ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠣᠯᠪᠠᠰᠤᠷᠠᠯ᠎ᠤᠨ ᠠᠩᠭᠢ ᠡᠷᠭᠢᠯᠡᠪᠡ
2025-12-05 15:50:34
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠵᠡᠮᠳᠡᠭ᠌ᠴᠦᠳ᠎ᠦᠨ ᠬᠣᠯᠪᠣᠭ᠎ᠠ᠎ᠶ᠋ᠢᠨ ᠱᠢᠰᠲ᠋ᠧᠮ᠎ᠦᠨ ᠺᠠᠳ᠋ᠷ᠎ᠤᠨ ᠡᠩᠨᠡᠭᠡ᠎ᠶ᠋ᠢᠨ ᠤᠯᠤᠰ ᠲᠥᠷᠥ᠎ᠶ᠋ᠢᠨ ᠬᠡᠪ ᠪᠣᠯᠪᠠᠰᠤᠷᠠᠯ ᠪᠠ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠲᠦᠷᠦᠭᠦᠭᠡᠨ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ ᠥᠪᠥᠷ ᠮᠣᠩᠭᠣᠯ᠎ᠤᠨ ᠪᠤᠷᠤᠪᠠᠯᠭᠠᠰᠤ᠎ᠶ᠋ᠢᠨ ᠺᠠᠳ᠋ᠷ᠎ᠤᠨ ᠳᠡᠭᠡᠳᠦ ᠰᠤᠷᠭᠠᠭᠤᠯᠢ᠎ᠳᠤ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠪᠣᠯᠪᠠᠰᠤᠷᠠᠯ᠎ᠤᠨ ᠠᠩᠭᠢ》 ᠡᠷᠭᠢᠯᠡᠪᠡ᠃ 

ᠲᠣᠰ ᠤᠳᠠᠭ᠎ᠠ᠎ᠶ᠋ᠢᠨ ᠪᠣᠯᠪᠠᠰᠤᠷᠠᠯ᠎ᠤᠨ ᠠᠩᠭᠢ᠎ᠨᠢ ᠱᠢᠨ᠎ᠡ ᠴᠠᠭ ᠦᠶ᠎ᠡ᠎ᠶ᠋ᠢᠨ ᠵᠡᠮᠳᠡᠭ᠌ᠴᠦᠳ᠎ᠦᠨ ᠠᠵᠢᠯ᠎ᠤᠨ ᠱᠢᠨ᠎ᠡ ᠪᠠᠢᠳᠠᠯ ᠱᠢᠨ᠎ᠡ ᠡᠭᠦᠷᠭᠡ ᠱᠢᠨ᠎ᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠪᠠᠷ ᠭᠤᠤᠯ ᠪᠣᠯᠭᠠᠵᠤ᠂ ᠪᠤᠷᠤᠪᠠᠯᠭᠠᠰᠤ᠎ᠶ᠋ᠢᠨ ᠺᠠᠳ᠋ᠷ᠎ᠤᠨ ᠳᠡᠭᠡᠳᠦ ᠰᠤᠷᠭᠠᠭᠤᠯᠢ᠎ᠶ᠋ᠢᠨ ᠬᠤᠪᠢᠰᠭᠠᠯ᠎ᠤᠨ ᠡᠬᠢ ᠪᠠᠶᠠᠯᠢᠭ᠎ᠲᠤ ᠲᠦᠱᠢᠭ᠌ᠯᠡᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠤᠯᠤᠰ ᠲᠥᠷᠥ᠎ᠶ᠋ᠢᠨ ᠬᠡᠪ ᠪᠣᠯᠪᠠᠰᠤᠷᠠᠯ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠪᠯᠡᠷᠡᠭᠦᠯᠦᠨ ᠬᠢᠴᠢᠶᠡᠯ ᠣᠷᠣᠬᠤ᠂ ᠲᠤᠬᠠᠶ᠎ᠶ᠋ᠢᠨ ᠲᠠᠯᠠᠪᠠᠶ᠎ᠳᠤ ᠲᠠᠢᠯᠤᠮᠵᠢ ᠬᠢᠬᠦ᠌᠂ ᠪᠡᠶᠡᠴᠢᠯᠡᠨ ᠣᠢᠯᠠᠭᠠᠬᠤ ᠵᠢᠭᠠᠨ ᠰᠤᠷᠭᠠᠯᠲᠠ ᠬᠢᠬᠦ᠌᠂ ᠠᠬᠤᠶ ᠪᠠᠢᠳᠠᠯ᠎ᠤᠨ ᠬᠥᠮᠦᠵᠢᠯ᠎ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠶᠠᠪᠤᠬᠳᠠᠪᠠ᠃ ᠬᠢᠴᠢᠶᠡᠯ᠎ᠦᠨ ᠪᠠᠢᠷᠢᠯᠠᠭᠤᠯᠤᠯᠲᠠ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠳᠤᠷᠠᠳᠤᠭ᠍ᠰᠠᠨ ᠴᠢᠬᠤᠯᠠ ᠶᠡᠬᠡ ᠣᠨᠣᠯ᠎ᠤᠨ ᠦᠵᠡᠯᠲᠡ᠂ ᠪᠠᠢᠯᠳᠤᠬᠤ ᠪᠣᠳᠣᠯᠭ᠎ᠠ᠎ᠶ᠋ᠢᠨ ᠦᠵᠡᠯ ᠰᠠᠨᠠᠭ᠎ᠠ ᠪᠠ ᠬᠠᠷᠠᠯᠲᠠ ᠡᠭᠦᠷᠭᠡ᠎ᠲᠡᠶ ᠨᠢᠭ᠍ᠲᠠ ᠤᠶᠠᠯᠳᠤᠭᠤᠯᠤᠨ᠂ ᠰᠤᠷᠤᠭ᠍ᠴᠢᠳ᠎ᠲᠤ᠌ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠭᠤᠤᠯ ᠠᠭᠤᠯᠭ᠎ᠠ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠭᠤᠯᠬᠤ᠎ᠶᠢ ᠵᠤᠷᠢᠵᠠᠢ᠃ 

ᠪᠣᠯᠪᠠᠰᠤᠷᠠᠯ᠎ᠳᠤ ᠣᠷᠣᠯᠴᠠᠭ᠍ᠰᠠᠳ ᠡᠴᠡ᠂ ᠲᠤᠰ ᠤᠳᠠᠭ᠎ᠠ᠎ᠶ᠋ᠢᠨ ᠪᠣᠯᠪᠠᠰᠤᠷᠠᠯ ᠵᠢᠡᠷ ᠳᠠᠮᠵᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠲᠤᠬᠠᠶ ᠣᠢᠯᠠᠭᠠᠯᠲᠠ᠎ᠪᠠᠨ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠵᠡᠮᠳᠡᠭ᠌ᠴᠦᠳ᠎ᠦᠨ ᠠᠵᠢᠯ᠎ᠢ ᠰᠠᠢᠲᠤᠷ ᠬᠢᠬᠦ᠌ ᠤᠯᠤᠰ ᠲᠥᠷᠥ᠎ᠶ᠋ᠢᠨ ᠤᠬᠠᠮᠰᠠᠷ ᠪᠣᠯᠤᠨ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠬᠠᠪᠠ᠃ ᠬᠤᠢᠰᠢᠲᠠ ᠨᠠᠩ ᠣᠷᠭᠢᠯᠤᠮ᠎ᠠ ᠬᠠᠯᠠᠭᠤᠨ ᠰᠡᠳᠭᠢᠯᠭᠡ᠂ ᠯᠠᠪᠳᠠᠭᠤᠨ ᠪᠠᠲᠤᠲᠠᠶ ᠠᠵᠢᠯᠯᠠᠬᠤ ᠤᠪᠤᠷ ᠵᠢᠡᠷ ᠵᠡᠮᠳᠡᠭ᠌ᠴᠦᠳ᠎ᠦᠨ ᠠᠵᠢᠯ᠎ᠳᠤ ᠣᠷᠣᠯᠴᠠᠵᠤ᠂ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠷᠬᠡᠢᠯᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号