ᠵᠠᠯᠠᠭᠤᠴᠤᠳ᠎ᠤᠨ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠱᠢᠨ᠎ᠡ ᠬᠡᠪ ᠪᠠᠢᠳᠠᠯ᠎ᠢ ᠨᠡᠩ ᠰᠠᠢᠲᠤᠷ ᠲᠠᠨᠢᠵᠤ᠂ ᠲᠡᠭᠦᠨ᠎ᠳᠦ ᠨᠡᠩ ᠰᠠᠢᠲᠤᠷ ᠵᠣᠬᠢᠴᠠᠵᠤ᠂ ᠨᠡᠢᠭᠡᠮ᠎ᠦᠨ ᠡᠬᠢ ᠪᠠᠶᠠᠯᠢᠭ᠎ᠢ ᠨᠡᠢᠳᠭᠡᠨ ᠵᠠᠯᠠᠭᠤᠴᠤᠳ ᠤᠨ ᠡᠷᠡᠭᠦᠯ ᠢᠶᠡᠷ ᠦᠰᠦᠨ ᠪᠣᠢᠵᠢᠬᠤ᠎ᠳᠤ ᠦᠢᠯᠡᠴᠢᠯᠡᠵᠦ᠍᠂ ᠵᠠᠯᠠᠭᠤᠴᠤᠳ᠎ᠤᠨ ᠬᠦᠷᠲᠡᠮᠵᠢ ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠢ ᠨᠡᠮᠡᠭ᠌ᠳᠡᠭᠦᠯᠬᠦ᠌᠎ᠶ᠋ᠢᠨ ᠲᠥᠯᠥᠭᠡ᠂ ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠬᠣᠷᠢᠢ᠎ᠠ ᠵᠠᠯᠠᠭᠤᠴᠤᠳ᠎ᠤᠨ ᠨᠥᠬᠥᠷᠯᠡᠯ᠎ᠦᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠳ᠋ᠦ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ 34 ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠵᠢᠴᠢ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠦᠨ ᠠᠵᠤ ᠠᠬᠤᠢᠯᠠᠯ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠤ᠋ᠨ 170 ᠭᠠᠷᠤᠢ ᠱᠢᠯᠢᠳᠡᠭ ᠵᠠᠯᠠᠭᠤᠴᠤᠳ ᠢᠳᠡᠪᠬᠢᠲᠡᠢ ᠣᠷᠣᠯᠴᠠᠪᠠ᠃ ᠲᠣᠰ ᠤᠳᠠᠭᠠᠨ᠎ᠤ ᠠᠵᠢᠯᠯᠠᠭ᠎ᠠ᠎ᠨᠢ ᠵᠠᠯᠠᠭᠤᠴᠤᠳ ᠤᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠯᠠᠭᠤᠴᠤᠳ ᠤᠨ ᠦᠰᠦᠨ ᠪᠣᠢᠵᠢᠯᠲᠠ ᠬᠥᠭ᠌ᠵᠢᠯᠲᠡ᠎ᠳᠦ ᠦᠶ᠋ᠯᠡᠴᠢᠯᠡᠬᠦ᠌ ᠠᠮᠢᠳᠤᠯᠢᠭ ᠦᠶ᠋ᠯᠡᠳᠦᠯᠭᠡ ᠪᠠᠢᠵᠤ᠂ ᠥᠷᠭᠡᠨ ᠣᠯᠠᠨ ᠵᠠᠯᠠᠭᠤ ᠠᠵᠢᠯᠲᠠᠨ ᠠᠵᠢᠯᠴᠢᠨ᠎ᠳᠤ ᠬᠠᠷᠢᠯᠴᠠᠭ᠎ᠠ᠎ᠪᠠᠨ ᠥᠷᠭᠡᠳᠭᠡᠬᠦ᠌᠂ ᠨᠥᠬᠥᠷᠯᠡᠯ᠎ᠢᠶᠡᠨ ᠭᠦᠨᠵᠡᠭᠡᠢᠷᠡᠭᠦᠯᠬᠦ᠌᠂ ᠣᠢᠯᠠᠭᠠᠯᠴᠠᠭ᠎ᠠ᠎ᠪᠠᠨ ᠨᠡᠮᠡᠭ᠌ᠳᠡᠭᠦᠯᠬᠦ᠌ ᠲᠠᠪᠴᠠᠩ ᠪᠠᠢᠭᠤᠯᠵᠤ ᠥᠭ᠌ᠬᠦ ᠶ᠋ᠢᠨ ᠬᠠᠮᠲᠤ ᠪᠠᠰᠠ ᠪᠠᠢᠭᠤᠯᠭ᠎ᠠ ᠪᠣᠯᠤᠨ ᠠᠵᠤ ᠠᠬᠤᠢᠯᠠᠯ᠂ ᠣᠷᠣᠨ ᠨᠤᠲᠤᠭ ᠪᠣᠯᠤᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠨᠢᠭᠡᠴᠢ ᠶ᠋ᠢᠨ ᠬᠣᠭᠣᠷᠣᠨᠳᠣ ᠨᠢᠭᠡ ᠤᠳᠠᠭᠠᠨ᠎ᠤ ᠣᠯᠳᠠᠬᠤᠶ᠎ᠠ ᠪᠡᠷᠬᠡ ᠰᠣᠯᠢᠯᠴᠠᠭ᠎ᠠ ᠬᠢᠬᠦ᠌ ᠠᠵᠠ ᠲᠣᠬᠢᠶᠠᠯ ᠢ ᠡᠭᠦᠳᠬᠦ᠌᠎ᠪᠡᠷ ᠵᠣᠷᠢᠯᠭ᠎ᠠ᠎ᠪᠠᠨ ᠪᠣᠯᠭᠠᠵᠠᠶ᠃
ᠲᠣᠰ ᠤᠳᠠᠭᠠᠨ᠎ᠤ ᠠᠵᠢᠯᠯᠠᠭ᠎ᠠ᠎ᠨᠢ ᠵᠠᠯᠠᠭᠤᠴᠤᠳ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠢᠳᠡᠪᠬᠢᠲᠡᠶ ᠬᠠᠷᠢᠭᠤᠯᠲᠠ ᠥᠭ᠌ᠴᠦ᠂ ᠵᠠᠯᠠᠭᠤᠴᠤᠳ᠎ᠤᠨ ᠬᠤᠪᠢ ᠬᠥᠮᠦᠨ᠎ᠦ ᠦᠰᠦᠨ ᠪᠣᠢᠵᠢᠯᠲᠠ ᠪᠠ ᠠᠮᠢᠳᠤᠷᠠᠯ᠎ᠤᠨ ᠬᠡᠷᠡᠭ᠌ᠴᠡᠭᠡ ᠳᠦ ᠦᠨᠡᠨ ᠬᠦ᠌ ᠦᠶ᠋ᠯᠡᠴᠢᠯᠡᠵᠦ᠍᠂ ᠵᠠᠯᠠᠭᠤᠴᠤᠳ᠎ᠤᠨ ᠬᠠᠷᠢᠶᠠᠯᠠᠭ᠍ᠳᠠᠬᠤ ᠰᠡᠳᠭᠢᠯᠭᠡ ᠪᠠ ᠨᠢᠭ᠍ᠲᠠᠷᠠᠯ ᠤᠨ ᠬᠦᠴᠦᠨ᠎ᠢ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠦᠷᠭᠦᠯᠵᠢᠯᠡᠨ ᠵᠠᠯᠠᠭᠤᠴᠤᠳ᠎ᠤᠨ ᠢᠨᠠᠭ᠍ᠯᠠᠵᠤ ᠤᠷᠤᠭ᠍ᠯᠠᠬᠤ᠂ ᠨᠡᠢᠭᠡᠮ᠎ᠳᠦ ᠠᠭᠤᠰᠤᠯᠴᠠᠬᠤ᠂ ᠦᠰᠦᠨ ᠪᠣᠢᠵᠢᠵᠤ ᠬᠥᠭ᠌ᠵᠢᠬᠦ᠌ ᠵᠡᠷᠭᠡ ᠲᠠᠯ᠎ᠠ᠎ᠶ᠋ᠢᠨ ᠬᠡᠷᠡᠭ᠌ᠴᠡᠭᠡ᠎ᠶ᠋ᠢᠨ ᠲᠣᠭᠣᠷᠢᠨ᠎ᠳᠤ᠂ ᠠᠵᠢᠯᠯᠠᠭ᠎ᠠ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠦᠢᠯᠡᠴᠢᠯᠡᠭᠡᠨ᠎ᠦ ᠠᠴᠢᠶᠠᠯᠠᠪᠤᠷᠢ᠎ᠶ᠋ᠢ ᠥᠷᠭᠡᠳᠭᠡᠵᠦ᠍᠂ ᠨᠡᠩ ᠤᠯᠠᠨ ᠨᠡᠢᠭᠡᠮ᠎ᠦᠨ ᠬᠦᠴᠦᠨ᠎ᠢ ᠨᠢᠭ᠍ᠲᠠᠷᠠᠭᠤᠯᠵᠤ᠂ ᠵᠠᠯᠠᠭᠤᠴᠤᠳ᠎ᠢ ᠬᠠᠯᠠᠮᠵᠢᠯᠠᠬᠤ᠂ ᠵᠠᠯᠠᠭᠤᠴᠤᠳ᠎ᠢ ᠳᠡᠮᠵᠢᠬᠦ᠌ ᠰᠠᠢ᠌ᠨ ᠰᠠᠢᠬᠠᠨ ᠨᠡᠢᠭᠡᠮ᠎ᠦᠨ ᠠᠭᠤᠷ ᠠᠮᠢᠰᠭᠤᠯ᠎ᠢ ᠬᠠᠮᠲᠤ᠎ᠪᠠᠷ ᠪᠤᠢ ᠪᠣᠯᠭᠠᠵᠤ᠂ ᠥᠷᠭᠡᠨ ᠤᠯᠠᠨ ᠵᠠᠯᠠᠭᠤᠴᠤᠳ᠎ᠢ ᠪᠦᠯᠬᠦᠮᠳᠡᠭᠦᠯᠦᠨ ᠳᠠᠭᠠᠭᠤᠯᠵᠤ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ᠃