ᠥᠪᠥᠷ ᠮᠣᠩᠭᠣᠯ᠎ᠤᠨ ᠲᠦᠷᠦᠯ ᠲᠡᠮᠳᠡᠭ ᠳᠤᠮᠳᠠᠳᠤ ᠤᠯᠤᠰ᠎ᠤᠨ ᠲᠦᠷᠦᠯ ᠲᠡᠮᠳᠡᠭ ᠎ᠤᠨ ᠣᠨ᠎ᠤ ᠶᠡᠬᠡ ᠱᠠᠩᠨᠠᠯ᠎ᠢ ᠲᠤᠰᠪᠠ
2025-12-31 09:53:15
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠳᠤᠮᠳᠠᠳᠤ ᠤᠯᠤᠰ᠎ᠤᠨ ᠲᠦᠷᠦᠯ ᠲᠡᠮᠳᠡᠭ᠎ᠤᠨ ᠤᠰᠺᠠ》 ᠭᠡᠮᠡᠬᠳᠡᠭᠰᠡᠨ 22 ᠳ᠋ᠤᠭᠠᠷ ᠬᠤᠭᠤᠴᠠᠭᠠᠨ᠎ᠤ《ᠳᠤᠮᠳᠠᠳᠤ ᠤᠯᠤᠰ᠎ᠤᠨ ᠲᠦᠷᠦᠯ ᠲᠡᠮᠳᠡᠭ᠎ᠤᠨ ᠣᠨ᠎ᠤ ᠶᠡᠬᠡ ᠱᠠᠩᠨᠠᠯ》᠎ᠢ ᠣᠶ᠋ᠢᠷ᠎ᠠ᠎ᠳᠤ ᠰᠢᠶᠠᠩᠭᠠᠩ᠎ᠤᠨ《ᠳᠡᠯᠡᠬᠡᠶ᠎ᠶᠢᠨ ᠳᠠᠭᠠᠭᠠᠮᠠᠯ᠎ᠤᠨ ᠲᠦᠷᠦᠭᠦᠴᠦᠳ᠎ᠦᠨ ᠬᠤᠷᠠᠯ》 ᠳᠡᠭᠡᠷ᠎ᠡ ᠦᠪᠡᠳᠡᠭᠰᠢ ᠶᠡᠬᠡ᠎ᠪᠡᠷ ᠨᠡᠶ᠋ᠢᠲᠡᠯᠡᠪᠡ᠃ ᠪᠣᠬᠢᠷᠲᠤᠯ ᠥᠬᠡᠶ ᠠᠮᠢ ᠠᠬᠤᠶ᠎ᠶᠢᠨ ᠬᠦᠷᠢᠶᠡᠨ᠎ᠳᠡᠬᠢ ᠲᠣᠪᠣᠶ᠋ᠢᠮ᠎ᠠ ᠠᠮᠵᠢᠯᠲᠠ ᠪᠦᠲᠦᠮᠵᠢ ᠪᠣᠯᠤᠨ ᠠᠵᠢᠯ ᠲᠥᠷᠥᠯ᠎ᠦᠨ ᠨᠥᠯᠥᠭᠡᠯᠡᠬᠦ᠌ ᠬᠦᠴᠦᠨ᠎ᠳᠦ ᠲᠦᠰᠢᠭᠯᠡᠨ᠂ 《ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ》 ᠲᠣᠰ ᠬᠤᠭᠤᠴᠠᠭᠠᠨ ᠎ᠤ 《ᠳᠤᠮᠳᠠᠳᠤ ᠤᠯᠤᠰ ᠎ᠤᠨ ᠪᠣᠬᠢᠷᠲᠤᠯ ᠥᠬᠡᠶ ᠠᠮᠢ ᠠᠬᠤᠶ》 ᠵᠢᠨ ᠲᠤᠰᠬᠠᠶ ᠨᠡᠷᠡᠰ᠎ᠦᠨ ᠵᠢᠭᠰᠠᠭᠠᠯᠲᠠ᠎ᠳᠤ ᠠᠮᠵᠢᠯᠲᠠ᠎ᠲᠠᠶ ᠰᠣᠩᠭᠣᠭᠳᠠᠪᠠ᠃

ᠤᠯᠤᠰ᠎ᠤᠨ ᠬᠥᠭᠵᠢᠯᠲᠡ᠎ᠶᠢᠨ ᠪᠠᠶ᠋ᠢᠯᠳᠤᠬᠤ ᠪᠣᠳᠣᠯᠭ᠎ᠠ ᠪᠠ ᠵᠠᠬ᠎ᠠ ᠳᠡᠯᠭᠡᠭᠦᠷ᠎ᠦᠨ ᠬᠠᠨᠳᠤᠰᠢ᠎ᠶᠢ ᠳᠠᠭᠠᠬᠤ᠎ᠶᠢᠨ ᠲᠥᠯᠥᠭᠡ᠂ ᠲᠣᠰ ᠬᠤᠭᠤᠴᠠᠭᠠᠨ ᠎ᠳᠤ 《ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠳᠤᠮᠳᠠᠳᠤ ᠤᠯᠤᠰ᠎ᠤᠨ ᠪᠣᠬᠢᠷᠲᠤᠯ ᠥᠬᠡᠶ ᠠᠮᠢ ᠠᠬᠤᠶ᠂ ᠳᠤᠮᠳᠠᠳᠤ ᠤᠯᠤᠰ ᠎ᠤᠨ ᠮᠡᠳᠡᠯᠭᠡ᠎ᠶᠢᠨ ᠥᠮᠴᠢᠯᠡᠬᠦ᠌ ᠡᠷᠬᠡ᠂ ᠳᠤᠮᠳᠠᠳᠤ ᠤᠯᠤᠰ᠎ᠤᠨ ᠭᠠᠳᠠᠭᠰᠢ ᠨᠡᠭᠡᠭᠡᠯᠲᠡ ᠬᠢᠬᠦ》 ᠵᠡᠷᠭᠡ ᠠᠷᠪᠠᠨ ᠶᠡᠬᠡ ᠨᠥᠯᠥᠭᠡᠯᠡᠬᠦ᠌ ᠬᠦᠴᠦᠨ᠎ᠦ ᠲᠤᠰᠬᠠᠶ ᠨᠡᠷᠡᠰ᠎ᠦᠨ ᠵᠢᠭᠰᠠᠭᠠᠯᠲᠠ ᠎ᠶᠢ ᠣᠨᠴᠠᠭᠠᠶ᠋ᠢᠯᠠᠨ ᠭᠠᠷᠭᠠᠪᠠ᠃ ᠡᠭᠦᠪᠡᠷ ᠳᠠᠮᠵᠢᠨ ᠰᠢᠨ᠎ᠡ᠎ᠶᠢ ᠡᠭᠦᠳᠴᠦ᠍ ᠰᠤᠳᠤᠯᠤᠨ ᠨᠡᠭᠡᠭᠡᠬᠦ᠌ ᠵᠢ  ᠴᠢᠬᠤᠯᠠᠴᠢᠯᠠᠵᠤ᠂ ᠪᠣᠬᠢᠷᠲᠤᠯ ᠦᠭᠡᠢ ᠦᠷᠭᠦᠯᠵᠢᠯᠡᠬᠦ᠌ ᠬᠥᠭᠵᠢᠯᠲᠡ᠎ᠶᠢ ᠠᠬᠢᠭᠤᠯᠵᠤ᠂ ᠳᠡᠯᠡᠬᠡᠶ᠎ᠶᠢᠨ ᠵᠠᠬ᠎ᠠ ᠳᠡᠯᠭᠡᠭᠦᠷ᠎ᠢ ᠢᠳᠡᠪᠬᠢᠲᠡᠶ ᠥᠷᠭᠡᠳᠬᠡᠬᠦ᠌ ᠲᠡᠳᠡᠭᠡᠷ ᠰᠢᠯᠢᠳᠡᠭ ᠲᠦᠷᠦᠯ ᠲᠡᠮᠳᠡᠭ᠎ᠢ ᠵᠣᠷᠢᠭᠵᠢᠭᠤᠯᠪᠠ᠃ ᠬᠠᠢ ᠡᠯ᠂ ᠹᠧᠢ ᠾᠧ᠂ ᠰᠢᠤᠢ ᠭᠦᠩ᠂ ᠰᠢᠤᠸᠠᠢ ᠬᠤᠸᠠ᠂ ᠨᠢᠩ ᠳ᠋ᠧ᠎ᠱᠢ ᠳ᠋ᠠᠢ᠂ ᠹᠧᠩ ᠬᠤᠸᠠᠩ ᠣᠳᠣᠨ ᠲᠧᠯᠸᠢᠰ᠂ ᠵᠢᠩ ᠨᠧᠩ ᠪᠦᠯᠦᠭᠯᠡᠯ᠂ ᠬᠤᠸᠠ ᠷᠦᠨ ᠮᠡᠳᠡᠯᠭᠡ᠎ᠶᠢᠨ ᠥᠮᠴᠢᠯᠡᠯ᠎ᠦᠨ ᠡᠷᠬᠡ᠂ ᠬᠥᠯᠥᠨ ᠪᠤᠢᠷ᠎ᠦᠨ ᠠᠲᠠᠷ ᠬᠠᠭᠠᠯᠪᠤᠷᠢᠯᠠᠯᠲᠠ᠂ ᠵᠢᠦ ᠮᠦ᠍᠂ ᠱᠤᠸᠠᠩ ᠰᠢᠩ ᠬᠦᠷᠳᠦ᠂ ᠰᠠᠢ ᠯᠦᠨ᠂ ᠶᠠᠩ ᠭᠤᠸᠠᠩ ᠴᠠᠬᠢᠯᠭᠠᠨ ᠡᠭᠦᠰᠭᠡᠭᠴᠢ ᠵᠡᠷᠭᠡ ᠲᠦᠷᠦᠯ ᠲᠡᠮᠳᠡᠭ᠎ᠨᠢ ᠲᠣᠪᠣᠢᠮ᠎ᠠ ᠢᠯᠡᠷᠡᠯ᠎ᠢᠶᠡᠷ᠎ᠢᠶᠡᠨ ᠠᠮᠵᠢᠯᠲᠠ᠎ᠲᠠᠶ ᠰᠣᠩᠭᠣᠭᠳᠠᠨ ᠣᠷᠣᠭᠰᠠᠨ ᠪᠥᠭᠡᠳ ᠠᠵᠢᠯ ᠲᠥᠷᠥᠯ᠎ᠦᠨ ᠠᠩᠬᠠᠷᠤᠯ᠎ᠤᠨ ᠲᠥᠪ ᠪᠣᠯᠪᠠ᠃

ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ᠎ᠵᠢᠨ ᠰᠣᠩᠭᠣᠭᠳᠠᠭᠰᠠᠨ ᠨᠢ ᠲᠡᠭᠦᠨ᠎ᠦ ᠲᠦᠷᠦᠯ ᠲᠡᠮᠳᠡᠭ᠎ᠦᠨ ᠪᠥᠲᠥᠭᠡᠨ ᠪᠠᠶ᠋ᠢᠭᠤᠯᠤᠯᠲᠠ᠂ ᠵᠠᠬ᠎ᠠ ᠳᠡᠯᠭᠡᠭᠦᠷ᠎ᠦᠨ ᠨᠥᠯᠥᠭᠡᠯᠡᠬᠦ᠌ ᠬᠦᠴᠦᠨ ᠵᠢᠴᠢ ᠦᠷᠭᠦᠯᠵᠢᠯᠡᠬᠦ᠌ ᠬᠥᠭᠵᠢᠯᠲᠡ᠎ᠶᠢᠨ ᠲᠠᠯ᠎ᠠ᠎ᠪᠠᠷ ᠡᠷᠬᠡ ᠰᠦᠷᠲᠦ᠍ ᠪᠠᠶ᠋ᠢᠭᠤᠯᠤᠮᠵᠢ ᠪᠠ ᠬᠡᠷᠡᠭᠯᠡᠭᠴᠢᠳ᠎ᠲᠦ᠍ ᠳᠡᠭᠡᠳᠦ ᠬᠡᠮᠵᠢᠶ᠎ᠡ᠎ᠪᠡᠷ ᠮᠡᠳᠡᠷᠡᠭᠳᠡᠭᠰᠡᠨ᠎ᠢ ᠬᠠᠷᠠᠭᠤᠯᠵᠤ ᠪᠠᠶ᠋ᠢᠨ᠎ᠠ᠃ ᠮᠠᠨ᠎ᠤ ᠤᠯᠤᠰ᠎ᠤᠨ ᠲᠠᠷᠢᠶᠠᠯᠠᠩ᠎ᠤᠨ ᠹᠷᠣᠨᠲ ᠎ᠤᠨ ᠴᠢᠬᠤᠯᠠ ᠬᠦᠴᠦᠨ ᠪᠣᠯᠤᠭᠰᠠᠨ᠎ᠤ ᠬᠤᠪᠢ᠎ᠳᠤ᠂ ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ ᠵᠢᠨ ᠪᠦᠯᠦᠭᠯᠡᠯ᠎ᠨᠢ ᠪᠣᠬᠢᠷᠲᠤᠯ ᠥᠬᠡᠶ᠂ ᠴᠢᠨᠠᠷ ᠰᠠᠶ᠋ᠢᠲᠠᠶ᠂ ᠠᠮᠤᠷ ᠲᠦᠪᠰᠢᠨ ᠮᠠᠯ ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠥᠷᠥᠯ ᠲᠡᠮᠳᠡᠭ᠎ᠢ ᠴᠣᠭᠴᠠᠯᠠᠬᠤ ᠎ᠪᠠᠷ ᠢᠮᠠᠭᠲᠠ ᠴᠢᠷᠮᠠᠶ᠋ᠢᠵᠤ᠂ ᠲᠡᠭᠦᠨ ᠎ᠦ ᠲᠥᠷᠥᠯ ᠲᠡᠮᠳᠡᠭ᠎ᠦᠨ ᠳᠦᠷᠢ ᠲᠥᠷᠬᠦ᠌ ᠪᠣᠯᠤᠨ ᠵᠠᠬ᠎ᠠ ᠳᠡᠯᠭᠡᠭᠦᠷ᠎ᠦᠨ ᠢᠲᠡᠭᠡᠯ ᠬᠦᠨᠳᠦ᠎ᠨᠢ ᠣᠶ᠋ᠢᠷ᠎ᠠ᠎ᠶᠢᠨ ᠵᠢᠯ᠎ᠳᠦ ᠦᠷᠭᠦᠯᠵᠢᠯᠡᠨ ᠳᠡᠭᠡᠭᠰᠢᠯᠡᠪᠡ᠃

《ᠳᠤᠮᠳᠠᠳᠤ ᠤᠯᠤᠰ᠎ᠤᠨ ᠲᠦᠷᠦᠯ ᠲᠡᠮᠳᠡᠭ᠎ᠤᠨ ᠣᠨ᠎ᠤ ᠶᠡᠬᠡ ᠱᠠᠩᠨᠠᠯ》᠎ᠢ ᠣᠳᠤᠬᠠᠨ ᠪᠣᠯᠲᠠᠯ᠎ᠠ 22 ᠵᠢᠯ ᠵᠠᠯᠭᠠᠭ᠎ᠠ ᠎ᠪᠠᠷ ᠨᠡᠶ᠋ᠢᠲᠡᠯᠡᠵᠦ᠍᠂ ᠳᠤᠮᠳᠠᠳᠤ ᠤᠯᠤᠰ᠎ᠤᠨ ᠬᠡᠷᠡᠭᠯᠡᠭᠡᠨ᠎ᠦ ᠵᠠᠬ᠎ᠠ ᠳᠡᠯᠭᠡᠭᠦᠷ᠎ᠦᠨ ᠲᠥᠷᠥᠯ ᠲᠡᠮᠳᠡᠭ ᠎ᠤᠨ ᠬᠠᠯᠠᠮᠰᠢᠯ ᠪᠠ ᠬᠤᠪᠢᠷᠠᠯᠲᠠ᠎ᠶᠢᠨ ᠴᠢᠬᠤᠯᠠ ᠵᠦᠭᠯᠡᠭᠦᠷ ᠭᠡᠮᠡᠭᠳᠡᠭᠰᠡᠨ ᠪᠠᠢᠳᠠᠭ᠃ ᠲᠣᠰ ᠰᠢᠯᠭᠠᠷᠠᠭᠤᠯᠤᠯᠲᠠ ᠨᠢ ᠳᠡᠯᠡᠬᠡᠶ᠎ᠶᠢᠨ ᠲᠥᠷᠥᠯ ᠲᠡᠮᠳᠡᠭ᠎ᠤᠨ ᠲᠤᠷᠰᠢᠯᠲᠠ᠎ᠶᠢᠨ ᠲᠠᠰᠤᠭ᠎ᠤᠨ ᠲᠤᠰᠬᠠᠶ ᠮᠡᠷᠭᠡᠵᠢᠯ᠎ᠳᠦ ᠲᠦᠰᠢᠭᠯᠡᠨ ᠲᠥᠷᠥᠯ ᠲᠡᠮᠳᠡᠭ᠎ᠤᠨ ᠨᠥᠯᠥᠭᠡᠯᠡᠬᠦ᠌ ᠬᠦᠴᠦᠨ᠎ᠢ ᠦᠨᠡᠯᠡᠨ ᠵᠢᠱ᠌ᠢᠬᠦ᠌ ᠵᠠᠭᠪᠤᠷ᠎ᠢ ᠰᠣᠩᠭᠣᠵᠤ᠂ ᠵᠠᠬ᠎ᠠ ᠳᠡᠯᠭᠡᠭᠦᠷ᠎ᠦᠨ ᠡᠵᠡᠯᠡᠬᠦ᠌ ᠨᠣᠷᠮ᠎ᠠ᠂ ᠲᠥᠷᠥᠯ ᠲᠡᠮᠳᠡᠭ᠎ᠤᠨ ᠦᠨᠡᠨᠴᠢ ᠢᠳᠡᠭᠡᠮᠵᠢ᠎ᠶᠢᠨ ᠬᠡᠮᠵᠢᠶ᠎ᠡ᠂ ᠰᠢᠨ᠎ᠡ᠎ᠶᠢ ᠡᠭᠦᠳᠬᠦ᠌ ᠴᠢᠳᠠᠪᠤᠷᠢ᠂ ᠲᠥᠷᠥᠯ ᠲᠡᠮᠳᠡᠭ᠎ᠤᠨ ᠢᠷᠠᠭᠤ ᠠᠯᠳᠠᠷ᠎ᠤᠨ ᠬᠡᠮᠵᠢᠶ᠎ᠡ ᠵᠢᠴᠢ ᠪᠥᠬᠥ᠌ ᠪᠥᠮᠪᠥᠷᠴᠡᠭ᠎ᠦᠨ ᠠᠯᠳᠠᠷᠰᠢᠯ ᠵᠡᠷᠭᠡ ᠣᠯᠠᠨ ᠲᠠᠯ᠎ᠠ᠎ᠠᠴᠠ ᠶᠡᠷᠦᠩᠬᠡᠶ᠋ᠢᠯᠡᠨ ᠦᠨᠡᠯᠡᠵᠦ ᠮᠠᠭᠠᠳᠯᠠᠨ᠎ᠠ᠃ ᠲᠣᠰ ᠵᠢᠯ᠎ᠦᠨ ᠰᠢᠯᠭᠠᠷᠠᠭᠤᠯᠤᠯᠲᠠ᠎ᠳᠤ 6 ᠰᠠᠷ᠎ᠠ ᠭᠦᠨᠵᠡᠭᠡᠶ ᠪᠠᠶ᠋ᠢᠴᠠᠭᠠᠨ ᠰᠤᠳᠤᠯᠤᠯᠲᠠ ᠬᠢᠵᠦ᠍᠂ ᠪᠥᠬᠥ᠌ ᠤᠯᠤᠰ᠎ᠤᠨ 100 ᠭᠠᠷᠤᠶ ᠠᠵᠢᠯ ᠲᠥᠷᠥᠯ᠂ 3000 ᠭᠠᠷᠤᠶ ᠲᠥᠷᠥᠯ ᠲᠡᠮᠳᠡᠭ᠎ᠢ ᠬᠠᠮᠤᠷᠤᠭᠰᠠᠨ ᠪᠥᠭᠡᠳ ᠠᠵᠤ ᠠᠬᠤᠶ᠋ᠢᠯᠠᠯ᠎ᠤᠨ ᠡᠵᠡᠩᠨᠡᠯᠲᠡ᠎ᠶᠢᠨ ᠲᠣᠭ᠎ᠠ ᠪᠠᠷᠢᠮᠲᠠ᠂ ᠬᠡᠷᠡᠭᠯᠡᠭᠴᠢᠳ᠎ᠦᠨ ᠦᠨᠡᠯᠡᠯᠲᠡ ᠵᠢᠴᠢ ᠠᠵᠢᠯ ᠲᠥᠷᠥᠯ᠎ᠦᠨ ᠬᠤᠪᠢ ᠨᠡᠮᠡᠷᠢ ᠵᠡᠷᠭᠡ ᠣᠯᠠᠨ ᠳᠠᠪᠬᠤᠷ ᠮᠡᠳᠡᠭᠡ ᠵᠠᠩᠭᠢ᠎ᠲᠠᠶ ᠤᠶᠠᠯᠳᠤᠭᠤᠯᠤᠨ᠂ ᠡᠴᠦᠰ᠎ᠲᠡᠬᠡᠨ ᠡᠯ᠎ᠡ ᠲᠥᠷᠥᠯ᠎ᠦᠨ ᠲᠦᠷᠦᠭᠦᠦ ᠠᠷᠪᠠ᠎ᠶᠢᠨ ᠡᠷᠬᠡ ᠰᠦᠷᠲᠦ᠍ ᠨᠡᠷᠡᠰ᠎ᠦᠨ ᠵᠢᠭᠰᠠᠭᠠᠯᠲᠠ᠎ᠶᠢ ᠪᠣᠶ ᠪᠣᠯᠭᠠᠭᠰᠠᠨ ᠪᠠᠢᠨ᠎ᠠ᠃

 

  ᠢᠷᠡᠯᠲᠡ ᠄  ᠬᠥᠯᠥᠨ ᠪᠣᠶ᠋ᠢᠷ᠎ᠤᠨ ᠰᠣᠨᠢᠨ ᠮᠡᠳᠡᠭᠡ ᠵᠢᠷᠭᠢᠶ᠎ᠠ ᠵᠢᠨ ᠳᠠᠪᠴᠠᠩ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号