ᠰᠤᠷᠪᠤᠯᠵᠢᠯᠠᠭᠴᠢ ᠤᠯᠤᠰ ᠤᠨ ᠴᠠᠬᠢᠯᠭᠠᠨ ᠲᠣᠣᠷ ᠤᠨ
ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠺᠣᠮᠫᠠᠨᠢ᠎ᠠᠴᠠ ᠣᠶ᠋ᠢᠯᠠᠭᠠᠭᠰᠠᠨ᠎ᠢᠶᠠᠷ᠄
12 ᠰᠠᠷ᠎ᠠ᠎ᠶᠢᠨ 28᠎ᠤ ᠡᠳᠦᠷ᠎ᠦᠨ ᠲᠡᠭ ᠴᠠᠭ ᠪᠣᠯᠲᠠᠯ᠎ᠠ᠂ ᠥᠪᠥᠷ ᠮᠣᠩᠭᠣᠯ 《ᠲᠠᠪᠤᠨ ᠬᠤᠪᠢᠰᠤᠮᠠᠯ
ᠭᠤᠷᠪᠠᠨ ᠲᠣᠭᠲᠠᠮᠠᠯ》 (ᠲᠠᠪᠤᠨ ᠵᠤᠷᠪᠤᠰ ᠣᠨᠴᠠ ᠥᠨᠳᠥᠷ ᠬᠦᠴᠦᠳᠡᠯᠲᠦ᠍ ᠬᠤᠪᠢᠰᠤᠮᠠᠯ ᠭᠥᠶᠥᠳᠡᠯᠳᠦ ᠴᠠᠬᠢᠯᠭᠠᠨ
ᠬᠦᠷᠭᠡᠬᠦ᠌ ᠬᠦᠴᠦᠳᠡᠯ ᠥᠭᠡᠷᠡᠴᠢᠯᠡᠬᠦ᠌ ᠢᠨᠵᠧᠨᠧᠷᠢᠩ ᠦᠨ ᠱᠤᠭᠤᠮ ᠪᠠ ᠭᠤᠷᠪᠠᠨ ᠵᠤᠷᠪᠤᠰ ᠣᠨᠴᠠ ᠥᠨᠳᠥᠷ ᠬᠦᠴᠦᠳᠡᠯᠲᠦ᠍
ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ᠌ ᠬᠦᠴᠦᠳᠡᠯ ᠥᠭᠡᠷᠡᠴᠢᠯᠡᠬᠦ᠌ ᠢᠨᠵᠧᠨᠧᠷᠢᠩ᠎ᠦᠨ ᠱᠤᠭᠤᠮ)8 ᠵᠤᠷᠪᠤᠰ ᠣᠨᠴᠠ ᠥᠨᠳᠥᠷ
ᠬᠦᠴᠦᠳᠡᠯᠲᠦ᠍ ᠴᠠᠬᠢᠯᠭᠠᠨ ᠬᠦᠴᠦᠨ᠎ᠢ ᠭᠠᠳᠠᠭᠰᠢ ᠬᠦᠷᠭᠡᠬᠦ᠌ ᠵᠠᠮ᠎ᠢᠶᠠᠷ ᠳᠡᠮᠵᠢᠨ᠂ 11 ᠮᠤᠵᠢ᠂ ᠣᠷᠣᠨ᠂ ᠬᠣᠲᠠ(ᠱᠠᠨᠳᠦ᠋ᠩ᠂
ᠵᠢᠶᠠᠩᠰᠦ᠂ ᠠᠨᠾᠦ᠋ᠢ᠂ ᠱᠠᠩᠬᠠᠶ᠂ ᠵᠧᠵᠢᠶᠠᠩ᠂ ᠬᠤᠨᠠᠨ᠂ ᠲᠥᠪᠡᠳ᠂ ᠬᠥᠬᠡᠨᠠᠭᠤᠷ᠂ ᠪᠡᠭᠡᠵᠢᠩ᠂ ᠲᠢᠶᠠᠨᠵᠢᠨ᠂ ᠾᠧᠪᠧᠶ) ᠳ᠋ᠤ
ᠨᠡᠶ᠋ᠢᠲᠡ 8347.65 ᠳ᠋ᠦᠩᠰᠢᠭᠤᠷ ᠭᠷᠠᠳᠦ᠋ᠰ ᠴᠠᠭᠢᠯᠭᠠᠨ ᠭᠠᠳᠠᠭᠰᠢ ᠭᠦᠷᠭᠡᠵᠦ᠂ ᠪᠦᠭᠦ ᠤᠯᠤᠰ᠎ᠲᠦ
ᠳᠦᠷᠦᠭᠦᠯᠡᠪᠡ᠃
ᠳᠡᠭᠡᠷ᠎ᠡ ᠳᠤᠷᠠᠳᠤᠭᠰᠠᠨ ᠭᠠᠳᠠᠭᠰᠢ ᠬᠦᠷᠭᠡᠭᠰᠡᠨ ᠴᠠᠬᠢᠯᠭᠠᠨ ᠤ
ᠬᠡᠮᠵᠢᠶ᠎ᠡ ᠨᠢ 2.85 ᠳ᠋ᠦᠩᠰᠢᠭᠤᠷ ᠡᠷᠦᠬᠡ᠎ᠶᠢᠨ ᠨᠢᠭᠡ ᠵᠢᠯ ᠦᠨ ᠴᠠᠬᠢᠯᠭᠠᠨ ᠬᠡᠷᠡᠭᠯᠡᠬᠦ᠌ ᠬᠡᠮᠵᠢᠶ᠎ᠡ᠎ᠲᠡᠶ
ᠲᠡᠩᠴᠡᠨ᠎ᠡ᠃ ᠣᠨᠴᠠ ᠥᠨᠳᠥᠷ ᠬᠦᠴᠦᠳᠡᠯᠲᠦ᠍ ᠴᠠᠬᠢᠯᠭᠠᠨ ᠲᠤᠤᠷ᠎ᠤᠨ ᠴᠠᠬᠢᠯᠭᠠᠨ ᠬᠦᠷᠭᠡᠬᠦ᠌ ᠶᠠᠪᠤᠴᠠ᠎ᠳᠤ ᠥᠨᠳᠥᠷ
ᠪᠦᠲᠦᠮᠵᠢᠲᠡᠶ᠂ ᠡᠨᠧᠷᠭᠢ ᠠᠷᠪᠢᠯᠠᠬᠤ ᠵᠢᠴᠢ ᠬᠣᠷᠣᠭᠳᠠᠯ ᠢ ᠪᠠᠭᠠᠰᠬᠠᠬᠤ ᠵᠡᠷᠭᠡ ᠣᠨᠴᠠᠯᠢᠭ᠎ᠲᠠᠶ ᠪᠥᠭᠡᠳ ᠴᠠᠬᠢᠯᠭᠠᠨ
ᠲᠤᠤᠷ᠎ᠢᠶᠠᠷ ᠳᠠᠮᠵᠢᠭᠤᠯᠤᠨ ᠭᠠᠷᠭᠠᠬᠤ ᠬᠡᠰᠡᠭ ᠰᠢᠨ᠎ᠡ ᠡᠨᠧᠷᠭᠢ᠎ᠶᠢᠨ ᠴᠠᠬᠢᠯᠭᠠᠨ ᠬᠦᠴᠦᠨ᠎ᠢ ᠬᠣᠯᠪᠣᠭᠰᠠᠨ᠎ᠠᠴᠠ
ᠭᠠᠳᠠᠭᠰᠢ ᠬᠦᠷᠭᠡᠭᠰᠡᠨ 8347.65 ᠳ᠋ᠦᠩᠰᠢᠭᠤᠷ ᠭᠷᠠᠳᠦ᠋ᠰ᠎ᠦᠨ ᠴᠠᠬᠢᠯᠭᠠᠨ ᠨᠢ ᠲᠦᠭᠦᠬᠡᠶ ᠨᠡᠭᠦᠷᠡᠰᠦᠨ᠎ᠦ ᠬᠣᠷᠣᠭᠳᠠᠯ᠎ᠢ
ᠪᠠᠷᠤᠭ 2.78 ᠳ᠋ᠦᠩᠰᠢᠭᠤᠷ ᠲᠣᠨ ᠪᠠᠭᠠᠰᠬᠠᠵᠤ᠂《ᠪᠠᠷᠠᠭᠤᠨ ᠣᠷᠣᠨ᠎ᠤ ᠴᠠᠬᠢᠯᠭᠠᠨ᠎ᠢ ᠵᠡᠭᠦᠨᠰᠢ ᠬᠦᠷᠭᠡᠬᠦ᠌》 ᠪᠠᠶ᠋ᠢᠯᠳᠤᠬᠤ ᠪᠣᠳᠣᠯᠭ᠎ᠠ ᠶᠢ ᠨᠠᠶ᠋ᠢᠳᠠᠪᠤᠷᠢᠵᠢᠭᠤᠯᠬᠤ᠂ ᠤᠯᠤᠰ᠎ᠤᠨ ᠡᠨᠧᠷᠭᠢ᠎ᠶᠢᠨ ᠠᠮᠤᠷ
ᠲᠦᠪᠰᠢᠨ ᠢ ᠪᠠᠲᠤᠯᠠᠬᠤ᠂《ᠬᠤᠤᠰ ᠨᠡᠭᠦᠷᠡᠰᠦᠲᠦ᠋ᠷᠦᠭᠴᠢ》ᠵᠢᠨ ᠬᠠᠷᠠᠯᠲᠠ᠎ᠶᠢ ᠨᠠᠶ᠋ᠢᠳᠠᠪᠤᠷᠢᠵᠢᠭᠤᠯᠬᠤ᠎ᠳᠤ ᠬᠦᠴᠦᠲᠡᠶ ᠬᠥᠳᠡᠯᠭᠡᠬᠦ᠌ ᠡᠨᠧᠷᠭᠢ ᠨᠡᠮᠡᠷᠢᠯᠡᠭᠰᠡᠨ
ᠪᠠᠶ᠋ᠢᠨ᠎ᠠ᠃
ᠡᠨᠡ ᠵᠢᠯ ᠡᠴᠡ ᠦᠵᠡᠪᠡᠯ᠂ 12 ᠰᠠᠷ᠎ᠠ᠎ᠶᠢᠨ 28᠎ᠤ ᠡᠳᠦᠷ᠎ᠦᠨ
ᠲᠡᠭ ᠴᠠᠭ ᠪᠣᠯᠲᠠᠯ᠎ᠠ᠂ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ᠍ ᠴᠠᠬᠢᠯᠭᠠᠨ ᠲᠤᠤᠷ᠎ᠤᠨ 2025 ᠣᠨ᠎ᠠᠴᠠ ᠨᠠᠭᠠᠰᠢᠬᠢ
ᠭᠠᠳᠠᠭᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ 1800 ᠳ᠋ᠦᠩᠰᠢᠭᠤᠷ ᠭᠷᠠᠳᠦ᠋ᠰᠢ ᠳᠠᠪᠠᠵᠤ᠂ 1870.17 ᠳ᠋ᠦᠩᠰᠢᠭᠤᠷ
ᠭᠷᠠᠳᠦ᠋ᠰᠲᠦ᠍ ᠬᠦᠷᠴᠦ᠍᠂ ᠵᠢᠯ᠎ᠦᠨ ᠭᠠᠳᠠᠭᠰᠢ ᠬᠦᠷᠭᠡᠭᠰᠡᠨ ᠴᠠᠬᠢᠯᠭᠠᠨ ᠤ ᠰᠢᠨ᠎ᠡ ᠲᠡᠮᠳᠡᠭᠯᠡᠯ ᠢ ᠡᠭᠦᠳᠴᠦ᠍᠂
ᠪᠥᠬᠥ᠌ ᠤᠯᠤᠰ᠎ᠤᠨ ᠨᠢᠭᠡᠳᠦᠭᠡᠷᠲᠦ᠍ ᠣᠷᠣᠵᠤ᠂ 6500 ᠲᠦᠮᠡᠨ ᠡᠷᠦᠬᠡ ᠬᠡᠷ ᠪᠦᠯᠢ᠎ᠶᠢᠨ ᠨᠢᠭᠡ ᠵᠢᠯ᠎ᠦᠨ ᠴᠠᠬᠢᠯᠭᠠᠨ ᠬᠡᠷᠡᠭᠯᠡᠬᠦ᠌
ᠬᠡᠮᠵᠢᠶ᠎ᠡ᠎ᠲᠡᠶ ᠲᠡᠩᠴᠡᠵᠦ᠍᠂ ᠲᠦᠭᠦᠬᠡᠶ ᠨᠡᠭᠦᠷᠡᠰᠦᠨ᠎ᠦ ᠬᠣᠷᠣᠭᠳᠠᠯ᠎ᠢ ᠨᠡᠶ᠋ᠢᠲᠡ 6200 ᠲᠦᠮᠡᠨ ᠲᠣᠨ ᠪᠠᠭᠠᠰᠬᠠᠵᠠᠶ᠃
ᠡᠭᠦᠨ᠎ᠳᠦ ᠭᠠᠳᠠᠭᠰᠢ ᠬᠦᠷᠭᠡᠭᠰᠡᠨ ᠴᠡᠪᠡᠷ ᠴᠠᠬᠢᠯᠭᠠᠨ ᠡᠨᠧᠷᠭᠢ ᠪᠠᠷᠤᠭ 620 ᠳ᠋ᠦᠩᠰᠢᠭᠤᠷ ᠭᠷᠠᠳᠦ᠋ᠰᠲᠦ᠍
ᠬᠦᠷᠴᠦ᠍᠂ ᠡᠵᠡᠯᠡᠬᠦ᠌ ᠬᠠᠷᠢᠴᠠᠯ᠎ᠨᠢ 30% ᠵᠢ ᠳᠠᠪᠠᠪᠠ᠃ ᠢᠩᠭᠢᠭᠡᠳ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ
ᠣᠨᠴᠠ ᠥᠨᠳᠥᠷ ᠬᠦᠴᠦᠳᠡᠯᠲᠦ᠍ ᠴᠠᠬᠢᠯᠭᠠᠨ ᠲᠤᠤᠷ᠎ᠤᠨ ᠱᠤᠭᠤᠮ᠎ᠢ 2016 ᠣᠨ᠎ᠤ 8 ᠰᠠᠷ᠎ᠠ᠎ᠳᠤ ᠪᠠᠶ᠋ᠢᠭᠤᠯᠵᠤ ᠳᠠᠭᠤᠰᠬᠠᠭᠠᠳ
ᠠᠰᠢᠭᠯᠠᠯᠲᠠ᠎ᠳᠤ ᠣᠷᠣᠭᠤᠯᠤᠭᠰᠠᠨ᠎ᠠᠴᠠ ᠨᠠᠭᠠᠰᠢ᠂ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ᠍ ᠴᠠᠬᠢᠯᠭᠠᠨ
ᠲᠤᠤᠷ᠎ᠤᠨ ᠭᠠᠳᠠᠭᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ ᠨᠢᠭᠡᠨᠲᠡ 8 ᠵᠢᠯ ᠳᠠᠷᠠᠭᠠᠯᠠᠨ ᠨᠡᠮᠡᠭᠳᠡᠬᠦ᠌
ᠰᠠᠶ᠋ᠢᠨ ᠰᠠᠶ᠋ᠢᠬᠠᠨ ᠪᠠᠶ᠋ᠢᠳᠠᠯ᠎ᠢᠶᠠᠨ ᠪᠠᠲᠤᠯᠠᠪᠠ᠃
ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ
ᠡᠬᠢ ᠪᠠᠶᠠᠯᠢᠭ᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠡᠨᠧᠷᠭᠢ᠎ᠶᠢᠨ ᠡᠬᠢ ᠪᠠᠶᠠᠯᠢᠭ᠎ᠤᠨ
ᠲᠥᠷᠥᠯᠬᠢ ᠳᠠᠪᠠᠭᠤᠯᠢᠭ ᠨᠢ ᠪᠥᠬᠥ᠌ ᠤᠯᠤᠰ᠎ᠤᠨ 1/4 ᠠᠴᠠ ᠳᠡᠭᠡᠭᠰᠢᠬᠢ᠎ᠶᠢ ᠡᠵᠡᠯᠡᠵᠦ᠍᠂ ᠰᠠᠯᠬᠢᠨ ᠡᠨᠧᠷᠭᠢ᠎ᠶᠢᠨ
ᠡᠬᠢ ᠪᠠᠶᠠᠯᠢᠭ᠎ᠤᠨ ᠮᠡᠷᠭᠡᠵᠢᠯ᠎ᠦᠨ ᠨᠡᠭᠡᠭᠡᠨ ᠠᠰᠢᠭᠯᠠᠵᠤ ᠪᠣᠯᠬᠤ ᠬᠡᠮᠵᠢᠶ᠎ᠡ ᠨᠢ ᠪᠥᠬᠥ᠌ ᠤᠯᠤᠰ᠎ᠤᠨ 57%
ᠵᠢ ᠡᠵᠡᠯᠡᠵᠦ᠍᠂ ᠨᠡᠷᠡᠨ᠎ᠦ ᠡᠨᠧᠷᠭᠢ᠎ᠶᠢᠨ ᠡᠬᠢ ᠪᠠᠶᠠᠯᠢᠭ᠎ᠤᠨ ᠮᠡᠷᠭᠡᠵᠢᠯ᠎ᠦᠨ ᠨᠡᠭᠡᠭᠡᠨ ᠠᠰᠢᠭᠯᠠᠵᠤ ᠪᠣᠯᠬᠤ
ᠬᠡᠮᠵᠢᠶ᠎ᠡ ᠨᠢ ᠪᠥᠬᠥ᠌ ᠤᠯᠤᠰ᠎ᠤᠨ 21%᠎ᠶᠢ ᠡᠵᠡᠯᠡᠵᠦ᠍᠂ 3 ᠵᠦᠢᠯ᠎ᠦᠨ ᠭᠦᠢᠴᠡᠳᠬᠡᠯ ᠲᠣᠭ᠎ᠠ ᠨᠢ ᠴᠥᠮ ᠪᠥᠬᠥ᠌
ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ ᠪᠠᠶ᠋ᠢᠨ᠎ᠠ᠃ ᠡᠨᠡ ᠬᠦ᠌ ᠳᠠᠪᠠᠭᠤᠯᠢᠭ᠎ᠲᠤ᠌ ᠲᠦᠰᠢᠭᠯᠡᠨ᠂ ᠥᠪᠥᠷ ᠮᠣᠩᠭᠣᠯ
ᠡᠨᠧᠷᠭᠢ᠎ᠶᠢᠨ ᠪᠦᠲᠦᠴᠡ᠎ᠶᠢ ᠦᠷᠭᠦᠯᠵᠢᠯᠡᠨ ᠰᠢᠯᠢᠳᠡᠭᠵᠢᠭᠦᠯᠵᠦ᠍᠂ ᠣᠯᠠᠨ ᠴᠡᠭ᠎ᠲᠦ᠍ ᠪᠠᠶ᠋ᠢᠷᠢᠰᠢᠭᠤᠯᠵᠤ᠂ ᠣᠯᠠᠨ
ᠲᠡᠶ᠋ᠢᠰᠢ ᠭᠠᠳᠠᠭᠰᠢ ᠬᠦᠷᠭᠡᠬᠦ᠌ ᠣᠨᠴᠠ ᠥᠨᠳᠥᠷ ᠬᠦᠴᠦᠳᠡᠯᠲᠦ᠍ ᠴᠠᠬᠢᠯᠭᠠᠨ ᠬᠦᠷᠭᠡᠬᠦ᠌ ᠵᠠᠮ᠎ᠤᠨ ᠰᠢᠰᠲ᠋ᠧᠮ᠎ᠢ
ᠪᠦᠷᠢᠯᠳᠦᠭᠦᠯᠵᠦ᠍᠂ ᠰᠢᠨ᠎ᠡ ᠡᠨᠧᠷᠭᠢ᠎ᠶᠢᠨ ᠮᠤᠵᠢ ᠠᠯᠤᠰᠯᠠᠬᠰᠠᠨ ᠬᠠᠡᠭᠭᠠᠯᠭ᠎ᠠ ᠭᠡᠷᠡᠭᠴᠡᠭᠡᠳᠦ 《ᠲᠠᠰ᠎ᠠᠴᠠ ᠳᠠᠪᠠᠭᠰᠠᠨ
ᠲᠦᠷᠭᠡᠨ᠎ᠦ ᠵᠠᠮ》᠎ᠤᠨ ᠲᠤᠯᠭᠠᠭᠤᠷᠢᠯᠠᠯ ᠬᠠᠩᠭᠠᠪᠠ᠃ 2025 ᠣᠨ᠎ᠳᠤ ᠤᠯᠤᠰ᠎ᠤᠨ
ᠴᠠᠬᠢᠯᠭᠠᠨ ᠲᠤᠤᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠺᠣᠮᠫᠠᠨᠢ 13 ᠵᠦᠢᠯ᠎ᠦᠨ
ᠣᠨᠴᠠ ᠥᠨᠳᠥᠷ ᠬᠦᠴᠦᠳᠡᠯᠲᠦ᠍ ᠴᠠᠬᠢᠯᠭᠠᠨ ᠲᠤᠤᠷ ᠤᠨ ᠢᠵᠢ ᠪᠦᠷᠢᠳᠦᠭᠦᠯᠬᠦ᠌ ᠢᠨᠵᠧᠨᠧᠷᠢᠩ᠎ᠢ ᠠᠵᠢᠯ ᠡᠬᠢᠯᠡᠭᠦᠯᠵᠦ᠍᠂
ᠨᠢᠭᠡᠨᠲᠡ 3 ᠵᠦᠢᠯ ᠢ ᠠᠰᠢᠭᠯᠠᠯᠲᠠ᠎ᠳᠤ ᠣᠷᠣᠭᠤᠯᠵᠤ᠂ ᠣᠨᠴᠠ ᠥᠨᠳᠥᠷ ᠬᠦᠴᠦᠳᠡᠯᠲᠦ᠍ ᠴᠠᠬᠢᠯᠭᠠᠨ ᠲᠤᠤᠷ ᠤᠨ ᠭᠠᠳᠠᠭᠰᠢ
ᠴᠠᠬᠢᠯᠭᠠᠨ ᠬᠦᠷᠭᠡᠬᠦ᠌᠎ᠳᠦ ᠴᠠᠬᠢᠯᠭᠠᠨ ᠡᠭᠦᠰᠭᠡᠭᠴᠢ᠎ᠶᠢ ᠴᠤᠭᠯᠠᠭᠤᠯᠬᠤ ᠪᠠ ᠳᠠᠮᠵᠢᠭᠤᠯᠤᠨ ᠬᠦᠷᠭᠡᠬᠦ᠌ ᠬᠦᠴᠦᠲᠡᠶ
ᠪᠠᠲᠤᠯᠠᠭ᠎ᠠ ᠬᠠᠩᠭᠠᠪᠠ᠃
ᠡᠭᠦᠨ᠎ᠡᠴᠡ ᠡᠮᠦᠨ᠎ᠡ᠂ ᠪᠥᠬᠥ᠌ ᠤᠯᠤᠰ᠎ᠤᠨ ᠠᠩᠬᠠᠳᠠᠭᠴᠢ
ᠣᠨᠴᠠ ᠥᠨᠳᠥᠷ ᠬᠦᠴᠦᠳᠡᠯᠲᠦ᠍ GIS(ᠬᠡᠶ ᠪᠡᠶᠡᠲᠦ᠍ ᠬᠥᠨᠳᠡᠶ᠋ᠢᠷᠡᠭᠦᠯᠦᠭᠴᠢ ᠬᠠᠮ ᠴᠠᠬᠢᠯᠭᠠᠨ ᠬᠡᠷᠡᠭᠰᠡᠯ᠎ᠦᠨ ᠲᠥᠬᠥᠭᠡᠷᠦᠮᠵᠢ)᠎ᠤᠨ
ᠪᠦᠷᠢᠨ ᠮᠡᠳᠡᠷᠡᠬᠦ᠌ ᠲᠤᠷᠰᠢᠯᠲᠠ᠎ᠶᠢᠨ ᠲᠠᠰᠤᠭ ᠥᠪᠥᠷ ᠮᠣᠩᠭᠣᠯ᠎ᠳᠤ ᠠᠰᠢᠭᠯᠠᠯᠲᠠ᠎ᠳᠤ ᠣᠷᠣᠵᠤ᠂ ᠣᠨᠴᠠ ᠥᠨᠳᠥᠷ
ᠬᠦᠴᠦᠳᠡᠯᠲᠦ᠍ ᠴᠠᠬᠢᠯᠭᠠᠨ ᠲᠤᠤᠷ᠎ᠤᠨ ᠲᠥᠬᠥᠭᠡᠷᠦᠮᠵᠢ᠎ᠶᠢᠨ ᠠᠵᠢᠯᠯᠠᠭᠠᠨ᠎ᠤ ᠪᠠᠶ᠋ᠢᠳᠠᠯ᠎ᠢ ᠮᠢᠯᠢᠰᠸᠺᠦ᠋ᠨ᠋ᠳ᠋
ᠲᠠᠰ᠎ᠤᠨ ᠮᠡᠳᠡᠷᠡᠬᠦᠶ᠎ᠶᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠣᠨᠴᠠ ᠥᠨᠳᠥᠷ ᠬᠦᠴᠦᠳᠡᠯᠲᠦ᠍
ᠴᠠᠬᠢᠯᠭᠠᠨ ᠬᠦᠷᠭᠡᠬᠦ᠌ ᠶᠡᠬᠡ ᠵᠠᠮ᠎ᠤᠨ ᠠᠮᠤᠷ ᠲᠦᠪᠰᠢᠨ ᠠᠵᠢᠯᠯᠠᠭ᠎ᠠ᠎ᠨᠢ ᠪᠠᠲᠤᠯᠠᠪᠠ᠃ ᠴᠠᠬᠢᠯᠭᠠᠨ ᠲᠤᠤᠷ᠎ᠤᠨ
ᠳᠡᠭᠡᠳᠦ ᠤᠷᠤᠰᠬᠠᠯ ᠤᠨ ᠴᠠᠬᠢᠯᠭᠠᠨ ᠬᠦᠴᠦᠨ᠎ᠦ ᠮᠠᠰᠢᠨ ᠴᠣᠭᠴᠠᠯᠠᠪᠤᠷᠢ᠎ᠶᠢᠨ ᠬᠡᠪᠴᠢᠶ᠎ᠡ᠎ᠶᠢᠨ ᠦᠷᠭᠦᠯᠵᠢᠯᠡᠨ
ᠥᠷᠭᠡᠵᠢᠬᠦ᠌᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ
ᠦᠷᠭᠦᠯᠵᠢᠯᠡᠨ ᠨᠡᠮᠡᠭᠳᠡᠬᠦ᠌ᠶᠢ ᠳᠠᠭᠠᠯᠳᠤᠨ᠂ ᠤᠯᠤᠰ᠎ᠤᠨ ᠳᠣᠲᠣᠭᠠᠳᠤ᠎ᠶᠢᠨ ᠴᠠᠬᠢᠯᠭᠠᠨ ᠬᠦᠴᠦᠨ᠎ᠦ ᠬᠡᠷᠡᠭᠴᠡᠭᠡ᠎ᠶᠢ
ᠤᠯᠠᠮ ᠨᠢᠭᠡ ᠠᠯᠬᠤᠮ ᠬᠠᠩᠭᠠᠬᠤ᠎ᠶᠢᠨ ᠲᠥᠯᠥᠭᠡ᠂ ᠥᠪᠥᠷ ᠮᠣᠩᠭᠣᠯ ᠤᠨ ᠠᠩᠬᠠᠳᠠᠭᠴᠢ《ᠱᠠ ᠭᠧ ᠬᠤᠸᠠᠩ》ᠰᠠᠯᠬᠢᠨ ᠬᠦᠴᠦᠨ᠎ᠦ ᠴᠠᠬᠢᠯᠭᠠᠨ᠎ᠤ ᠲᠣᠮᠣ ᠰᠠᠭᠤᠷᠢᠨ᠎ᠤ ᠰᠢᠨ᠎ᠡ ᠡᠨᠧᠷᠭᠢ᠎ᠶᠢ ᠳᠠᠮᠵᠢᠭᠤᠯᠬᠤ᠎ᠪᠠᠷ
ᠭᠤᠤᠯ ᠪᠣᠯᠭᠠᠭᠰᠠᠨ ᠣᠨᠴᠠ ᠥᠨᠳᠥᠷ ᠬᠦᠴᠦᠳᠡᠯᠲᠦ᠍ ᠴᠠᠬᠢᠯᠭᠠᠨ ᠲᠤᠤᠷ᠎ᠤᠨ ᠱᠤᠭᠤᠮ᠂ ᠥᠪᠡᠷᠲᠡᠭᠡᠨ ᠵᠠᠰᠠᠬᠤ ᠣᠷᠣᠨ᠎ᠤ
ᠶᠢᠰᠦᠳᠦᠭᠡᠷ ᠵᠤᠷᠪᠤᠰ ᠣᠨᠴᠠ ᠥᠨᠳᠥᠷ ᠬᠦᠴᠦᠳᠡᠯᠲᠦ᠍ ᠴᠠᠬᠢᠯᠭᠠᠨ ᠬᠦᠴᠦᠨ᠎ᠢ ᠭᠠᠳᠠᠭᠰᠢ ᠬᠦᠷᠭᠡᠬᠦ᠌ ᠨᠡᠪᠲᠡᠷᠡᠯ
ᠵᠠᠮ — ᠥᠪᠥᠷ ᠮᠣᠩᠭᠣᠯ᠎ᠤᠨ ᠪᠠᠷᠠᠭᠤᠨ ᠬᠡᠰᠡᠭ᠎ᠡᠴᠡ ᠪᠡᠭᠡᠵᠢᠩ ᠲᠢᠶᠠᠨᠵᠢᠨ ᠾᠧᠪᠧᠶ ᠬᠥᠷᠬᠥ᠌ +800 ᠺᠢᠯᠦᠸᠤᠯᠲ᠎ᠤᠨ
ᠣᠨᠴᠠ ᠥᠨᠳᠥᠷ ᠬᠦᠴᠦᠳᠡᠯᠲᠦ᠍ ᠴᠠᠬᠢᠯᠭᠠᠨ ᠬᠦᠷᠭᠡᠬᠦ᠌ ᠬᠦᠴᠦᠳᠡᠯ ᠥᠭᠡᠷᠡᠴᠢᠯᠡᠬᠦ᠌ ᠢᠨᠵᠧᠨᠧᠷᠢᠩ ᠤᠳᠠᠯ ᠥᠬᠡᠶ
ᠠᠵᠢᠯ ᠡᠬᠢᠯᠡᠬᠦ᠌ ᠭᠡᠵᠦ᠍ ᠪᠣᠶ᠂ ᠣᠳᠣᠬᠠᠨ᠎ᠳᠤ ᠪᠠᠷᠢᠯᠭ᠎ᠠ᠎ᠶᠢᠨ ᠠᠵᠢᠯ᠎ᠢ ᠡᠬᠢᠯᠡᠭᠦᠯᠬᠦ᠌ ᠡᠮᠦᠨᠡᠬᠢ ᠬᠤᠭᠤᠴᠠᠭᠠᠨ ᠤ
ᠪᠡᠯᠡᠳᠬᠡᠯ ᠠᠵᠢᠯ ᠪᠦᠬᠦᠨ᠎ᠢᠶᠡᠷ᠎ᠢᠶᠡᠨ ᠳᠠᠭᠤᠰᠪᠠ᠃ ᠣᠶ᠋ᠢᠯᠠᠭᠠᠭᠰᠠᠨ᠎ᠢᠶᠠᠷ᠂ ᠪᠠᠷᠢᠯᠭ᠎ᠠ ᠳᠠᠭᠤᠰᠴᠤ᠌ ᠠᠰᠢᠭᠯᠠᠯᠲᠠ᠎ᠳᠤ
ᠤᠷᠤᠭᠰᠠᠨ᠎ᠤ ᠳᠠᠷᠠᠭ᠎ᠠ᠂ ᠵᠢᠯ ᠪᠦᠷᠢ ᠳᠠᠮᠵᠢᠭᠤᠯᠵᠤ ᠪᠣᠯᠬᠤ ᠴᠠᠬᠢᠯᠭᠠᠨ ᠡᠨᠧᠷᠭᠢ 360 ᠳ᠋ᠦᠩᠰᠢᠭᠤᠷ ᠭᠷᠠᠳᠦ᠋ᠰᠢ
ᠳᠠᠪᠠᠵᠤ᠂ ᠪᠤᠭᠢᠷᠳᠤᠯ ᠦᠭᠡᠢ ᠴᠠᠬᠢᠯᠭᠠᠨ᠎ᠤ ᠡᠵᠡᠯᠡᠬᠦ᠌ ᠬᠠᠷᠢᠴᠠᠯ 60%᠎ᠳ᠋ᠤ ᠬᠦᠷᠴᠦ᠍᠂ ᠤᠯᠤᠰ᠎ᠤᠨ ᠡᠨᠧᠷᠭᠢ᠎ᠶᠢᠨ
ᠠᠮᠤᠷ ᠲᠦᠪᠰᠢᠨ᠎ᠢ ᠤᠯᠠᠮ ᠨᠢᠭᠡ ᠠᠯᠬᠤᠮ ᠪᠠᠲᠤᠯᠠᠵᠤ ᠴᠢᠳᠠᠬᠤ᠎ᠪᠠᠷ ᠪᠠᠷᠠᠬᠤ ᠥᠬᠡᠶ᠂ ᠪᠠᠰᠠ ᠥᠪᠥᠷ ᠮᠣᠩᠭᠣᠯ᠎ᠤᠨ
ᠡᠨᠧᠷᠭᠢ᠎ᠶᠢᠨ ᠠᠵᠤ ᠦᠢᠯᠡᠰ᠎ᠦᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ᠍ ᠬᠡᠯᠪᠡᠷᠢ ᠲᠡᠶ᠋ᠢᠰᠢ
ᠰᠢᠯᠵᠢᠬᠦ᠌ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠶ ᠪᠣᠯᠭᠠᠵᠤ᠂ ᠣᠳᠣᠬᠢᠴᠢᠯᠠᠭᠰᠠᠨ
ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠬᠤ᠎ᠳᠤ ᠰᠢᠨ᠎ᠡ ᠬᠥᠳᠡᠯᠭᠡᠬᠦ᠌ ᠡᠨᠧᠷᠭᠢ ᠨᠡᠮᠡᠷᠢᠯᠡᠬᠦ᠌ ᠪᠣᠯᠤᠨ᠎ᠠ᠃