2026 ᠤᠨ᠎ᠤ 1 ᠰᠠᠷ᠎ᠠ᠎ᠶᠢᠨ 5᠎ᠤ ᠡᠳᠦᠷ᠎ᠡᠴᠡ ᠡᠬᠢᠯᠡᠨ ᠦᠨ᠎ᠠ ᠪᠠᠭᠤᠷᠠᠨ᠎ᠠ!
2025-12-31 10:01:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ᠎ᠤᠨ ᠳᠣᠲᠣᠭᠠᠳᠤ᠎ᠶᠢᠨ ᠨᠢᠰᠬᠡᠯ᠎ᠦᠨ ᠪᠢᠯᠧᠲ᠎ᠦᠨ ᠰᠢᠲᠠᠭᠠᠯᠭ᠎ᠠ

ᠵᠢᠨ  ᠲᠣᠰᠣᠨ ᠎ᠤ  ᠨᠡᠮᠡᠯᠲᠡ ᠰᠦᠢᠳᠬᠡᠯ  ᠪᠠᠭᠤᠷᠠᠬᠤ ᠎ᠪᠠᠷ  ᠪᠠᠶ᠋ᠢᠨ᠎ᠠ


2025 ᠤᠨ᠎ᠤ 12 ᠰᠠᠷ᠎ᠠ᠎ᠶᠢᠨ 29᠎ᠦ ᠡᠳᠦᠷ᠂ ᠰᠤᠷᠪᠤᠯᠵᠢᠯᠠᠭᠴᠢ ᠭᠤᠷᠪᠠᠳᠠᠬᠢ ᠡᠲᠡᠭᠡᠳ᠎ᠦᠨ ᠲᠠᠪᠴᠠᠩ ᠵᠢᠴᠢ ᠠᠭᠠᠷ᠎ᠤᠨ ᠠᠶᠠᠯᠠᠯ ᠎ᠤᠨ ᠵᠤᠷᠭᠠᠨ ᠎ᠤ ᠲᠠᠯ᠎ᠠ᠎ᠠᠴᠠ ᠣᠶ᠋ᠢᠯᠠᠭᠠᠭᠰᠠᠨ᠎ᠢᠶᠠᠷ᠂ 2026 ᠣᠨ ᠎ᠤ 1 ᠰᠠᠷ᠎ᠠ᠎ᠶᠢᠨ 5᠎ᠤ ᠡᠳᠦᠷ᠎ᠦᠨ ᠲᠡᠭ ᠴᠠᠭ᠎ᠠᠴᠠ ᠡᠬᠢᠯᠡᠨ᠂ ᠤᠯᠤᠰ ᠎ᠤᠨ ᠳᠣᠲᠣᠭᠠᠳᠤ ᠎ᠶᠢᠨ ᠠᠭᠠᠷ᠎ᠤᠨ ᠠᠶᠠᠯᠠᠯ᠎ᠤᠨ ᠠᠶᠠᠨᠴᠢᠳ᠎ᠤᠨ ᠵᠥᠭᠡᠭᠡᠪᠦᠷᠢ᠎ᠶᠢᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠰᠦᠢᠳᠬᠡᠯ ᠲᠠᠲᠠᠪᠤᠷᠢᠯᠠᠬᠤ ᠪᠠᠷᠢᠮᠵᠢᠶ᠎ᠠ᠎ᠶᠢ ᠪᠠᠭᠤᠷᠠᠭᠤᠯᠤᠨ᠎ᠠ᠃

ᠱᠠᠨᠳᠦ᠋ᠡᠭ᠎ᠤᠨ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠠᠯᠪᠠᠨ ᠰᠦᠯᠵᠢᠶ᠎ᠡ᠎ᠳᠦ ᠨᠡᠶ᠋ᠢᠲᠡᠯᠡᠭᠰᠡᠨ ᠮᠡᠳᠡᠭᠳᠡᠯ᠎ᠢ ᠪᠣᠳᠠᠲᠠᠶ ᠦᠵᠡᠪᠡᠯ᠂ 800 ᠺᠢᠯᠣᠮᠧᠲ᠋ᠷ (ᠪᠠᠭᠲᠠᠨ᠎ᠠ)ᠡᠴᠠ ᠳᠣᠷᠣᠭᠰᠢᠬᠢ ᠠᠶᠠᠯᠠᠯ᠎ᠤᠨ ᠬᠡᠰᠡᠭ᠎ᠲᠦ᠍ ᠨᠠᠰᠤᠨ᠎ᠳᠤ ᠭᠦᠷᠦᠭᠰᠡᠳ᠎ᠡᠴᠡ 10 ᠲᠥᠭᠥᠷᠢᠭ᠎ᠦᠨ ᠰᠢᠲᠠᠭᠠᠯᠭ᠎ᠠ᠎ᠶᠢᠨ ᠲᠣᠰᠣᠨ᠎ᠤ ᠰᠦᠢᠳᠬᠡᠯ ᠬᠤᠷᠢᠶᠠᠵᠤ᠂ 800 ᠺᠢᠯᠣᠮᠧᠲ᠋ᠷ᠎ᠡᠴᠡ ᠳᠡᠭᠡᠭᠰᠢᠬᠢ ᠠᠶᠠᠯᠠᠯ᠎ᠤᠨ ᠬᠡᠰᠡᠭ᠎ᠲᠦ᠍ ᠨᠠᠰᠤᠨ᠎ᠳᠤ ᠭᠦᠷᠦᠭᠰᠡᠳ᠎ᠡᠴᠡ 20 ᠲᠥᠭᠥᠷᠢᠭ᠎ᠦᠨ ᠰᠢᠲᠠᠭᠠᠯᠭ᠎ᠠ᠎ᠶᠢᠨ ᠲᠣᠰᠣᠨ᠎ᠤ ᠰᠦᠢᠳᠬᠡᠯ ᠬᠤᠷᠢᠶᠠᠵᠤ᠂ ᠲᠣᠰ ᠲᠣᠰ 10 ᠲᠥᠭᠥᠷᠢᠭ ᠪᠠ 20 ᠲᠥᠭᠥᠷᠢᠭ ᠪᠠᠭᠤᠷᠠᠭᠤᠯᠤᠨ᠎ᠠ᠃

ᠡᠭᠦᠨ᠎ᠡᠴᠡ ᠭᠠᠳᠠᠨ᠎ᠠ᠂ ᠵᠡᠮᠳᠡᠭ ᠴᠡᠷᠢᠭ᠂ ᠠᠯᠪᠠᠨ ᠶᠠᠪᠤᠳᠠᠯ᠎ᠢᠶᠠᠷ ᠵᠡᠮᠳᠡᠭ ᠪᠣᠯᠤᠭᠰᠠᠨ ᠠᠷᠠᠳ᠎ᠤᠨ ᠴᠠᠭᠳᠠᠭ᠎ᠠ ᠵᠢᠴᠢ ᠬᠡᠦᠬᠡᠳ(ᠨᠠᠰᠤᠨ ᠎ᠳᠤ ᠬᠦᠷᠦᠭᠰᠡᠳ ᠬᠠᠨᠢ ᠪᠤᠯᠬᠤ ᠦᠭᠡᠢ ᠭᠡᠤᠭᠡᠳ ᠪᠠᠭᠳᠠᠨ᠎ᠠ)᠂ ᠤᠯᠤᠰ᠎ᠤᠨ ᠳᠣᠲᠣᠭᠠᠳᠤ᠎ᠶᠢᠨ ᠠᠭᠠᠷ᠎ᠤᠨ ᠠᠶᠠᠯᠠᠯ᠎ᠤᠨ ᠱᠤᠭᠤᠮ᠎ᠤᠨ ᠠᠶᠠᠨᠴᠢᠳ᠎ᠤᠨ ᠵᠥᠭᠡᠭᠡᠪᠦᠷᠢ᠎ᠶᠢᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠰᠦᠢᠳᠬᠡᠯ᠎ᠢ ᠬᠠᠭᠠᠰ᠎ᠢᠶᠠᠷ ᠬᠠᠰᠤᠵᠤ ᠬᠤᠷᠢᠶᠠᠨ᠎ᠠ᠂ ᠲᠤᠬᠠᠶ᠋ᠢᠯᠠᠪᠠᠯ 800 ᠺᠢᠯᠣᠮᠧᠲ᠋ᠷ᠎ᠡᠴᠡ ᠳᠡᠭᠡᠭᠰᠢᠬᠢ ᠠᠭᠠᠷ᠎ᠤᠨ ᠠᠶᠠᠯᠠᠯ᠎ᠤᠨ ᠱᠤᠭᠤᠮ᠎ᠳᠤ ᠠᠶᠠᠨᠴᠢᠳ ᠨᠢᠭᠡᠪᠦᠷᠢ᠎ᠡᠴᠡ 10 ᠲᠥᠭᠥᠷᠢᠭ ᠬᠤᠷᠢᠶᠠᠨ᠎ᠠ; 800 ᠺᠢᠯᠣᠮᠧᠲ᠋ᠷ᠎ᠡᠴᠡ ᠳᠣᠷᠣᠭᠰᠢᠬᠢ (ᠪᠠᠭᠲᠠᠨ᠎ᠠ) ᠠᠶᠠᠯᠠᠯ᠎ᠤᠨ ᠱᠤᠭᠤᠮ᠎ᠳᠤ ᠰᠢᠲᠠᠭᠠᠯᠭ᠎ᠠ ᠎ᠶᠢᠨ ᠲᠣᠰᠣᠨ ᠎ᠤ ᠨᠡᠮᠡᠯᠲᠡ ᠰᠦᠢᠳᠬᠡᠯ ᠬᠤᠷᠢᠶᠠᠬᠤ ᠦᠭᠡᠶ᠃ ᠨᠠᠰᠤᠨ᠎ᠳᠤ ᠭᠦᠷᠦᠭᠰᠡᠳ᠎ᠦᠨ ᠡᠩ ᠎ᠦᠨ ᠪᠢᠯᠧᠲ᠎ᠦᠨ ᠦᠨ᠎ᠡ᠎ᠶᠢ 10% ᠪᠡᠷ ᠪᠤᠳᠤᠭᠰᠠᠨ ᠨᠢᠯᠬ᠎ᠠ ᠬᠡᠦᠬᠡᠳ᠎ᠡᠴᠡ ᠠᠶᠠᠨᠴᠢᠳ᠎ᠤᠨ ᠵᠥᠭᠡᠭᠡᠪᠦᠷᠢ᠎ᠶᠢᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠰᠦᠢᠳᠬᠡᠯ ᠬᠤᠷᠢᠶᠠᠬᠤ ᠥᠬᠡᠶ᠃

ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ 2022 ᠣᠨ᠎ᠤ 2 ᠰᠠᠷ᠎ᠠ᠎ᠶᠢᠨ 5᠎ᠤ ᠡᠳᠦᠷ᠎ᠡᠴᠡ ᠡᠬᠢᠯᠡᠨ᠂ ᠠᠭᠠᠷ ᠎ᠤᠨ ᠠᠶᠠᠯᠠᠯ᠎ᠤᠨ ᠺᠣᠮᠫᠠᠨᠢ᠎ᠨᠢ ᠤᠯᠤᠰ᠎ᠤᠨ ᠳᠣᠲᠣᠭᠠᠳᠤ᠎ᠶᠢᠨ ᠠᠭᠠᠷ᠎ᠤᠨ ᠠᠶᠠᠯᠠᠯ᠎ᠤᠨ ᠱᠤᠭᠤᠮ ᠎ᠤᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠰᠦᠢᠳᠬᠡᠯ᠎ᠢ 10 ᠲᠥᠭᠥᠷᠢᠭ ᠪᠠ 20 ᠲᠥᠭᠥᠷᠢᠭ ᠭᠡᠵᠦ᠍ ᠬᠣᠶᠠᠷ ᠳᠡᠰ ᠬᠤᠪᠢᠶᠠᠪᠠ᠃ ᠡᠭᠦᠨ᠎ᠡᠴᠡ ᠬᠣᠶ᠋ᠢᠰᠢ ᠦᠷᠭᠦᠯᠵᠢᠯᠡᠨ ᠳᠡᠭᠡᠭᠰᠢᠯᠡᠭᠦᠯᠵᠦ᠂ ᠡᠭᠦᠨ᠎ᠳᠦ 2022 ᠣᠨ᠎ᠤ 7 ᠰᠠᠷ᠎ᠠ᠎ᠶᠢᠨ 5᠎ᠤ ᠡᠳᠦᠷ ᠰᠦᠢᠳᠬᠡᠯ ᠬᠤᠷᠢᠶᠠᠬᠤ ᠪᠠᠷᠢᠮᠵᠢᠶ᠎ᠠ᠎ᠶᠢ ᠳᠠᠬᠢᠨᠲᠠ ᠳᠡᠭᠡᠭᠰᠢᠯᠡᠭᠦᠯᠦᠭᠰᠡᠨ᠎ᠦ ᠳᠠᠷᠠᠭ᠎ᠠ᠂ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠰᠦᠢᠳᠬᠡᠯ᠎ᠢ 100 ᠲᠥᠭᠥᠷᠢᠭ / 200 ᠲᠥᠭᠥᠷᠢᠭ ᠪᠣᠯᠭᠠᠨ ᠥᠰᠬᠡᠵᠦ᠍᠂ ᠮᠠᠨ᠎ᠤ ᠤᠯᠤᠰ᠎ᠤᠨ 2000 ᠣᠨ᠎ᠠᠴᠠ ᠡᠬᠢᠯᠡᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠰᠦᠢᠳᠬᠡᠯ᠎ᠢ ᠲᠠᠲᠠᠪᠤᠷᠢᠯᠠᠭᠰᠠᠨ᠎ᠠᠴᠠ ᠨᠠᠭᠠᠰᠢᠬᠢ ᠬᠠᠮᠤᠭ᠎ᠤᠨ ᠥᠨᠳᠥᠷ ᠰᠦᠢᠳᠬᠡᠯ ᠬᠤᠷᠢᠶᠠᠬᠤ ᠪᠠᠷᠢᠮᠵᠢᠶ᠎ᠠ᠎ᠳᠤ ᠣᠷᠣᠭᠰᠠᠨ ᠪᠠᠢᠨ᠎ᠠ᠃

 

ᠢᠷᠡᠯᠳᠠ᠄  ᠫᠸᠡᠭ ᠫᠠᠢ ᠰᠤᠨᠢᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号