《ᠤᠷᠢᠳ᠎ᠢᠶᠠᠷ ᠪᠢᠷ᠎ᠦᠨ ᠰᠢᠯᠭᠠᠯᠲᠠ ᠬᠢᠵᠦ ᠳᠠᠷᠠᠭ᠎ᠠ ᠨᠢ ᠠᠵᠢᠯ᠎ᠤᠨ ᠪᠠᠢᠷᠢ ᠰᠣᠩᠭᠣᠬᠤ》 ᠵᠠᠭᠪᠤᠷ᠎ᠢ ᠰᠢᠨ᠎ᠡ ᠪᠡᠷ ᠡᠭᠦᠳᠪᠠ
2025-12-31 09:59:04
ᠵᠣᠬᠢᠶᠠᠭ᠍ᠴᠢ᠄
ᠮᠧᠢ ᠭᠠᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ 12 ᠰᠠᠷ᠎ᠠ᠎ᠶᠢᠨ 28᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠵᠠᠰᠠᠭ ᠵᠠᠬᠢᠷᠭᠠᠨ ᠎ᠤ ᠬᠠᠤᠯᠢ ᠬᠡᠷᠡᠭᠵᠢᠭᠦᠯᠬᠦ ᠲᠤᠰᠬᠠᠢ ᠲᠠᠯᠠᠪᠠᠶ ᠪᠢᠷ᠎ᠦᠨ ᠰᠢᠯᠭᠠᠯᠲᠠ᠎ᠶᠢ ᠪᠥᠬᠥ ᠣᠷᠣᠨ᠎ᠤ 12 ᠠᠢᠮᠠᠭ ᠬᠣᠲᠠ᠎ᠳᠤ ᠵᠡᠷᠭᠡ ᠪᠡᠷ ᠰᠢᠯᠭᠠᠵᠤ᠂ ᠨᠡᠶ᠋ᠢᠲᠡ 13.3 ᠲᠦᠮᠡ ᠭᠠᠷᠤᠢ ᠰᠢᠯᠭᠠᠭᠤᠯᠤᠭ᠍ᠴᠢ ᠨᠡᠷ᠎ᠡ ᠮᠡᠳᠡᠭᠦᠯᠪᠡ᠃ ᠲᠣᠰ ᠤᠳᠠᠭᠠᠨ ᠎ᠤ ᠲᠤᠰᠬᠠᠢ ᠲᠠᠯᠠᠪᠠᠶ᠎ᠠᠵᠢᠯᠲᠠᠨ ᠡᠯᠰᠡᠬᠦ ᠠᠵᠢᠯ ᠨᠢ ᠠᠩᠬ᠎ᠠ ᠤᠳᠠᠭ᠎ᠠ ᠪᠥᠬᠥ ᠤᠯᠤᠰ᠎ᠤᠨ ᠠᠵᠢᠯ ᠦᠢᠯᠡᠰ᠎ᠦᠨ ᠨᠢᠭᠡᠴᠢ᠎ᠶᠢᠨ ᠢᠯᠡ᠎ᠪᠡᠷ ᠠᠵᠢᠯᠲᠠᠨ ᠡᠯᠰᠡᠬᠦ ᠬᠦᠷᠢᠶᠡᠨ ᠎ᠳᠦ 《ᠤᠷᠢᠳ᠎ᠢᠶᠠᠷ ᠪᠢᠷ᠎ᠦᠨ ᠰᠢᠯᠭᠠᠯᠲᠠ ᠬᠢᠵᠦ ᠳᠠᠷᠠᠭ᠎ᠠ ᠨᠢ ᠠᠵᠢᠯ᠎ᠤᠨ ᠪᠠᠢᠷᠢ ᠰᠣᠩᠭᠣᠬᠤ》ᠵᠠᠭᠪᠤᠷ᠎ᠢ ᠰᠢᠨ᠎ᠡ᠎ᠪᠡᠷ ᠡᠭᠦᠳᠴᠦ᠂ ᠴᠢᠳᠠᠪᠤᠷᠢᠲᠠᠨ ᠬᠢᠭᠡᠳ ᠠᠵᠢᠯ᠎ᠤᠨ ᠪᠠᠢᠷᠢ᠎ᠶᠢᠨ ᠬᠣᠣᠰ ᠴᠢᠭᠯᠡᠯ᠎ᠢᠶᠡᠷ ᠬᠥᠭᠵᠢᠬᠦ᠎ᠶᠢ ᠠᠬᠢᠭᠤᠯᠪᠠ᠃

ᠲᠣᠰ ᠤᠳᠠᠭᠠᠨ᠎ᠤ 《ᠤᠷᠢᠳ᠎ᠢᠶᠠᠷ ᠪᠢᠷ᠎ᠦᠨ ᠰᠢᠯᠭᠠᠯᠲᠠ ᠬᠢᠵᠦ ᠳᠠᠷᠠᠭ᠎ᠠ ᠨᠢ ᠠᠵᠢᠯ᠎ᠤᠨ ᠪᠠᠢᠷᠢ ᠰᠣᠩᠭᠣᠬᠤ》 ᠳ᠋ᠤ ᠰᠢᠯᠭᠠᠭᠤᠯᠤᠭ᠍ᠴᠢ ᠬᠢᠷᠢ ᠪᠦᠲᠦᠮᠵᠢ᠎ᠪᠡᠷ᠎ᠢᠶᠡᠨ ᠠᠵᠢᠯ᠎ᠤᠨ ᠪᠠᠢᠷᠢ ᠰᠣᠩᠭᠣᠬᠤ 《ᠡᠭᠦᠳᠡᠨ ᠪᠢᠯᠸᠲ》 ᠣᠯᠵᠤ᠂ ᠳᠠᠷᠠᠭ᠎ᠠ ᠨᠢ ᠲᠣᠰ ᠪᠡᠶ᠎ᠡ᠎ᠶᠢᠨ ᠲᠤᠰᠬᠠᠢ ᠮᠡᠷᠭᠡᠵᠢᠯ᠎ᠦᠨ ᠣᠨᠴᠠ ᠴᠢᠳᠠᠪᠤᠷᠢ ᠪᠠ ᠬᠤᠪᠢ ᠬᠥᠮᠥᠨ᠎ᠦ ᠬᠦᠰᠡᠯ ᠰᠠᠨᠠᠭ᠎ᠠ᠎ᠲᠠᠢ᠎ᠪᠠᠨ ᠤᠶᠠᠯᠳᠤᠭᠤᠯᠤᠨ᠂ ᠨᠥᠬᠥᠴᠡᠯ᠎ᠳᠦ ᠨᠡᠢᠴᠡᠬᠦ ᠠᠵᠢᠯ᠎ᠤᠨ ᠪᠠᠢᠷᠢ ᠳᠣᠲᠣᠷ᠎ᠠ᠎ᠠᠴᠠ ᠲᠣᠬᠢᠷᠠᠮᠵᠢᠲᠠᠢ ᠠᠵᠢᠯ᠎ᠤᠨ ᠪᠠᠢᠷᠢ᠎ᠶᠢ ᠡᠵᠡᠨ ᠮᠡᠳᠡᠵᠦ᠂ ᠪᠣᠯᠭᠣᠮᠵᠢᠲᠠᠢ᠎ᠪᠠᠷ ᠰᠣᠩᠭᠣᠨ᠎ᠠ᠃ ᠡᠨᠡ ᠬᠦ᠌ ᠠᠷᠭ᠎ᠠ ᠮᠠᠶᠢᠭ᠋ ᠨᠢ ᠨᠢᠭᠡᠳᠦᠯᠲᠡᠢ ᠪᠢᠷ᠎ᠦᠨ ᠰᠢᠯᠭᠠᠯᠲᠠ᠎ᠪᠠᠷ ᠳᠠᠮᠵᠢᠭᠤᠯᠤᠨ ᠵᠢᠩᠬᠢᠨᠢ ᠡᠷᠳᠡᠮ ᠴᠢᠳᠠᠪᠤᠷᠢ᠎ᠲᠠᠢ ᠴᠢᠳᠠᠪᠤᠷᠢᠲᠠᠳ᠎ᠢ ᠰᠢᠯᠢᠨ ᠰᠣᠩᠭᠣᠵᠤ᠂ ᠴᠢᠳᠠᠪᠤᠷᠢᠲᠠᠨ᠎ᠢ ᠰᠢᠯᠢᠨ ᠰᠣᠩᠭᠣᠬᠤ᠎ᠳᠠᠭᠠᠨ ᠠᠵᠢᠯ ᠎ᠤᠨ ᠪᠠᠢᠷᠢ ᠎ᠶᠢᠨ ᠪᠣᠳᠠᠲᠠᠢ ᠬᠡᠷᠡᠭᠴᠡᠭᠡ ᠎ᠳᠦ ᠨᠠᠩ ᠨᠡᠢᠴᠡᠭᠦᠯᠬᠦ ᠪᠣᠯᠣᠨ᠎ᠠ᠃ ᠡᠨᠡ ᠬᠦ᠌ ᠰᠠᠭᠤᠷᠢᠨ ᠳᠡᠭᠡᠷ᠎ᠡ᠂ ᠡᠯ᠎ᠡ ᠠᠵᠢᠯ᠎ᠤᠨ ᠪᠠᠢᠷᠢ ᠎ᠳᠤ ᠡᠯᠰᠡᠬᠦ ᠬᠥᠮᠥᠨ᠎ᠦ ᠲᠣᠭ᠎ᠠ ᠪᠣᠯᠣᠨ ᠤᠷᠢᠭ᠍ᠳᠠᠬᠤ ᠬᠥᠮᠥᠨ᠎ᠦ ᠲᠣᠭ᠎ᠠ᠎ᠶᠢᠨ 1᠄ 3 ᠵᠢᠨ ᠬᠠᠷᠢᠴᠠᠯ᠎ᠢᠶᠠᠷ ᠨᠢᠭᠤᠷᠲᠠᠨ ᠰᠢᠯᠭᠠᠬᠤ ᠵᠢᠱ᠌ᠢᠭᠳᠡᠭᠴᠢ᠎ᠶᠢ ᠲᠣᠭᠲᠠᠭᠠᠵᠤ᠂ ᠰᠢᠯᠭᠠᠷᠠᠭᠤᠯᠬᠤ ᠠᠵᠢᠯ᠎ᠤᠨ ᠲᠥᠪ ᠭᠤᠤᠯᠴᠢ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ᠎ᠢ ᠤᠯᠠᠮ ᠨᠢᠭᠡ ᠠᠯᠬᠤᠮ ᠪᠠᠲᠤᠯᠠᠪᠠ᠃

ᠣᠢᠯᠠᠭᠠᠭᠰᠠᠨ᠎ᠢᠶᠠᠷ᠂ ᠣᠳᠣᠬᠠᠨ᠎ᠳᠤ ᠪᠢᠷ᠎ᠦᠨ ᠰᠢᠯᠭᠠᠯᠲᠠ᠎ᠶᠢᠨ ᠠᠵᠢᠯ ᠨᠢᠭᠡᠨᠲᠡ ᠤᠷᠤᠭᠰᠢᠲᠠᠢ ᠳᠠᠭᠤᠰᠴᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠶᠠᠭ ᠰᠢᠯᠭᠠᠯᠲᠠ ᠬᠢᠨᠠᠬᠤ ᠠᠵᠢᠯ᠎ᠢ ᠪᠥᠬᠥ ᠬᠦᠴᠦᠨ᠎ᠢᠶᠡᠷ᠎ᠢᠶᠡᠨ ᠥᠷᠨᠢᠭᠦᠯᠵᠦ ᠪᠠᠢᠨ᠎ᠠ᠃ ᠪᠢᠷ᠎ᠦᠨ ᠰᠢᠯᠭᠠᠯᠲᠠ᠎ᠶᠢᠨ ᠬᠢᠷᠢ ᠪᠦᠲᠦᠮᠵᠢ᠎ᠶᠢ ᠨᠡᠢᠲᠡᠯᠡᠭᠰᠡᠨ᠎ᠦ ᠳᠠᠷᠠᠭ᠎ᠠ᠂ ᠠᠵᠢᠯ᠎ᠤᠨ ᠪᠠᠢᠷᠢ ᠰᠣᠩᠭᠣᠬᠤ᠂ ᠬᠢᠷᠢ ᠬᠡᠮ᠎ᠢ ᠬᠢᠨᠠᠨ ᠪᠠᠢᠴᠠᠭᠠᠬᠤ᠂ ᠨᠢᠭᠤᠷᠲᠠᠨ ᠰᠢᠯᠭᠠᠬᠤ ᠵᠡᠷᠭᠡ ᠲᠠᠷᠠᠭᠠᠴᠢ᠎ᠶᠢᠨ ᠡᠯᠰᠡᠨ ᠤᠷᠢᠬᠤ ᠭᠣᠭᠴᠣᠭ᠎ᠠ᠎ᠶᠢ ᠵᠠᠯᠭᠠᠭ᠎ᠠ᠎ᠪᠠᠷ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号