12 ᠰᠠᠷ᠎ᠠ᠎ᠶᠢᠨ 30᠎ᠤ ᠡᠳᠦᠷ᠂
S43 ᠬᠥᠬᠡᠬᠣᠲᠠ᠎ᠶᠢᠨ ᠨᠢᠰᠬᠡᠯ᠎ᠦᠨ ᠪᠠᠭᠤᠳᠠᠯ᠎ᠤᠨ ᠲᠦᠷᠭᠡᠨ᠎ᠤ
ᠵᠠᠰᠠᠮᠠᠯ ᠵᠠᠮ ᠲᠡᠷᠭᠡ ᠨᠡᠪᠲᠡᠷᠡᠪᠡ᠃
ᠲᠥᠷᠥᠯ ᠵᠦᠢᠯ᠎ᠦᠨ ᠪᠥᠬᠥ ᠣᠷᠳᠣ᠌
ᠨᠢ 29.435 ᠺᠢᠯᠣᠮᠧᠲᠷ ᠪᠠᠢᠵᠤ᠂ ᠵᠠᠮ᠎ᠤᠨ ᠡᠬᠢᠯᠡᠯᠲᠡ᠎ᠶᠢᠨ ᠴᠡᠭ ᠨᠢ ᠨᠠᠨ ᠬᠤ᠌ ᠨᠤᠭᠤ ᠭᠠᠵᠠᠷ᠎ᠤᠨ ᠴᠡᠴᠡᠷᠯᠢᠭ᠎ᠦᠨ
ᠪᠠᠷᠠᠭᠤᠨ ᠵᠠᠮ ᠪᠣᠯᠣᠨ ᠦᠬᠠᠢ ᠶᠡᠬᠡ ᠵᠡᠭᠡᠯᠢ᠎ᠶᠢᠨ ᠠᠭᠤᠯᠵᠠᠷ᠎ᠤᠨ ᠬᠡᠰᠡᠭ᠎ᠤᠨ ᠦᠬᠠᠢ ᠶᠡᠬᠡ ᠵᠡᠭᠡᠯᠢ᠎ᠶᠢᠨ
ᠡᠮᠦᠨ᠎ᠡ ᠲᠠᠯ᠎ᠠ᠎ᠳᠤ ᠪᠠᠢᠷᠢᠯᠠᠵᠤ᠂ ᠭᠤᠷᠪᠠᠳᠤᠭᠠᠷ ᠲᠣᠭᠣᠷᠢᠯ ᠵᠠᠮ᠎ᠤᠨ ᠲᠦᠷᠭᠡᠨ᠎ᠤ ᠵᠠᠮ᠂ ᠶᠡᠬᠡ ᠲᠦᠷᠭᠡᠨ ᠭᠤᠤᠯ᠂
ᠬᠣᠲᠠ᠎ᠶᠢ ᠲᠣᠭᠣᠷᠢᠬᠤ ᠲᠦᠷᠭᠡᠨ᠎ᠤ ᠵᠠᠮ᠂ ᠪᠡᠭᠡᠵᠢᠩ ᠡᠴᠡ ᠪᠤᠭᠤᠲᠤ ᠬᠦᠷᠬᠦ ᠲᠡᠮᠦᠷ ᠵᠠᠮ᠂ ᠰᠢᠷᠠᠠᠤᠰᠤ ᠭᠣᠣᠯ᠂
ᠬᠣᠷᠢᠨᠭᠡᠷ ᠰᠢᠨ᠎ᠡ ᠲᠣᠭᠣᠷᠢᠭ᠋᠂ ᠰᠠᠷᠠᠴᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠂ ᠰᠢᠨ᠎ᠡ ᠨᠢᠰᠬᠡᠯ ᠦᠨ
ᠪᠠᠭᠤᠳᠠᠯ᠎ᠢᠶᠠᠷ ᠥᠩᠭᠡᠷᠡᠵᠦ᠂ ᠡᠴᠦᠰ᠎ᠦᠨ ᠴᠡᠭ ᠨᠢ ᠨᠢᠰᠬᠡᠯ᠎ᠦᠨ ᠪᠠᠭᠤᠳᠠᠯ ᠤᠨ ᠬᠠᠷᠢᠯᠴᠠᠨ ᠨᠡᠪᠲᠡᠷᠡᠬᠦ
ᠵᠠᠮ᠎ᠤᠨ ᠡᠮᠦᠨ᠎ᠡ ᠲᠠᠯ᠎ᠠ᠎ᠳᠤ ᠪᠠᠢᠷᠢᠯᠠᠵᠤ ᠪᠤᠢ᠃ ᠲᠥᠷᠥᠯ ᠵᠦᠢᠯ ᠦᠨ ᠭᠣᠣᠯ ᠱᠤᠭᠤᠮ᠎ᠳᠤ ᠬᠣᠣᠰ ᠴᠢᠭᠯᠡᠯᠲᠦ
ᠨᠠᠢ᠍ᠮᠠᠨ ᠲᠡᠷᠭᠡᠨ ᠵᠠᠮ᠎ᠤᠨ ᠲᠦᠷᠭᠡᠨ᠎ᠤ ᠵᠠᠰᠠᠮᠠᠯ ᠵᠠᠮ ᠤᠨ ᠪᠠᠷᠢᠮᠵᠢᠶ᠎ᠠ᠎ᠶᠢ ᠬᠡᠷᠡᠭᠯᠡᠵᠦ᠂ ᠵᠢᠷᠤᠭᠯᠠᠨ
ᠲᠥᠯᠥᠪᠯᠡᠭᠰᠡᠨ ᠴᠠᠭ᠎ᠤᠨ ᠬᠤᠷᠳᠤᠴᠠ ᠨᠢ 120km/h ᠪᠠᠢᠵᠤ᠂ ᠪᠥᠬᠥ ᠱᠤᠭᠤᠮ᠎ᠳᠤ
ᠭᠤᠷᠪᠠᠳᠤᠭᠠᠷ ᠲᠣᠭᠣᠷᠢᠯ ᠵᠠᠮ᠂ ᠰᠢᠪᠡᠭᠡ᠂ ᠰᠠᠷᠠᠴᠢᠨ᠂ ᠨᠢᠰᠬᠡᠯ᠎ᠦᠨ ᠪᠠᠭᠤᠳᠠᠯ ᠵᠡᠷᠭᠡ ᠨᠡᠶ᠋ᠢᠲᠡ 4 ᠭᠠᠵᠠᠷ᠎ᠤᠨ
ᠬᠠᠷᠢᠯᠴᠠᠨ ᠨᠡᠪᠲᠡᠷᠡᠬᠦ ᠪᠣᠰᠣᠭ᠎ᠠ ᠴᠤᠭᠴᠠᠲᠤ ᠵᠠᠮ ᠬᠠᠷᠢᠯᠴᠠᠭ᠎ᠠ ᠪᠣᠶ᠃

S43 ᠬᠥᠬᠡᠬᠣᠲᠠ
ᠵᠢᠨ ᠨᠢᠰᠬᠡᠯ᠎ᠦᠨ ᠪᠠᠭᠤᠳᠠᠯ᠎ᠤᠨ ᠲᠦᠷᠭᠡᠨ᠎ᠤ ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭᠠᠨ᠎ᠤ
ᠬᠦᠴᠦᠷᠬᠡᠭ ᠤᠯᠤᠰ᠎ᠤᠨ ᠬᠥᠭᠵᠢᠯᠲᠡ ᠶᠢᠨ ᠪᠠᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ
ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠲᠡᠷᠡ ᠨᠢ ᠬᠥᠬᠡᠬᠣᠲᠠ ᠵᠢᠨ ᠬᠤᠲᠠ ᠵᠢᠨ ᠲᠤᠭᠤᠷᠢᠬᠡᠴᠠ ᠬᠥᠬᠡᠬᠣᠲᠠ᠎ᠶᠢᠨ
ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠂ ᠬᠣᠷᠢᠨᠭᠡᠷ ᠰᠢᠨ᠎ᠡ ᠲᠣᠭᠣᠷᠢᠭ᠋ ᠬᠦᠷᠬᠦ ᠲᠦᠷᠭᠡᠨ᠎ᠤ ᠵᠠᠰᠠᠮᠠᠯ
ᠵᠠᠮ ᠪᠠᠢᠵᠤ᠂ ᠣᠷᠣᠨ᠎ᠤ ᠲᠥᠪ᠎ᠦᠨ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠬᠦᠢᠰᠦ ᠬᠣᠲᠠ᠎ᠶᠢ ᠪᠠᠶ᠋ᠢᠭᠤᠯᠬᠤ᠂
ᠣᠷᠣᠨ ᠪᠦᠰᠡ᠎ᠶᠢᠨ ᠨᠡᠢᠭᠡᠮ ᠠᠵᠤ ᠠᠬᠤᠢ᠎ᠶᠢᠨ ᠬᠥᠭᠵᠢᠯᠲᠡ᠎ᠶᠢ ᠳᠠᠢᠴᠢᠯᠠᠬᠤ᠂ ᠪᠦᠬᠦ ᠣᠷᠣᠨ᠎ᠤ ᠲᠦᠷᠭᠡᠨ᠎ᠤ ᠵᠠᠰᠠᠮᠠᠯ
ᠵᠠᠮ᠎ᠤᠨ ᠲᠣᠣᠷ᠎ᠤᠨ ᠪᠦᠲᠦᠴᠡ᠎ᠶᠢ ᠲᠡᠭᠦᠯᠳᠡᠷᠵᠢᠭᠦᠯᠬᠦ᠂ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ
ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠢᠷᠡᠯᠲᠡ ᠄ ᠳᠡᠭᠦᠯᠢᠯᠲᠡ ᠬᠠᠮ ᠵᠠᠭᠤᠴᠢᠯᠠᠭᠤᠷ