ᠎ᠢ ᠬᠦᠨᠳᠦᠳᠭᠡᠬᠦ᠌᠂ ᠠᠰᠠᠷᠠᠨ ᠬᠠᠷᠠᠭᠠᠯᠵᠠᠬᠤ ᠡᠲᠡᠭᠡᠳ ᠢ ᠬᠠᠯᠠᠮᠵᠢᠯᠠᠬᠤ ᠠᠭᠤᠷ ᠠᠮᠢᠰᠭᠤᠯ᠎ᠢ ᠵᠤᠵᠠᠭᠠᠳᠬᠠᠵᠤ᠂ ᠥᠪᠥᠷ ᠮᠣᠩᠭᠣᠯ᠎ᠤᠨ ᠬᠣᠶᠠᠷ ᠢ ᠬᠦᠷᠢᠶᠡᠯᠡᠬᠦ᠌ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠠᠮᠢᠳᠤᠯᠢᠭ ᠲᠠᠢᠯᠤᠮᠵᠢ ᠬᠢᠪᠡ᠃