ᠬᠥᠯᠥᠨ ᠪᠣᠢᠷ ᠬᠣᠲᠠ ᠭᠤᠤᠯᠳᠠᠯᠭ᠎ᠠ ᠎ᠲᠠᠶ ᠲᠥᠷᠥᠯ ᠵᠦᠶ᠋ᠯ ᠎ᠦᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠤᠷᠳᠤᠴᠠ᠎ᠪᠠᠷ ᠠᠬᠢᠭᠤᠯᠵᠤ ᠪᠣᠶ
2025-12-04 09:42:29
ᠵᠣᠬᠢᠶᠠᠭ᠍ᠴᠢ᠄
ᠯᠢᠶᠠᠩ ᠯᠢᠶᠠᠩ ᠯᠢ ᠱᠢᠨ ᠵᠢᠶᠦ᠋ᠨ ᠵᠠᠩ ᠯᠢᠶᠠᠩ ᠴᠧᠩ
ᠣᠩᠱᠢᠭ᠍ᠰᠠᠨ ᠣᠳᠠᠭ᠎ᠠ᠄
★★★☆☆

ᠡᠪᠦᠯ ᠎ᠦᠨ ᠡᠬᠢᠨ ᠎ᠦ ᠬᠥᠯᠥᠨ ᠪᠣᠢᠷ ᠬᠣᠲᠠ ᠳ᠋ᠤ᠂ ᠡᠯ᠎ᠡ ᠲᠦᠷᠦᠯ᠎ᠤᠨ ᠪᠥᠲᠥᠭᠡᠨ ᠪᠠᠢᠭᠤᠯᠤᠯᠲᠠ ᠢᠳᠡ ᠬᠦᠭ ᠲᠠᠢ ᠶᠠᠪᠤᠭᠳᠠᠨ᠎ᠠ᠃ ᠬᠥᠯᠥᠨ ᠪᠤᠢ᠌ᠷ ᠬᠤᠲᠠ 《ᠬᠦᠴᠢᠷ ᠎ᠢ ᠰᠦᠷᠦᠨ ᠤᠷᠤᠭ᠍ᠰᠢᠯᠠᠵᠤ᠂ 60 ᠡᠳᠦᠷ ᠶᠡᠬᠡ ᠪᠡᠷ ᠠᠵᠢᠯᠯᠠᠬᠤ 》 ᠡᠷᠡᠮᠡᠬᠡᠢᠯᠡᠨ ᠤᠷᠤᠭ᠍ᠰᠢᠯᠠᠬᠤ ᠳᠦᠷᠢ ᠪᠠᠢᠳᠠᠯ᠎ᠢᠶᠠᠷ ᠪᠦᠬᠦ᠌ ᠬᠤᠲᠠ᠎ᠶ᠋ᠢᠨ ᠭᠣᠣᠯᠳᠠᠯᠭ᠎ᠠ᠎ᠲᠠᠶ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ  ᠶ᠋ᠢ  ᠦᠷᠬᠦᠯᠵᠢᠯᠡᠨ ᠠᠬᠢᠭᠤᠯᠵᠤ᠂ ᠲᠠᠯ᠎ᠠ ᠨᠤᠲᠤᠭ᠎ᠤᠨ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠲᠠᠯᠠᠪᠠᠢ᠎ᠠᠴᠠ ᠠᠵᠤ ᠦᠢᠯᠡᠰ᠎ᠦᠨ ᠬᠦᠷᠢᠶᠡᠯᠡᠩ ᠲᠣᠭᠣᠷᠢᠭ ᠬᠦᠷᠲᠡᠯ᠎ᠡ᠂ ᠲᠦᠷᠦᠯ ᠵᠦᠢᠯ ᠨᠢᠭᠡᠪᠦᠷᠢ᠎ᠶ᠋ᠢ ᠲᠦᠷᠭᠡᠨ ᠵᠢᠡᠷ ᠨᠠᠢᠳᠠᠪᠤᠷᠢᠵᠢᠭᠤᠯᠵᠤ᠂ ᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

ᠥᠪᠥᠷ ᠮᠣᠩᠭᠣᠯ᠎ᠤᠨ ᠡᠨᠧᠷᠭᠢ ᠶ᠋ᠢᠨ ᠪᠦᠯᠦᠭ᠌ᠯᠡᠯ᠎ᠦᠨ ᠵᠠᠯᠠᠨ ᠠᠢᠯ᠎ᠳᠠᠬᠢ 100 ᠲᠦᠮᠡᠨ ᠺᠢᠯᠦᠸᠠᠲ᠎ᠤᠨ ᠰᠠᠯᠬᠢᠨ ᠬᠦᠴᠦᠨ ᠎ᠢ ᠨᠦᠭᠡᠴᠡᠯᠡᠬᠦ ᠲᠦᠷᠦᠯ ᠵᠦᠢᠯ᠎ᠦᠨ ᠲᠤᠬᠠᠢ᠎ᠶ᠋ᠢᠨ ᠲᠠᠯᠠᠪᠠᠢ᠎ᠳᠤ ᠰᠤᠪᠤᠷᠭᠠᠨ ᠲᠡᠬᠦᠵᠢᠩ ᠰᠡᠬᠦᠢᠨ ᠰᠦᠨᠳᠡᠷᠯᠡᠵᠦ᠍᠂ ᠮᠠᠱᠢᠨ᠎ᠤ ᠲᠠᠭᠤᠨ ᠬᠦᠷᠴᠢᠭᠢᠨᠡᠵᠦ᠍᠂ ᠶᠠᠭᠠᠷᠠᠯᠲᠠᠢ ᠠᠵᠢᠯᠯᠠᠬᠤ ᠵᠢᠷᠤᠭ ᠲᠦᠷᠰᠦ ᠬᠠᠷᠠᠭᠠᠨ ᠳ᠋ᠤ ᠲᠤᠳᠤᠷᠠᠨ᠎ᠠ᠃ ᠲᠣᠰ ᠲᠥᠷᠥᠯ ᠵᠦᠶ᠋ᠯ᠎ᠢ 70 ᠲᠦᠮᠡᠨ ᠺᠢᠯᠦᠸᠠᠲ ᠪᠠ 30 ᠲᠦᠮᠡᠨ ᠺᠢᠯᠦᠸᠠᠲ᠎ᠤᠨ ᠬᠣᠶᠠᠷ ᠪᠠᠷᠢᠮᠵᠢᠶ᠎ᠠ ᠪᠡᠷ  ᠵᠠᠯᠠᠨ ᠠᠢᠯ ᠬᠣᠲᠠ᠎ᠶ᠋ᠢᠨ ᠣᠯᠠᠨ ᠱᠢᠶᠠᠩ ᠪᠠᠯᠭᠠᠰᠤ ᠵᠡᠭᠡᠯᠢ ᠭᠤᠳᠤᠮᠵᠢ᠎ᠳᠤ ᠲᠣᠰ ᠲᠣᠰ ᠪᠠᠢᠷᠢᠯᠠᠭᠤᠯᠵᠠᠢ᠃ ᠣᠳᠣᠬᠠᠨ᠎ᠳᠤ 70 ᠲᠦᠮᠡᠨ ᠺᠢᠯᠦᠸᠠᠲ᠎ᠤᠨ ᠪᠠᠷᠢᠮᠵᠢᠶᠠᠲᠤ ᠬᠡᠰᠡᠭ ᠲᠸ᠋  66 ᠰᠠᠭᠤᠷᠢ ᠤᠰᠤᠯᠠᠯᠳᠠ ᠵᠢᠨ ᠪᠠᠷᠢᠯᠭ᠎ᠠ᠂ 54 ᠰᠠᠭᠤᠷᠢ ᠬᠣᠯᠢᠮᠠᠭ ᠰᠤᠪᠤᠷᠭ᠎ᠠ᠎ᠶ᠋ᠢᠨ ᠪᠥᠲᠥᠭᠡᠨ ᠪᠠᠢᠭᠤᠯᠤᠯᠲᠠ ᠵᠢᠴᠢ 9 ᠰᠠᠭᠤᠷᠢ ᠪᠦᠬᠦᠯᠢ ᠮᠠᠱᠢᠨ ᠎ᠢ ᠳᠡᠭᠦᠵᠢᠯᠡᠨ ᠤᠭ᠍ᠰᠠᠷᠠᠬᠤ᠎ᠶ᠋ᠢ ᠪᠡᠶᠡᠯᠡᠭᠦᠯᠵᠦ᠍᠂ 30 ᠲᠦᠮᠡᠨ ᠺᠢᠯᠦᠸᠠᠲ᠎ᠤᠨ ᠪᠠᠷᠢᠮᠵᠢᠶᠠᠲᠤ ᠬᠡᠰᠡᠭ ᠲᠸ᠋ 12 ᠰᠠᠭᠤᠷᠢ ᠰᠠᠯᠬᠢᠨ ᠬᠦᠴᠦᠨ ᠵᠢᠡᠷ ᠴᠠᠬᠢᠯᠭᠠᠨ ᠭᠠᠷᠭᠠᠬᠤ ᠮᠠᠰᠢᠨ᠎ᠤ  ᠰᠠᠭᠤᠷᠢ ᠪᠠᠷᠢᠯᠭ᠎ᠠ ᠵᠢ ᠳᠠᠭᠤᠰᠭᠠᠵᠤ᠂ ᠪᠦᠬᠦᠯᠢ ᠴᠣᠭ᠍ᠴᠠ᠎ᠶ᠋ᠢᠨ ᠢᠨᠵᠧᠨᠧᠷᠢᠩ᠎ᠢ 12 ᠰᠠᠷ᠎ᠠ᠎ᠶ᠋ᠢᠨ 30 ᠎ᠤ᠋ ᠡᠳᠦᠷ ᠪᠠᠢᠭᠤᠯᠤᠨ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠬᠤ ᠪᠡᠷ ᠵᠢᠱ᠌ᠢᠵᠤ ᠪᠤᠢ᠃  ᠡᠨᠡᠬᠦ᠂ ᠬᠥᠯᠥᠨ ᠪᠤᠢ᠌ᠷ ᠬᠤᠳᠠ ᠎ᠶ᠋ᠢᠨ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲᠸᠮ ᠎ᠢ ᠪᠠᠢᠭᠤᠯᠬᠤ ᠭᠣᠣᠯᠳᠠᠯᠭ᠎ᠠ᠎ᠲᠠᠶ ᠲᠦᠷᠦᠯ ᠵᠦᠢᠯ ᠎ᠢ  ᠲᠦᠷᠭᠡᠨ ᠠᠬᠢᠭᠤᠯᠤᠭᠰᠠᠠ ᠨᠢ ᠲᠤᠬᠠᠢ᠎ᠶ᠋ᠢᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠱᠢᠭ᠌ᠯᠡᠨ 《ᠬᠣᠣᠰ ᠨᠡᠭᠦᠷᠡᠰᠦᠲᠥ᠋ᠷᠥᠭ᠌ᠴᠢ 》 ᠵᠢᠨ ᠬᠠᠷᠠᠯᠲᠠ ᠎ᠶ᠋ᠢ ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡᠳᠦᠯᠭᠡ ᠪᠣᠯᠤᠨ᠎ᠠ᠃

ᠡᠨᠡ ᠵᠢᠯ᠎ᠡᠴᠡ ᠨᠠᠭᠠᠰᠢ᠂ ᠬᠥᠯᠥᠨ ᠪᠣᠢᠷ ᠬᠣᠲᠠ《ᠨᠢᠭᠡ ᠪᠦᠯᠦᠭ᠎ᠢ ᠨᠥᠭᠡᠴᠡᠯᠡᠬᠦ᠌᠂ ᠨᠢᠭᠡ ᠪᠦᠯᠦᠭ᠎ᠢ ᠠᠵᠢᠯ ᠡᠬᠢᠯᠡᠭᠦᠯᠬᠦ᠌᠂ ᠨᠢᠭᠡ ᠪᠦᠯᠦᠭ ᠎ᠢ ᠪᠥᠲᠥᠭᠡᠨ ᠪᠠᠢᠭᠤᠯᠬᠤ᠂ ᠨᠢᠭᠡ ᠪᠦᠯᠦᠭ᠎ᠢ ᠪᠠᠷᠢᠯᠭ᠎ᠠ ᠳᠠᠭᠤᠰᠭᠠᠬᠤ》 ᠰᠠᠢᠨ ᠣᠷᠴᠢᠯ ᠎ᠢ ᠪᠤᠢ ᠪᠤᠯᠭᠠᠬᠤ᠎ᠳᠤ ᠠᠩᠬᠠᠷᠤᠯ ᠎ᠢᠶᠠᠨ ᠲᠥᠪᠯᠡᠷᠡᠭᠦᠯᠵᠦ᠍᠂ ᠭᠤᠤᠯᠳᠠᠯᠭ᠎ᠠ᠎ᠲᠠᠶ ᠲᠥᠷᠥᠯ ᠵᠦᠶ᠋ᠯ ᠎ᠦᠨ ᠲᠥᠯᠥᠪᠵᠢᠭᠦᠯᠭᠡ ᠪᠠ ᠪᠠᠲᠤᠯᠠᠭ᠎ᠠ᠎ᠶ᠋ᠢ ᠴᠢᠩᠭᠠᠳᠭᠠᠪᠠ᠃ ᠪᠠᠯᠠ ᠮᠥᠩᠭᠥ᠎ᠶ᠋ᠢᠨ ᠲᠠᠯ᠎ᠠ᠎ᠪᠠᠷ᠂ ᠵᠢᠯ ᠎ᠦᠨ ᠳᠣᠲᠣᠷ᠎ᠠ ᠨᠡᠢᠲᠡ 42.35 ᠳ᠋ᠦᠩᠱᠢᠭᠤᠷ ᠲᠥᠭᠥᠷᠢᠭ᠎ᠦᠨ ᠥᠭᠡᠷᠡᠴᠢᠯᠡᠯᠲᠡ ᠬᠥᠭ᠌ᠵᠢᠭᠦᠯᠦᠯᠲᠡ᠎ᠶ᠋ᠢᠨ ᠬᠦᠷᠢᠶᠡᠨ᠎ᠳᠡᠬᠢ ᠳᠡᠭᠡᠳᠦ ᠱᠠᠲᠤᠨ᠎ᠤ ᠪᠠᠯᠠ ᠮᠥᠩᠭᠥ᠎ᠶ᠋ᠢ ᠪᠣᠳᠠᠲᠠᠢᠵᠢᠭᠤᠯᠵᠤ᠂ ᠠᠳᠠᠯᠢ ᠬᠤᠭᠤᠴᠠᠭᠠᠨ᠎ᠤ ᠬᠢ᠎ᠡᠴᠡ 6.7 % ᠪᠡᠷ ᠨᠡᠮᠡᠭ᠌ᠳᠡᠬᠦᠯᠦᠨ᠂ ᠰᠠᠭᠤᠷᠢ ᠲᠥᠬᠥᠭᠡᠷᠦᠮᠵᠢ᠂ ᠠᠮᠢ ᠠᠬᠤᠶ᠎ᠶ᠋ᠢᠨ ᠬᠠᠮᠠᠭᠠᠯᠠᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠵᠢᠨ ᠬᠦᠷᠢᠶᠡᠨ ᠳ᠋ᠡᠬᠢ 78 ᠳᠦᠷᠦᠯ ᠵᠦᠢᠯ ᠎ᠢ ᠳᠡᠮᠵᠢᠪᠡ; ᠡᠯᠧᠮᠧᠨ᠋ᠲ᠎ᠦᠨ ᠪᠠᠲᠤᠯᠠᠭ᠎ᠠ᠎ᠶ᠋ᠢᠨ ᠲᠠᠯ᠎ᠠ᠎ᠪᠠᠷ᠂ 《ᠠᠰᠠᠷᠠᠭ᠍ᠴᠢ ᠮᠠᠶᠢᠭ》 ᠤ᠋ᠨ ᠭᠡᠷ᠎ᠲᠦᠨᠢ ᠬᠦᠷᠴᠦ᠍ ᠦᠶ᠋ᠯᠡᠴᠢᠯᠡᠬᠦ᠌᠎ᠶ᠋ᠢ ᠬᠡᠷᠡᠭ᠌ᠵᠢᠭᠦᠯᠵᠦ᠍᠂ ᠣᠷᠴᠢᠨ ᠲᠣᠭᠣᠷᠢᠨ ᠎ᠤ ᠨᠥᠯᠥᠭᠡᠯᠡᠯ᠎ᠦᠨ ᠦᠨᠡᠯᠡᠯᠲᠡ᠂ ᠭᠠᠵᠠᠷ ᠱᠢᠷᠣᠶ᠎ᠶ᠋ᠢᠨ ᠬᠢᠨᠠᠨ ᠵᠥᠪᠱᠢᠶᠡᠷᠡᠯ᠂ ᠤᠰᠤ ᠴᠠᠬᠢᠯᠭᠠᠨ ᠎ᠤ ᠬᠠᠩᠭᠠᠯᠭ᠎ᠠ ᠵᠡᠷᠭᠡ ᠭᠣᠭ᠍ᠴᠣᠭ᠎ᠠ᠎ᠶ᠋ᠢ ᠨᠠᠷᠢᠯᠢᠭ ᠣᠨᠣᠴᠠᠲᠠᠶ ᠵᠣᠯᠭᠠᠭᠤᠯᠵᠤ᠂ ᠲᠥᠷᠥᠯ ᠵᠦᠶ᠋ᠯ ᠎ᠢ ᠠᠬᠢᠭᠤᠯᠬᠤ ᠬᠦᠴᠢᠷ ᠠᠰᠠᠭᠤᠳᠠᠯ᠎ᠢ ᠪᠦᠬᠦ᠌ ᠬᠦᠴᠦᠨ᠎ᠢᠶᠡᠷ᠎ᠢᠶᠡᠨ ᠱᠢᠶ᠋ᠳᠪᠦᠷᠢᠯᠡᠪᠠ᠃

10 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠬᠣᠲᠠ᠎ᠶ᠋ᠢᠨ 493 ᠭᠤᠤᠯᠳᠠᠯᠭ᠎ᠠ᠎ᠲᠠᠶ ᠲᠥᠷᠥᠯ ᠵᠦᠶ᠋ᠯ ᠎ᠦᠨ 480 ᠠᠵᠢᠯ᠎ᠢ ᠡᠬᠢᠯᠡᠭᠦᠯᠦᠨ ᠰᠡᠷᠭᠦᠭᠡᠵᠦ᠍᠂ ᠠᠵᠢᠯ᠎ᠢᠶᠠᠨ ᠡᠬᠢᠯᠡᠭᠦᠯᠦᠭᠰᠡᠨ ᠪᠠ ᠰᠡᠷᠭᠦᠭᠡᠭ᠌ᠰᠡᠨ ᠨᠣᠷᠮ᠎ᠠ 97.4 % ᠎ᠳ᠋ᠤ ᠬᠦᠷᠴᠦ᠍᠂ ᠳᠡᠭᠡᠷ᠎ᠡ ᠵᠢᠯ᠎ᠦᠨ᠎ᠬᠢ᠎ᠡᠴᠡ  86 ᠨᠡᠮᠡᠭ᠌ᠳᠡᠨ ᠂ 21.8% ᠎ᠪᠠᠷ ᠨᠡᠮᠡᠭ᠌ᠳᠡᠪᠡ; 304.6 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠡᠴᠡ 51 ᠳ᠋ᠦᠩᠱᠢᠭᠤᠷ ᠲᠥᠭᠥᠷᠢᠭ ᠨᠡᠮᠡᠭ᠌ᠳᠡᠨ᠂ 20.1% ᠎ᠪᠠᠷ ᠨᠡᠮᠡᠭ᠌ᠳᠡᠵᠦ᠍᠂ ᠪᠠᠯᠠ ᠣᠷᠣᠭᠤᠯᠤᠯᠲᠠ᠎ᠶ᠋ᠢ ᠪᠡᠶᠡᠯᠡᠭᠦᠯᠦᠭ᠌ᠰᠡᠨ ᠨᠣᠷᠮ᠎ᠠ 50.8% ᠎ᠳ᠋ᠤ ᠬᠦᠷᠴᠦ᠍᠂ 《ᠬᠥᠯᠥᠨ ᠪᠣᠢᠷ᠎ᠤᠨ ᠬᠤᠷᠳᠤᠴᠠ》 ᠪᠡᠷ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ ᠪᠤᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号