ᠤᠢᠷ᠎ᠠ ᠳᠤ᠂ ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ᠎ᠤᠨ ᠶᠢᠦ ᠢ ᠶᠡᠬᠡ ᠵᠡᠭᠡᠯᠢ᠎ᠶ᠋ᠢᠨ ᠬᠣᠷᠢᠨ ᠵᠢᠷᠭᠤᠳᠤᠭᠠᠷ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠭᠡᠷ᠎ᠲᠦ᠂ ᠪᠠᠭ᠍ᠰᠢ ᠨᠢᠦ ᠵᠢᠶᠠ ᠪᠣᠯᠤᠨ ᠬᠣᠶᠠᠳᠤᠭᠠᠷ ᠣᠨ ᠤ ᠨᠢᠭᠡᠳᠦᠭᠡᠷ ᠠᠩᠭᠢ᠎ᠶ᠋ᠢᠨ ᠬᠡᠦᠬᠡᠳ᠎ᠤ᠋ᠳ᠎ᠤᠨ ᠨᠤᠮ ᠤᠩᠰᠢᠬᠤ ᠳᠠᠭᠤᠨ ᠬᠠᠩᠭᠢᠨᠠᠵᠤ᠂ ᠬᠠᠮᠳᠤ ᠪᠡᠷ 《ᠱᠢᠯᠦᠭ ᠦᠨ ᠰᠠᠨᠠᠭ᠎ᠠ ᠠᠬᠤᠢ》 ᠪᠠ 《ᠰᠣᠶᠣᠯ》 ᠤ᠋ᠨ ᠳ᠋ᠧᠩ ᠢ ᠬᠠᠢᠵᠤ ᠪᠠᠢᠯ᠎ᠠ᠃ ᠡᠨᠡ ᠨᠢ ᠵᠥᠪᠬᠡᠨ ᠬᠢᠴᠢᠶᠡᠯ᠎ᠦᠨ ᠲᠠᠩᠬᠢᠮ᠎ᠤᠨ ᠨᠢᠭᠡ ᠬᠡᠰᠡᠭ ᠲᠡᠳᠦᠢ ᠪᠢᠰᠢ᠂ ᠨᠡᠩ ᠴᠤ᠌ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤᠨ ᠡᠨᠡ ᠬᠦ᠌ ᠰᠤᠷᠭᠠᠭᠤᠯᠢ ᠶ᠋ᠢᠨ ᠬᠦᠷᠢᠶᠡᠨ ᠳᠦ ᠦᠨᠳᠦᠰᠦᠯᠡᠨ ᠨᠠᠬᠢᠶᠠᠯᠠᠭ᠍ᠰᠠᠨ ᠠᠮᠢᠳᠤᠯᠢᠭ ᠬᠤᠷᠢᠶᠠᠩᠭᠤᠢ ᠳᠦᠷᠰᠦ ᠪᠣᠯᠬᠤ ᠶᠤᠮ᠃ ᠡᠨᠳᠡ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ ᠠᠯᠢ ᠡᠷᠲᠡ ᠪᠠᠭᠠᠵᠢ᠎ᠶ᠋ᠢᠨ ᠱᠢᠨᠵᠢ ᠴᠢᠨᠠᠷ᠎ᠡᠴᠡ ᠳᠠᠪᠠᠵᠤ᠂ ᠰᠡᠳᠭᠢᠯ ᠵᠢᠷᠦᠬᠡ᠎ᠶ᠋ᠢ ᠤᠮᠳᠠᠯᠠᠭ᠍ᠰᠠᠨ ᠰᠣᠶᠣᠯ᠎ᠤᠨ ᠦᠢᠯᠡᠳᠦᠯᠭᠡ᠂ ᠰᠡᠮᠡᠭᠡᠷ ᠪᠤᠢ ᠪᠣᠯᠭᠠᠭ᠍ᠰᠠᠨ ᠰᠣᠶᠣᠯ᠎ᠤᠨ ᠢᠲᠡᠭᠡᠯ ᠪᠣᠯᠵᠠᠢ᠃
ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠬᠡᠷᠬᠢᠨ《ᠠᠮᠳᠠᠷᠬᠠᠨ ᠰᠤᠷᠬᠤ》 ᠪᠤᠢ? ᠬᠠᠷᠢᠭᠤᠯᠲᠠ ᠨᠢ ᠪᠠᠶᠠᠯᠢᠭ ᠰᠠᠢᠬᠠᠨ ᠰᠤᠷᠭᠠᠭᠤᠯᠢ᠎ᠶ᠋ᠢᠨ ᠬᠦᠷᠢᠶᠡᠨ᠎ᠦ ᠠᠮᠢᠳᠤᠷᠠᠯ᠎ᠳᠤ ᠨᠢᠭᠤᠭ᠍ᠳᠠᠵᠤ ᠪᠠᠢᠨ᠎ᠠ᠃ ᠭᠤᠷᠪᠠᠳᠤᠭᠠᠷ ᠣᠨ᠎ᠤ ᠰᠣᠷᠣᠭ᠍ᠴᠢ ᠦ᠋ ᠶᠢᠤ ᠪᠤᠳᠤᠭ᠍ᠲᠤ ᠪᠢᠷ ᠢᠶᠡᠷ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠲᠡᠯᠭᠡᠷᠡᠭᠦᠯᠦᠶᠡ》 ᠬᠡᠬᠦ ᠭᠠᠷ ᠬᠠᠭᠤᠯᠤᠮᠠᠯ ᠰᠣᠨᠢᠨ ᠢ ᠵᠢᠷᠤᠭᠯᠠᠵᠤ᠂ ᠦᠭᠡ ᠬᠡᠯᠡᠨ᠎ᠦ ᠵᠢᠷᠤᠮᠵᠢᠯ᠎ᠤᠨ ᠤᠬᠠᠮᠰᠠᠷ ᠢ ᠰᠣᠯᠣᠩᠭᠠᠷᠠᠭ᠍ᠰᠠᠨ ᠥᠩᠭᠡ ᠪᠤᠳᠤᠭ᠎ᠤᠨ ᠳᠤᠮᠳᠠ ᠠᠮᠢᠳᠤᠯᠢᠭ ᠪᠣᠯᠭᠠᠪᠠ; ᠵᠢᠷᠭᠤᠳᠤᠭᠠᠷ ᠣᠨ᠎ᠤ ᠰᠤᠷᠤᠭ᠍ᠴᠢ ᠵᠠᠩ ᠷᠦᠢ ᠰᠧ ᠵᠣᠬᠢᠶᠠᠯ᠎ᠳᠠᠭᠠᠨ 《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ᠋ ᠰᠠᠢᠲᠤᠷ ᠰᠤᠷᠴᠤ᠂ ᠳᠤᠮᠳᠠᠳᠤ ᠤᠯᠤᠰ᠎ᠤᠨ ᠳᠠᠭᠤᠨ ᠢ ᠳᠠᠮᠵᠢᠭᠤᠯᠬᠤ》 ᠠᠯᠤᠰ ᠬᠡᠳᠦ᠍᠎ᠶ᠋ᠢᠨ ᠠᠴᠢ ᠬᠣᠯᠪᠣᠭ᠍ᠳᠠᠯ ᠢ ᠪᠣᠳᠣᠯᠬᠢᠯᠠᠪᠠ᠃ ᠬᠢᠴᠢᠶᠡᠯ ᠳᠡᠭᠡᠷ᠎ᠡ᠂ 《ᠡᠷᠲᠡᠨ᠎ᠦ ᠱᠢᠯᠦᠭ ᠢ᠋ ᠪᠤᠤᠭᠢᠶ᠎ᠠ ᠵᠠᠯᠭᠠᠨ ᠤᠩᠰᠢᠬᠤ》 ᠬᠠᠩᠭᠢᠨᠠᠮ᠎ᠠ ᠲᠠᠭᠤᠨ᠂ 《ᠬᠢᠴᠢᠶᠡᠯ ᠦᠨ ᠪᠢᠴᠢᠭ ᠤ᠋ᠨ ᠵᠦᠴᠦᠭᠡ᠎ᠳᠦ ᠠᠪᠢᠶ᠎ᠠ ᠲᠠᠭᠠᠷᠠᠭᠤᠯᠤᠭ᠍ᠰᠠᠨ》 ᠠᠮᠢᠳᠤᠯᠢᠭ ᠲᠣᠭ᠍ᠯᠠᠯᠲᠠ᠂ 《ᠨᠤᠲᠤᠭ ᠤᠨ ᠦᠭᠡ᠎ᠶ᠋ᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯᠭᠠᠨ ᠬᠤᠪᠢᠷᠠᠭᠤᠯᠬᠤ》 ᠳᠤᠷ᠎ᠠ ᠰᠣᠨᠢᠷᠬᠠᠯᠳᠤ ᠬᠤᠪᠢᠶᠠᠯᠴᠠᠯ ᠨᠢ 《ᠠᠩᠬᠢ ᠪᠤᠯᠭᠠᠨ ᠥᠪᠡᠷᠮᠢᠴᠡ ᠣᠨᠴᠠᠯᠢᠭ᠎ᠲᠠᠶ᠂ ᠬᠥᠮᠦᠨ ᠪᠦᠬᠦᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠶᠠᠷᠢᠬᠤ ᠳᠤᠷᠠᠲᠠᠢ》ᠠᠮᠢᠳᠤᠯᠢᠭ ᠵᠢᠷᠤᠭ ᠢ ᠬᠠᠮᠲᠤ᠎ᠪᠠᠷ ᠴᠣᠭ᠍ᠴᠠᠯᠠᠪᠠ᠃ ᠬᠢᠴᠢᠶᠡᠯ᠎ᠦᠨ ᠵᠠᠪᠰᠠᠷᠯᠠᠭ᠎ᠠ᠎ᠵᠢᠨ ᠰᠤᠷᠭᠠᠭᠤᠯᠢ᠎ᠶ᠋ᠢᠨ ᠬᠦᠷᠢᠶᠡᠨ᠎ᠳᠦ ᠪᠠᠰᠠ ᠬᠡᠦᠬᠡᠳ᠎ᠦᠳ᠎ᠦᠨ ᠱᠢᠯᠦᠭ ᠴᠡᠭᠡᠵᠢᠯᠡᠬᠦ ᠲᠠᠭᠤᠨ ᠰᠤᠨᠤᠰᠳᠠᠵᠤ᠂ ᠦᠭᠡ ᠬᠡᠯᠡ ᠨᠢ ᠵᠢᠩᠬᠢᠨᠢ ᠠᠮᠢ ᠨᠠᠰᠤᠨ᠎ᠤ ᠠᠢᠵᠠᠮ ᠴᠣᠬᠢᠯᠭ᠎ᠠ᠎ᠲᠠᠶ ᠪᠣᠯᠪᠠ᠃
ᠰᠣᠶᠣᠯ ᠤᠨ ᠤᠯᠠᠮᠵᠢᠯᠠᠯ ᠤᠨ ᠵᠠᠩᠭᠢᠯᠠᠭ᠎ᠠ ᠨᠢ ᠦᠭᠡ ᠶᠠᠷᠢᠶ᠎ᠠ ᠦᠢᠯᠡ ᠶᠠᠪᠤᠳᠠᠯᠵᠢᠡᠷᠵᠢᠡᠨ ᠰᠤᠷᠭᠠᠬᠤ᠎ᠳᠤ ᠪᠤᠢ᠃ ᠡᠨᠡ ᠬᠦ᠌ ᠰᠤᠷᠭᠠᠭᠤᠯᠢ᠎ᠨᠢ 《 ᠪᠠᠭ᠍ᠰᠢ ᠰᠤᠷᠤᠭ᠍ᠴᠢᠳ ᠬᠣᠯᠪᠣᠭᠠᠯᠠᠨ ᠬᠥᠳᠡᠯᠦᠯᠴᠡᠬᠦ᠌ 》 ᠪᠠᠷ ᠭᠤᠤᠯ ᠠᠷᠭ᠎ᠠ ᠬᠡᠮᠵᠢᠶ᠎ᠡ ᠪᠣᠯᠭᠠᠵᠤ᠂ 《ᠮᠡᠳᠡᠬᠦ᠌ 》 ᠡᠴᠡ 《ᠬᠢᠬᠦ᠌》 ᠬᠦᠷᠲᠡᠯᠡᠬᠢ ᠭᠦᠨᠵᠡᠭᠡᠶ ᠬᠤᠪᠢᠷᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ᠃ 《ᠳᠦᠷᠢᠮᠵᠢᠭᠦᠨ ᠬᠡᠯᠡᠯᠭᠡ·ᠵᠢᠭᠠᠨ ᠰᠤᠷᠭᠠᠯᠲᠠ᠎ᠳᠤ ᠬᠦᠴᠦᠨ ᠨᠡᠮᠡᠷᠢᠯᠡᠬᠦ 》 ᠰᠤᠷᠤᠯᠴᠠᠯᠭ᠎ᠠ ᠳᠤᠮᠳᠠ᠂ ᠪᠠᠭ᠍ᠰᠢ᠎ᠨᠠᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠦᠨ ᠪᠠᠷᠢᠮᠵᠢᠶ᠎ᠠ᠎ᠶ᠋ᠢ ᠭᠦᠨᠵᠡᠭᠡᠢ ᠰᠤᠳᠤᠯᠪᠠ; 《ᠨᠡᠢᠲᠡᠯᠢᠭ ᠬᠡᠯᠡ ᠲᠦᠭᠡᠮᠡᠯᠵᠢᠭᠦᠯᠬᠦ᠌ ᠬᠢᠴᠢᠶᠡᠯ᠎ᠦᠨ ᠲᠠᠩᠬᠢᠮ 》 ᠤ᠋ᠨ ᠵᠢᠱ᠌ᠢᠶ᠎ᠡ ᠦᠵᠡᠭᠦᠯᠬᠦ᠌ ᠬᠢᠴᠢᠶᠡᠯ ᠪᠠ ᠱᠢᠨ᠎ᠡ ᠪᠠᠭ᠍ᠰᠢ᠎ᠵᠢᠨ ᠠᠨᠭᠬᠠᠨ᠎ᠤ ᠬᠢᠴᠢᠶᠡᠯ᠎ᠳᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠳᠦᠷᠢᠮᠵᠢᠭᠦᠯᠦᠨ ᠬᠡᠷᠡᠭ᠌ᠯᠡᠬᠦ ᠪᠣᠯᠤᠨ ᠰᠠᠮᠪᠠᠷ᠎ᠠ᠎ᠳᠤ ᠪᠢᠴᠢᠬᠦ ᠶ᠋ᠢ ᠡᠷᠬᠡᠪᠰᠢ ᠪᠠᠲᠤ ᠰᠠᠬᠢᠬᠤ ᠵᠢᠭᠠᠨ ᠰᠤᠷᠭᠠᠯᠲᠠ᠎ᠶ᠋ᠢᠨ ᠦᠨᠳᠦᠰᠦᠨ ᠱᠠᠭᠠᠷᠳᠠᠯᠭ᠎ᠠ ᠪᠣᠯᠭᠠᠪᠠ; ᠪᠣᠯᠪᠠᠰᠤᠨ ᠵᠠᠯᠠᠭᠤᠴᠤᠳ᠎ᠤᠨ ᠨᠡᠢᠭᠡᠮᠯᠢᠭ᠎ᠦᠨ ᠨᠣᠮ ᠤᠩᠱᠢᠵᠤ ᠬᠤᠪᠢᠶᠠᠯᠴᠠᠬᠤ ᠬᠤᠷᠠᠯ ᠳᠡᠭᠡᠷ᠎ᠡ᠂ ᠪᠠᠭ᠍ᠰᠢ᠎ᠨᠠᠷ ᠳᠠᠭᠤ ᠪᠠ ᠬᠠᠢᠷ᠎ᠠ ᠰᠡᠳᠭᠢᠯᠭᠡ᠎ᠪᠡᠷ ᠦᠰᠦᠭ ᠪᠢᠴᠢᠭ᠎ᠦᠨ ᠠᠷᠤ ᠳᠠᠬᠢ ᠷᠢᠳᠢ ᠱᠢᠳᠢ᠎ᠶ᠋ᠢ ᠲᠠᠢᠯᠪᠤᠷᠢᠯᠠᠪᠠ᠃ ᠶᠠᠭ ᠸᠠᠩ ᠳ᠋ᠦᠸᠸ ᠪᠠᠭ᠍ᠰᠢ᠎ᠶ᠋ᠢᠨ ᠤᠢ᠍ᠢᠯᠠᠭᠠᠭ᠍ᠰᠠᠨ ᠱᠢᠭ᠋᠎ᠢᠶᠡᠷ᠂ ᠳᠦᠷᠢᠮᠵᠢᠭ᠌ᠰᠡᠨ ᠰᠠᠮᠪᠠᠷ᠎ᠠ ᠵᠢᠨ ᠪᠢᠴᠢᠯᠭᠡ᠂ ᠨᠣᠮ ᠤᠩᠱᠢᠵᠤ ᠬᠤᠪᠢᠶᠠᠯᠴᠠᠬᠤ ᠦᠶ᠎ᠠ ᠵᠢᠨ ᠲᠠᠭᠤ ᠰᠡᠳᠭᠢᠯᠭᠡ ᠵᠢᠨ ᠬᠤᠤᠰᠯᠠᠭᠤᠯᠤᠯ ᠨᠢ ᠲᠡᠷᠡ ᠴᠡᠭ᠎ᠢᠶᠡᠷ᠎ᠢᠶᠡᠨ ᠬᠠᠮᠤᠭ᠎ᠤᠨ ᠱᠢᠭᠤᠳ ᠵᠢᠱ᠌ᠢᠢ᠎ᠡ ᠳᠠᠭᠤᠷᠢᠶᠠᠯ ᠪᠣᠯᠤᠨ᠎ᠠ᠃ ᠡᠢᠮᠦᠷᠬᠦᠦ ᠬᠠᠷᠢᠯᠴᠠᠨ ᠠᠬᠢᠭᠤᠯᠬᠤ ᠵᠢᠭᠠᠨ ᠰᠤᠷᠭᠠᠯᠲᠠ ᠨᠢ ᠬᠢᠴᠢᠶᠡᠯ᠎ᠦᠨ ᠲᠠᠩᠬᠢᠮ᠎ᠢ ᠳᠠᠩ ᠴᠢᠭ᠌ᠯᠡᠯ᠎ᠦᠨ ᠮᠡᠳᠡᠯᠭᠡ᠎ᠵᠢᠨ ᠤᠯᠠᠮᠵᠢᠯᠠᠯ ᠪᠢᠰᠢ᠂ ᠬᠠᠷᠢᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠷᠢᠳᠢ ᠱᠢᠳᠢ᠎ᠶ᠋ᠢᠨ ᠳᠣᠣᠷᠠᠬᠢ ᠬᠠᠮᠲᠤ᠎ᠵᠢᠨ ᠦᠰᠦᠨ ᠪᠤᠢᠵᠢᠯᠲᠠ ᠪᠣᠯᠭᠠᠭ᠍ᠰᠠᠨ ᠪᠠᠢᠨ᠎ᠠ᠃
ᠰᠤᠷᠭᠠᠨ ᠬᠥᠮᠦᠵᠢᠯ᠎ᠦᠨ ᠮᠥᠨ ᠴᠢᠨᠠᠷ ᠨᠢ ᠵᠢᠭᠠᠨ ᠰᠤᠷᠭᠠᠯᠲᠠ᠎ᠳᠤ ᠪᠠᠢᠨ᠎ᠠ᠂ ᠨᠠᠩ ᠴᠤ᠌ ᠬᠥᠮᠦᠨ ᠢ ᠬᠥᠮᠦᠵᠢᠭᠦᠯᠬᠦ᠌᠎ᠳᠦ ᠪᠠᠢᠨ᠎ᠠ᠃ ᠲᠤᠰ ᠰᠤᠷᠭᠠᠭᠤᠯᠢ᠎ᠶ᠋ᠢᠨ ᠵᠠᠬᠢᠷᠤᠯ ᠵᠠᠩ ᠭᠦᠸᠧ ᠪᠢᠨ᠂ 《ᠰᠤᠷᠭᠠᠨ ᠬᠦᠮᠦᠵᠢᠯᠳᠡᠨ᠎ᠤ ᠵᠣᠷᠢᠭ ᠰᠠᠨᠠᠭ᠎ᠠ 》 ᠪᠡᠷ ᠵᠢᠯᠤᠭᠤᠳᠤᠯᠭ᠎ᠠ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠶᠣᠰᠣ ᠰᠤᠷᠲᠠᠬᠤᠨ᠎ᠤ ᠬᠥᠮᠦᠵᠢᠯ᠂ ᠤᠶᠤᠨ᠎ᠤ ᠬᠥᠮᠦᠵᠢᠯ᠂ ᠭᠤᠤ᠎ᠠ ᠰᠠᠢᠬᠠᠨ ᠤ ᠬᠥᠮᠦᠵᠢᠯ ᠵᠢᠴᠢ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ ᠲᠠᠶ ᠣᠷᠭᠠᠨᠢᠭ᠎ᠢᠶᠠᠷ ᠠᠭᠤᠰᠤᠯᠴᠠᠭᠤᠯᠪᠠᠯ ᠰᠠᠶ᠍ᠢ ᠰᠣᠶᠣᠯ᠎ᠤᠨ ᠢᠲᠡᠭᠡᠯ᠎ᠢ ᠬᠡᠦᠬᠡᠳ᠎ᠦᠨ ᠰᠡᠳᠭᠢᠯ ᠳᠦ ᠦᠨᠡᠨ ᠬᠦ᠌ ᠦᠨᠳᠦᠰᠦᠯᠡᠭᠦᠯᠵᠦ᠍ ᠰᠣᠶᠣᠭᠠᠯᠠᠭᠤᠯᠵᠤ ᠴᠢᠳᠠᠨ᠎ᠠ ᠭᠡᠵᠦ᠍ ᠢᠯᠡᠳᠭᠡᠪᠡ᠃ ᠡᠨᠳᠡ ᠰᠤᠷᠤᠯᠴᠠᠯᠭ᠎ᠠ ᠨᠢ ᠬᠡᠪᠱᠢᠮᠡᠯ ᠮᠧᠬᠠᠨᠢᠭ ᠰᠤᠷᠲᠠᠯᠴᠢᠯᠠᠭ᠎ᠠ ᠪᠢᠰᠢ ᠪᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠨᠢ ᠪᠠᠭ᠍ᠰᠢ ᠰᠤᠷᠤᠭ᠍ᠴᠢᠳ᠎ᠤᠨ ᠨᠡᠪᠲᠡᠷᠡᠯᠴᠡᠭᠡ᠎ᠶ᠋ᠢᠨ ᠬᠥᠭᠥᠷᠭᠡ ᠪᠤᠯᠵᠤ᠂ ᠬᠢᠴᠢᠶᠡᠯ᠎ᠦᠨ ᠲᠠᠩᠬᠢᠮ ᠨᠢ ᠳᠦᠷᠢᠲᠤᠭᠯᠠᠬᠤ ᠵᠦᠴᠦᠭᠡ᠎ᠶ᠋ᠢᠨ ᠲᠢᠶᠠᠲ᠋ᠷ ᠪᠣᠯᠵᠤ᠂ ᠨᠣᠮ ᠤᠩᠱᠢᠬᠤ ᠲᠠᠭᠤᠨ᠎ᠨᠢ ᠰᠤᠷᠭᠠᠭᠤᠯᠢ ᠵᠢᠨ ᠬᠦᠷᠢᠶᠡᠨ ᠳ᠋ᠡᠬᠢ ᠴᠢᠬᠢᠨ᠎ᠳᠦ ᠠᠶᠠᠲᠠᠢ ᠨᠠᠢᠷᠠᠯ ᠬᠥᠭ᠌ᠵᠢᠮ ᠪᠣᠯᠵᠠᠢ᠃