12 ᠰᠠᠷ᠎ᠠ ᠶ᠋ᠢᠨ 25 ᠤ᠋ ᠡᠳᠦᠷ ᠬᠤᠷᠠᠯᠳᠤᠬᠰᠠᠨ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ 《〈ᠠᠷᠪᠠᠨ ᠳᠦᠷᠪᠡᠳᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ 》 ᠰᠢᠷᠢᠰ ᠭᠤᠤᠯ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ ᠤ᠋ᠨ《ᠨᠠᠡᠭ ᠦᠨᠳᠦᠷ ᠲᠦᠪᠰᠢᠨ ᠪᠦᠬᠦᠢ ᠠᠮᠤᠷ ᠠᠮᠤᠭᠤᠯᠠᠡᠭ᠎ᠳᠤ ᠦᠪᠦᠷ ᠮᠤᠡᠭᠭᠤᠯ ᠢ᠋ ᠪᠦᠳᠦᠭᠡᠨ ᠪᠠᠢᠭᠤᠯᠵᠤ ᠡᠭᠡ ᠤᠯᠤᠰ ᠤ᠋ᠨ ᠤᠮᠠᠷᠠᠳᠤ ᠵᠢᠨ ᠠᠮᠤᠷ ᠲᠦᠪᠰᠢᠨ ᠲᠤᠬᠳᠠᠭᠤᠨ ᠤ᠋ ᠬᠠᠯᠬᠠᠪᠴᠢ ᠵᠢ ᠪᠠᠳᠤ ᠴᠤᠬᠴᠠᠯᠠᠬᠤ》ᠲᠤᠰᠬᠠᠢ ᠲᠠᠯᠠᠪᠠᠢ ᠰᠤᠨᠢᠨ ᠮᠡᠳᠡᠭᠡ ᠨᠡᠢᠲᠡᠯᠡᠬᠦ ᠬᠤᠷᠠᠯ ᠡᠴᠨ ᠤᠢᠯᠠᠭᠠᠬᠰᠠᠨ ᠵᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠳ᠋ᠤ᠂ ᠥᠪᠥᠷ ᠮᠣᠩᠭᠣᠯ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠪᠠᠷᠢᠮᠲᠠᠯᠠᠵᠤ᠂ 《ᠨᠠᠮ᠎ᠤᠨ ᠬᠣᠷᠢᠶ᠎ᠠ ᠴᠢᠭ᠌ᠯᠡᠯ᠎ᠢ ᠡᠵᠡᠮᠳᠡᠵᠦ᠍᠂ ᠵᠠᠰᠠᠭ᠎ᠤᠨ ᠣᠷᠳᠣᠨ ᠶᠡᠷᠦᠩᠬᠡᠶ ᠵᠣᠬᠢᠴᠠᠭᠤᠯᠵᠤ᠂ ᠴᠡᠷᠢᠭ ᠠᠩᠭᠢ ᠭᠤᠤᠯᠯᠠᠭ᠍ᠴᠢ ᠬᠦᠴᠦᠨ ᠪᠣᠯᠵᠣ᠂ ᠴᠠᠭ᠍ᠳᠠᠭᠠᠨ᠎ᠤ ᠲᠠᠯ᠎ᠠ᠎ᠶ᠋ᠢᠨ ᠬᠢᠨ ᠵᠠᠰᠠᠯᠲᠠ᠎ᠶ᠋ᠢ ᠠᠳᠭᠤᠵᠤ᠂ ᠠᠷᠠᠳ ᠣᠯᠠᠨ᠎ᠢᠶᠠᠷ ᠰᠠᠭᠤᠷᠢ ᠪᠣᠯᠭᠠᠭ᠍ᠰᠠᠨ》 ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠲᠠᠰᠤᠷᠠᠯᠲᠠ ᠥᠬᠡᠶ ᠪᠠᠢᠭᠤᠯᠤᠨ ᠬᠦᠴᠦᠷᠬᠡᠭ᠌ᠵᠢᠭᠦᠯᠵᠦ᠍᠂ ᠬᠢᠯᠢ ᠶ᠋ᠢ ᠬᠠᠮᠢᠶᠠᠷᠴᠤ᠌ ᠬᠢᠯᠢ᠎ᠶ᠋ᠢ ᠡᠵᠡᠮᠳᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃
ᠬᠢᠯᠢ ᠬᠢᠵᠠᠭᠠᠷ ᠣᠷᠣᠨ᠎ᠤ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠡᠭᠭᠠᠳᠬᠠᠬᠤ ᠲᠠᠯ᠎ᠠ ᠪᠡᠷ᠂《ᠤᠰᠤ ᠴᠠᠬᠢᠯᠭᠠᠨ ᠵᠠᠮ ᠴᠢᠮᠡᠭᠡ ᠬᠣᠯᠪᠣᠭ᠎ᠠ》 ᠵᠢᠨ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠷᠪᠠᠨ ᠵᠢᠯ ᠦᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂《ᠠᠷᠪᠠᠨ ᠳᠥᠷᠪᠡᠳᠦᠭᠡᠷ ᠲᠠᠪᠤᠨ ᠵᠢᠯ》 ᠳ᠋ᠤ᠂ ᠤᠰᠤᠨ ᠬᠤᠳᠳᠤᠭ᠎ᠢ 2287 ᠰᠠᠤᠷᠢ ᠪᠠᠢᠭᠤᠯᠵᠤ ᠂ 2.15 ᠲᠦᠮᠡᠨ ᠮᠠᠯᠴᠢᠨ ᠲᠠᠷᠢᠶᠠᠴᠢᠨ ᠡᠷᠦᠬᠡ᠎ᠳᠦ ᠰᠠᠯᠬᠢ ᠬᠡᠷᠡᠯ ᠬᠠᠷᠢᠯᠴᠠᠨ ᠨᠥᠬᠥᠪᠥᠷᠢᠯᠡᠬᠦ᠌ ᠲᠥᠬᠥᠭᠡᠷᠦᠮᠵᠢ ᠤᠭ᠍ᠰᠠᠷᠠᠨ ᠥᠭ᠌ᠴᠦ᠂ ᠡᠯ᠎ᠡ ᠲᠠᠰ᠎ᠤᠨ ᠵᠠᠰᠠᠮᠠᠯ ᠵᠠᠮ ᠢ᠋ 1705 ᠺᠢᠯᠣᠮᠧᠲ᠋ᠷ᠎ᠢ ᠨᠡᠪᠲᠡᠷᠡᠭᠦᠯᠵᠦ᠍᠂ 331 ᠤᠯᠤᠰ᠎ᠤᠨ ᠵᠠᠮ ᠤᠨ 4 G ᠳᠣᠬᠢᠶᠠᠨ᠎ᠤ ᠪᠦᠷᠬᠦᠴᠡ᠎ᠶ᠋ᠢᠨ ᠨᠣᠷᠮ᠎ᠠ᠎ᠶ᠋ᠢ 82 % ᠪᠣᠯᠭᠠᠨ ᠳᠡᠭᠡᠭ᠌ᠰᠢᠯᠡᠭᠦᠯᠵᠦ᠍᠂ ᠬᠢᠯᠢ ᠬᠢᠵᠠᠭᠠᠷ ᠣᠷᠣᠨ᠎ᠤ ᠮᠠᠯᠴᠢᠨ ᠲᠠᠷᠢᠶᠠᠴᠢᠨ᠎ᠤ 《ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ 》ᠵᠢᠨ ᠠᠰᠠᠭᠤᠳᠠᠯ᠎ᠢ ᠦᠨᠳᠦᠰᠦᠨ᠎ᠳᠡᠭᠡᠨ ᠱᠢᠶ᠋ᠳᠪᠦᠷᠢᠯᠡᠪᠡ᠃
ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠮᠢᠶᠠᠷᠤᠨ ᠡᠵᠡᠮᠳᠡᠬᠦ᠌ ᠴᠢᠳᠠᠪᠤᠷᠢ᠎ᠶ᠋ᠢᠨ ᠲᠠᠯ᠎ᠠ᠎ᠪᠠᠷ᠂ ᠬᠢᠯᠢ ᠬᠢᠵᠠᠭᠠᠷ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠵᠤ᠂ ᠤᠮᠠᠷᠠᠲᠤ ᠬᠢᠯᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ ᠪᠠ 《ᠲᠠᠪᠤᠨ ᠬᠢᠯᠢ᠎ᠶ᠋ᠢᠨ ᠠᠵᠢᠯᠯᠠᠭ᠎ᠠ 》 ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠢᠯᠢ (ᠨᠡᠭᠦᠳᠡᠯ ) ᠵᠢᠨ ᠴᠠᠭ᠍ᠳᠠᠭᠠᠨ᠎ᠤ ᠶᠠᠪᠤᠳᠠᠯ᠎ᠤᠨ ᠲᠠᠰᠤᠭ᠎ᠢ 100 ᠨᠡᠮᠡᠵᠦ᠍ ᠪᠠᠢᠭᠤᠯᠪᠠ᠃《ᠬᠦᠮᠦᠨ ᠤ᠋ ᠰᠡᠷᠭᠡᠢᠯᠡᠯᠳᠡ+ ᠮᠡᠷᠭᠡᠵᠢᠯ᠎ᠦᠨ ᠰᠡᠷᠭᠡᠢᠯᠡᠯᠲᠡ》 ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠯ᠎ᠠ ᠨᠤᠲᠤᠭ᠎ᠤᠨ 110᠂ 《ᠬᠤᠪᠢᠰᠭᠠᠯᠲᠤ ᠪᠡᠬᠢᠯᠡᠯᠲᠡ ᠡᠷᠦᠬᠡ 》 ᠵᠡᠷᠭᠡ ᠠᠷᠭ᠎ᠠ ᠬᠢᠳᠡᠯ᠎ᠢ ᠲᠡᠯᠭᠡᠷᠡᠬᠦᠯᠵᠦ᠂ ᠬᠢᠯᠢ ᠬᠠᠮᠠᠭᠠᠯᠠᠬᠴᠢ ᠵᠢᠨ ᠡᠡᠭᠨᠡᠭᠡ ᠵᠢ ᠪᠤᠵᠠᠭᠠᠢᠷᠠᠭᠤᠯᠵᠤ᠂《ᠣᠶᠤᠨᠴᠢ ᠬᠢᠯᠢ᠎ᠶ᠋ᠢᠨ ᠬᠠᠮᠠᠭᠠᠯᠠᠯᠲᠠ 》 ᠶ᠋ᠢᠨ ᠪᠠᠢᠭᠤᠯᠤᠯᠲᠠ ᠪᠠ ᠪᠣᠳᠠᠲᠤ ᠪᠠᠢᠯᠳᠤᠭᠠᠨ᠎ᠦ ᠬᠡᠷᠡᠭ᠌ᠯᠡᠯᠲᠡ᠎ᠶ᠋ᠢ ᠲᠦᠷᠭᠡᠳᠭᠡᠨ ᠠᠬᠢᠭᠤᠯᠵᠤ᠂ ᠬᠢᠯᠢ᠎ᠬᠢᠵᠠᠭᠠᠷ ᠢ᠋ ᠬᠠᠮᠢᠶᠠᠷᠤᠨ ᠡᠵᠡᠮᠳᠡᠬᠦ᠌ ᠮᠡᠳᠡᠭᠡ ᠵᠠᠩᠭᠢᠵᠢᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃
ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠬᠤ ᠲᠠᠯ᠎ᠠ ᠪᠡᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ 》 ᠵᠡᠷᠭᠡ ᠪᠢᠴᠢᠭ ᠮᠠᠲᠧᠷᠢᠶᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠪᠡ᠃ 2025 ᠣᠨ᠎ᠳᠤ ᠲᠥᠪ᠎ᠦᠨ ᠲᠥᠰᠦᠪ᠎ᠦᠨ ᠳᠣᠲᠣᠷᠠᠬᠢ ᠬᠢᠯᠢ ᠬᠢᠵᠠᠭᠠᠷ ᠣᠷᠣᠨ᠎ᠢ ᠪᠡᠬᠢᠵᠢᠭᠦᠯᠬᠦ᠌ ᠲᠤᠰᠭᠠᠶ ᠲᠦᠷᠦᠯ ᠵᠤᠢᠯ ᠤ᠋ᠨ ᠪᠡᠯᠡ ᠤᠷᠤᠭᠤᠯᠤᠯᠳᠠ 1.02 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠠᠮ ᠬᠠᠷᠢᠯᠴᠠᠭᠠᠨ᠎ᠤ ᠪᠠᠲᠤᠯᠠᠭ᠎ᠠ ᠵᠡᠷᠭᠡ 4 ᠶᠡᠬᠡ ᠲᠥᠷᠥᠯ᠎ᠦᠨ 24 ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠭᠤᠤᠯᠳᠠᠯᠭ᠎ᠠ᠎ᠲᠠᠶ ᠳᠡᠮᠵᠢᠪᠡ᠃ 《ᠠᠷᠠᠳ᠎ᠤ᠋ᠨ ᠡᠵᠡᠩᠨᠡᠯᠳᠡ ᠵᠢᠨ ᠠᠵᠤ ᠠᠬᠤᠢᠯᠠᠯ ᠬᠢᠯᠢ ᠬᠢᠵᠠᠭᠠᠷ ᠲᠸ᠋ ᠬᠦᠨᠵᠡᠭᠡᠢᠷᠡᠬᠦ·ᠥᠪᠥᠷ ᠮᠣᠩᠭᠣᠯ᠎ᠳᠠᠬᠢ ᠠᠶᠠᠯᠠᠯ》 ᠤ᠋ᠨ ᠠᠵᠢᠯᠯᠠᠭ᠎ᠠ᠎ᠶ᠋ᠢ ᠡᠷᠭᠢᠯᠡᠵᠦ᠍᠂ 626 ᠲᠥᠷᠥᠯ ᠵᠦᠶ᠋ᠯ᠎ᠢ ᠬᠡᠷᠡᠭ᠌ᠵᠢᠭᠦᠯᠵᠦ᠍᠂ 52.3 ᠲᠦᠮᠡᠨ ᠣᠯᠠᠨ ᠲᠦᠮᠡᠨ᠎ᠳᠦ ᠠᠱᠢᠭ ᠬᠦᠷᠲᠡᠭᠡᠪᠡ᠃