ᠤᠯᠠᠭᠠᠨᠴᠠᠪ ᠬᠣᠲᠠ ᠪᠥᠬᠥ᠌ ᠤᠯᠤᠰ᠎ᠤᠨ ᠪᠣᠬᠢᠷᠲᠤᠯ ᠥᠬᠡᠶ ᠲᠡᠮᠦᠷ᠎ᠦᠨ ᠬᠠᠢᠯᠤᠰᠢ᠎ᠶ᠋ᠢᠨ ᠠᠵᠤ ᠦᠶ᠋ᠯᠡᠰ᠎ᠦᠨ ᠬᠡᠪ ᠳᠠᠭᠤᠷᠢᠶᠠᠯ ᠪᠣᠯᠤᠯ᠎ᠠ
2025-12-04 09:26:55
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 30 ᠎ᠤ᠋ ᠡᠳᠦᠷ᠂ ᠤᠯᠠᠭᠠᠨᠴᠠᠪ᠎ᠤᠨ ᠹᠧᠩᠴᠤᠸᠠᠨ ᠡᠷᠭᠢᠯᠲᠡᠲᠤ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠹᠧᠩᠵᠧᠨ ᠠᠵᠤ ᠦᠶ᠋ᠯᠡᠰ᠎ᠦᠨ ᠬᠦᠷᠢᠶᠡᠯᠡᠩ᠎ᠳᠡᠬᠢ ᠥᠪᠥᠷ ᠮᠣᠩᠭᠣᠯ᠎ᠤᠨ ᠵᠢᠩ ᠯᠸᠢ ᠠᠵᠤ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ 700 ᠭᠠᠷᠤᠶ ᠲᠡᠭ᠌ᠰᠢ ᠳᠥᠷᠪᠡᠯᠵᠢᠨ ᠮᠧᠲ᠋ᠷ᠎ᠦᠨ ᠲᠥᠪᠯᠡᠷᠡᠭᠦᠯᠦᠨ ᠡᠵᠡᠮᠳᠡᠬᠦ᠌ ᠲᠢᠩᠬᠢᠮ᠎ᠳᠦ 30 ᠭᠠᠷᠤᠶ ᠠᠵᠢᠯᠲᠠᠨ 300 ᠭᠠᠷᠤᠶ ᠲᠡᠭ᠌ᠰᠢ ᠳᠥᠷᠪᠡᠯᠵᠢᠨ ᠮᠧᠲ᠋ᠷ᠎ᠦᠨ ᠺᠣᠮᠫᠢᠦ᠋ᠲ᠋ᠧᠷ᠎ᠦᠨ ᠳᠡᠯᠭᠡᠴᠡ᠎ᠶ᠋ᠢ ᠨᠢᠳᠤ ᠰᠠᠯᠭᠠᠯ ᠦᠬᠡᠢ ᠠᠩᠬᠠᠷᠤᠨ ᠰᠢᠷᠳᠡᠵᠦ᠂ ᠦᠶ᠋ᠯᠡᠳᠪᠦᠷᠢᠯᠡᠯ᠎ᠦᠨ ᠲᠣᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ ᠬᠢᠨᠠᠨ ᠡᠵᠡᠮᠳᠡᠵᠦ᠍᠂ ᠡᠯ᠎ᠠ ᠮᠠᠰᠢᠨ ᠮᠸᠬᠠᠨᠢᠭ ᠢ᠋ ᠨᠠᠷᠢᠯᠢᠭ ᠣᠨᠣᠴᠠᠲᠠᠶ ᠠᠵᠢᠯᠯᠠᠭᠤᠯᠤᠨ᠎ᠠ᠃ ᠠᠭᠤᠵᠢᠮ ᠶᠡᠬᠡ ᠦᠶ᠋ᠯᠡᠳᠪᠦᠷᠢᠯᠡᠯ᠎ᠦᠨ ᠲᠤᠭᠤᠷᠢᠭ ᠲᠤ᠌ ᠤᠶᠤᠨᠴᠢᠯᠠᠭ᠍ᠰᠠᠨ ᠦᠶ᠋ᠯᠡᠳᠪᠦᠷᠢᠯᠡᠯ᠎ᠦᠨ ᠲᠥᠬᠥᠭᠡᠷᠦᠮᠵᠢ ᠳᠡᠭᠡᠳᠦ ᠬᠤᠷᠳᠤᠴᠠ᠎ᠪᠠᠷ ᠠᠵᠢᠯᠯᠠᠵᠤ᠂ ᠪᠦᠷᠢᠨ ᠪᠢᠳᠡᠬᠦᠮᠵᠢᠯᠡᠭᠰᠡᠨ ᠮᠠᠩᠭᠠᠨ ᠴᠠᠬᠢᠭᠤᠷ᠎ᠤᠨ ᠲᠣᠮᠣ ᠬᠡᠯᠪᠡᠷᠢ᠎ᠶ᠋ᠢᠨ ᠲᠣᠭ᠍ᠲᠠᠮᠠᠯ ᠭᠥᠶᠥᠳᠡᠯᠳᠦ ᠴᠠᠬᠢᠯᠭᠠᠨ ᠵᠤᠤᠬ᠎ᠠ ᠲᠣᠭ᠍ᠲᠠᠭᠤᠨ ᠠᠵᠢᠯᠯᠠᠵᠤ᠂ ᠲᠡᠷᠢᠭᠦᠨ᠎ᠦ ᠠᠦ᠋ᠲ᠋ᠣᠴᠢᠯᠠᠭ᠍ᠰᠠᠨ ᠡᠵᠡᠮᠳᠡᠯ᠎ᠦᠨ ᠱᠢᠰᠲ᠋ᠧᠮ᠎ᠢᠶᠡᠷ ᠳᠡᠮᠵᠢᠨ᠂ ᠳᠤᠯᠠᠭᠠᠨ᠎ᠤ ᠬᠡᠮᠵᠢᠶ᠎ᠡ ᠪᠠ ᠲᠦᠭᠦᠬᠡᠶ ᠮᠠᠲ᠋ᠧᠷᠢᠶᠠᠯ᠎ᠤᠨ ᠬᠠᠷᠢᠴᠠᠯ᠎ᠢ ᠣᠨᠣᠪᠴᠢᠲᠠᠶ ᠲᠣᠬᠢᠷᠠᠭᠤᠯᠵᠤ᠂ ᠰᠢᠡᠭᠬᠡᠨ ᠪᠣᠯᠣᠳ ᠢ᠋ ᠪᠢᠲᠡᠬᠦᠮᠵᠢᠯᠡᠭᠰᠡᠨ ᠲᠥᠬᠥᠭᠡᠷᠦᠮᠵᠢ᠎ᠳᠦ ᠡᠷᠭᠢᠯᠳᠦᠭᠦᠯᠦᠨ᠎ᠡ ᠁

《ᠨᠢᠭᠡᠳᠦᠭᠡᠷ᠂ ᠬᠣᠶᠠᠳᠤᠭᠠᠷ ᠬᠤᠭᠤᠴᠠᠭᠠᠨ᠎ᠤ ᠪᠥᠲᠥᠭᠡᠨ ᠪᠠᠢᠭᠤᠯᠤᠯᠲᠠ᠎ᠪᠠᠷ ᠳᠡᠮᠵᠢᠨ᠂ ᠮᠠᠨ᠎ᠤ ᠺᠣᠮᠫᠠᠨᠢ ᠣᠲᠣ 2 ᠰᠠᠭᠤᠷᠢ 45000KVA ᠪᠦᠷᠢᠨ ᠪᠢᠲᠡᠭᠦᠮᠵᠢᠯᠡᠭᠰᠡᠨ ᠮᠠᠩᠭᠠᠨ ᠴᠠᠬᠢᠭᠤᠷ᠎ᠤᠨ ᠬᠠᠢᠯᠤᠰᠢ᠎ᠶ᠋ᠢᠨ ᠲᠣᠭ᠍ᠲᠠᠮᠠᠯ ᠭᠥᠶᠥᠳᠡᠯᠳᠦ ᠬᠦᠳᠡᠷ ᠤ᠋ᠨ ᠢᠯᠴᠢ᠎ᠶ᠋ᠢᠨ ᠵᠤᠤᠬ᠎ᠠ᠂ 3 ᠰᠠᠭᠤᠷᠢ 36000KVA ᠪᠦᠷᠢᠨ ᠪᠢᠲᠡᠭᠦᠮᠵᠢᠯᠡᠭᠰᠨᠨ ᠮᠠᠩᠭᠠᠨ ᠴᠠᠬᠢᠭᠤᠷ᠎ᠤᠨ ᠬᠠᠢᠯᠤᠰᠢ᠎ᠶ᠋ᠢᠨ ᠲᠣᠭ᠍ᠲᠠᠮᠠᠯ ᠭᠥᠶᠥᠳᠡᠯᠳᠦ ᠬᠦᠳᠡᠷ ᠤ᠋ᠨ ᠢᠯᠴᠢ᠎ᠶ᠋ᠢᠨ ᠵᠤᠤᠬ᠎ᠠ᠂ ᠪᠠᠰᠠ 1 ᠰᠠᠭᠤᠷᠢ 36000KVA ᠪᠦᠷᠢᠨ ᠪᠢᠳᠡᠭᠦᠮᠵᠢᠯᠡᠭᠰᠡᠨ ᠮᠠᠩᠭᠠᠨ ᠤ᠋ ᠱᠢᠭᠠᠷᠤ᠎ᠶ᠋ᠢᠨ ᠬᠤᠪᠢᠰᠤᠮᠠᠯ ᠭᠥᠶᠥᠳᠡᠯᠳᠦ ᠬᠦᠳᠡᠷ ᠤ᠋ᠨ ᠢᠯᠴᠢ᠎ᠶ᠋ᠢᠨ ᠵᠤᠤᠬ᠎ᠠ ᠵᠢ ᠪᠦᠲᠦᠭᠡᠨ ᠪᠠᠢᠭᠤᠯᠵᠤ᠂ ᠵᠢᠯ᠎ᠳᠦ 33.8 ᠲᠦᠮᠡᠨ ᠲᠣᠨ ᠮᠠᠩᠭᠠᠨ ᠴᠠᠬᠢᠭᠤᠷ᠎ᠤᠨ ᠬᠠᠢᠯᠤᠰᠢ ᠦᠶ᠋ᠯᠡᠳᠪᠦᠷᠢᠯᠡᠵᠤ ᠪᠤᠢ᠃ ᠲᠣᠭ᠍ᠲᠠᠮᠠᠯ ᠭᠥᠶᠥᠳᠡᠯᠳᠦ ᠬᠦᠳᠡᠷ ᠤ᠋ᠨ ᠢᠯᠴᠢ᠎ᠶ᠋ᠢᠨ ᠵᠤᠤᠬ᠎ᠠ ᠨᠢᠭᠡᠨᠲᠡ ᠲᠣᠭ᠍ᠲᠠᠪᠤᠷᠢᠲᠠᠶ᠂ ᠥᠨᠳᠥᠷ ᠪᠦᠲᠦᠮᠵᠢᠲᠡᠶ ᠠᠵᠢᠯᠯᠠᠵᠤ᠂ ᠬᠤᠪᠢᠰᠤᠮᠠᠯ ᠭᠥᠶᠥᠳᠡᠯᠳᠦ ᠬᠦᠳᠡᠷ ᠤ᠋ᠨ ᠢᠯᠴᠢ᠎ᠶ᠋ᠢᠨ ᠵᠤᠤᠬ᠎ᠠ᠎ᠲᠠᠶ ᠬᠠᠷᠢᠴᠠᠭᠤᠯᠪᠠᠯ᠂ ᠴᠠᠬᠢᠯᠭᠠᠨ᠎ᠤ ᠬᠣᠷᠣᠭ᠍ᠳᠠᠯ ᠢ᠋ 10% ᠡᠴᠡ 15% ᠪᠡᠷ ᠪᠠᠭᠠᠰᠬᠠᠵᠤ᠂ ᠬᠡᠸ᠋ᠷᠡᠰᠦᠨ ᠤ᠋ ᠬᠣᠷᠣᠭ᠍ᠳᠠᠯ ᠢ᠋ 10% ᠣᠷᠴᠢᠮ᠎ᠢᠶᠠᠷ ᠪᠠᠭᠠᠰᠬᠠᠨ᠂ ᠮᠠᠩᠭᠠᠨ ᠴᠠᠬᠢᠭᠤᠷ ᠢ᠋ ᠪᠤᠴᠠᠭᠠᠨ ᠬᠤᠷᠢᠶᠠᠬᠤ ᠨᠣᠷᠮ᠎ᠠ ᠵᠢ 3% ︱ 5% ᠪᠡᠷ ᠳᠡᠭᠡᠭ᠌ᠰᠢᠯᠡᠬᠦᠯᠵᠠᠢ᠃ ᠮᠠᠨ᠎ᠤ ᠲᠣᠭ᠍ᠲᠠᠮᠠᠯ ᠭᠥᠶᠥᠳᠡᠯᠳᠦ ᠬᠦᠳᠡᠷ ᠤ᠋ᠨ ᠢᠯᠴᠢ᠎ᠶ᠋ᠢᠨ ᠵᠤᠤᠬ᠎ᠠ ᠎ᠶ᠋ᠢ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ᠎ᠶ᠋ᠢᠨ ᠮᠡᠳᠡᠭᠡ ᠵᠠᠩᠭᠢ᠎ᠶ᠋ᠢᠨ ᠰᠤᠳᠤᠯᠭᠠᠨ᠎ᠤ ᠬᠦᠷᠢᠶᠡᠯᠡᠩ᠎ᠡᠴᠡ 〈ᠳᠡᠯᠡᠬᠡᠢ᠎ᠶ᠋ᠢᠨ ᠠᠩᠬᠠᠳᠠᠭ᠍ᠴᠢ ᠢᠵᠢ ᠶᠡᠬᠡ ᠪᠠᠭ᠍ᠲᠠᠭᠠᠮᠵᠢ᠎ᠲᠠᠶ ᠪᠦᠷᠢᠨ ᠪᠢᠳᠡᠭᠦᠮᠵᠢᠯᠡᠭᠰᠡᠨ ᠴᠠᠬᠢᠭᠤᠷ ᠮᠠᠩᠭᠠᠨ᠎ᠤ ᠬᠠᠢᠯᠤᠰᠢ ᠵᠢᠨ ᠪᠤᠯᠠᠮᠠᠯ ᠨᠣᠮᠣᠨ ᠬᠡᠯᠪᠠᠷᠢᠲᠤ ᠲᠣᠭ᠍ᠲᠠᠮᠠᠯ ᠭᠥᠶᠥᠳᠡᠯᠳᠦ ᠬᠦᠳᠡᠷ ᠤ᠋ᠨ ᠢᠯᠴᠢ᠎ᠶ᠋ᠢᠨ ᠵᠤᠤᠬ᠎ᠠ〉 ᠭᠡᠵᠦ᠍ ᠬᠢᠨᠠᠨ ᠲᠣᠭ᠍ᠲᠠᠭᠠᠭ᠍ᠰᠠᠨ ᠪᠥᠭᠡᠳ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠲᠣᠪᠴᠢᠶ᠎ᠠ ᠡᠴᠡ ᠡᠭᠦᠳᠦᠯᠲᠡ᠎ᠶ᠋ᠢᠨ ᠲᠤᠰᠭᠠᠢ ᠠᠱᠢᠭ᠎ᠤᠨ ᠦᠨᠡᠮᠯᠡᠯ ᠣᠯᠭᠤᠵᠠᠢ︾ᠬᠡᠵᠤ ᠥᠪᠥᠷ ᠮᠣᠩᠭᠣᠯ᠎ᠤᠨ ᠵᠢᠩ ᠯᠸᠢ ᠠᠵᠤ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠵᠠᠰᠠᠭ ᠵᠠᠬᠢᠷᠭᠠᠨ᠎ᠤ ᠬᠡᠯᠲᠡᠰ᠎ᠦᠨ ᠳᠠᠷᠤᠭ᠎ᠠ ᠸᠠᠩ ᠵᠥᠩ ᠢ ᠲᠠᠨᠢᠯᠴᠠᠭᠤᠯᠪᠠ᠃

ᠲᠡᠮᠦᠷ᠎ᠦᠨ ᠬᠠᠢᠯᠤᠰᠢ᠎ᠶ᠋ᠢᠨ ᠠᠵᠤ ᠦᠶ᠋ᠯᠡᠰ ᠪᠤᠯ ᠤᠯᠠᠭᠠᠨᠴᠠᠪ᠎ᠤᠨ ᠤᠯᠠᠮᠵᠢᠯᠠᠯᠲᠤ ᠠᠵᠤ ᠦᠶ᠋ᠯᠡᠰ ᠪᠠᠢᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠤᠯᠤᠰ᠎ᠤᠨ 《ᠨᠡᠭᠦᠷᠡᠰᠦᠲᠦ᠋ᠷᠦᠭ᠌ᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ᠂ ᠨᠡᠭᠦᠷᠡᠰᠦᠳᠦ᠋ᠷᠦᠭᠴᠢ ᠵᠢ ᠰᠠᠭᠠᠷᠮᠠᠭᠵᠢᠭᠤᠯᠬᠤ》 ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠤᠯᠠᠭᠠᠨᠴᠠᠪ ᠬᠣᠲᠠ 《ᠤᠯᠤᠰ᠎ᠤᠨ ᠪᠣᠬᠢᠷᠲᠤᠯ ᠥᠬᠡᠶ ᠲᠡᠮᠦᠷ᠎ᠦᠨ ᠬᠠᠢᠯᠤᠰᠢ᠎ᠶ᠋ᠢᠨ ᠦᠶ᠋ᠯᠡᠳᠪᠦᠷᠢᠯᠡᠯ᠎ᠦᠨ ᠰᠠᠭᠤᠷᠢᠨ》 ᠤ᠋ ᠪᠥᠲᠥᠭᠡᠨ ᠪᠠᠢᠭᠤᠯᠤᠯᠲᠠ᠎ᠶ᠋ᠢ ᠠᠵᠤ ᠦᠶ᠋ᠯᠡᠰ ᠢ᠋ ᠲᠠᠰ ᠳᠡᠪᠱᠢᠭᠦᠯᠬᠦ ᠵᠢᠨ 《ᠲᠡᠷᠢᠭᠦᠨ ᠢᠨᠵᠧᠨᠧᠷᠢᠩ》 ᠪᠣᠯᠭᠠᠨ ᠴᠢᠬᠤᠯᠠᠴᠢᠯᠠᠨ᠂ ᠠᠵᠤ ᠠᠬᠤᠢᠯᠠᠯ᠎ᠤᠨ ᠪᠠᠢᠳᠠᠯ᠎ᠳᠤᠨᠢ ᠲᠣᠬᠢᠷᠠᠭᠤᠯᠤᠨ ᠬᠡᠯᠪᠡᠷᠢ᠎ᠪᠡᠨ ᠬᠤᠪᠢᠷᠠᠭᠤᠯᠬᠤ ᠠᠷᠭ᠎ᠠ ᠵᠠᠮ᠎ᠢ ᠰᠤᠳᠤᠯᠵᠤ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠣᠶᠤᠨᠴᠢ ᠦᠶ᠋ᠯᠡᠳᠪᠦᠷᠢᠯᠡᠯ᠂ ᠪᠣᠬᠢᠷᠲᠤᠯ ᠥᠬᠡᠶ ᠡᠨᠧᠷᠭᠢ᠎ᠶ᠋ᠢ ᠣᠷᠣᠯᠠᠭᠤᠯᠬᠤ ᠵᠡᠷᠭᠡ ᠲᠠᠯ᠎ᠠ᠎ᠪᠠᠷ ᠠᠯᠢ ᠣᠯᠠᠨ ᠠᠷᠭ᠎ᠠ ᠠᠪᠴᠠᠯ ᠠᠪᠴᠤ᠂ ᠤᠯᠠᠮᠵᠢᠯᠠᠯᠲᠤ ᠠᠵᠤ ᠦᠶ᠋ᠯᠡᠰ᠎ᠢ ᠳᠡᠭᠡᠳᠦ ᠲᠡᠰᠵᠢᠭᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠠᠷᠭ᠎ᠠ ᠵᠠᠮ᠎ᠢ ᠠᠮᠵᠢᠯᠲᠠ᠎ᠲᠠᠶ ᠨᠡᠭᠡᠭᠡᠵᠦ᠍᠂ ᠥᠩᠭᠡᠷᠡᠭ᠌ᠰᠡᠨ᠎ᠦ ᠲᠡᠮᠤᠷ ᠤ᠋ᠨ ᠬᠠᠢᠯᠤᠰᠢ ᠵᠢᠨ ᠠᠵᠤ ᠦᠶ᠋ᠯᠡᠰ ᠲᠦᠪᠯᠡᠷᠡᠭᠰᠡᠨ ᠭᠠᠵᠠᠷ ᠡᠴᠡ ᠪᠥᠬᠥ᠌ ᠤᠯᠤᠰ᠎ᠤᠨ ᠪᠣᠬᠢᠷᠲᠤᠯ ᠦᠭᠡᠢ ᠲᠠᠮᠤᠷ ᠤ᠋ᠨ ᠬᠠᠢᠯᠤᠰᠢ ᠵᠢᠨ ᠠᠵᠤ ᠤᠢᠯᠡᠰ ᠤ᠋ᠨ ᠬᠡᠪ ᠲᠠᠭᠤᠷᠢᠶᠠᠯ ᠪᠤᠯᠵᠤ ᠲᠠᠪᠰᠢᠵᠠᠢ᠃ ᠪᠦᠷᠢᠳᠭᠡᠯ ᠎ᠢ ᠦᠨᠳᠦᠰᠦᠯᠡᠪᠡᠯ᠂ ᠡᠨᠡ ᠵᠢᠯ ᠤ᠋ᠨ 1 — 9 ᠰᠠᠷ᠎ᠠ᠎ᠳ᠋ᠤ ᠤᠯᠠᠭᠠᠨᠴᠠᠪ ᠬᠣᠲᠠ᠎ᠶ᠋ᠢᠨ ᠲᠡᠮᠦᠷ᠎ᠦᠨ ᠬᠠᠢᠯᠤᠰᠢ᠎ᠶ᠋ᠢᠨ ᠭᠠᠷᠤᠯᠲᠠ ᠨᠡᠢᠲᠡ 974.7 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ᠎ᠬᠢ᠎ᠡᠴᠡ 17.1% ᠪᠠᠷ ᠨᠡᠮᠡᠭ᠌ᠳᠡᠵᠦ᠍᠂ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢᠨ ᠠᠱᠢᠭ᠍ᠯᠠᠯᠲᠠ᠎ᠶ᠋ᠢᠨ ᠨᠣᠷᠮ᠎ᠠ 114% ᠎ᠳ᠋ᠤ ᠬᠦᠷᠴᠦ᠍᠂ ᠪᠥᠬᠥ᠌ ᠤᠯᠤᠰ᠎ᠤᠨ ᠵᠠᠬ᠎ᠠ ᠳᠡᠯᠭᠡᠭᠦᠷ ᠲᠡᠬᠢ ᠡᠵᠡᠯᠡᠬᠦ ᠬᠠᠷᠢᠴᠡᠯ ᠨᠢ 34% ᠪᠣᠯᠵᠤ ᠥᠷᠭᠡᠳᠦᠨ᠂ ᠨᠢᠳᠤᠨᠤᠨ᠎ᠤ᠎ᠬᠢ᠎ᠡᠴᠡ ᠵᠠᠭᠤᠨ᠎ᠤ ᠬᠠᠷᠢᠴᠠᠯ ᠵᠢᠡᠷ 3  ᠬᠤᠪᠢ ᠲᠡᠭᠡᠭᠰᠢᠯᠡᠪᠡ᠃

ᠳᠤᠷᠠᠳᠤᠭᠤᠱᠢᠲᠠᠶ᠎ᠨᠢ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠲᠣᠰ ᠬᠣᠲᠠ᠎ᠶ᠋ᠢᠨ ᠲᠡᠮᠦᠷ᠎ᠦᠨ ᠬᠠᠢᠯᠤᠰᠢ᠎ᠶ᠋ᠢᠨ ᠠᠵᠤ ᠦᠶ᠋ᠯᠡᠰ 51 ᠡᠨᠧᠷᠭᠢ ᠠᠷᠪᠢᠯᠠᠬᠤ ᠥᠭᠡᠷᠡᠴᠢᠯᠡᠯᠲᠡ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍ ᠂ ᠵᠢᠯ᠎ᠳᠦ 69 ᠲᠦᠮᠡᠨ ᠲᠣᠨ ᠪᠠᠷᠢᠮᠵᠢᠶ᠎ᠠ ᠨᠡᠭᠦᠷᠡᠰᠦ ᠠᠷᠪᠢᠯᠠᠵᠠᠢ᠃ 4 ᠤᠰᠤ ᠠᠷᠪᠢᠯᠠᠬᠤ ᠥᠭᠡᠷᠡᠴᠢᠯᠡᠯᠲᠡ᠎ᠶ᠋ᠢᠨ ᠲᠥᠷᠥᠯ ᠵᠦᠶ᠋ᠯ ᠨᠢ ᠵᠢᠯ ᠪᠦᠷᠢ 31 ᠲᠦᠮᠡᠨ ᠲᠣᠨ ᠤᠰᠤ ᠠᠷᠪᠢᠯᠠᠵᠤ᠂ ᠬᠠᠶᠠᠭᠳᠠᠮᠠᠯ ᠬᠡᠶ᠎ᠪᠡᠷ ᠴᠠᠬᠢᠯᠭᠠᠨ ᠭᠠᠷᠭᠠᠬᠤ ᠪᠡᠷ ᠲᠠᠮᠵᠢᠨ᠂ ᠵᠢᠯ᠎ᠳᠦ 200 ᠭᠠᠷᠤᠶ ᠲᠦᠮᠡᠨ ᠲᠣᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠳᠠ ᠵᠢ ᠪᠠᠭᠠᠰᠭᠠᠪᠠ; ᠪᠦᠲᠦᠬᠡᠨ ᠪᠠᠢᠭᠤᠯᠤᠭ᠍ᠰᠠᠨ ᠪᠣᠬᠢᠷᠲᠤᠯ ᠥᠬᠡᠶ ᠦᠶ᠋ᠯᠡᠳᠪᠦᠷᠢ᠎ᠶ᠋ᠢᠨ ᠲᠣᠭ᠎ᠠ᠎ᠨᠢ ᠪᠥᠬᠥ᠌ ᠲᠡᠮᠦᠷ᠎ᠦᠨ ᠬᠠᠢᠯᠤᠰᠢ᠎ᠶ᠋ᠢᠨ ᠠᠵᠤ ᠠᠬᠤᠢᠯᠠᠯ ᠤ᠋ᠨ ᠭᠤᠷᠪᠠᠨ ᠬᠤᠪᠢ ᠵᠢ ᠡᠵᠡᠯᠡᠨ᠂ ᠠᠷᠪᠢᠨ ᠠᠵᠤ ᠠᠬᠤᠢᠯᠠᠯ᠎ᠤᠨ ᠪᠤᠬᠢᠷᠳᠤᠯ ᠦᠭᠡᠢ ᠦᠶ᠋ᠯᠡᠳᠪᠦᠷᠢᠯᠡᠯ᠎ᠦᠨ ᠲᠦᠪᠱᠢᠨ᠎ᠨᠢ ᠨᠢᠭᠡᠨᠲᠡ 《ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠦ ᠲᠦᠪᠱᠢᠨ》 ᠴᠢᠨᠠᠭ᠍ᠰᠢᠯᠠᠪᠠᠯ 《ᠳᠡᠯᠡᠬᠡᠶ᠎ᠶ᠋ᠢᠨ ᠲᠡᠷᠢᠭᠦᠨ᠎ᠦ ᠲᠦᠪᠱᠢᠨ》 ᠳ᠋ᠤ ᠬᠦᠷᠴᠡᠶ᠃ ᠲᠡᠮᠦᠷ᠎ᠦᠨ ᠬᠠᠢᠯᠤᠰᠢ᠎ᠶ᠋ᠢᠨ ᠠᠵᠢᠯ ᠲᠥᠷᠥᠯ᠎ᠦᠨ ᠬᠡᠪ ᠳᠠᠭᠤᠷᠢᠶᠠᠯ᠎ᠤᠨ ᠲᠦᠪᠰᠢᠨ᠎ᠡᠴᠡ ᠳᠠᠪᠠᠭᠰᠠᠨ ᠦᠢᠯᠡᠳᠪᠦᠷᠢᠯᠡᠯ᠎ᠤᠨ ᠴᠢᠳᠠᠪᠤᠷᠢ ᠨᠢ 60% ᠵᠢ ᠲᠠᠪᠠᠵᠤ᠂ ᠤᠯᠤᠰ᠎ᠤᠨ ᠲᠣᠭ᠍ᠲᠠᠭᠠᠭ᠍ᠰᠠᠨ 30%᠎ᠶ᠋ᠢᠨ ᠬᠠᠷᠠᠯᠲᠠ᠎ᠠᠴᠠ ᠦᠨᠳᠤᠷ ᠪᠠᠢᠵᠤ᠂ ᠣᠷᠴᠢᠨ ᠲᠣᠭᠣᠷᠢᠨ ᠢ᠋ ᠬᠠᠮᠠᠭᠠᠯᠠᠬᠤ ᠪᠠ ᠠᠵᠤ ᠠᠬᠤᠶ ᠬᠤᠶᠠᠷ ᠲᠠᠯ᠎ᠠ ᠪᠠᠷ ᠴᠦᠮ ᠢᠯᠡᠳᠲᠡ ᠦᠷ᠎ᠡ ᠠᠱᠢᠭ᠎ᠢ ᠡᠭᠦᠳᠪᠡ᠃ ᠡᠭᠦᠨ᠎ᠦ ᠬᠠᠮᠲᠤ᠂ ᠮᠡᠷᠭᠡᠵᠢᠯ᠎ᠢ ᠰᠤᠳᠤᠯᠤᠨ ᠨᠡᠭᠡᠭᠡᠬᠦ ᠬᠢᠭᠡᠳ ᠤᠶᠤᠨᠴᠢᠯᠠᠭ᠍ᠰᠠᠨ ᠬᠠᠮᠢᠶᠠᠷᠤᠯᠲᠠ᠎ᠶ᠋ᠢ ᠬᠠᠮᠵᠢᠯᠴᠠᠭᠤᠯᠤᠨ ᠠᠬᠢᠭᠤᠯᠵᠤ᠂ ᠨᠡᠢᠲᠡ 161 ᠵᠦᠶ᠋ᠯ᠎ᠦᠨ ᠤᠯᠤᠰ᠎ᠤᠨ ᠪᠠᠷᠢᠮᠵᠢᠶ᠎ᠠ ᠠᠵᠢᠯ ᠲᠦᠷᠦᠯ ᠤ᠋ᠨ ᠬᠢᠨ ᠤ᠋ ᠪᠠᠷᠢᠮᠵᠢᠶ᠎ᠠ᠎ᠶ᠋ᠢ ᠲᠣᠭ᠍ᠲᠠᠭᠠᠨ ᠵᠠᠰᠠᠪᠤᠷᠢ ᠣᠷᠣᠭᠤᠯᠵᠤ᠂ 522 ᠬᠤᠪᠢ ᠲᠤᠰᠭᠠᠶ ᠠᠱᠢᠭ᠎ᠤᠨ ᠡᠷᠬᠡ ᠣᠯᠵᠤ᠂ ᠤᠯᠤᠰ᠎ᠤᠨ ᠲᠠᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ ᠦᠪᠦᠷ ᠮᠤᠩᠭᠤᠯ᠎ᠤᠨ ᠲᠠᠰ᠎ᠤᠨ 《ᠲᠤᠰᠬᠠᠢᠵᠢᠭᠰᠨᠨ ᠨᠠᠷᠢᠯᠢᠭᠵᠢᠭᠰᠡᠨ ᠤᠨᠴᠠᠯᠢᠭᠲᠤ ᠱᠢᠨ᠎ᠡ ᠵᠢ ᠡᠬᠦᠳᠬᠦ ᠴᠢᠳᠠᠪᠤᠷᠢ ᠲᠠᠢ》ᠠᠵᠤ ᠠᠬᠤᠢᠯᠠᠯ ᠨᠢ ᠠᠵᠤ ᠠᠬᠤᠢᠯᠠᠯ᠎ᠤᠨ ᠶᠡᠷᠦᠩᠬᠡᠶ ᠲᠣᠭᠠᠨ᠎ᠤ 30% ᠣᠷᠴᠢᠮ᠎ᠢ ᠡᠵᠡᠯᠡᠪᠡ᠃ ᠶᠡᠬᠡ ᠬᠡᠪᠴᠢᠶᠡᠨ᠎ᠦ ᠪᠦᠷᠢᠨ ᠪᠢᠳᠡᠬᠦᠮᠵᠢᠯᠡᠭᠰᠡᠨ ᠲᠣᠭ᠍ᠲᠠᠮᠠᠯ ᠭᠥᠶᠥᠳᠡᠯᠳᠦ ᠬᠦᠳᠡᠷ ᠤ᠋ᠨ ᠢᠯᠴᠢ᠎ᠶ᠋ᠢᠨ ᠵᠤᠤᠬ᠎ᠠ᠂ ᠲᠡᠮᠦᠷ᠎ᠦᠨ ᠬᠠᠢᠯᠤᠰᠢ᠎ᠶ᠋ᠢᠨ ᠬᠠᠢᠯᠤᠮᠠᠯ ᠱᠢᠭᠠᠷᠤ᠎ᠪᠠᠷ ᠬᠢᠮᠡᠯ ᠴᠢᠯᠠᠭᠤᠨ ᠮᠠᠲ᠋ᠧᠷᠢᠶᠠᠯ ᠦᠢᠯᠡᠳᠬᠦ᠌᠂ ᠤᠶᠤᠨᠴᠢ ᠬᠥᠮᠥᠷᠭᠡ ᠪᠠ ᠪᠤᠬᠢᠷᠳᠤᠯ ᠦᠭᠡᠢ ᠴᠠᠬᠢᠯᠭᠠᠨ ᠢ᠋ ᠪᠠᠭ᠍ᠲᠠᠭᠠᠨ ᠱᠢᠩᠭᠡᠭᠡᠬᠦ᠌ ᠱᠢᠰᠲ᠋ᠧᠮ ᠵᠡᠷᠭᠡ ᠮᠡᠷᠭᠡᠵᠢᠯ᠎ᠦᠨ ᠱᠢᠨᠡᠴᠢᠯᠡᠯᠲᠡ ᠨᠢ ᠤᠯᠤᠰ᠎ᠤᠨ ᠳᠣᠲᠣᠭᠠᠳᠤ᠎ᠶ᠋ᠢᠨ ᠬᠣᠭᠣᠰᠣᠨ᠎ᠢ ᠨᠥᠬᠥᠪᠥᠷᠢᠯᠡᠪᠡ᠃

ᠤᠯᠠᠭᠠᠨᠴᠠᠪ ᠤ᠋ᠨ ᠲᠡᠮᠤᠷ ᠤ᠋ᠨ ᠬᠠᠢᠯᠤᠰᠢ ᠵᠢᠨ ᠠᠵᠤ ᠤᠢᠯᠡᠰ ᠢ᠋ ᠲᠠᠷᠠᠭᠠᠴᠢ ᠪᠡᠷ ᠬᠡᠷᠬᠢᠨ ᠬᠥᠭ᠌ᠵᠢᠭᠦᠯᠬᠦ᠌ ᠪᠤᠢ? ᠡᠬᠦᠨ ᠳ᠋ᠤ ᠤᠯᠠᠭᠠᠨᠴᠠᠪ ᠬᠤᠳᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶᠠᠨ᠎ᠤ ᠳᠠᠷᠤᠭ᠎ᠠ ᠭᠦᠸᠧ ᠱᠢᠶᠠᠩ ᠢᠦᠢ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ 〈ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠦᠨ ᠬᠦᠴᠦᠷᠬᠡᠭᠵᠢᠭᠦᠯᠬᠦ〉 ᠵᠢ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠲᠡᠷᠢᠭᠦᠨ᠎ᠳᠦ ᠲᠠᠯᠪᠢᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠹᠷᠣᠨᠲ᠎ᠤᠨ ᠬᠢᠨ ᠤ᠋ ᠠᠵᠢᠯ ᠬᠢᠵᠦ ᠤᠢᠯᠡᠰ ᠪᠦᠲᠦᠭᠡᠬᠦ ᠬᠠᠯᠠᠭᠤᠨ ᠰᠡᠳᠭᠢᠯᠭᠡ᠎ᠶ᠋ᠢ ᠲᠤᠢᠯ᠎ᠤᠨ ᠶᠡᠬᠡ᠎ᠪᠡᠷ ᠬᠦᠭᠵᠢᠭᠡᠵᠠᠢ᠃ ᠮᠠᠨ᠎ᠤ ᠬᠤᠳᠠ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠵᠢᠯᠤᠭᠤᠳᠤᠯᠭ᠎ᠠ ᠪᠣᠯᠭᠠᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠲᠣᠬᠢᠶᠠᠯ᠎ᠢ ᠠᠮᠵᠢᠵᠤ᠂ ᠬᠣᠱᠢᠭᠤᠴᠢ ᠮᠡᠷᠭᠡᠵᠢᠯ᠎ᠢ ᠠᠱᠢᠭ᠍ᠯᠠᠨ᠂ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠭᠦᠯᠬᠦ᠌ ᠱᠢᠨ᠎ᠡ ᠠᠷᠭ᠎ᠠ ᠵᠠᠮ᠎ᠢ ᠨᠡᠭᠡᠭᠡᠵᠦ᠍᠂ ᠦᠢᠯᠡᠳᠪᠦᠷᠢᠯᠡᠯ᠎ᠦᠨ ᠵᠠᠭ᠍ᠪᠤᠷ᠎ᠢ ᠱᠢᠨᠡᠴᠢᠯᠡᠬᠦ᠎ᠶ᠋ᠢ ᠲᠦᠷᠭᠡᠳᠭᠡᠨ ᠠᠬᠢᠭᠤᠯᠵᠤ᠂ ᠲᠡᠮᠦᠷ᠎ᠦᠨ ᠬᠠᠢᠯᠤᠰᠢ᠎ᠶ᠋ᠢᠨ ᠠᠵᠢᠯ ᠲᠦᠷᠦᠯ᠎ᠦᠨ ᠬᠢᠨ ᠤ᠋ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠦ ᠬᠡᠪ ᠳᠠᠭᠤᠷᠢᠶᠠᠯ᠎ᠢ ᠴᠤᠭᠴᠠᠯᠠᠨ᠂ ᠳᠡᠯᠡᠬᠡᠢ᠎ᠳᠡᠭᠡᠷ᠎ᠡ ᠴᠢᠬᠤᠯᠠ ᠨᠥᠯᠥᠭᠡᠯᠡᠬᠦ᠌ ᠬᠦᠴᠦᠨ᠎ᠪᠦᠬᠦᠢ ᠣᠳᠣᠬᠢᠴᠢᠯᠠᠭ᠍ᠰᠠᠨ ᠳᠠᠪᠠᠭᠤᠯᠢᠭ ᠠᠵᠤ ᠦᠢᠯᠡᠰ᠎ᠦᠨ ᠪᠦᠯᠦᠭᠵᠢᠯ᠎ᠢ ᠪᠦᠷᠢᠯᠳᠦᠭᠦᠯᠬᠦ ᠪᠤᠯᠤᠨ᠎ᠠ》 ᠬᠡᠵᠤ ᠰᠤᠷᠪᠤᠯᠵᠢᠯᠠᠭᠴᠢ᠎ᠳᠤ ᠶᠠᠷᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号