ᠥᠪᠥᠷ ᠮᠣᠩᠭᠣᠯ᠎ᠤᠨ ᠦᠨᠳᠦᠰᠦᠲᠡᠨ᠎ᠦ ᠦᠭᠡ ᠬᠡᠯᠡ ᠥᠰᠥᠭ ᠪᠢᠴᠢᠭ᠎ᠦᠨ ᠮᠡᠳᠡᠭᠡ ᠵᠠᠩᠭᠢᠵᠢᠯᠲᠠ ᠶ᠋ᠢᠨ ᠦᠶ᠋ᠯᠡᠰ ᠲᠤᠭᠠᠴᠢᠯᠠᠯᠳᠠ ᠤᠶᠤᠨᠴᠢᠯᠠᠯᠳᠠ ᠳᠡᠢᠰᠢ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠵᠢ ᠠᠬᠢᠭᠤᠯᠵᠦ ᠪᠤᠢ
2025-12-31 15:44:27
ᠵᠣᠬᠢᠶᠠᠭ᠍ᠴᠢ᠄
ᠪᠤᠤ ᠢᠤᠢ ᠶᠢᠡᠭ ᠠᠯᠤᠰ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 30᠎ᠤ᠋ ᠡᠳᠦᠷ᠂ ᠥᠪᠥᠷ ᠮᠣᠩᠭᠣᠯ᠎ᠤᠨ ᠮᠣᠩᠭᠣᠯ ᠦᠭᠡ ᠬᠡᠯᠡ ᠥᠰᠥᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶ᠋ᠢᠨ ᠰᠢᠨᠵᠢᠯᠡᠬᠡᠨ ᠤ᠋ ᠨᠡᠢᠭᠡᠮᠯᠢᠭ᠎ᠦᠨ ᠭᠡᠱᠢᠭᠦᠳ᠎ᠦᠨ ᠶᠡᠬᠡ ᠬᠤᠷᠠᠯ ᠵᠢᠴᠢ ᠬᠡᠷᠡᠭ ᠡᠷᠬᠢᠯᠡᠭ᠌ᠴᠢᠳ᠎ᠦᠨ ᠬᠤᠷᠠᠯ᠎ᠤᠨ ᠬᠤᠭᠤᠴᠠᠭ᠎ᠠ ᠰᠣᠯᠢᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ ᠎ᠢ ᠴᠢᠩᠭ᠎ᠠ ᠡᠵᠡᠮᠳᠡᠵᠦ᠍᠂ ᠲᠤᠭᠠᠴᠢᠯᠠᠯᠳᠠ ᠤᠶᠤᠨᠴᠢᠯᠠᠯᠳᠠ ᠪᠡᠷ ᠬᠦᠴᠦᠨ ᠤᠯᠭᠤᠬᠤ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠲᠡᠨ᠎ᠦ ᠦᠭᠡ ᠬᠡᠯᠡ ᠥᠰᠥᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶ᠋ᠢᠨ ᠦᠶ᠋ᠯᠡᠰ᠂ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠳᠦ ᠴᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠠᠢ᠃


4a0ca8f397bd060b9352098482066673.jpg


ᠬᠤᠷᠠᠯ ᠳᠡᠭᠡᠷ᠎ᠡ ᠨᠡᠢᠭᠡᠮᠯᠢᠭ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠠᠵᠢᠯ᠎ᠤᠨ ᠦᠷ᠎ᠡ ᠪᠦᠲᠦᠮᠵᠢ᠎ᠶ᠋ᠢ ᠱᠢᠰᠲ᠋ᠧᠮ᠎ᠲᠡᠶ ᠡᠷᠭᠢᠴᠡᠭᠦᠯᠦᠨ ᠳ᠋ᠦᠩᠨᠡᠪᠡ᠃ ᠤᠢ᠍ᠢᠷ᠎ᠠ᠎ᠶ᠋ᠢᠨ ᠵᠢᠯ᠎ᠡᠴᠡ᠂ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠳᠦᠷᠢᠮᠵᠢᠭᠰᠡᠨ᠂ ᠪᠠᠷᠢᠮᠵᠢᠶᠠᠵᠢᠬᠰᠠᠨ᠂ ᠮᠡᠳᠡᠭᠡ ᠵᠠᠩᠭᠢᠴᠢᠯᠠᠬᠰᠠᠨ ᠰᠤᠳᠤᠯᠭᠠᠨ᠎ᠢ ᠭᠦᠨᠵᠡᠭᠡᠢ ᠠᠬᠢᠭᠤᠯᠵᠦ᠂ ᠦᠷ᠎ᠡ ᠪᠦᠲᠦᠭᠡᠯ᠎ᠢ ᠤᠨᠳᠤᠤᠰᠢᠭᠤᠯᠬᠤ᠂ ᠳᠡᠯᠭᠡᠷᠡᠭᠦᠯᠦᠨ ᠲᠦᠭᠡᠮᠡᠯᠵᠢᠭᠦᠯᠬᠦ᠌ ᠬᠢᠭᠡᠳ ᠨᠡᠢᠭᠡᠮ᠎ᠦᠨ ᠦᠢᠯᠡᠴᠢᠯᠡᠭᠡ ᠵᠡᠷᠭᠡ ᠭᠣᠣᠯ ᠠᠵᠢᠯ᠎ᠢ ᠪᠦᠬᠦ᠌ ᠬᠦᠴᠦ᠍᠎ᠪᠡᠷ᠎ᠢᠶᠡᠨ ᠠᠬᠢᠭᠤᠯᠤᠨ᠂ ᠠᠵᠢᠯ ᠲᠦᠷᠦᠯ᠎ᠦᠨ ᠰᠣᠯᠢᠯᠴᠠᠭᠠᠨ᠎ᠤ ᠲᠠᠪᠴᠠᠩ᠎ᠢ ᠪᠠᠢᠭᠤᠯᠬᠤ᠂ ᠲᠤᠰᠭᠠᠢ ᠮᠡᠷᠭᠡᠵᠢᠯ᠎ᠦᠨ ᠬᠦᠴᠦᠨ᠎ᠢ ᠨᠢᠭ᠍ᠲᠠᠷᠠᠭᠤᠯᠬᠤ᠂ ᠦᠨᠳᠦᠰᠦᠲᠡᠨ᠎ᠦ ᠦᠭᠡ ᠬᠡᠯᠡ ᠦᠰᠦᠭ ᠪᠢᠴᠢᠭ ᠪᠣᠯᠤᠨ ᠲᠤᠭᠠᠴᠢᠯᠠᠭᠰᠠᠨ ᠤᠶᠤᠨᠴᠢᠯᠠᠬᠰᠠᠨ ᠮᠡᠷᠭᠡᠵᠢᠯ᠎ᠢ ᠭᠦᠨᠵᠡᠭᠡᠢ ᠠᠭᠤᠰᠤᠯᠴᠠᠭᠤᠯᠬᠤ ᠵᠡᠷᠭᠡ ᠲᠠᠯ᠎ᠠ ᠪᠠᠷ ᠵᠠᠩᠭᠢᠯᠠᠭ᠎ᠠ᠎ᠶ᠋ᠢᠨ ᠲᠤᠯᠭᠠᠭᠤᠷᠢᠯᠠᠬᠤ ᠦᠢᠯᠡᠳᠦᠯ ᠦᠵᠡᠭᠦᠯᠵᠡᠢ᠃ ᠳᠤᠰ ᠤᠳᠠᠭ᠎ᠠ᠎ᠶ᠋ᠢᠨ ᠬᠤᠭᠤᠴᠠᠭ᠎ᠠ ᠰᠣᠯᠢᠬᠤ ᠠᠵᠢᠯ ᠪᠣᠯ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠶ᠋ᠢ ᠰᠡᠩᠬᠡᠷᠡᠭᠦᠯᠬᠦ᠌ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠬᠤ ᠪᠥᠭᠡᠳ ᠨᠡᠩ ᠴᠤ᠌ ᠱᠢᠨ᠎ᠡ ᠭᠠᠷᠤᠭ᠎ᠠ᠎ᠳᠤ ᠰᠠᠭᠤᠷᠢᠯᠠᠵᠤ᠂ ᠱᠢᠨ᠎ᠡ ᠠᠶᠠᠨ᠎ᠢᠶᠠᠨ ᠡᠬᠢᠯᠡᠭᠦᠯᠬᠦ᠌ ᠵᠠᠩᠭᠢᠯᠠᠭ᠎ᠠ᠎ᠶ᠋ᠢᠨ ᠠᠯᠬᠤᠮ ᠪᠣᠯᠤᠨ᠎ᠠ᠃ ᠱᠢᠨ᠎ᠡ ᠨᠢᠭᠡ ᠬᠤᠭᠤᠴᠠᠭᠠᠨ᠎ᠤ ᠬᠡᠷᠡᠭ ᠡᠷᠬᠢᠯᠡᠭ᠌ᠴᠢᠳ᠎ᠦᠨ ᠬᠤᠷᠠᠯ᠎ᠨᠢ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠣᠳᠣᠬᠠᠨ᠎ᠤ ᠦᠨᠳᠦᠰᠦᠲᠡᠨ᠎ᠦ ᠦᠭᠡ ᠬᠡᠯᠡ ᠥᠰᠥᠭ ᠪᠢᠴᠢᠭ᠎ᠦᠨ ᠮᠡᠳᠡᠭᠡ ᠵᠠᠩᠭᠢᠵᠢᠯᠲᠠ᠎ᠶ᠋ᠢᠨ ᠠᠬᠢᠴᠠ᠎ᠳᠤ ᠲᠤᠯᠭᠠᠷᠠᠵᠤ ᠪᠠᠢᠭ᠎ᠠ ᠴᠢᠨᠠᠷ ᠰᠠᠢᠲᠠᠶ ᠳ᠋ᠠᠢᠲ᠋ᠠ᠎ᠶ᠋ᠢᠨ ᠴᠤᠭ᠍ᠯᠠᠷᠠᠯ ᠳᠤᠲᠠᠭ᠍ᠳᠠᠵᠤ ᠪᠠᠢᠬᠤ᠂ ᠪᠠᠷᠢᠮᠵᠢᠶ᠎ᠠ᠎ᠶ᠋ᠢᠨ ᠱᠢᠰᠲ᠋ᠧᠮ ᠬᠠᠷᠠᠬᠠᠨ ᠲᠡᠭᠦᠯᠳᠡᠷᠵᠢᠭᠡᠳᠦᠶ ᠪᠠᠢᠬᠤ᠂ ᠬᠡᠷᠡᠭ᠌ᠯᠡᠵᠦ᠍ ᠳᠡᠯᠭᠡᠷᠡᠭᠦᠯᠬᠦ᠌᠎ᠶ᠋ᠢᠨ ᠬᠠᠮᠤᠷᠬᠤ ᠬᠡᠪᠴᠢᠶ᠎ᠡ ᠬᠦᠷᠦᠯᠴᠡᠬᠦ᠌ ᠥᠬᠡᠶ ᠪᠠᠢᠬᠤ᠂ ᠬᠠᠮ ᠬᠡᠯᠪᠡᠷᠢ᠎ᠶ᠋ᠢᠨ ᠴᠢᠳᠠᠪᠤᠷᠢᠲᠠᠨ᠎ᠤ ᠡᠩᠨᠡᠭᠡ᠎ᠶ᠋ᠢᠨ ᠲᠠᠰᠤᠯᠳᠠᠯ ᠵᠡᠷᠭᠡ ᠪᠣᠳᠠᠲᠤ ᠥᠷᠢᠰᠥᠯᠳᠦᠭᠡᠨ᠎ᠢ ᠣᠨᠣᠪᠴᠢᠲᠠᠶ ᠰᠤᠳᠤᠯᠤᠨ ᠮᠠᠭᠠᠳᠯᠠᠵᠤ᠂ ᠱᠢᠰᠲ᠋ᠧᠮᠲᠦ ᠴᠢᠨᠠᠷᠲᠠᠶ ᠲᠥᠯᠥᠪᠵᠢᠭᠦᠯᠭᠡ ᠪᠠ ᠪᠥᠬᠥ᠌ ᠲᠠᠯ᠎ᠠ᠎ᠶ᠋ᠢᠨ ᠴᠢᠨᠠᠷᠲᠠᠶ ᠪᠠᠢᠷᠢᠯᠠᠭᠤᠯᠤᠯᠲᠠ ᠬᠢᠪᠠ᠃


bd79451cd06a290f6f2d743caead9e9c.jpg


ᠳᠠᠷᠠᠭᠠᠴᠢ᠎ᠶ᠋ᠢᠨ ᠠᠯᠬᠤᠮ᠎ᠳᠤ᠂ ᠰᠠᠭᠤᠷᠢ ᠡᠬᠢ ᠪᠠᠶᠠᠯᠢᠭ᠎ᠤᠨ ᠪᠠᠢᠭᠤᠯᠤᠯᠲᠠ᠎ᠶ᠋ᠢ ᠪᠡᠬᠢᠵᠢᠭᠦᠯᠵᠦ᠍᠂ ᠴᠢᠨᠠᠷ ᠰᠠᠢᠲᠠᠶ ᠲᠣᠭ᠎ᠠ ᠪᠠᠷᠢᠮᠲᠠ᠎ᠶ᠋ᠢᠨ ᠴᠤᠭ᠍ᠯᠠᠷᠠᠯ᠎ᠢ ᠨᠢᠭᠡᠳᠦᠯᠲᠡᠶ ᠲᠥᠯᠥᠪᠵᠢᠭᠦᠯᠦᠨ ᠪᠠᠢᠭᠤᠯᠵᠤ᠂ ᠣᠯᠠᠨ ᠵᠠᠭ᠍ᠪᠤᠷ᠎ᠤᠨ ᠲᠣᠭ᠎ᠠ ᠪᠠᠷᠢᠮᠲᠠ᠎ᠶ᠋ᠢ ᠴᠤᠭ᠍ᠯᠠᠭᠤᠯᠬᠤ ᠪᠠ ᠲᠣᠳᠣᠷᠬᠠᠢᠯᠠᠯᠲᠠ᠎ᠶ᠋ᠢ ᠪᠠᠷᠢᠮᠵᠢᠶᠠᠵᠢᠭᠤᠯᠬᠤ ᠠᠬᠢᠴᠠ᠎ᠶ᠋ᠢ ᠠᠬᠢᠭᠤᠯᠤᠨ᠂ ᠨᠡᠭᠡᠭᠡᠯᠲᠡ ᠬᠢᠵᠦ᠍ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠪᠠᠢᠭᠤᠯᠵᠤ᠂ ᠠᠵᠢᠯ ᠲᠥᠷᠥᠯ᠎ᠦᠨ ᠨᠥᠯᠥᠭᠡᠯᠡᠬᠦ᠌ ᠬᠦᠴᠦᠨ᠎ᠲᠡᠶ ᠲᠦᠷᠦᠯ ᠲᠠᠮᠳᠡᠭ ᠤ᠋ᠨ ᠡᠷᠳᠡᠮ ᠱᠢᠨᠵᠢᠯᠡᠭᠡᠨ᠎ᠦ ᠰᠣᠯᠢᠯᠴᠠᠭᠠᠨ᠎ᠤ ᠲᠠᠪᠴᠠᠩ᠎ᠢ ᠪᠠᠢᠭᠤᠯᠤᠨ᠎ᠠ︔ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠬᠦᠴᠦ᠍᠎ᠪᠡᠨ ᠲᠥᠪᠯᠡᠷᠡᠭᠦᠯᠵᠦ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ ᠵᠢᠴᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠬᠠᠮᠵᠢᠯᠴᠠᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠪᠠᠢᠭᠤᠯᠵᠤ᠂ ᠳᠠᠪᠠᠭᠤᠯᠢᠭ ᠬᠦᠴᠦᠨ᠎ᠢᠶᠡᠨ ᠲᠥᠪᠯᠡᠷᠡᠭᠦᠯᠦᠨ ᠮᠡᠷᠭᠡᠵᠢᠯ᠎ᠦᠨ ᠪᠤᠭᠤᠮᠳᠠ ᠱᠢᠪᠲᠤᠯᠵᠤ᠂ ᠬᠡᠷᠡᠭ᠌ᠯᠡᠭᠡᠨ᠎ᠦ ᠴᠢᠨᠠᠷ ᠪᠣᠯᠤᠨ ᠱᠢᠨ᠎ᠡ᠎ᠶ᠋ᠢ ᠡᠭᠦᠳᠬᠦ᠌ ᠴᠢᠨᠠᠷ᠎ᠲᠠᠶ ᠴᠢᠨᠠᠷ ᠰᠠᠢᠲᠠᠢ ᠲᠣᠭᠠᠴᠢᠯᠠᠭ᠍ᠰᠠᠨ ᠤᠶᠤᠨᠴᠢᠯᠠᠬᠰᠠᠨ ᠦᠢᠯᠡᠳᠬᠦᠨ᠎ᠢ ᠰᠤᠳᠤᠯᠤᠨ ᠨᠡᠭᠡᠭᠡᠨ᠎ᠡ︔ ᠠᠭᠤᠰᠤᠯᠴᠠᠭᠤᠯᠤᠨ ᠬᠡᠷᠡᠭ᠌ᠯᠡᠬᠦ᠌ ᠎ᠶ᠋ᠢ ᠭᠦᠨᠵᠡᠭᠡᠢᠷᠡᠭᠦᠯᠵᠦ᠍᠂ ᠰᠤᠷᠭᠠᠨ ᠬᠥᠮᠦᠵᠢᠯ᠂ ᠵᠠᠰᠠᠭ᠎ᠤᠨ ᠶᠠᠪᠤᠳᠠᠯ᠂ ᠣᠯᠠᠨ ᠨᠡᠢᠲᠡ᠎ᠶ᠋ᠢᠨ ᠦᠶ᠋ᠯᠡᠴᠢᠯᠡᠭᠡ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠦᠷ᠎ᠡ ᠪᠦᠲᠦᠭᠡᠯ᠎ᠢ ᠭᠦᠨᠵᠡᠭᠡᠶ ᠨᠠᠢᠳᠠᠪᠤᠷᠢᠵᠢᠭᠤᠯᠬᠤ ᠪᠠ ᠬᠡᠪᠴᠢᠶᠡᠵᠢᠭᠦᠯᠦᠨ ᠳᠡᠯᠭᠡᠷᠡᠭᠦᠯᠬᠦ᠌᠎ᠶ᠋ᠢ ᠠᠬᠢᠭᠤᠯᠤᠨ᠎ᠠ︔ ᠬᠠᠮ ᠴᠢᠳᠠᠪᠤᠷᠢᠲᠠᠨ᠎ᠤ ᠡᠩᠨᠡᠭᠡ᠎ᠶ᠋ᠢᠨ ᠲᠤᠯᠭᠠᠭᠤᠷᠢᠯᠠᠯ ᠎ᠢ ᠴᠢᠩᠭᠠᠳᠬᠠᠵᠤ᠂ ᠲᠠᠰ ᠳᠠᠪᠬᠤᠷᠭ᠎ᠠ᠎ᠨᠢ ᠲᠣᠳᠣᠷᠬᠠᠶ᠂ ᠵᠣᠯᠭᠠᠭᠤᠯᠤᠯᠲᠠ᠎ᠨᠢ ᠡᠮᠬᠢ ᠵᠢᠷᠤᠮ᠎ᠲᠠᠶ ᠦᠷᠭᠦᠯᠵᠢᠯᠡᠬᠦᠢᠴᠠ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠱᠢᠰᠲ᠋ᠧᠮ ᠢ᠋ ᠪᠠᠢᠭᠤᠯᠤᠨ᠎ᠠ︔ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ 《ᠨᠢᠭᠡ ᠪᠦᠰᠡ ᠨᠢᠭᠡ ᠵᠠᠮ》 ᠤ᠋ᠨ ᠦᠭᠡ ᠬᠡᠯᠡᠨ᠎ᠦ ᠮᠡᠷᠭᠡᠵᠢᠯ᠎ᠦᠨ ᠬᠠᠮᠵᠢᠯᠴᠠᠭᠠᠨ᠎ᠤ ᠲᠣᠣᠷ᠎ᠲᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠪᠠᠢᠯᠳᠤᠬᠤ ᠪᠤᠳᠤᠯᠭ᠎ᠠ᠎ᠳᠤ ᠦᠢᠯᠡᠴᠢᠯᠡᠵᠦ᠍᠂ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶ᠋ᠢᠨ ᠦᠢᠯᠡᠰ᠎ᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ 


65eca6564515420c79456c8b7f9e3300.jpg


ᠵᠢᠷᠤᠭ ᠎ᠢ ᠲᠤᠪᠴᠢᠳᠠᠵᠤ ᠨᠠᠷᠢᠨ ᠠᠭᠤᠯᠭ᠎ᠠ ᠵᠢ ᠦᠵᠡᠭᠡᠷᠡᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号