ᠬᠦᠳᠡᠬᠡ ᠲᠤᠰᠬᠤᠨ ᠪᠦᠬᠦ ᠲᠠᠯ᠎ᠠ ᠪᠡᠷ ᠬᠦᠭᠵᠢᠨ ᠮᠠᠨᠳᠤᠵᠤ ᠮᠠᠯ ᠠᠵᠤ ᠠᠬᠤᠢ ᠲᠠᠷᠢᠶᠠᠯᠠᠡᠭ ᠤ᠋ᠨ ᠴᠢᠨᠠᠷ ᠰᠠᠢᠳᠠᠢ ᠬᠦᠭᠵᠢᠯᠳᠡ ᠰᠢᠨ᠎ᠠ ᠲᠡᠭᠳᠡᠷ ᠲᠦ᠍ ᠭᠠᠷᠪᠠ
2025-12-05 10:02:17
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

12 ᠰᠠᠷ᠎ᠠ ᠶ᠋ᠢᠨ 4 ᠤ᠋ ᠡᠳᠦᠷ᠂ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ 《〈ᠠᠷᠪᠠᠨ ᠳᠦᠷᠪᠡᠳᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ》 ᠰᠢᠷᠢᠰ ᠭᠤᠤᠯ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ ᠤ᠋ᠨ 《ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠵᠢ ᠠᠬᠢᠭᠤᠯᠵᠤ ᠮᠠᠯ ᠠᠵᠤ ᠠᠬᠤᠢ ᠲᠠᠷᠢᠶᠠᠯᠠᠡᠭ ᠮᠠᠯᠵᠢᠬᠤ ᠲᠠᠷᠢᠶᠠᠯᠠᠬᠤ ᠤᠷᠤᠨ ᠤ᠋ ᠤᠳᠤᠬᠢᠴᠢᠯᠠᠯᠲᠠ ᠵᠢ ᠲᠦᠷᠭᠡᠳᠭᠡᠬᠦ》 ᠲᠤᠰᠬᠠᠢ ᠲᠠᠯᠠᠪᠤᠷ ᠰᠤᠨᠢᠨ ᠮᠡᠳᠡᠭᠡ ᠨᠡᠢᠲᠡᠯᠡᠬᠦ ᠬᠤᠷᠠᠯ ᠬᠢᠵᠤ᠂ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠢ᠋ ᠤᠷᠢᠵᠤ᠂ 《ᠠᠷᠪᠠᠨ ᠳᠦᠷᠪᠡᠳᠦᠭᠡᠷ ᠲᠠᠪᠤᠨ ᠵᠢᠯ》 ᠳ᠋ᠡᠬᠢ ᠦᠪᠦᠷ ᠮᠤᠡᠭᠭᠤᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠴᠢᠨᠠᠷ ᠰᠠᠢᠲᠠᠢ ᠬᠦᠭᠵᠢᠯᠲᠡ ᠪᠤᠯᠤᠨ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠠᠷᠭ᠎ᠠ ᠬᠡᠮᠵᠢᠶ᠎ᠡ᠂ ᠠᠵᠢᠯ ᠤ᠋ᠨ ᠠᠬᠢᠴᠠ ᠪᠠ ᠠᠮᠵᠢᠯᠳᠠ ᠪᠦᠲᠦᠮᠵᠢ ᠵᠢ ᠲᠠᠨᠢᠯᠴᠠᠭᠤᠯᠤᠭᠰᠠᠨ ᠪᠦᠬᠡᠳ ᠰᠤᠷᠪᠤᠯᠵᠢᠯᠠᠭᠴᠢᠳ ᠤ᠋ᠨ ᠠᠰᠠᠭᠤᠯᠲᠠ ᠵᠢ ᠬᠠᠷᠢᠭᠤᠯᠪᠠ᠃

ᠮᠠᠯ ᠠᠵᠤ ᠠᠬᠤᠢ ᠲᠠᠷᠢᠶᠠᠯᠠᠡᠭ ᠤ᠋ᠨ ᠶᠠᠷᠦᠡᠭᠬᠡᠢᠯᠡᠭᠰᠡᠨ ᠪᠤᠳᠠᠳᠤ ᠬᠦᠴᠦᠨ ᠦᠷᠬᠦᠯᠵᠢᠯᠡᠨ ᠳᠡᠭᠡᠭᠰᠢᠯᠡᠪᠡ

《〈ᠠᠷᠪᠠᠨ ᠳᠦᠷᠪᠡᠳᠦᠭᠡᠷ ᠲᠠᠪᠤᠨ ᠵᠢᠯ〉 ᠳ᠋ᠦ ᠦᠪᠦᠷ ᠮᠤᠡᠭᠭᠤᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠶᠠᠷᠦᠡᠭᠬᠡᠢᠯᠡᠭᠰᠡᠨ ᠪᠤᠳᠠᠳᠤ ᠬᠦᠴᠦᠨ ᠦᠷᠬᠦᠯᠵᠢᠯᠡᠨ ᠳᠡᠭᠡᠭᠰᠢᠯᠡᠵᠦ᠂ ᠠᠮᠤ ᠪᠤᠳᠠᠭᠠᠨ ᠤ᠋ ᠶᠡᠷᠦᠡᠭᠬᠡᠢ ᠤᠨᠠᠯᠲᠠ ᠠᠡᠭᠬ᠎ᠠ ᠤᠳᠠᠭ᠎ᠠ 800 ᠳ᠋ᠦᠡᠭᠰᠢᠭᠤᠷ ᠵᠢᠡᠭ ᠢ᠋ ᠳᠠᠪᠠᠭᠠᠳ 820 ᠳ᠋ᠦ᠋ᠡᠭᠰᠢᠭᠤᠷ ᠵᠢᠡᠭ ᠳ᠋ᠦ ᠬᠦᠷᠴᠦ᠂ ᠬᠤᠨᠢᠨ ᠮᠢᠬ᠎ᠠ᠂ ᠦᠬᠡᠷ ᠤ᠋ᠨ ᠮᠢᠬ᠎ᠠ ᠪᠠ ᠦᠨᠢᠶᠡᠨ ᠰᠦ ᠶ᠋ᠢᠨ ᠭᠠᠷᠤᠯᠲᠠ ᠲᠤᠰ ᠲᠤᠰ ᠪᠦᠬᠦ ᠤᠯᠤᠰ ᠤ᠋ᠨ 1/5᠂ 1/9᠂ 1/5 ᠵᠢ ᠡᠵᠡᠯᠡᠨ᠂ ᠪᠦᠬᠦ ᠤᠯᠤᠰ ᠲᠦ᠍ ᠲᠦᠷᠦᠬᠦᠯᠡᠪᠡ》 ᠭᠡᠵᠦ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤ᠋ᠨ ᠳᠡᠳ᠋ ᠳᠠᠷᠤᠭ᠎ᠠ ᠬᠠᠢ ᠱᠠᠨ ᠲᠠᠨᠢᠯᠴᠠᠭᠤᠯᠤᠨ᠎ᠠ᠃

《ᠠᠷᠪᠠᠨ ᠳᠦᠷᠪᠡᠳᠦᠭᠡᠷ ᠲᠠᠪᠤᠨ ᠵᠢᠯ》 ᠳ᠋ᠦ ᠦᠪᠦᠷ ᠮᠤᠡᠭᠭᠤᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠨᠡᠢᠲᠡ 6282 ᠲᠦᠮᠡᠨ ᠮᠥ᠍ ᠪᠠᠢᠭᠤᠯᠤᠨ᠂ ᠡᠭᠦᠷᠢᠳᠡ ᠶ᠋ᠢᠨ ᠦᠨᠳᠦᠰᠦᠨ ᠲᠠᠷᠢᠶᠠᠨ ᠭᠠᠵᠠᠷ ᠤ᠋ᠨ 47% ᠵᠢ ᠡᠵᠡᠯᠡᠵᠦ᠂ ᠪᠥᠬᠥ᠌ ᠣᠷᠣᠨ ᠤ᠋ 2/3 ᠡᠴᠡ ᠳᠡᠭᠡᠭ᠌ᠰᠢᠬᠢ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠴᠢᠳᠠᠪᠤᠷᠢ ᠵᠢ ᠲᠤᠯᠭᠠᠭᠤᠷᠢᠯᠠᠪᠠ᠃ ᠮᠠᠯ ᠠᠵᠤ ᠠᠬᠤᠶ ᠶ᠋ᠢᠨ ᠲᠣᠮᠣ ᠣᠷᠣᠨ ᠤ᠋ ᠳᠠᠪᠠᠭᠤᠯᠢᠭ ᠶ᠋ᠢᠡᠨ ᠭᠦᠢᠴᠡᠳ ᠪᠠᠳᠠᠷᠠᠭᠤᠯᠵᠤ᠂ ᠮᠢᠬᠠᠨ ᠤ᠋ ᠦᠬᠡᠷ᠂ ᠮᠢᠬᠠᠨ ᠤ᠋ ᠬᠣᠨᠢ ᠵᠢᠨ 《ᠬᠤᠤᠰ ᠵᠠᠭᠤᠨ ᠲᠦᠮᠡ》 ᠶ᠋ᠢᠨ ᠪᠣᠷᠳᠣᠨ ᠲᠠᠷᠭᠤᠯᠠᠭᠤᠯᠬᠤ ᠠᠵᠢᠯᠯᠠᠭᠠᠨ ᠥᠷᠨᠢᠭᠦᠯᠵᠦ᠍᠂ ᠪᠥᠬᠥ᠌ ᠣᠷᠣᠨ ᠤ᠋ ᠭᠤᠤᠯ ᠪᠣᠯᠬᠤ ᠮᠢᠬᠠᠨ ᠤ᠋ ᠵᠦᠶ᠋ᠯ ᠤ᠋ᠨ ᠭᠠᠷᠤᠯᠲᠠ 300.8 ᠲᠦᠮᠡᠨ ᠲᠣᠨ ᠳ᠋ᠦ ᠬᠦᠷᠴᠦ᠍᠂ 2020 ᠣᠨ ᠤ᠋ ᠬᠢ ᠡᠴᠡ 12.2% ᠶ᠋ᠢᠡᠷ ᠨᠡᠮᠡᠭ᠌ᠳᠡᠪᠡ᠃

ᠮᠠᠯ ᠠᠵᠤ ᠠᠬᠤᠢ ᠲᠠᠷᠢᠶᠠᠯᠠᠡᠭ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠠᠮᠵᠢᠯᠴᠠᠨ ᠪᠤᠭᠤᠮᠳᠠ ᠰᠢᠪᠲᠤᠯᠬᠤ ᠵᠢ ᠠᠬᠢᠭᠤᠯᠵᠤ᠂ ᠦᠷ᠎ᠡ ᠶ᠋ᠢᠨ ᠦᠢᠯᠡᠰ ᠢ᠋ ᠬᠥᠭ᠌ᠵᠢᠭᠦᠯᠦᠨ ᠮᠠᠨᠳᠤᠭᠤᠯᠬᠤ ᠠᠵᠢᠯ ᠳ᠋ᠤ ᠱᠢᠨ᠎ᠡ ᠦᠷ᠎ᠡ ᠪᠦᠲᠦᠮᠵᠢ ᠤᠯᠵᠤ᠂ ᠮᠠᠨ ᠤ᠋ ᠤᠷᠤᠨ ᠦᠬᠡᠷ ᠬᠣᠨᠢ ᠵᠢᠨ ᠡᠭᠦᠯᠳᠡᠷ ᠪᠣᠢᠵᠢᠭᠤᠯᠬᠤ ᠭᠤᠤᠯ ᠲᠠᠯᠠᠪᠠᠶ ᠪᠠ ᠪᠤᠬ᠎ᠠ ᠲᠠᠵᠢᠬᠡᠬᠦ ᠥᠷᠲᠡᠭᠡ ᠶ᠋ᠢᠨ ᠲᠣᠭ᠎ᠠ ᠬᠡᠮᠵᠢᠶ᠎ᠡ ᠪᠡᠷ ᠴᠥᠮ ᠪᠥᠬᠥ᠌ ᠤᠯᠤᠰ ᠲᠦ᠍ ᠲᠦᠷᠦᠬᠦᠯᠡᠵᠤ᠂ ᠲᠥᠮᠥᠰᠥ ᠪᠠ ᠱᠢᠷ᠎ᠠ ᠪᠤᠷᠴᠠᠭ ᠤ᠋ᠨ ᠰᠠᠢᠨ ᠡᠭᠦᠯᠳᠡᠷ ᠢ᠋ ᠪᠤᠢᠵᠢᠭᠤᠯᠬᠤ ᠲᠠᠯᠠᠪᠠᠢ ᠪᠡᠷ ᠲᠤᠰ ᠲᠤᠰ ᠪᠦᠬᠦ᠌ ᠤᠯᠤᠰ ᠤ᠋ᠨ ᠨᠢᠭᠡᠳᠦᠭᠡᠷ ᠪᠠ ᠬᠣᠶᠠᠳᠤᠭᠠᠷ ᠲᠦ᠍ ᠣᠷᠣᠪᠠ᠃ ᠪᠡᠶ᠎ᠡ ᠪᠡᠨ ᠳᠠᠭᠠᠭᠠᠵᠤ ᠰᠣᠩᠭᠣᠨ ᠪᠣᠢᠵᠢᠭᠤᠯᠤᠭ᠍ᠰᠠᠨ 《ᠮᠣᠩᠭᠣᠯ ᠪᠤᠷᠴᠠᠭ 1137》᠂ 《ᠬᠤᠸᠠ ᠮᠸᠩ ᠮᠢᠬᠠᠨ ᠤ᠋ ᠬᠣᠨᠢ》 ᠵᠡᠷᠭᠡ 10 ᠡᠭᠦᠯᠳᠡᠷ ᠤᠯᠤᠰ ᠤ᠋ᠨ ᠭᠤᠤᠯᠯᠠᠨ ᠲᠠᠨᠢᠯᠴᠠᠭᠤᠯᠬᠤ ᠡᠭᠦᠯᠳᠡᠷ ᠤ᠋ᠨ ᠭᠠᠷᠴᠠᠭ ᠲᠦ᠍ ᠰᠤᠡᠭᠭᠤᠭᠳᠠᠵᠤ᠂ ᠪᠦᠬᠦ᠌ ᠣᠷᠣᠨ ᠤ᠋ ᠰᠠᠢᠨ ᠡᠭᠦᠯᠳᠡᠷ ᠤ᠋ᠨ ᠪᠦᠷᠬᠦᠴᠡ ᠶ᠋ᠢᠨ ᠨᠣᠷᠮ᠎ᠠ 98% ᠵᠢ ᠳᠠᠪᠠᠵᠠᠢ᠃ ᠲᠠᠷᠢᠶᠠᠯᠠᠩ ᠤ᠋ᠨ ᠱᠢᠨ᠎ᠡ ᠮᠠᠰᠢᠨ ᠲᠣᠨᠣᠭ᠍ᠯᠠᠯ ᠤ᠋ᠨ ᠬᠡᠷᠡᠭ᠌ᠯᠡᠯᠲᠡ ᠵᠢ ᠦᠷᠭᠡᠳᠭᠡᠨ᠂ ᠲᠠᠷᠢᠮᠠᠯ ᠤ᠋ᠨ ᠵᠦᠢᠯᠡᠰ ᠤ᠋ᠨ ᠲᠠᠷᠢᠵᠤ ᠬᠤᠷᠢᠶᠠᠬᠤ ᠶᠡᠷᠦᠩᠬᠡᠢᠯᠡᠭ᠌ᠰᠡᠨ ᠮᠠᠰᠢᠨᠴᠢᠯᠠᠯᠲᠠ ᠶ᠋ᠢᠨ ᠨᠤᠷᠮ᠎ᠠ ᠵᠢ 90.74% ᠬᠦᠷᠲᠡᠯ᠎ᠡ ᠳᠡᠭᠡᠭ᠌ᠰᠢᠯᠡᠭᠦᠯᠵᠦ᠍᠂ ᠮᠠᠯᠵᠢᠯ ᠎ᠤᠨ  ᠮᠠᠰᠢᠨᠴᠢᠯᠠᠯᠲᠠ ᠶ᠋ᠢᠨ ᠨᠤᠷᠮ᠎ᠠ 50.16% ᠳ᠋ᠦ ᠬᠦᠷᠴᠦ᠂ ᠴᠥᠮ ᠪᠦᠬᠦ᠌ ᠤᠯᠤᠰ ᠤ᠋ᠨ ᠳᠤᠮᠳᠠᠴᠢ ᠲᠦᠪᠱᠢᠨ ᠡᠴᠨ ᠳᠠᠪᠠᠪᠠ᠃

ᠠᠵᠤ ᠦᠢᠯᠡᠰ ᠤ᠋ᠨ ᠠᠭᠤᠰᠤᠯᠴᠠᠨ ᠬᠥᠭ᠌ᠵᠢᠬᠦ᠌ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠪᠥᠬᠥ᠌ ᠣᠷᠣᠨ ᠤ᠋ ᠨᠢᠭᠡᠳᠦᠭᠡᠷ ᠠᠵᠤ ᠦᠶ᠋ᠯᠡᠰ ᠤ᠋ᠨ ᠨᠡᠮᠡᠭ᠌ᠳᠡᠯ ᠥᠷᠲᠡᠭ 2872.6 ᠳ᠋ᠦᠩᠱᠢᠭᠤᠷ ᠲᠥᠭᠥᠷᠢᠭ ᠲᠦ᠍ ᠬᠦᠷᠴᠦ᠍᠂ 2020 ᠣᠨ ᠤ᠋ ᠬᠢ ᠡᠴᠡ 843.8 ᠳ᠋ᠦᠩᠱᠢᠭᠤᠷ ᠲᠥᠭᠥᠷᠢᠭ ᠨᠡᠮᠡᠭ᠌ᠳᠡᠪᠡ᠃ ᠪᠦᠬᠦ ᠤᠷᠤᠨ ᠳ᠋ᠦ ᠤᠯᠤᠰ ᠤ᠋ᠨ ᠳᠡᠰ ᠤ᠋ᠨ 10 ᠠᠵᠤ ᠦᠢᠯᠡᠰ ᠤ᠋ᠨ ᠪᠦᠯᠦᠭᠵᠢᠯ᠂ ᠤᠯᠤᠰ ᠤ᠋ᠨ ᠣᠳᠣ ᠦᠶ᠎ᠡ ᠶ᠋ᠢᠨ ᠬᠦᠳᠡᠬᠡ ᠠᠵᠤ ᠠᠬᠤᠢ ᠵᠢᠨ 13 ᠠᠵᠤ ᠦᠢᠯᠡᠰ ᠤ᠋ᠨ ᠬᠦᠷᠢᠶᠡᠯᠡᠩ ᠪᠤᠯᠤᠨ ᠬᠦᠳᠡᠬᠡ ᠠᠵᠤ ᠠᠬᠤᠢ ᠵᠢᠨ ᠠᠵᠤ ᠦᠢᠯᠡᠰ ᠤ᠋ᠨ 70 ᠬᠦᠴᠦᠷᠬᠡᠭ ᠪᠠᠯᠭᠠᠰᠤ ᠵᠢ ᠪᠠᠢᠭᠤᠯᠪᠠ᠃ ᠤᠳᠤ ᠰᠦ᠂ ᠡᠷᠳᠡᠨᠢ ᠱᠢᠰᠢ᠂ ᠮᠢᠬᠠᠨ ᠤ᠋ ᠬᠣᠨᠢ ᠵᠡᠷᠭᠡ 3 ᠮᠢᠩᠭᠠᠨ ᠳ᠋ᠦᠩᠱᠢᠭᠤᠷ ᠳᠡᠰ ᠢ᠋ ᠳᠠᠪᠠᠭᠰᠠᠨ ᠠᠵᠤ ᠦᠢᠯᠡᠰ ᠢ᠋ ᠪᠦᠷᠢᠯᠳᠦᠭᠦᠯᠵᠦ᠍᠂ ᠰᠦ ᠮᠢᠬ᠎ᠠ ᠲᠥᠮᠥᠰᠥ᠍ ᠨᠤᠤᠯᠤᠭᠤᠷ ᠵᠡᠷᠭᠡ 7 ᠭᠤᠤᠯᠳᠠᠯᠭ᠎ᠠ ᠲᠠᠶ ᠠᠵᠤ ᠦᠶ᠋ᠯᠡᠰ ᠤ᠋ᠨ ᠬᠡᠯᠬᠢᠶ᠎ᠡ ᠶ᠋ᠢᠨ ᠦᠶ᠋ᠯᠡᠳᠬᠦᠨ ᠤ᠋ ᠥᠷᠲᠡᠭ 7000 ᠳ᠋ᠦᠩᠱᠢᠭᠤᠷ ᠲᠥᠭᠥᠷᠢᠭ ᠢ᠋ ᠳᠠᠪᠠᠪᠠ᠃ ᠪᠣᠬᠢᠷᠲᠤᠯ ᠦᠭᠡᠢ ᠬᠥᠭ᠌ᠵᠢᠯᠲᠡ ᠵᠢ ᠨᠠᠩ ᠥᠨᠳᠥᠷ ᠪᠦᠲᠦᠮᠵᠢᠲᠡᠶ ᠪᠡᠷ ᠠᠬᠢᠭᠤᠯᠵᠤ᠂ ᠪᠥᠬᠥ᠌ ᠣᠷᠣᠨ ᠤ᠋ ᠭᠡᠷᠡᠴᠢᠯᠡᠭ᠌ᠰᠡᠨ ᠪᠣᠬᠢᠷᠲᠤᠯ ᠥᠬᠡᠶ ᠢᠳᠡᠭᠡᠨ ᠤ᠋ ᠭᠠᠷᠤᠯᠲᠠ 508 ᠲᠦᠮᠡᠨ ᠲᠣᠨ ᠳ᠋ᠦ ᠬᠦᠷᠴᠦ᠍᠂ ᠤᠯᠤᠰ ᠤ᠋ᠨ 《ᠨᠠᠷᠠᠲᠤ ᠤᠨᠴᠠᠯᠢᠭᠲᠦ ᠤᠬᠢ ᠰᠢᠨ᠎ᠡ》 ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠨᠡᠷᠡᠰ ᠤ᠋ᠨ ᠵᠢᠭ᠍ᠰᠠᠭᠠᠯᠲᠠ ᠳ᠋ᠦ 897 ᠪᠦᠲᠦᠭᠡᠭᠳᠡᠭᠦᠨ ᠤᠷᠤᠵᠤ᠂ ᠪᠥᠬᠥ᠌ ᠤᠯᠤᠰ ᠤ᠋ᠨ ᠲᠦᠷᠦᠬᠦᠨ ᠳ᠋ᠤ ᠣᠷᠣᠪᠠ᠃ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠤ᠋ ᠬᠢᠷᠢ ᠲᠡᠩᠴᠡᠯᠳᠡ ᠵᠢᠨ ᠨᠣᠷᠮ᠎ᠠ 98% ᠡᠴᠡ ᠳᠡᠭᠡᠭ᠌ᠰᠢ ᠳ᠋ᠤ ᠲᠣᠭ᠍ᠲᠠᠪᠤᠷᠢᠵᠢᠪᠠ᠃

ᠶᠠᠳᠠᠭᠤ ᠡᠴᠡ ᠠᠡᠭᠬᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠦᠷᠬᠦᠯᠵᠢᠯᠡᠨ ᠪᠡᠬᠢᠵᠢᠪᠡ

《ᠪᠢᠳᠡ ᠶᠠᠳᠠᠭᠤ ᠡᠴᠡ ᠠᠡᠭᠬᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠦᠷᠭᠡᠳᠭᠡᠬᠦ ᠵᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠳ᠋ᠦ ᠠᠩᠬᠠᠷᠤᠯ ᠶ᠋ᠢᠡᠨ ᠲᠥᠪᠯᠡᠷᠡᠭᠦᠯᠵᠦ᠍᠂ 〈ᠲᠦᠷᠪᠡ ᠵᠢ ᠲᠠᠶᠠᠭ᠍ᠳᠠᠬᠤ ᠦᠭᠡᠢ〉 ᠪᠠᠢᠬᠤ ᠵᠢ ᠪᠠᠷᠢᠮᠲᠠᠯᠠᠨ᠂ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠶ᠋ᠢᠨ ᠰᠠᠭᠤᠷᠢ ᠵᠢ ᠦᠷᠭᠦᠯᠵᠢᠯᠡᠨ ᠪᠡᠬᠢᠵᠢᠭᠦᠯᠵᠦ᠍᠂ ᠬᠡᠪᠴᠢᠶᠡᠵᠢᠯ ᠤ᠋ᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠵᠢ ᠰᠡᠷᠭᠡᠢᠯᠡᠬᠦ᠌ ᠬᠣᠷᠢᠭ᠎ᠠ ᠱᠤᠭᠤᠮ ᠢ᠋ ᠪᠠᠲᠤ ᠰᠠᠬᠢᠪᠠ》 ᠭᠡᠵᠦ ᠬᠠᠢ ᠱᠠᠨ ᠶᠠᠷᠢᠨ᠎ᠠ᠃

《ᠠᠷᠪᠠᠨ ᠳᠦᠷᠪᠡᠳᠦᠭᠡᠷ ᠲᠠᠪᠤᠨ ᠵᠢᠯ》 ᠳ᠋ᠦ᠂ ᠦᠪᠦᠷ ᠮᠤᠡᠭᠭᠤᠯ ᠤᠨᠤᠴᠠᠲᠠᠢ ᠬᠢᠨᠠᠨ ᠬᠡᠮᠵᠢᠯᠲᠡ ᠶ᠋ᠢᠨ ᠲᠦᠪᠰᠢᠨ ᠢ᠋ ᠳᠡᠭᠡᠭᠰᠢᠯᠡᠭᠦᠯᠵᠦ᠂ ᠬᠢᠨᠠᠨ ᠬᠡᠮᠵᠢᠬᠦ᠌ ᠪᠠᠷᠢᠮᠵᠢᠶ᠎ᠠ ᠵᠢ 2021 ᠣᠨ ᠤ᠋ 6000 ᠲᠥᠭᠥᠷᠢᠭ ᠪᠠᠢᠭ᠍ᠰᠠᠨ ᠡᠴᠡ 8800 ᠲᠥᠭᠥᠷᠢᠭ ᠪᠣᠯᠭᠠᠨ ᠳᠡᠭᠡᠭ᠌ᠰᠢᠯᠡᠭᠦᠯᠵᠦ᠍᠂ ᠨᠡᠢᠲᠡ 7.35 ᠲᠦᠮᠡᠨ ᠡᠷᠦᠬᠡ᠂ 15.35 ᠲᠦᠮᠡᠨ ᠬᠥᠮᠦᠨ ᠳ᠋ᠦ ᠬᠢᠨᠠᠨ ᠬᠡᠮᠵᠢᠯᠲᠡ ᠬᠢᠵᠦ᠂ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠵᠢ ᠪᠥᠬᠥ᠌ ᠲᠠᠯ᠎ᠠ ᠪᠠᠷ ᠨᠠᠢᠳᠠᠪᠤᠷᠢᠵᠢᠭᠤᠯᠪᠠ᠃ ᠠᠵᠤ ᠦᠶ᠋ᠯᠡᠰ ᠶ᠋ᠢᠡᠷ ᠬᠠᠪᠰᠤᠷᠤᠨ ᠲᠡᠳᠬᠦᠬᠦ᠌ ᠬᠠᠷᠢᠴᠠᠯ ᠢ᠋ ᠦᠷᠭᠡᠳᠭᠡᠨ᠂ ᠵᠤᠯᠭᠠᠯᠴᠠᠭᠠᠨ ᠤ᠋ ᠪᠠᠯᠠ ᠮᠥᠩᠭᠥ ᠶ᠋ᠢᠨ ᠵᠠᠷᠤᠯᠭ᠎ᠠ ᠶ᠋ᠢᠨ ᠪᠦᠲᠦᠴᠡ ᠵᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠠᠵᠤ ᠦᠶ᠋ᠯᠡᠰ ᠶ᠋ᠢᠡᠷ ᠬᠠᠪᠰᠤᠷᠤᠨ ᠲᠡᠳᠬᠦᠬᠦ᠌ ᠪᠠᠯᠠ ᠮᠥᠩᠭᠥ ᠶ᠋ᠢᠨ ᠡᠵᠡᠯᠡᠬᠦ᠌ ᠬᠠᠷᠢᠴᠠᠯ 55% ᠪᠠᠢᠭ᠍ᠰᠠᠨ ᠢ᠋ ᠲᠠᠬᠡᠭᠰᠢᠯᠡᠬᠦᠯᠦᠬᠡᠳ 70% ᠵᠢ ᠲᠠᠪᠠᠭᠤᠯᠵᠤ᠂ ᠨᠡᠢᠲᠡ 611 ᠳ᠋ᠦᠩᠱᠢᠭᠤᠷ ᠲᠥᠭᠥᠷᠢᠭ ᠤ᠋ᠨ ᠵᠤᠯᠭᠠᠯᠴᠠᠭᠠᠨ ᠤ᠋ ᠪᠠᠯᠠ ᠮᠥᠩᠭᠥ ᠣᠷᠣᠭᠤᠯᠤᠨ᠂ 2.2 ᠲᠦᠮᠡᠨ ᠵᠦᠢᠯ ᠤ᠋ᠨ ᠠᠵᠤ ᠦᠶ᠋ᠯᠡᠰ ᠶ᠋ᠢᠡᠷ ᠬᠠᠪᠰᠤᠷᠤᠨ ᠲᠡᠳᠬᠦᠬᠦ᠌ ᠲᠥᠷᠥᠯ ᠵᠦᠶ᠋ᠯ ᠢ᠋ ᠪᠦᠳᠦᠬᠡᠨ ᠪᠠᠢᠭᠤᠯᠤᠨ ᠳᠠᠭᠤᠰᠭᠠᠵᠤ᠂ 214 ᠲᠦᠮᠡᠨ ᠮᠠᠯᠴᠢᠨ ᠲᠠᠷᠢᠶᠠᠴᠢᠨ ᠢ᠋ ᠳᠠᠢᠴᠢᠯᠠᠨ ᠣᠷᠣᠯᠭ᠎ᠠ ᠵᠢ ᠨᠢ  ᠨᠡᠮᠡᠭ᠌ᠳᠡᠭᠦᠯᠪᠡ᠃ ᠠᠵᠢᠯ ᠣᠯᠭᠣᠯᠲᠠ ᠶ᠋ᠢᠨ ᠲᠦᠪᠰᠢᠨ ᠢ᠋ ᠳᠡᠭᠡᠭᠰᠢᠯᠡᠭᠦᠯᠵᠦ᠂ ᠶᠠᠳᠠᠭᠤ ᠡᠴᠡ ᠠᠡᠭᠬᠢᠵᠢᠷᠠᠭᠰᠠᠨ ᠬᠦᠮᠦᠨ ᠠᠮᠠ ᠶ᠋ᠢᠨ ᠠᠵᠢᠯ ᠤᠯᠭᠤᠯᠲᠠ ᠶ᠋ᠢᠨ ᠬᠡᠪᠴᠢᠶ᠎ᠡ ᠵᠢ 20.26 ᠲᠦᠮᠡᠨ ᠬᠥᠮᠦᠨ ᠪᠠᠢᠭ᠍ᠰᠠᠨ ᠡᠴᠡ 23.8 ᠲᠦᠮᠡᠨ ᠬᠥᠮᠦᠨ ᠪᠣᠯᠲᠠᠯ᠎ᠠ ᠨᠡᠮᠡᠭᠳᠡᠭᠦᠯᠵᠦ᠂ ᠲᠠᠪᠤᠨ ᠵᠢᠯ ᠳᠠᠷᠠᠭᠠᠯᠠᠨ ᠤᠯᠤᠰ ᠡᠴᠡ ᠪᠠᠭᠤᠯᠭᠠᠭᠰᠠᠨ ᠡᠭᠦᠷᠭᠡ ᠵᠢ ᠳᠠᠪᠠᠭᠤᠯᠤᠨ ᠪᠡᠶᠡᠯᠡᠭᠦᠯᠪᠡ᠃ ᠡᠭᠦᠨ ᠤ᠋ ᠬᠠᠮᠲᠤ᠂ 《ᠠᠸ᠋ᠬᠠᠨ ᠤ᠋ ᠤᠲᠠᠰᠤ ᠲᠠᠲᠠᠬᠤ ᠠᠵᠢᠯᠴᠢᠨ》᠂ 《ᠬᠢᠩᠭᠠᠨ ᠤ᠋ ᠲᠠᠯ᠎ᠠ ᠨᠤᠲᠤᠭ ᠤ᠋ᠨ ᠬᠠᠳᠭᠤᠮᠠᠯᠴᠢᠨ ᠪᠦᠰᠡᠭᠦᠶ》 ᠵᠡᠷᠭᠡ ᠥᠪᠡᠷᠲᠡᠭᠡᠨ ᠵᠠᠰᠠᠬᠤ ᠣᠷᠣᠨ ᠤ᠋ ᠲᠠᠰ ᠡᠴᠡ ᠳᠡᠭᠡᠭ᠌ᠰᠢᠬᠢ ᠬᠥᠳᠡᠯᠮᠦᠷᠢ ᠦᠶ᠋ᠯᠡᠴᠢᠯᠡᠭᠡᠨ ᠤ᠋ ᠲᠦᠷᠦᠯ ᠲᠡᠮᠳᠡᠭ ᠢ᠋ 30 ᠪᠤᠢᠵᠢᠭᠤᠯᠪᠠ᠃ 2024 ᠣᠨ ᠳ᠋ᠦ ᠶᠠᠳᠠᠭᠤ ᠡᠴᠡ ᠠᠡᠭᠬᠢᠵᠢᠷᠠᠭᠰᠠᠨ ᠬᠣᠱᠢᠭᠤ ᠱᠢᠶᠠᠨ ᠤ᠋ ᠮᠠᠯᠴᠢᠨ ᠲᠠᠷᠢᠶᠠᠴᠢᠨ ᠤ᠋ ᠬᠥᠮᠦᠨ ᠳᠤᠮᠳᠠᠴᠢ ᠶ᠋ᠢᠨ ᠡᠵᠡᠮᠳᠡᠵᠦ᠍ ᠪᠣᠯᠬᠤ ᠣᠷᠣᠯᠭ᠎ᠠ 18876 ᠲᠥᠭᠥᠷᠢᠭ ᠲᠦ᠍ ᠬᠦᠷᠴᠦ᠍᠂ 2020 ᠣᠨ ᠤ᠋ ᠬᠢ ᠡᠴᠡ 40% ᠪᠡᠷ ᠨᠡᠮᠡᠭ᠌ᠳᠡᠭᠰᠡᠨ ᠪᠠᠢᠨ᠎ᠠ᠃

ᠦᠪᠦᠷ ᠮᠤᠡᠭᠭᠤᠯ ᠮᠠᠯᠵᠢᠬᠤ ᠲᠠᠷᠢᠶᠠᠯᠠᠬᠤ ᠣᠷᠣᠨ ᠤ᠋ ᠬᠠᠮᠲᠤ ᠶ᠋ᠢᠨ ᠠᠵᠤ ᠠᠬᠤᠶ ᠵᠢ ᠲᠡᠳᠬᠦᠬᠦ᠌ ᠠᠵᠢᠯᠯᠠᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ ᠬᠠᠮᠲᠤ ᠶ᠋ᠢᠨ ᠠᠵᠤ ᠠᠬᠤᠶ ᠶ᠋ᠢᠨ ᠵᠣᠬᠢᠶᠠᠨ ᠪᠠᠢᠭᠤᠯᠤᠯᠲᠠ ᠵᠢ ᠬᠥᠲᠥᠯᠥᠨ ᠵᠢᠯᠣᠭᠣᠳᠴᠤ᠌ ᠪᠠᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠢᠨᠵᠧᠨᠧᠷᠢᠩ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠥᠷᠥᠯ ᠵᠦᠶ᠋ᠯ ᠳ᠋ᠤ ᠣᠷᠣᠯᠴᠠᠭᠤᠯᠵᠤ᠂ ᠮᠠᠯᠴᠢᠨ ᠲᠠᠷᠢᠶᠠᠴᠢᠨ ᠢ᠋ 18.2 ᠲᠦᠮᠡᠨ ᠬᠥᠮᠦᠨ ᠤᠳᠠᠭ᠎ᠠ ᠳᠠᠢᠴᠢᠯᠠᠨ᠂ ᠬᠥᠳᠡᠯᠮᠦᠷᠢ ᠦᠶ᠋ᠯᠡᠴᠢᠯᠡᠭᠡᠨ ᠤ᠋ ᠴᠠᠯᠢᠡᠭ ᠬᠦᠯᠦᠰᠦ ᠵᠢ ᠨᠡᠢᠲᠡ 34.15 ᠳ᠋ᠦᠩᠱᠢᠭᠤᠷ ᠲᠥᠭᠥᠷᠢᠭ ᠣᠯᠭᠣᠪᠠ᠃ 2000 ᠭᠠᠴᠠᠭ᠎ᠠ ᠲᠣᠰᠭᠣᠨ ᠳ᠋ᠦ 《ᠭᠤᠷᠪᠠ ᠵᠢ ᠬᠤᠪᠢᠷᠠᠭᠤᠯᠬᠤ》 ᠥᠭᠡᠷᠡᠴᠢᠯᠡᠯᠲᠡ ᠶ᠋ᠢᠨ ᠲᠤᠷᠱᠢᠯᠲᠠ ᠵᠢᠨ ᠠᠵᠢᠯ ᠥᠷᠨᠢᠭᠦᠯᠵᠦ᠍᠂ 24 ᠲᠦᠮᠡᠨ ᠮᠠᠯᠵᠢᠬᠤ ᠲᠠᠷᠢᠶᠠᠯᠠᠬᠤ ᠡᠷᠦᠬᠡ ᠵᠢ ᠳᠠᠢᠴᠢᠯᠠᠨ ᠣᠷᠣᠯᠴᠠᠭᠤᠯᠵᠤ᠂ ᠮᠠᠯᠴᠢᠨ ᠲᠠᠷᠢᠶᠠᠴᠢᠨ ᠳ᠋ᠦ ᠨᠡᠢᠳᠡ 6200 ᠲᠦᠮᠡᠨ ᠲᠥᠭᠥᠷᠢᠭ ᠤ᠋ᠨ ᠠᠱᠢᠭ ᠬᠦᠷᠲᠡᠭᠡᠪᠡ᠃

ᠡᠶ᠎ᠡ ᠨᠠᠢᠷᠠᠮᠳᠠᠭᠤ ᠦᠵᠡᠰᠬᠦᠯᠡᠩᠳᠤ ᠰᠠᠢᠬᠠᠨ ᠬᠦᠳᠡᠭᠡ ᠲᠤᠰᠬᠤᠨ ᠤ᠋ ᠪᠦᠲᠦᠭᠡᠨ ᠪᠠᠢᠭᠤᠯᠤᠯᠲᠠ ᠶ᠋ᠢᠨ ᠲᠦᠪᠰᠢᠨ ᠦᠷᠬᠦᠯᠵᠢᠯᠡᠨ ᠳᠡᠭᠡᠭᠰᠢᠯᠡᠪᠡ

《ᠪᠢᠳᠡ ᠬᠦᠳᠡᠭᠡ ᠲᠤᠰᠬᠤᠨ ᠤ᠋ ᠦᠨᠳᠦᠰᠦᠨ ᠡᠵᠡᠡᠭᠨᠡᠯᠲᠡ ᠶ᠋ᠢᠨ ᠳᠦᠷᠢᠮ ᠢ᠋ ᠪᠠᠲᠤ ᠪᠠᠷᠢᠮᠳᠠᠯᠠᠵᠤ᠂ ᠮᠠᠯᠴᠢᠨ ᠲᠠᠷᠢᠶᠠᠴᠢᠨ ᠤ᠋ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠵᠢᠨ ᠭᠤᠤᠯ ᠴᠤᠭᠴᠠ ᠶ᠋ᠢᠨ ᠦᠢᠯᠡᠳᠦᠯ ᠢ᠋ ᠪᠠᠳᠠᠷᠠᠭᠤᠯᠤᠨ᠂ 〈ᠮᠢᠡᠭᠭ᠎ᠠ ᠲᠦᠮᠡ ᠶ᠋ᠢᠨ ᠢᠨᠵᠸᠨ᠋ᠸᠷᠢᠡᠭ〉 ᠤ᠋ᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠲᠤᠬᠠᠢ ᠶ᠋ᠢᠨ ᠭᠠᠵᠠᠷ ᠤᠷᠤᠨ ᠤ᠋ ᠪᠤᠳᠠᠳᠤ ᠪᠠᠢᠳᠠᠯ ᠳ᠋ᠤᠨᠢ ᠲᠤᠬᠢᠷᠠᠭᠤᠯᠤᠨ ᠡᠶ᠎ᠡ ᠨᠠᠢᠷᠠᠮᠳᠠᠭᠤ ᠦᠵᠡᠰᠬᠦᠯᠡᠩᠳᠤ ᠰᠠᠢᠬᠠᠨ ᠬᠦᠳᠡᠭᠡ ᠲᠤᠰᠬᠤᠨ ᠤ᠋ ᠪᠦᠲᠦᠭᠡᠨ ᠪᠠᠢᠭᠤᠯᠤᠯᠲᠠ ᠵᠢ ᠪᠦᠬᠦ ᠬᠦᠴᠦᠨ ᠵᠢᠡᠷ ᠠᠬᠢᠭᠤᠯᠪᠠ》 ᠭᠡᠵᠦ ᠬᠠᠢ ᠱᠠᠨ ᠲᠠᠨᠢᠯᠴᠠᠭᠤᠯᠤᠨ᠎ᠠ ᠃

《ᠠᠷᠪᠠᠨ ᠳᠦᠷᠪᠡᠳᠦᠭᠡᠷ ᠲᠠᠪᠤᠨ ᠵᠢᠯ》 ᠳ᠋ᠦ᠂ ᠦᠪᠦᠷ ᠮᠤᠡᠭᠭᠤᠯ ᠬᠦᠳᠡᠭᠡ ᠲᠤᠰᠬᠤᠨ ᠤ᠋ ᠰᠠᠭᠤᠷᠢ ᠲᠦᠬᠦᠭᠡᠷᠦᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠥ᠌ ᠣᠷᠣᠨ ᠳ᠋ᠦ 18 ᠲᠦᠮᠡᠨ ᠺᠢᠯᠣᠮᠧᠲ᠋ᠷ ᠤ᠋ᠨ ᠬᠥᠳᠡᠭᠡ ᠲᠣᠰᠭᠣᠨ ᠤ᠋ ᠵᠠᠰᠠᠮᠠᠯ ᠵᠠᠮ᠎ᠢ᠋ ᠨᠡᠪᠲᠡᠷᠡᠭᠦᠯᠤᠨ᠂ ᠲᠦᠭᠡᠭᠡᠯ ᠤᠰᠤ ᠵᠢ ᠲᠦᠭᠡᠮᠡᠯᠵᠢᠭᠦᠯᠦᠭᠰᠡᠨ ᠨᠣᠷᠮ᠎ᠠ 85.1% ᠳ᠋ᠦ ᠬᠦᠷᠴᠦ᠍᠂ ᠪᠣᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠡᠷᠦᠬᠡ ᠳ᠋ᠦ ᠰᠢᠨ᠎ᠡ ᠡᠨ᠋ᠸᠷᠬᠢ ᠶ᠋ᠢᠨ ᠴᠠᠬᠢᠯᠭᠠᠨ ᠨᠡᠪᠲᠡᠷᠡᠭᠦᠯᠬᠦ ᠵᠢ ᠦᠨᠳᠦᠰᠦᠨ ᠳ᠋ᠡᠭᠡᠨ ᠪᠡᠶᠡᠯᠡᠭᠦᠯᠵᠦ᠂ ᠵᠠᠰᠠᠭ ᠵᠠᠬᠢᠷᠭᠠᠨ ᠤ᠋ ᠲᠤᠰᠬᠤᠨ ᠳ᠋ᠦ ᠬᠡᠷᠡᠯᠯᠢᠭ ᠰᠢᠷᠬᠡᠭ ᠤ᠋ᠨ ᠤᠳᠠᠰᠤ ᠨᠡᠪᠲᠡᠷᠡᠭᠰᠡᠨ ᠨᠤᠷᠮ᠎ᠠ 99.8% ᠳ᠋ᠤ ᠬᠥᠷᠪᠡ᠃ ᠣᠷᠣᠱᠢᠨ ᠰᠠᠭᠤᠷᠢᠱᠢᠬᠤ ᠣᠷᠴᠢᠨ ᠨᠦᠬᠦᠴᠡᠯ ᠢ᠋ ᠴᠡᠭ᠌ᠴᠡᠯᠡᠨ ᠵᠠᠰᠠᠬᠤ ᠲᠠᠪᠤᠨ ᠵᠢᠯ ᠤ᠋ᠨ ᠠᠵᠢᠯᠯᠠᠭᠠᠨ ᠤ᠋ ᠬᠠᠷᠠᠯᠲᠠ ᠵᠢ ᠪᠦᠬᠦᠨ ᠢ᠋ ᠪᠡᠶᠡᠯᠡᠭᠦᠯᠵᠦ᠍᠂ 51.3 ᠲᠦᠮᠡᠨ ᠡᠷᠦᠬᠡ ᠶ᠋ᠢᠨ ᠵᠣᠷᠯᠣᠩ ᠢ᠋ ᠱᠢᠨ᠎ᠡ ᠪᠡᠷ ᠪᠠᠢᠭᠤᠯᠤᠨ᠂ 97.2% ᠤ᠋ᠨ ᠵᠠᠰᠠᠭ ᠵᠠᠬᠢᠷᠭᠠᠨ ᠤ᠋ ᠭᠠᠴᠠᠭ᠎ᠠ ᠲᠣᠰᠭᠣᠨ ᠤ᠋ ᠠᠮᠢᠳᠤᠷᠠᠯ ᠤ᠋ᠨ ᠬᠣᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ᠍ ᠱᠢᠢᠳᠪᠦᠷᠢᠯᠡᠬᠦ᠌ ᠵᠢ ᠪᠡᠶᠡᠯᠡᠭᠦᠯᠵᠦ᠂ ᠪᠤᠬᠢᠷ ᠤᠰᠤ ᠶ᠋ᠢᠨ ᠵᠠᠰᠠᠯᠲᠠ ᠶ᠋ᠢᠨ ᠨᠤᠷᠮ᠎ᠠ 46.55% ᠳ᠋ᠦ ᠬᠦᠷᠴᠠᠢ᠃

ᠬᠦᠳᠡᠭᠡ ᠲᠤᠰᠬᠤᠨ ᠤ᠋ ᠦᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠬᠤᠶᠠᠳᠤᠭᠠᠷ ᠡᠭᠡᠯᠵᠢ ᠶ᠋ᠢᠨ ᠭᠠᠵᠠᠷ ᠰᠢᠷᠤᠢ ᠶ᠋ᠢᠨ ᠳᠠᠭᠠᠭᠠᠴᠢᠯᠠᠯᠲᠠ ᠶ᠋ᠢᠨ ᠬᠤᠭᠤᠴᠠᠭ᠎ᠠ ᠲᠤᠯᠤᠭᠰᠠᠨ ᠤ᠋ ᠳᠠᠷᠠᠭ᠎ᠠ ᠳᠠᠬᠢᠨ 30 ᠵᠢᠯ ᠤᠷᠳᠤᠳᠬᠠᠬᠤ ᠲᠤᠷᠰᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ᠋ ᠤᠷᠤᠨ ᠰᠠᠭᠤᠴᠠ ᠶ᠋ᠢᠨ ᠰᠠᠭᠤᠷᠢᠨ ᠢ᠋ ᠳᠦᠷᠢᠮᠵᠢᠭᠦᠯᠦᠨ ᠬᠠᠮᠢᠶᠠᠷᠴᠤ᠂ ᠮᠠᠯᠵᠢᠬᠤ ᠲᠠᠷᠢᠶᠠᠯᠠᠬᠤ ᠤᠷᠤᠨ ᠤ᠋ ᠬᠠᠮᠲᠤ ᠶ᠋ᠢᠨ ᠦᠮᠴᠢᠯᠡᠯ ᠤ᠋ᠨ ᠡᠷᠭᠡ ᠶ᠋ᠢᠨ ᠳᠦᠷᠢᠮ ᠤ᠋ᠨ ᠦᠭᠡᠷᠡᠴᠢᠯᠡᠯᠲᠡ ᠵᠢ ᠯᠠᠪᠳᠠᠭᠤᠨ ᠪᠠᠲᠤᠲᠠᠢ ᠠᠬᠢᠭᠤᠯᠪᠠ᠃ ᠨᠡᠢᠭᠡᠮᠴᠢᠯᠡᠭ᠌ᠰᠡᠨ ᠦᠢᠯᠡᠴᠢᠯᠡᠭᠡ ᠵᠢ ᠲᠠᠰᠤᠷᠠᠯᠲᠠ ᠦᠭᠡᠢ ᠬᠦᠭᠵᠢᠭᠦᠯᠵᠦ᠂ ᠮᠠᠯᠴᠢᠨ ᠲᠠᠷᠢᠶᠠᠴᠢᠨ ᠤ᠋ ᠲᠤᠰᠬᠠᠢ ᠬᠣᠷᠱᠢᠶ᠎ᠠ ᠵᠢ ᠨᠡᠢᠲᠡ 6 ᠲᠦᠮᠡ ᠭᠠᠷᠤᠶ ᠪᠣᠢᠵᠢᠭᠤᠯᠵᠤ᠂ ᠬᠡᠷ ᠪᠦᠯᠢ ᠶ᠋ᠢᠨ ᠲᠠᠷᠢᠶᠠᠯᠠᠩ ᠮᠠᠯᠵᠢᠯ ᠤ᠋ᠨ ᠲᠠᠯᠠᠪᠠᠶ ᠪᠠ ᠬᠡᠪᠴᠢᠶᠡᠵᠢᠭᠰᠡᠨ ᠡᠵᠡᠩᠨᠡᠯᠲᠡ ᠶ᠋ᠢᠨ ᠡᠷᠦᠬᠡ 25.3 ᠲᠦᠮᠡ ᠵᠢ ᠳᠠᠪᠠᠵᠤ᠂ 17.2 ᠲᠦᠮᠡᠨ ᠥᠨᠳᠥᠷ ᠬᠡᠪ ᠪᠣᠯᠪᠠᠰᠤᠷᠠᠯ ᠲᠠᠶ ᠮᠠᠯᠴᠢᠨ ᠲᠠᠷᠢᠶᠠᠴᠢᠨ ᠢ᠋ ᠬᠦᠮᠦᠵᠢᠭᠦᠯᠪᠡ᠃ ᠤᠳᠤ ᠡᠯ᠎ᠡ ᠲᠥᠷᠥᠯ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠭᠤᠤᠯ ᠴᠣᠭ᠍ᠴᠠ 1.9 ᠲᠦᠮᠡ᠎ᠳᠦ ᠬᠦᠷᠴᠦ᠍᠂ 91.8 ᠲᠦᠮᠡᠨ ᠮᠠᠯᠵᠢᠬᠤ ᠲᠠᠷᠢᠶᠠᠯᠠᠬᠤ ᠡᠷᠦᠬᠡ᠎ᠳᠦ ᠦᠶ᠋ᠯᠡᠴᠢᠯᠡᠵᠦ᠍᠂ ᠦᠶ᠋ᠯᠡᠴᠢᠯᠡᠭᠡᠨ ᠤ᠋ ᠶᠡᠷᠦᠩᠬᠡᠶ ᠲᠠᠯᠠᠪᠠᠶ ᠨᠢ 1.4 ᠳ᠋ᠦᠩᠱᠢᠭᠤᠷ ᠮᠥ᠍ ᠤᠳᠠᠭ᠎ᠠ ᠳ᠋ᠦ ᠬᠥᠷᠪᠡ᠃

《〈ᠠᠷᠪᠠᠨ ᠳᠦᠷᠪᠡᠳᠦᠭᠡᠷ ᠲᠠᠪᠤᠨ ᠵᠢᠯ〉 ᠳ᠋ᠦ᠂ ᠦᠪᠦᠷ ᠮᠤᠡᠭᠭᠤᠯ ᠤ᠋ᠨ ᠮᠠᠯᠴᠢᠨ ᠲᠠᠷᠢᠶᠠᠴᠢᠨ ᠤ᠋ ᠣᠷᠣᠯᠭ᠎ᠠ ᠲᠠᠰᠤᠷᠠᠯᠲᠠ ᠥᠬᠡᠶ ᠨᠡᠮᠡᠭ᠌ᠳᠡᠵᠦ᠍᠂ 2024 ᠣᠨ ᠳ᠋ᠦ ᠮᠠᠯᠵᠢᠬᠤ ᠲᠠᠷᠢᠶᠠᠯᠠᠬᠤ ᠣᠷᠣᠨ ᠤ᠋ ᠰᠠᠭᠤᠭᠠᠯᠢ ᠠᠷᠠᠳ ᠤ᠋ᠨ ᠬᠥᠮᠦᠨ ᠳᠤᠮᠳᠠᠴᠢ ᠶ᠋ᠢᠨ ᠡᠵᠡᠮᠳᠡᠵᠦ᠍ ᠪᠣᠯᠬᠤ ᠣᠷᠣᠯᠭ᠎ᠠ 22543 ᠲᠥᠭᠥᠷᠢᠭ ᠲᠦ᠍ ᠬᠦᠷᠴᠦ᠍᠂ ᠮᠠᠨ ᠤ᠋ ᠤᠯᠤᠰ ᠤ᠋ᠨ ᠪᠠᠷᠠᠭᠤᠨ ᠤᠷᠤᠨ ᠤ᠋ 12 ᠮᠤᠵᠢ ᠪᠠ ᠦᠪᠡᠷᠳᠡᠬᠡᠨ ᠵᠠᠰᠠᠬᠤ ᠣᠷᠣᠨ ᠤ᠋ ᠳᠣᠲᠣᠷ᠎ᠠ ᠲᠦᠷᠦᠬᠦᠨ ᠳ᠋ᠦ ᠤᠷᠤᠵᠤ᠂ ᠨᠡᠮᠡᠭ᠌ᠳᠡᠯ ᠤ᠋ᠨ ᠬᠤᠷᠳᠤᠴᠠ ᠨᠢ 5 ᠵᠢᠯ ᠳᠠᠷᠠᠭᠠᠯᠠᠨ ᠪᠥᠬᠥ᠌ ᠤᠯᠤᠰ ᠤ᠋ᠨ ᠳᠤᠮᠳᠠᠴᠢ ᠲᠦᠪᠱᠢᠨ᠎ᠢ᠋ ᠳᠠᠪᠠᠵᠤ᠂ ᠮᠠᠯᠴᠢᠨ ᠲᠠᠷᠢᠶᠠᠴᠢᠨ ᠤ᠋ ᠬᠦᠷᠲᠡᠮᠵᠢ ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ ᠤ᠋ ᠲᠥᠷᠥᠭ᠌ᠳᠡᠯ ᠢᠯᠡᠳᠲᠡ ᠨᠡᠮᠡᠭᠳᠡᠪᠡ》 ᠬᠡᠵᠤ ᠬᠠᠢ ᠱᠠᠨ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号