ᠦᠬᠠᠢ ᠬᠤᠳᠠ᠎ᠶᠢᠨ ᠨᠠᠮ᠎ᠤᠨ ᠭᠡᠰᠢᠭᠦᠨ ᠎ᠦ ᠪᠣᠭᠣᠮᠲᠠ ᠰᠢᠪᠲᠤᠯᠬᠤ ᠠᠩᠭᠢ ᠡᠮᠦᠨ᠎ᠡ ᠹᠷᠣᠨᠲ᠎ᠲᠤ ᠰᠢᠭᠤᠷᠬᠠᠢᠯᠠᠨ ᠭᠠᠪᠰᠢᠭᠠᠢᠯᠠᠨ᠎ᠠ
2025-12-04 09:32:13
ᠵᠣᠬᠢᠶᠠᠭ᠍ᠴᠢ᠄
ᠬᠤᠤ ᠪᠢᠶᠣᠣ
ᠣᠩᠱᠢᠭ᠍ᠰᠠᠨ ᠣᠳᠠᠭ᠎ᠠ᠄
★★★☆☆

 ᠡᠨᠡ ᠵᠢᠯ᠎ᠡᠴᠡ ᠨᠠᠭᠠᠰᠢ᠂ ᠦᠬᠠᠢ ᠬᠤᠳᠠ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ ᠎ᠢ ᠪᠠᠳᠠᠷᠠᠭᠤᠯᠬᠤ ᠲᠤᠭᠤᠷᠢᠨ ᠳ᠋ᠤ᠂ 《ᠬᠡᠯᠪᠡᠷᠢ᠎ᠪᠡᠨ ᠬᠤᠪᠢᠷᠠᠭᠤᠯᠤᠨ ᠬᠥᠭᠵᠢᠭᠦᠯᠬᠦ ᠳ᠋ᠤ ᠬᠦᠴᠦᠨ᠎ᠢᠶᠡᠨ ᠲᠥᠪᠯᠡᠷᠡᠭᠦᠯᠵᠦ᠂   ᠪᠠᠢᠭᠤᠯᠭ᠎ᠠ  ᠵᠢᠨ ᠡᠮᠦᠨ᠎ᠡ ᠡᠩᠨᠡᠭᠡᠨ ᠳ᠋ᠤ ᠭᠠᠪᠰᠢᠭᠠᠢᠯᠠᠨ ᠬᠤᠰᠢᠭᠤᠷᠠᠨ᠎ᠠ》 ᠭᠡᠬᠦ ᠭᠣᠣᠯ ᠰᠡᠳᠦᠪᠲᠦ ᠦᠢᠯᠡᠳᠦᠯᠭᠡ᠎ᠶᠢᠨ ᠠᠵᠢᠯᠯᠠᠭ᠎ᠠ᠎ᠶᠢ ᠶᠡᠬᠡ ᠪᠡᠷ ᠥᠷᠨᠢᠭᠦᠯᠵᠦ᠂ 35 ᠡᠩᠨᠡᠭᠡ ᠨᠠᠮ᠎ᠤᠨ ᠭᠡᠰᠢᠭᠦᠨ᠎ᠦ ᠪᠣᠭᠣᠮᠲᠠ ᠰᠢᠪᠲᠤᠯᠬᠤ ᠠᠩᠭᠢ᠎ᠶᠢ ᠵᠣᠬᠢᠶᠠᠨ ᠪᠠᠢᠭᠤᠯᠵᠤ  ᠪᠦᠬᠦ ᠬᠦᠴᠦᠨ ᠵᠢᠡᠷ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠳ᠋ᠤ ᠦᠢᠯᠡᠴᠢᠯᠡᠪᠡ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳ᠋ᠤ ᠦᠢᠯᠡᠴᠢᠯᠡᠬᠦ ᠵᠢᠴᠢ ᠦᠬᠠᠢ ᠬᠤᠳᠠ᠎ᠶᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠳᠤᠮᠳᠠ ᠡᠨᠡᠬᠦ  35 ᠡᠩᠨᠡᠭᠡ ᠨᠠᠮ ᠎ᠤᠨ ᠭᠡᠰᠢᠭᠦᠨ ᠎ᠦ ᠪᠣᠭᠣᠮᠲᠠ ᠰᠢᠪᠲᠤᠯᠬᠤ ᠠᠩᠭᠢ ᠵᠢᠨ ᠬᠢᠨ ᠬᠦᠴᠦ᠎ᠪᠡᠨ ᠬᠠᠮᠲᠤᠳᠬᠠᠨ ᠪᠣᠭᠣᠮᠲᠠ ᠰᠢᠪᠲᠤᠯᠵᠤ᠂ ᠬᠦᠴᠢᠷᠳᠡᠯ ᠎ᠢ ᠰᠢᠢᠳᠪᠦᠷᠢᠯᠡᠵᠦ᠂ ᠦᠬᠠᠢ ᠬᠤᠳᠠ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ᠃

11 ᠰᠠᠷ᠎ᠠ᠎ᠶᠢᠨ 17 ᠎ᠤ᠋ ᠡᠳᠦᠷ᠂ ᠰᠤᠷᠪᠤᠯᠵᠢᠯᠠᠭ᠍ᠴᠢ ᠴᠢᠩ ᠲᠤᠤ(ᠦᠬᠠᠢ) ᠡᠨᠧᠷᠭᠢ ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ ᠬᠢᠵᠠᠭᠠᠷᠲᠤ ᠺᠣᠮᠫᠠᠨᠢ᠎ᠶᠢᠨ PACK ᠦᠢᠯᠡᠳᠪᠦᠷᠢᠯᠡᠯ᠎ᠦᠨ ᠱᠤᠭᠤᠮ᠎ᠤᠨ ᠦᠢᠯᠡᠳᠪᠦᠷᠢ᠎ᠶᠢᠨ ᠲᠠᠰᠤᠭ᠎ᠲᠤ ᠬᠦᠷᠬᠦ ᠎ᠳᠦ᠂ ᠲᠡᠷᠢᠭᠦᠨ᠎ᠦ ᠦᠢᠯᠡᠳᠪᠦᠷᠢᠯᠡᠯ᠎ᠦᠨ ᠲᠤᠨᠤᠭ ᠲᠥᠬᠦᠭᠡᠷᠦᠮᠵᠢ ᠨᠤᠬᠦᠳ ᠵᠢᠭᠳᠡ ᠵᠢᠭ᠍ᠰᠠᠨ᠂ ᠠᠵᠢᠯ᠎ᠤᠨ ᠬᠤᠪᠴᠠᠰᠤ ᠪᠡᠷ ᠬᠤᠶᠠᠭᠯᠠᠭᠰᠠᠨ ᠠᠵᠢᠯᠴᠢᠳ ᠡᠯ᠎ᠡ ᠲᠥᠷᠥᠯ᠎ᠦᠨ ᠬᠡᠮᠵᠢᠭᠦᠷᠯᠢᠭ ᠲᠥᠬᠦᠭᠡᠷᠦᠮᠵᠢ᠎ᠶᠢ ᠡᠮᠬᠢ ᠵᠢᠷᠤᠮ ᠲᠠᠢ ᠠᠵᠢᠯᠯᠠᠭᠤᠯᠵᠤ᠂  ᠳ᠋ᠢᠶᠠᠨ ᡂᠢ᠎ᠶᠢᠨ  ᠪᠦᠬᠦᠯᠢ ᠴᠤᠭᠴᠠᠳᠤ ᠵᠠᠭᠪᠤᠷ᠎ᠢ ᠤᠭᠰᠠᠷᠠᠵᠤ ᠪᠠᠢᠯ᠎ᠠ᠃

《ᠲᠥᠷᠥᠯ ᠵᠦᠢᠯ᠎ᠤᠨ ᠤᠷᠤᠭᠰᠢᠲᠠᠢ ᠶᠠᠪᠤᠭᠳᠠᠵᠤ ᠪᠠᠢᠭ᠎ᠠ ᠨᠢ 〈ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠦᠪᠦᠷ ᠮᠣᠩᠭᠣᠯ᠎ᠢᠶᠠᠨ ᠮᠠᠨᠳᠤᠭᠤᠯᠬᠤ〉ᠨᠠᠮ᠎ᠤᠨ ᠭᠡᠰᠢᠭᠦᠨ᠎ᠦ ᠪᠤᠭᠤᠮᠳᠠ ᠰᠢᠪᠳᠤᠯᠬᠤ ᠠᠩᠭᠢ᠎ᠶᠢᠨ ᠪᠥᠬᠥ ᠲᠠᠯ᠎ᠠ᠎ᠶᠢᠨ ᠳᠡᠮᠵᠢᠯᠭᠡ᠎ᠡᠴᠡ ᠰᠠᠯᠵᠤ ᠴᠢᠳᠠᠬᠤ ᠦᠭᠡᠢ ᠶᠤᠮ》ᠭᠡᠵᠦ ᠲᠤᠰ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠵᠢᠶᠠᠩ ᠭᠦᠸᠧ ᠱᠧᠩ ᠬᠡᠯᠡᠪᠡ᠃ ᠲᠥᠷᠥᠯ ᠵᠦᠢᠯ᠎ᠦᠨ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ᠂ ᠦᠬᠠᠢ ᠬᠣᠲᠠ ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠎ᠶᠢᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠨᠠᠮ ᠎ᠤᠨ ᠭᠡᠰᠢᠭᠦᠨ ᠎ᠦ ᠪᠤᠭᠤᠮᠳᠠ ᠰᠢᠪᠳᠤᠯᠬᠤ ᠠᠩᠭᠢ ᠬᠡᠰᠡᠭ ᠬᠤᠪᠢᠶᠠᠨ ᠳᠠᠭᠠᠭᠠᠴᠢᠯᠠᠬᠤ ᠬᠠᠷᠢᠭᠤᠴᠠᠯᠭ᠎ᠠ᠎ᠶᠢᠨ ᠳᠦᠷᠢᠮ ᠎ᠢ ᠬᠡᠷᠡᠭᠵᠢᠭᠦᠯᠵᠦ᠂ ᠬᠣᠲᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠨᠠᠷ ᠪᠦᠯᠬᠦᠮ ᠳᠠᠭᠠᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠤ ᠠᠬᠤᠢᠯᠠᠯ᠎ᠳᠤ ᠬᠦᠷᠴᠦ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠂ ᠠᠵᠤ ᠠᠬᠤᠢᠯᠠᠯ᠎ᠤᠨ ᠪᠣᠳᠠᠲᠠᠢ ᠠᠰᠠᠭᠤᠳᠠᠯ ᠎ᠢ ᠰᠢᠢᠳᠪᠦᠷᠢᠯᠡᠵᠦ ᠦᠭᠪᠡ᠃ ᠡᠭᠦᠨ᠎ᠦ ᠬᠠᠮᠲᠤ᠂ ᠠᠵᠤ ᠠᠬᠤᠢᠯᠠᠯ᠎ᠤᠨ ᠰᠢᠨ᠎ᠡ ᠎ᠶᠢ ᠡᠭᠦᠳᠬᠦ ᠬᠠᠮᠤᠭ᠎ᠤᠨ ᠰᠢᠨ᠎ᠡ ᠡᠬᠢ ᠪᠠᠶᠠᠯᠢᠭ᠋᠎ᠢ ᠣᠯᠬᠤ᠎ᠳᠤ ᠲᠥᠬᠥᠮ ᠦᠵᠡᠭᠦᠯᠬᠦ᠎ᠶᠢᠨ ᠲᠥᠯᠥᠭᠡ ᠨᠠᠮ ᠎ᠤᠨ ᠭᠡᠰᠢᠭᠦᠨ ᠎ᠦ ᠪᠤᠭᠤᠮᠳᠠ ᠰᠢᠪᠳᠤᠯᠬᠤ ᠠᠩᠭᠢ ᠪᠠᠰᠠ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠎ᠢ ᠢᠳᠡᠪᠬᠢᠲᠡᠢ ᠵᠣᠬᠢᠴᠠᠭᠤᠯᠵᠤ᠂ ᠠᠵᠤ ᠠᠬᠤᠢᠯᠠᠯ ᠎ᠳᠤ ᠬᠠᠮᠤᠭ ᠎ᠤᠨ ᠰᠢᠨ᠎ᠡ ᠰᠤᠳᠤᠯᠭᠠᠨ᠎ᠤ ᠦᠷ᠎ᠡ ᠪᠦᠲᠦᠭᠡᠯ ᠎ᠦᠨ ᠮᠡᠳᠡᠭᠡ ᠵᠠᠩᠭᠢ ᠎ᠶᠢ ᠲᠠᠨᠢᠯᠴᠠᠭᠤᠯᠵᠤ᠂ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠎ᠤ ᠰᠤᠳᠤᠯᠭᠠᠨ᠎ᠤ ᠪᠡᠷᠬᠡ ᠰᠡᠳᠦᠪ ᠎ᠢ ᠰᠢᠢᠳᠪᠦᠷᠢᠯᠡᠬᠦ᠎ᠳᠦ ᠠᠰᠢᠭ᠍ᠲᠠᠢ ᠨᠥᠬᠥᠴᠡᠯ᠎ᠢ ᠪᠦᠷᠢᠯᠳᠦᠭᠦᠯᠵᠦ ᠥᠭᠭᠦᠭᠰᠡᠨ ᠪᠠᠢᠨ᠎ᠠ᠃

《ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠦᠷ᠎ᠡ ᠪᠦᠲᠦᠭᠡᠯ ᠢ᠋ ᠤᠨᠳᠤᠤᠰᠢᠭᠤᠯᠬᠤ ᠳᠤᠮᠳᠠᠬᠢ ᠪᠡᠷᠬᠡ ᠠᠰᠠᠭᠤᠳᠠᠯ᠂ ᠲᠦᠭᠵᠢᠷᠡᠯ ᠠᠰᠠᠭᠤᠳᠠᠯ  ᠢ᠋ ᠰᠢᠢᠳᠪᠦᠷᠢᠯᠡᠬᠦ  ᠶ᠋ᠢᠨ ᠲᠥᠯᠥᠭᠡ ᠲᠦᠷᠭᠡᠨ ᠵᠤᠯᠭᠠᠭᠤᠯᠬᠤ ᠪᠠ ᠪᠦᠬᠦ ᠶᠠᠪᠤᠴᠠ᠎ᠳᠤ ᠮᠥᠷᠳᠡᠨ ᠦᠢᠯᠡᠴᠢᠯᠡᠬᠦ ᠲᠣᠭᠲᠠᠴᠠ ᠶ᠋ᠢ ᠪᠠᠢᠭᠤᠯᠵᠤ᠂ ᠠᠵᠤ ᠠᠬᠤᠢᠯᠠᠯ᠎ᠳᠤ ᠡᠯ᠎ᠡ ᠲᠠᠯ᠎ᠠ  ᠶ᠋ᠢᠨ ᠦᠢᠯᠡᠴᠢᠯᠡᠭᠡ ᠶ᠋ᠢ ᠦᠷᠭᠦᠯᠵᠢᠯᠡᠨ ᠬᠠᠩᠭᠠᠵᠤ ᠪᠠᠢᠨ᠎ᠠ》 ᠬᠡᠵᠦ ᠦᠬᠠᠢ ᠬᠣᠲᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠎ᠶᠢᠨ ᠳᠡᠳ᠋ ᠳᠠᠷᠤᠭ᠎ᠠ ᠮᠢᠶᠣᠣ ᠶᠦᠨ ᠰᠢᠶᠠ ᠰᠤᠷᠪᠤᠯᠵᠢᠯᠠᠭ᠍ᠴᠢ᠎ᠳᠤ ᠬᠡᠯᠡᠪᠡ᠃ ᠡᠨᠡ ᠵᠢᠯ᠂ ᠦᠬᠠᠢ ᠬᠣᠲᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠵᠢᠡᠨ ᠮᠠᠨᠳᠤᠭᠤᠯᠬᠤ》 ᠪᠠ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠦᠰᠡᠯᠡᠯᠲᠡ ᠰᠢᠪᠲᠤᠯᠬᠤ 》2  ᠡᠩᠨᠡᠭᠡ ᠨᠠᠮ ᠎ᠤᠨ ᠭᠡᠰᠢᠭᠦᠨ ᠎ᠦ ᠪᠤᠭᠤᠮᠳᠠ ᠰᠢᠪᠳᠤᠯᠬᠤ  ᠠᠩᠭᠢ᠎ᠶᠢ ᠵᠣᠬᠢᠶᠠᠨ ᠪᠠᠢᠭᠤᠯᠪᠠ᠃ ᠡᠩ ᠎ᠦᠨ ᠦᠶ᠎ᠡ᠎ᠳᠦ᠂ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠵᠢᠡᠨ ᠮᠠᠨᠳᠤᠭᠤᠯᠬᠤ》 ᠨᠠᠮ ᠎ᠤᠨ ᠭᠡᠰᠢᠭᠦᠨ᠎ᠦ ᠪᠣᠭᠣᠮᠲᠠ ᠰᠢᠪᠲᠤᠯᠬᠤ ᠠᠩᠭᠢ᠎ᠶᠢᠨ ᠭᠡᠰᠢᠭᠦᠳ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠤᠨ ᠡᠮᠦᠨ᠎ᠡ ᠹᠷᠣᠨᠲ᠎ᠲᠤ ᠬᠦᠨᠵᠡᠭᠡᠢᠷᠡᠵᠦ᠂ ᠦᠢᠯᠡᠴᠢᠯᠡᠭᠡᠨ᠎ᠦ ᠶᠠᠪᠤᠴᠠ᠎ᠶᠢ ᠰᠢᠯᠢᠳᠡᠭᠵᠢᠭᠦᠯᠵᠦ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ  ᠡᠮᠦᠨ᠎ᠡ ᠹᠷᠣᠨᠲ᠎ᠲᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠬᠦ᠎ᠶᠢ ᠠᠬᠢᠭᠤᠯᠪᠠ᠃

ᠣᠳᠣᠬᠠᠨ᠎ᠳᠤ᠂ ᠦᠬᠠᠢ ᠬᠤᠳᠠ᠎ᠳᠤ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ 49᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ ᠳᠤᠮᠳᠠ ᠪᠠᠭ᠎ᠠ ᠠᠵᠤ ᠠᠬᠤᠢᠯᠠᠯ 127᠂ ᠥᠪᠡᠷᠲᠡᠭᠡᠨ ᠵᠠᠰᠠᠬᠤ ᠣᠷᠣᠨ ᠎ᠤ ᠲᠡᠰ ᠎ᠤᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠲᠥᠪ 48 ᠪᠣᠯᠵᠤ᠂ ᠪᠦᠬᠦ ᠨᠡᠢᠭᠡᠮ ᠎ᠦᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ᠎ᠶᠢᠨ ᠡᠷᠴᠢᠮ 1.46% ᠪᠣᠯᠵᠤ ᠳᠡᠭᠡᠭᠰᠢᠯᠡᠪᠡ ᠁ ᠡᠳᠡᠭᠡᠷ ᠲᠣᠭ᠎ᠠ ᠪᠠᠷᠢᠮᠲᠠ ᠨᠢ ᠨᠠᠮ᠎ᠤᠨ ᠭᠡᠰᠢᠭᠦᠨ ᠎ᠦ ᠪᠣᠭᠣᠮᠲᠠ ᠰᠢᠪᠲᠤᠯᠬᠤ ᠠᠩᠭᠢ᠎ᠶᠢᠨ ᠡᠮᠦᠨ᠎ᠡ ᠹᠷᠣᠨᠲ᠎ᠲᠤ ᠪᠦᠬᠦ ᠬᠦᠴᠦᠨ᠎ᠢᠶᠡᠷ᠎ᠢᠶᠡᠨ ᠴᠢᠷᠮᠠᠢᠨ ᠲᠡᠮᠡᠴᠡᠭᠰᠡᠨ ᠤᠯᠠ ᠮᠥᠷ᠎ᠤᠨ ᠬᠡᠷᠡᠴᠢᠯᠡᠯ  ᠪᠤᠯᠵᠤ ᠪᠠᠢᠭ᠎ᠠ ᠶᠤᠮ᠃

ᠲᠠᠨᠢᠯᠴᠠᠭᠤᠯᠤᠭ᠍ᠰᠠᠨ᠎ᠢᠶᠠᠷ᠂ ᠨᠠᠮ᠎ᠤᠨ ᠭᠡᠱᠢᠭᠦᠨ᠎ᠦ ᠪᠣᠭᠣᠮᠲᠠ ᠱᠢᠪᠲᠤᠯᠬᠤ ᠠᠩᠭᠢ᠎ᠶ᠋ᠢ ᠪᠠᠢᠭᠤᠯᠬᠤ ᠶᠠᠪᠤᠴᠠ᠎ᠳᠤ  ᠦᠬᠠᠶ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠤᠯᠤᠰ ᠲᠥᠷᠥ᠍ ᠪᠠ ᠲᠤᠬᠠᠢᠯᠠᠭ᠍ᠰᠠᠨ ᠠᠵᠢᠯ 《ᠬᠤᠶᠠᠷ ᠲᠸ᠋ ᠴᠠᠭᠠᠷᠠᠭ᠍ᠰᠠᠨ》 ᠰᠣᠩᠭᠣᠨ ᠳᠡᠪᠱᠢᠭᠦᠯᠬᠦ᠌ ᠪᠠᠷᠢᠮᠵᠢᠶ᠎ᠠ᠎ᠶ᠋ᠢ ᠪᠠᠷᠢᠮᠲᠠᠯᠠᠵᠤ᠂ 35 ᠡᠩᠨᠡᠭᠡ ᠨᠠᠮ᠎ᠤᠨ ᠭᠡᠱᠢᠭᠦᠨ᠎ᠦ ᠪᠣᠭᠣᠮᠲᠠ ᠱᠢᠪᠲᠤᠯᠬᠤ ᠠᠩᠭᠢ᠎ᠶ᠋ᠢ ᠴᠥᠮ ᠡᠯ᠎ᠡ ᠰᠠᠯᠠᠭ᠎ᠠ ᠮᠥᠴᠢᠷ ᠎ᠦᠨ ᠨᠠᠮ᠎ᠤᠨ ᠤᠳᠤᠷᠢᠳᠭᠤ ᠳᠤᠭᠤᠢᠯᠠᠩ(ᠨᠠᠮ᠎ᠤᠨ ᠬᠣᠷᠢᠶ᠎ᠠ) ᠦ᠋ᠨ ᠱᠦᠵᠢ ᠪᠡᠶ᠎ᠡ᠎ᠪᠡᠷ᠎ᠢᠶᠡᠨ ᠤᠳᠤᠷᠢᠳᠤᠨ᠂ 69 ᠱᠢᠶᠠᠨ ᠭᠠᠵᠠᠷ᠎ᠤᠨ ᠲᠠᠰ᠎ᠤᠨ ᠺᠠᠳ᠋ᠷ᠂ 134 ᠵᠢᠩᠬᠢᠨᠢ ᠰᠠᠯᠠᠭᠠᠨ  ᠲᠠᠰ᠎ᠤᠨ ᠭᠤᠤᠯᠯᠠᠭ᠍ᠴᠢ ᠬᠦᠴᠦᠨ᠎ᠢ᠎ᠰᠤᠨᠭᠭᠤᠨ ᠰᠢᠯᠭᠠᠷᠠᠭᠤᠯᠪᠠ᠃ ᠪᠣᠭᠣᠮᠲᠠ ᠱᠢᠪᠲᠤᠯᠬᠤ ᠪᠣᠳᠠᠲᠤ ᠦᠷ᠎ᠡ ᠪᠦᠲᠦᠮᠵᠢ᠎ᠶ᠋ᠢ ᠪᠠᠲᠤᠯᠠᠬᠤ᠎ᠶ᠋ᠢᠨ ᠲᠥᠯᠥᠭᠡ᠂ ᠨᠠᠮ᠎ᠤᠨ ᠭᠡᠱᠢᠭᠦᠨ᠎ᠦ ᠪᠣᠭᠣᠮᠲᠠ ᠱᠢᠪᠲᠤᠯᠬᠤ ᠠᠩᠬᠢ ᠬᠥᠳᠡᠯᠦᠩᠭᠦᠢ᠎ᠪᠡᠷ ᠲᠤᠬᠢᠷᠠᠭᠤᠯᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠡᠬᠡ ᠲᠠᠩᠰᠠ ᠪᠠᠢᠭᠤᠯᠬᠤ ᠂ ᠤᠯᠠᠷᠢᠯ᠎ᠢᠶᠠᠷ ᠲᠤᠬᠢᠷᠠᠭᠤᠯᠬᠤ᠂ ᠡᠮᠦᠨ᠎ᠡ ᠹᠷᠣᠨᠲ᠎ᠲᠤ ᠱᠠᠯᠠᠪᠳᠠᠭᠤᠯᠤᠨ ᠵᠢᠯᠣᠭᠣᠳᠭᠤ ᠵᠡᠷᠭᠡ ᠠᠷᠭ᠎ᠠ ᠬᠡᠯᠪᠡᠷᠢ᠎ᠪᠡᠷ ᠪᠦᠬᠦ᠌ ᠶᠠᠪᠤᠴᠠ ᠵᠢᠨ ᠠᠬᠢᠴᠠ᠎ᠶ᠋ᠢ ᠮᠥᠷᠳᠡᠵᠦ᠍᠂ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠠᠷᠭ᠎ᠠ ᠵᠠᠮ᠎ᠢ ᠱᠢᠯᠢᠳᠡᠭ᠌ᠵᠢᠭᠦᠯᠪᠡ᠃ ᠡᠭᠦᠨ᠎ᠦ ᠬᠠᠮᠲᠤ᠂ 《ᠪᠣᠭᠣᠮᠲᠠ ᠱᠢᠪᠲᠤᠯᠤᠯᠳᠠ᠎ᠪᠠᠷ ᠦᠷ᠎ᠡ ᠪᠦᠲᠦᠮᠵᠢ᠎ᠶ᠋ᠢ ᠦᠨᠡᠯᠡᠬᠦ᠌᠂ ᠪᠣᠳᠠᠲᠤ ᠠᠮᠵᠢᠯᠲᠠ᠎ᠪᠠᠷ ᠱᠢᠯᠭᠠᠨ ᠬᠢᠨᠠᠬᠤ ᠎ᠶ᠋ᠢ ᠠᠬᠢᠭᠤᠯᠬᠤ 》 ᠤᠷᠮᠠᠱᠢᠭᠤᠯᠬᠤ ᠤᠳᠤᠷᠢᠳᠤᠮᠵᠢ᠎ᠶ᠋ᠢ ᠪᠠᠲᠤ ᠪᠣᠶ ᠪᠣᠯᠭᠠᠵᠤ᠂ ᠪᠣᠭᠣᠮᠲᠠ ᠱᠢᠪᠲᠤᠯᠬᠤ ᠠᠩᠭᠢ᠎ᠶ᠋ᠢᠨ ᠳᠣᠲᠣᠷᠠᠬᠢ 《 ᠨᠠᠮ᠎ᠤᠨ ᠭᠡᠱᠢᠭᠦᠨ᠎ᠦ ᠵᠢᠱ᠌ᠢᠶ᠎ᠡ ᠦᠵᠡᠭᠦᠯᠬᠦ᠌ ᠠᠵᠢᠯ᠎ᠤᠨ ᠪᠠᠢᠷᠢ》 ᠶ᠋ᠢᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠭᠤᠤᠯᠳᠠᠯᠭ᠎ᠠ᠎ᠲᠠᠶ ᠬᠥᠬᠢᠭᠦᠯᠦᠨ ᠰᠠᠢᠱᠢᠶᠠᠵᠤ᠂ ᠬᠡᠪ ᠳᠠᠭᠤᠷᠢᠶᠠᠯ᠎ᠢᠶᠠᠷ ᠬᠥᠲᠥᠯᠥᠨ ᠳᠠᠭᠠᠭᠤᠯᠵᠤ᠂ ᠥᠯᠢᠭᠡᠷ ᠳᠠᠭᠤᠷᠢᠶᠠᠯ᠎ᠢᠶᠠᠷ ᠳᠠᠢᠴᠢᠯᠠᠨ᠂ ᠬᠦᠴᠢᠷ ᠎ᠢ ᠳᠤᠭᠤᠯᠤᠨ ᠪᠡᠷᠬᠡ ᠎ᠶ᠋ᠢ ᠳᠠᠪᠠᠬᠤ ᠬᠠᠯᠠᠭᠤᠨ ᠰᠡᠳᠭᠢᠯᠭᠡ᠎ᠶ᠋ᠢ ᠦᠷᠭᠦᠯᠵᠢᠯᠡᠨ ᠬᠥᠭ᠌ᠵᠢᠭᠡᠪᠠ᠃

《ᠠᠵᠤ ᠦᠢᠯᠡᠰ᠎ᠦᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ  ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠎ᠢ ᠱᠢᠯᠢᠳᠡᠭ᠌ᠵᠢᠭᠦᠯᠬᠦ᠌ ᠡᠮᠦᠨ᠎ᠡ ᠹᠷᠣᠨᠲ᠎ᠲᠤ᠂ ᠥᠭᠡᠷᠡᠴᠢᠯᠡᠯᠲᠡ ᠨᠡᠭᠡᠭᠡᠯᠳᠠ᠎ᠶ᠋ᠢ ᠭᠦᠨᠵᠡᠭᠡᠢᠷᠡᠭᠦᠯᠵᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠡᠮᠦᠨ᠎ᠡ ᠹᠷᠣᠨᠲ᠎ᠲᠤ ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ  ᠦᠨᠳᠦᠰᠦᠨ ᠱᠠᠲᠤᠨ ᠎ᠤ ᠵᠠᠰᠠᠯᠲᠠ᠎ᠶ᠋ᠢ ᠴᠢᠩᠭᠠᠳᠭᠠᠬᠤ ᠭᠣᠣᠯ ᠵᠢᠭ᠍ᠰᠠᠭᠠᠯ ᠎ᠤᠨ ᠭᠠᠵᠠᠷ᠎ᠲᠤ᠂ ᠨᠠᠮ᠎ᠤᠨ ᠭᠡᠱᠢᠭᠦᠨ ᠎ᠦ ᠪᠣᠭᠣᠮᠲᠠ ᠱᠢᠪᠲᠤᠯᠬᠤ ᠠᠩᠬᠢ ᠥᠪᠡᠷ ᠥᠪᠡᠷ ᠎ᠦᠨ  ᠳᠠᠢᠯᠠᠯᠳᠤᠭᠠᠨ᠎ᠤ ᠲᠠᠯᠠᠪᠤᠷ᠎ᠲᠤ  ᠪᠠᠨ ᠪᠦᠯᠦᠭ ᠪᠦᠯᠦᠭ 〈ᠬᠦᠴᠢᠷ ᠠᠰᠠᠭᠤᠳᠠᠯ〉 ᠢ᠋ ᠱᠢᠢᠳᠪᠦᠷᠢᠯᠡᠵᠦ᠍᠂ ᠤᠳᠠᠭ᠎ᠠ ᠲᠠᠷᠠᠭᠠᠯᠠᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠤᠭᠰᠠᠨ ᠪᠠᠢᠨ᠎ᠠ 》 ᠬᠡᠵᠤ ᠦᠬᠠᠶ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠳᠡᠳ᠋ ᠱᠦᠵᠢ ᠸᠠᠩ ᠯᠢ ᠹᠸᠩ ᠬᠡᠯᠡᠪᠡ᠃

《ᠠᠵᠤ ᠠᠬᠤᠶ ᠎ᠵᠢ ᠭᠤᠤᠯᠳᠠᠯᠭ᠎ᠠ ᠲᠠᠢ ᠠᠳᠬᠤᠵᠤ᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ》ᠠᠵᠢᠯ᠎ᠤᠨ ᠳᠤᠮᠳᠠ  ᠦᠬᠠᠶ ᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠲᠦᠷᠦᠭᠦᠯᠡᠨ《ᠴᠢᠬᠤᠯᠠ ᠶᠡᠬᠡ ᠲᠥᠷᠥᠯ ᠵᠦᠶ᠋ᠯ᠎ᠢ ᠲᠥᠯᠥᠪᠵᠢᠭᠦᠯᠦᠨ ᠨᠥᠭᠡᠴᠡᠯᠡᠬᠦ᠌》ᠨᠠᠮ᠎ᠤᠨ ᠭᠡᠱᠢᠭᠦᠨ᠎ᠦ ᠪᠣᠭᠣᠮᠲᠠ ᠱᠢᠪᠲᠤᠯᠬᠤ ᠠᠩᠭᠢ᠎ᠶ᠋ᠢ ᠵᠣᠬᠢᠶᠠᠨ ᠪᠠᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠬᠦ᠌᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ ᠎ᠢᠶᠠᠨ ᠲᠥᠪᠯᠡᠷᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠎ᠳᠤ ᠰᠠᠨᠠᠭᠠᠴᠢᠯᠠᠭ᠎ᠠ᠎ᠠᠴᠠ᠎ᠪᠠᠨ ᠤᠷᠢᠳᠴᠢᠯᠠᠨ ᠦᠶ᠋ᠯᠡᠴᠢᠯᠡᠵᠦ᠍᠂ ᠲᠥᠷᠥᠯ ᠵᠦᠶ᠋ᠯ᠎ᠦᠨ ᠪᠥᠬᠥ᠌ ᠶᠠᠪᠤᠴᠠ᠎ᠶ᠋ᠢ ᠵᠣᠬᠢᠴᠠᠭᠤᠯᠤᠨ ᠪᠠᠲᠤᠯᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠴᠢᠬᠤᠯᠠ ᠡᠯᠧᠮᠧᠨ᠋ᠲ ᠎ᠢ ᠬᠦᠯᠢᠶᠡᠰᠦᠯᠡᠵᠦ᠍ ᠪᠠᠢᠭ᠎ᠠ ᠬᠦᠴᠢᠷ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠠᠵᠤ ᠠᠬᠤᠶ ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠦᠨ ᠴᠢᠩᠭᠠᠳᠭᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ 《ᠪᠦᠲᠦᠴᠡ᠎ᠶ᠋ᠢ ᠲᠣᠬᠢᠷᠠᠭᠤᠯᠬᠤ᠂ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌》ᠠᠵᠢᠯ᠎ᠤᠨ ᠳᠤᠮᠳᠠ  ᠦᠬᠠᠶ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠣᠪᠴᠢᠶ᠎ᠠ ᠲᠦᠷᠦᠭᠦᠯᠡᠨ 《ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠬᠦ᠌᠎ᠳᠦ ᠬᠦᠴᠦᠨ ᠨᠡᠮᠡᠷᠢᠯᠡᠬᠦ᠌》 ᠨᠠᠮ᠎ᠤᠨ ᠭᠡᠱᠢᠭᠦᠨ᠎ᠦ ᠪᠣᠭᠣᠮᠲᠠ ᠱᠢᠪᠲᠤᠯᠬᠤ ᠠᠩᠭᠢ᠎ᠶ᠋ᠢ ᠪᠠᠢᠭᠤᠯᠵᠤ᠂ ᠠᠵᠤ ᠦᠶ᠋ᠯᠡᠰ᠎ᠦᠨ ᠬᠡᠯᠪᠡᠷᠢ ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠬᠦᠴᠦᠯᠡᠨ ᠠᠬᠢᠭᠤᠯᠵᠤ᠂ ᠱᠢᠨ᠎ᠡ ᠴᠢᠨᠠᠷ ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠠᠵᠤ ᠦᠶ᠋ᠯᠡᠳᠪᠦᠷᠢ᠎ᠶ᠋ᠢᠨ ᠬᠦᠷᠢᠶᠡᠨ ᠎ᠦ ᠮᠡᠷᠭᠡᠵᠢᠯ᠎ᠦᠨ ᠥᠭᠡᠷᠡᠴᠢᠯᠡᠯᠲᠡ ᠪᠠ ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠨᠠᠷᠢᠯᠢᠭ ᠤᠨᠤᠴᠠᠳᠠᠢ ᠬᠦᠴᠦᠯᠡᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃ 《ᠭᠦᠨ ᠠᠭᠤᠳᠠᠯᠵᠤ᠂ ᠥᠷᠭᠡᠨ᠎ᠢᠶᠡᠷ ᠤᠬᠠᠭᠤᠯᠬᠤ》 ᠠᠵᠢᠯ ᠎ᠤᠨ ᠳᠤᠮᠳᠠ  ᠦᠬᠠᠶ ᠬᠣᠲᠠ᠎ᠶ᠋ᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠲᠦᠷᠦᠭᠦᠯᠡᠨ 《ᠬᠠᠢᠷ᠎ᠠ ᠪᠢᠯᠬᠠᠭᠰᠠᠨ ᠦᠬᠠᠢ· ᠪᠢᠳᠡᠨ᠎ᠦ ᠪᠠᠶᠠᠷ᠎ᠤᠨ ᠡᠳᠦᠷ》 ᠭᠤᠤᠯ ᠰᠡᠳᠦᠪᠲᠦ  ᠨᠠᠮ᠎ᠤᠨ ᠭᠡᠱᠢᠭᠦᠨ᠎ᠦ ᠪᠣᠭᠣᠮᠲᠠ ᠱᠢᠪᠲᠤᠯᠬᠤ ᠠᠩᠭᠢ᠎ᠶ᠋ᠢ ᠪᠠᠢᠭᠤᠯᠵᠤ᠂ ᠭᠤᠤᠯ ᠰᠡᠳᠦᠪᠲᠦ ᠤᠬᠠᠭᠤᠯᠭ᠎ᠠ᠎ᠶ᠋ᠢ ᠨᠠᠷᠢᠨ ᠨᠢᠮᠪᠠᠶ ᠤᠬᠠᠭᠠᠯᠠᠨ᠂ ᠲᠡᠷᠢᠭᠦᠨ᠎ᠦ ᠨᠡᠢᠲᠡᠯᠢᠭ ᠵᠢᠱ᠌ᠢᠶ᠎ᠡ ᠎ᠶ᠋ᠢ ᠭᠦᠨᠵᠡᠭᠡᠶ ᠠᠭᠤᠳᠠᠯᠵᠤ᠂ ᠦᠬᠠᠶ᠎ᠶ᠋ᠢᠨ ᠥᠯᠢᠭᠡᠷ ᠎ᠢ ᠰᠠᠢᠲᠤᠷ ᠶᠠᠷᠢᠬᠤ᠂ ᠦᠬᠠᠶ᠎ᠶ᠋ᠢᠨ ᠲᠠᠭᠤᠨ ᠎ᠢ ᠰᠠᠢᠳᠤᠷ ᠳᠠᠮᠵᠢᠭᠤᠯᠬᠤ᠂ ᠬᠣᠲᠠ ᠎ᠶ᠋ᠢᠨ ᠳᠦᠷᠢ ᠲᠥᠷᠬᠦ᠌᠎ᠶ᠋ᠢ ᠳᠡᠭᠡᠭ᠌ᠰᠢᠯᠡᠭᠦᠯᠬᠦ᠌ ᠲᠠᠯ᠎ᠠ ᠎ᠪᠠᠷ ᠴᠢᠬᠤᠯᠠ ᠦᠢᠯᠡᠳᠦᠯ ᠦᠵᠡᠭᠦᠯᠵᠦ᠍᠂  ᠬᠦᠴᠦᠷᠬᠡᠭ ᠶᠡᠬᠡ ᠬᠥᠭ᠌ᠵᠢᠯᠲᠡ᠎ᠶ᠋ᠢᠨ ᠢᠳᠡᠪᠬᠢ ᠬᠦᠴᠦᠨ ᠎ᠢ ᠨᠢᠭ᠍ᠲᠠᠷᠠᠭᠤᠯᠪᠠ᠃

《ᠡᠨᠡ ᠬᠦ᠌ ᠠᠷᠭ᠎ᠠ ᠬᠡᠮᠵᠢᠶ᠎ᠡ ᠨᠢ ᠥᠷᠭᠡᠨ ᠣᠯᠠᠨ ᠨᠠᠮ᠎ᠤᠨ ᠭᠡᠱᠢᠭᠦᠨ᠎ᠦ ᠳᠣᠲᠣᠭᠠᠳᠤ ᠬᠥᠳᠡᠯᠭᠡᠬᠦ᠌ ᠬᠦᠴᠦᠨ᠎ᠢ ᠪᠦᠲᠦᠮᠵᠢᠲᠡᠶ ᠬᠥᠭ᠌ᠵᠢᠭᠡᠵᠦ᠍᠂ ᠨᠠᠮ᠎ᠤᠨ ᠪᠠᠢᠭᠤᠯᠤᠯᠲᠠ᠎ᠪᠠᠷ ᠭᠤᠤᠯ ᠠᠵᠢᠯ᠎ᠢ ᠬᠥᠲᠥᠯᠥᠨ ᠳᠠᠭᠠᠭᠤᠯᠬᠤ ᠠᠮᠢᠳᠤᠯᠢᠭ ᠢᠯᠡᠷᠡᠯ ᠪᠠ ᠬᠦᠴᠦᠲᠡᠶ ᠭᠠᠷᠳᠠᠴᠠ ᠪᠤᠯᠤᠭᠰᠠᠨ᠎ᠢ ᠦᠶ᠋ᠯᠡᠳᠦᠯᠭᠡ ᠭᠡᠷᠡᠴᠢᠯᠡᠪᠡ》 ᠬᠡᠵᠤ ᠸᠠᠩ ᠯᠢ ᠹᠧᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号