ᠬᠥᠬᠡᠬᠣᠲᠠ᠄ ᠰᠤᠳᠤᠯᠤᠨ ᠨᠡᠭᠡᠭᠡᠬᠦ᠌ ᠪᠠᠯᠠ ᠣᠷᠣᠭᠤᠯᠤᠯᠲᠠ ᠪᠡᠨ ᠨᠡᠮᠡᠭ᠌ᠳᠡᠭᠦᠯᠵᠦ᠍ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠵᠢᠡᠨ ᠪᠤᠵᠠᠭᠠᠢᠷᠠᠭᠤᠯᠵᠤ ᠪᠤᠢ
2025-12-05 10:50:47
ᠵᠣᠬᠢᠶᠠᠭ᠍ᠴᠢ᠄
ᠯᠢᠦ ᠶᠠᠩ ᠂ ᠦ᠋ ᠽᠢ ᠱᠢᠤᠸᠠᠨ
ᠣᠩᠱᠢᠭ᠍ᠰᠠᠨ ᠣᠳᠠᠭ᠎ᠠ᠄
★★★☆☆

ᠡᠪᠦᠯ ᠤ᠋ᠨ ᠡᠬᠢᠨ ᠤ᠋ ᠦᠶ᠎ᠡ ᠪᠡᠷ᠂ ᠬᠥᠬᠡᠬᠣᠲᠠ ᠵᠢᠨ ᠰᠠᠢᠬᠠᠨ ᠲᠣᠭᠣᠷᠢᠭ ᠤ᠋ᠨ ᠵᠦᠩ ᠬᠤᠸᠠᠨ ᠠᠵᠤ ᠦᠢᠯᠡᠰ ᠤ᠋ᠨ ᠬᠦᠷᠢᠶᠡᠯᠡᠩ᠎ᠳᠦ ᠬᠦᠷᠬᠦ ᠳ᠋ᠤ᠂ ᠥᠪᠥᠷ ᠮᠣᠩᠭᠣᠯ ᠤ᠋ᠨ ᠱᠢᠨ ᠬᠤᠸᠠᠨ ᠴᠠᠬᠢᠭᠤᠷ ᠡᠨᠧᠷᠭᠢ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠵᠢᠯ ᠳ᠋ᠤ 12 ᠲᠦᠮᠡᠨ ᠲᠣᠨ ᠤ᠋ ᠮᠥᠬᠥᠯᠢᠭ᠌ᠲᠦ ᠴᠠᠬᠢᠭᠤᠷ ᠦᠢᠯᠡᠳᠪᠦᠷᠢᠯᠡᠬᠦ᠌ ᠲᠦᠷᠦᠯ ᠵᠦᠢᠯ ᠤ᠋ᠨ ᠠᠬᠤᠢ ᠲᠠᠯᠠᠪᠠᠢ ᠬᠦᠷ ᠬᠦᠭᠵᠢᠶᠡᠨ ᠵᠢᠡᠷ ᠪᠢᠯᠬᠠᠨ᠎ᠠ᠄ 5 ᠵᠤᠷᠪᠤᠰ ᠮᠦᠳᠦᠯᠵᠢᠬᠦᠯᠦᠭᠰᠡᠨ ᠦᠢᠯᠡᠳᠪᠦᠷᠢᠯᠡᠯ ᠤ᠋ᠨ ᠲᠣᠨᠣᠭ᠍ᠯᠠᠯ ᠰᠦᠨᠳᠡᠷᠯᠡᠵᠦ᠍᠂ ᠪᠤᠯᠤᠳ ᠵᠢᠶᠠᠰᠠᠨ ᠦᠢᠯᠡᠳᠪᠦᠷᠢᠯᠡᠯ ᠤ᠋ᠨ ᠲᠥᠬᠥᠭᠡᠷᠦᠮᠵᠢ ᠨᠡᠷᠡᠨ ᠤ᠋ ᠭᠡᠷᠡᠯ ᠳ᠋ᠤ ᠬᠢᠯᠲᠠᠭᠠᠨᠠᠨ᠂ ᠤᠶᠤᠨᠲᠤ ᠪᠣᠰᠣᠭ᠎ᠠ ᠴᠣᠭ᠍ᠴᠠᠲᠤ ᠪᠦᠲᠦᠭᠡᠭ᠌ᠳᠡᠬᠦᠨ ᠤ᠋ ᠬᠥᠮᠥᠷᠭᠡ ᠵᠢᠨ ᠳᠣᠲᠣᠨ᠎ᠠ ᠭᠠᠳᠠᠨ᠎ᠠ᠂ AGV ᠤᠶᠤᠨᠲᠤ ᠪᠠᠭ᠎ᠠ ᠲᠡᠷᠭᠡ ᠰᠦᠯᠵᠢᠯᠳᠦᠨ ᠵᠤᠷᠴᠢᠵᠤ᠂ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠵᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠤᠨ ᠬᠥᠭ᠌ᠵᠢᠯᠲᠡ ᠵᠢᠨ ᠠᠮᠢᠵᠢᠷᠠᠯ ᠤ᠋ᠨ ᠬᠦᠴᠦᠨ ᠭᠠᠵᠠᠷ ᠰᠠᠢ ᠦᠬᠡᠢ ᠬᠠᠷᠠᠭᠳᠠᠨ᠎ᠠ᠃

ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠳᠥᠷᠪᠡᠳᠦᠭᠡᠷ ᠪᠦᠬᠦᠳᠡ ᠬᠤᠷᠠᠯ ᠡᠴᠡ᠂ ᠠᠩᠬᠠᠨ ᠤ᠋ ᠱᠢᠨ᠎ᠡ ᠡᠭᠦᠳᠦᠯᠲᠡ ᠪᠣᠯᠤᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠭᠦᠳᠦᠯᠲᠡ ᠪᠣᠯᠤᠨ ᠠᠵᠤ ᠦᠢᠯᠡᠰ ᠤ᠋ᠨ ᠱᠢᠨ᠎ᠡ ᠡᠭᠦᠳᠦᠯᠲᠡ ᠵᠢᠨ ᠭᠦᠨᠵᠡᠭᠡᠢ ᠠᠭᠤᠰᠤᠯᠴᠠᠯ ᠢ᠋ ᠠᠬᠢᠭᠤᠯᠬᠤ ᠬᠡᠷᠡᠭ᠌ᠲᠡᠢ ᠭᠡᠵᠦ᠍ ᠳᠤᠷᠠᠳᠪᠠ᠃

ᠥᠪᠥᠷ ᠮᠣᠩᠭᠣᠯ ᠤ᠋ᠨ ᠱᠢᠨ ᠬᠤᠸᠠᠨ ᠴᠠᠬᠢᠭᠤᠷ ᠡᠨᠧᠷᠭᠢ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠪᠠᠢᠭᠤᠯᠤᠭ᠍ᠳᠠᠭ᠍ᠰᠠᠨ ᠡᠴᠡ ᠨᠠᠭᠠᠰᠢ᠂ ᠱᠢᠨ᠎ᠡ ᠶ᠋ᠢ ᠡᠭᠦᠳᠬᠦ᠌ ᠪᠡᠷ ᠭᠤᠤᠯ ᠥᠷᠢᠰᠦᠯᠳᠦᠬᠦ᠌ ᠬᠦᠴᠦᠨ ᠪᠣᠯᠭᠠᠵᠤ᠂ ᠬᠦᠷᠦᠬᠡᠵᠥ ᠤᠰᠤᠲᠥ᠋ᠷᠥᠭ᠌ᠴᠢᠵᠢᠬᠦᠯᠤᠨ ᠦᠶ᠋ᠯᠡᠳᠴᠤ ᠪᠦᠳᠦᠬᠡᠬᠦ ᠮᠡᠷᠭᠡᠵᠢᠯ᠂ ᠤᠷᠪᠠᠯᠳᠤᠭᠤᠯᠤᠨ ᠨᠠᠷᠢᠯᠢᠭ ᠨᠡᠷᠡᠬᠦ᠌ ᠮᠡᠷᠭᠡᠵᠢᠯ᠂ ᠾᠯᠣᠷᠲᠤ ᠴᠠᠬᠢᠭᠤᠷ ᠤ᠋ᠨ ᠠᠯᠺᠠᠨ ᠤ᠋ ᠥᠨᠳᠥᠷ ᠪᠦᠲᠦᠮᠵᠢᠲᠡᠶ ᠠᠱᠢᠭ᠍ᠯᠠᠯᠲᠠ ᠵᠡᠷᠭᠡ ᠠᠵᠢᠯ ᠲᠥᠷᠥᠯ ᠤ᠋ᠨ ᠵᠠᠩᠭᠢᠯᠠᠭ᠎ᠠ ᠵᠢᠨ ᠭᠣᠭ᠍ᠴᠣᠭ᠎ᠠ ᠵᠢᠨ ᠲᠣᠭᠣᠷᠢᠨ ᠳ᠋ᠤ᠂ ᠲᠤᠰᠭᠠᠶ ᠮᠡᠷᠭᠡᠵᠢᠯ ᠤ᠋ᠨ ᠰᠤᠳᠤᠯᠤᠨ ᠨᠡᠭᠡᠭᠡᠬᠦ᠌ ᠪᠦᠯᠬᠦᠮ᠎ᠢ ᠵᠣᠬᠢᠶᠠᠨ ᠪᠠᠢᠭᠤᠯᠵᠤ ᠱᠢᠰᠲ᠋ᠧᠮᠴᠢ ᠴᠢᠨᠠᠷᠳᠠᠢ ᠪᠣᠭᠣᠮᠲᠠ ᠰᠢᠪᠳᠤᠯᠤᠨ᠂ ᠲᠤᠷᠱᠢᠯᠲᠠ ᠵᠢᠨ ᠲᠠᠰᠤᠭ ᠤ᠋ᠨ ᠪᠠᠭ᠎ᠠ ᠲᠤᠷᠱᠢᠯᠲᠠ ᠡᠴᠡ ᠳᠤᠮᠳᠠ ᠲᠤᠷᠱᠢᠯᠲᠠ ᠳ᠋ᠤ ᠬᠡᠷᠡᠭ᠌ᠯᠡᠬᠦ᠌ ᠬᠦᠷᠲᠡᠯ᠎ᠡ ᠠᠯᠬᠤᠮ ᠠᠯᠬᠤᠮ ᠵᠢᠡᠷ ᠠᠬᠢᠭᠤᠯᠵᠤ᠂ ᠮᠡᠷᠭᠡᠵᠢᠯ ᠤ᠋ᠨ ᠱᠢᠪᠲᠤᠯᠤᠯᠲᠠ ᠶ᠋ᠢ ᠣᠨᠣᠪᠴᠢᠲᠠᠶ ᠪᠡᠷ ᠦᠶ᠋ᠯᠡᠳᠪᠦᠷᠢᠯᠡᠯ ᠤ᠋ᠨ ᠬᠡᠷᠡᠭ᠌ᠴᠡᠭᠡ ᠱᠠᠭᠠᠷᠳᠠᠯᠭ᠎ᠠ᠎ᠲᠠᠶ ᠵᠣᠯᠭᠠᠭᠤᠯᠬᠤ ᠶ᠋ᠢ ᠦᠨᠡᠨ ᠬᠦ᠌ ᠪᠠᠲᠤᠯᠠᠵᠤ᠂ ᠠᠵᠢᠯ ᠲᠥᠷᠥᠯ ᠤ᠋ᠨ ᠳᠤᠲᠠᠭᠤᠳᠠᠯ ᠢ᠋ ᠱᠢᠶ᠋ᠳᠪᠦᠷᠢᠯᠡᠪᠡ᠃

《ᠪᠢᠳᠡ ᠢᠮᠠᠭ᠍ᠲᠠ ᠦᠶ᠋ᠯᠡᠳᠪᠦᠷᠢᠯᠡᠯ ᠤ᠋ᠨ ᠭᠤᠤᠯᠯᠠᠬᠤ ᠮᠡᠷᠭᠡᠵᠢᠯ᠎ᠳᠦ ᠠᠩᠬᠠᠷᠤᠯ ᠵᠢᠡᠨ ᠲᠥᠪᠯᠡᠷᠡᠭᠦᠯᠵᠦ᠍᠂ ᠰᠤᠳᠤᠯᠤᠨ ᠨᠡᠭᠡᠭᠡᠬᠦ᠌ ᠵᠠᠷᠤᠳᠠᠯ ᠢ᠋ ᠵᠠᠩᠭᠢᠯᠠᠭ᠎ᠠ ᠵᠢᠨ ᠭᠠᠵᠠᠷ ᠲᠤ᠌ ᠵᠠᠷᠤᠴᠠᠭᠤᠯᠪᠠ᠃ ᠣᠲᠣ ᠪᠣᠯᠲᠠᠯ᠎ᠠ᠂ ᠪᠢᠳᠡ ᠨᠢᠭᠡᠨᠲᠡ ᠮᠥᠬᠥᠯᠢᠭ᠌ᠲᠦ ᠴᠠᠬᠢᠭᠤᠷ ᠵᠢᠴᠢ ᠴᠠᠬᠢᠭᠤᠷ ᠡᠯᠸᠮᠸᠨ᠋ᠲ᠎ᠤᠨ ᠱᠢᠨ᠎ᠡ ᠮᠠᠲ᠋ᠧᠷᠢᠶᠠᠯ ᠤ᠋ᠨ ᠬᠦᠷᠢᠶᠡᠨ᠎ᠳᠦ 50 ᠭᠠᠷᠤᠶ ᠭᠤᠤᠯᠯᠠᠬᠤ ᠲᠤᠰᠭᠠᠶ ᠠᠱᠢᠭ ᠢ᠋ ᠪᠠᠢᠷᠢᠯᠠᠭᠤᠯᠵᠠᠶ᠂ ᠡᠭᠦᠨ᠎ᠳᠦ 22 ᠬᠤᠪᠢ ᠳ᠋ᠤᠨᠢ ᠲᠤᠰᠬᠠᠢ ᠠᠰᠢᠬ᠎ᠤᠨ ᠡᠷᠬᠡ ᠣᠯᠭᠣᠪᠠ᠂ ᠡᠨᠡ᠎ᠨᠢ ᠠᠵᠤ ᠠᠬᠤᠢᠯᠠᠯ ᠤ᠋ᠨ ᠮᠡᠷᠭᠡᠵᠢᠯ ᠤ᠋ᠨ ᠬᠤᠷᠠᠮᠳᠤᠭᠤᠯᠤᠯ ᠢ᠋ ᠭᠡᠷᠡᠴᠢᠯᠡᠭ᠌ᠰᠡᠨ ᠵᠢᠡᠷ ᠪᠠᠷᠠᠬᠤ ᠥᠬᠡᠶ᠂ ᠨᠠᠩ ᠴᠤ᠌ ᠠᠵᠢᠯ ᠲᠥᠷᠥᠯ ᠤ᠋ᠨ ᠮᠡᠷᠭᠡᠵᠢᠯ ᠤ᠋ᠨ ᠳᠠᠪᠱᠢᠯᠲᠠ ᠶ᠋ᠢ ᠠᠬᠢᠭᠤᠯᠵᠤ᠂ ᠬᠥᠬᠡᠬᠣᠲᠠ ᠵᠢᠨ ᠰᠤᠳᠤᠯᠤᠨ ᠨᠡᠭᠡᠭᠡᠬᠦ᠌ ᠣᠷᠣᠭᠤᠯᠤᠯᠲᠠ ᠵᠢᠨ ᠬᠦᠴᠦᠯᠡᠴᠡ ᠶ᠋ᠢ ᠳᠡᠭᠡᠭ᠌ᠰᠢᠯᠡᠭᠦᠯᠬᠦ ᠳ᠋ᠤ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ》ᠭᠡᠵᠤ ᠲᠣᠰ ᠺᠣᠮᠫᠠᠨᠢ ᠵᠢᠨ ᠮᠡᠷᠭᠡᠵᠢᠯ ᠤ᠋ᠨ ᠰᠤᠳᠤᠯᠤᠨ ᠨᠡᠭᠡᠭᠡᠬᠦ᠌ ᠳᠠᠭᠠᠭᠠᠮᠠᠯ ᠵᠠᠩ ᠱᠤᠤ ᠬᠣᠶ ᠲᠠᠨᠢᠯᠴᠠᠭᠤᠯᠤᠨ᠎ᠠ᠃

ᠬᠥᠬᠡᠬᠣᠲᠠ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠣᠪᠴᠢᠶ᠎ᠠ ᠵᠢᠨ ᠲᠥᠯᠥᠪᠵᠢᠭᠦᠯᠭᠡ ᠬᠢᠭᠡᠳ ᠲᠠᠪᠴᠠᠩ ᠤ᠋ᠨ ᠪᠥᠲᠥᠭᠡᠨ ᠪᠠᠢᠭᠤᠯᠤᠯᠲᠠ ᠵᠢᠨ ᠰᠠᠯᠠᠭᠠᠨ ᠤ᠋ ᠳᠠᠷᠤᠭ᠎ᠠ ᠶᠦᠨ ᠯᠢ ᠵᠢᠶᠦ᠋ᠨ᠄ 《ᠣᠳᠣᠬᠠᠨ ᠳ᠋ᠤ᠂ ᠬᠥᠬᠡᠬᠣᠲᠠ ᠰᠤᠳᠤᠯᠤᠨ ᠨᠡᠭᠡᠭᠡᠬᠦ᠌ ᠣᠷᠣᠭᠤᠯᠤᠯᠲᠠ ᠶ᠋ᠢ ᠣᠷᠣᠨ ᠪᠦᠰᠡ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠤ᠋ᠨ ᠪᠥᠲᠥᠭᠡᠨ ᠪᠠᠢᠭᠤᠯᠤᠯᠲᠠ ᠵᠢᠨ ᠭᠤᠤᠯ ᠭᠦᠶ᠋ᠴᠡᠳᠭᠡᠯ ᠲᠣᠭ᠎ᠠ ᠳ᠋ᠤ ᠣᠷᠣᠭᠤᠯᠵᠤ᠂〈ᠵᠠᠰᠠᠭ᠎ᠤᠨ ᠤᠷᠳᠤᠨ ᠰᠤᠷᠭᠠᠭᠤᠯᠢ ᠠᠵᠤ ᠠᠬᠤᠢᠯᠠᠯ〉 ᠤ᠋ᠨ ᠱᠢᠨ᠎ᠡ ᠶ᠋ᠢ ᠡᠭᠦᠳᠴᠦ᠍ ᠠᠳᠠᠯ ᠦᠶ᠋ᠯᠡᠰ ᠪᠤᠰᠬᠠᠬᠤ ᠬᠣᠯᠪᠣᠭ᠎ᠠ ᠶ᠋ᠢ ᠵᠣᠬᠢᠶᠠᠨ ᠪᠠᠢᠭᠤᠯᠬᠤ ᠪᠡᠷ ᠳᠠᠮᠵᠢᠭᠤᠯᠤᠨ᠂ ᠣᠯᠠᠨ ᠰᠠᠯᠠᠭ᠎ᠠ ᠮᠥᠴᠢᠷ ᠤ᠋ᠨ ᠬᠣᠯᠪᠣᠭᠠᠯᠠᠨ ᠬᠥᠳᠡᠯᠦᠯᠴᠡᠬᠦ᠌ ᠶ᠋ᠢ ᠭᠦᠨᠵᠡᠭᠡᠢᠷᠡᠭᠦᠯᠵᠦ᠂ ᠶᠡᠬᠡ ᠳᠡᠭᠡᠳᠦ ᠰᠤᠷᠭᠠᠭᠤᠯᠢ ᠵᠢᠨ ᠬᠦᠷᠢᠶᠡᠯᠡᠩ ᠭᠠᠵᠠᠷ ᠤ᠋ᠨ ᠰᠤᠳᠤᠯᠭᠠᠨ ᠪᠤᠯᠤᠨ ᠲᠤᠷᠰᠢᠯᠳᠠ ᠬᠦᠭᠵᠢᠬᠦᠯᠦᠯᠳᠡ ᠵᠢᠨ ᠵᠠᠷᠤᠳᠠᠯ ᠢ᠋ ᠪᠦᠬᠦᠨ ᠢ᠋ ᠲᠦᠯᠦᠬᠦ ᠵᠢ ᠪᠡᠶᠡᠯᠡᠬᠦᠯᠬᠦ ᠵᠢᠨ ᠬᠠᠮᠲᠤ ᠲᠤᠰᠬᠠᠢ ᠪᠡᠯᠡ ᠮᠦᠩᠬᠦ ᠪᠡᠷ ᠤᠷᠮᠠᠱᠢᠭᠤᠯᠬᠤ᠂ ᠰᠤᠳᠤᠯᠤᠨ ᠨᠡᠭᠡᠭᠡᠬᠦ᠌ ᠵᠠᠷᠤᠳᠠᠯ ᠢ᠋ ᠨᠡᠮᠡᠭᠳᠡᠬᠦᠯᠬᠦ᠂ ᠨᠥᠬᠥᠪᠥᠷᠢ ᠥᠭ᠌ᠬᠦ ᠪᠡᠯᠡ ᠮᠥᠩᠭᠥ᠌ ᠲᠤᠬᠢᠷᠠᠭᠤᠯᠬᠤ ᠵᠡᠷᠭᠡ ᠳᠡᠮᠵᠢᠬᠦ᠌ ᠲᠦᠷᠦ᠍ ᠵᠢᠨ ᠪᠤᠳᠤᠯᠭ᠎ᠠ ᠲᠣᠭ᠍ᠲᠠᠭᠠᠵᠤ᠂ ᠠᠵᠤ ᠠᠬᠤᠢᠯᠠᠯ ᠤ᠋ᠨ ᠱᠢᠨ᠎ᠡ ᠶ᠋ᠢ ᠡᠭᠦᠳᠬᠦ᠌ ᠥᠪᠡᠷ ᠤ᠋ᠨ ᠦᠷᠲᠡᠭ ᠢ᠋ ᠤᠯᠠᠮ ᠨᠢᠭᠡ ᠠᠯᠬᠤᠮ ᠪᠠᠭᠤᠷᠠᠭᠤᠯᠪᠠ》 ᠬᠡᠵᠥ ᠢᠯᠡᠳᠬᠡᠪᠡ᠃

ᠡᠨᠡ ᠬᠦ᠌ ᠰᠠᠭᠤᠷᠢᠨ ᠳᠡᠭᠡᠷ᠎ᠡ᠂ ᠨᠠᠷᠢᠯᠢᠭ᠍ᠵᠢᠭᠤᠯᠤᠭ᠍ᠰᠠᠨ ᠦᠶ᠋ᠯᠡᠴᠢᠯᠡᠭᠡ᠎ᠨᠢ ᠨᠠᠩ ᠴᠤ᠌ ᠰᠤᠳᠤᠯᠤᠨ ᠨᠡᠭᠡᠭᠡᠬᠦ᠌ ᠣᠷᠣᠭᠤᠯᠤᠯᠲᠠ ᠵᠢᠨ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ — 100 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠰᠠᠳ ᠢ᠋ ᠬᠠᠨᠳᠤᠯᠭ᠎ᠠ᠎ᠲᠠᠶ ᠪᠡᠷ ᠬᠦᠮᠦᠵᠢᠭᠦᠯᠵᠤ ᠵᠠᠷᠤᠯᠭ᠎ᠠ ᠵᠢᠨ ᠪᠦᠷᠢᠳᠭᠡᠯ ᠢ᠋ ᠬᠠᠪᠰᠤᠷᠤᠨ ᠵᠢᠷᠤᠮᠵᠢᠭᠤᠯᠵᠤ᠂ 32 ᠠᠵᠤ ᠠᠬᠤᠢᠯᠠᠯ ᠤ᠋ᠨ ᠠᠵᠢᠯᠯᠠᠬᠤ ᠥᠷᠲᠡᠭᠡ ᠶ᠋ᠢ ᠪᠠᠢᠭᠤᠯᠤᠨ᠂ 60 ᠡᠳ᠋ ᠤ᠋ᠨ ᠶᠠᠪᠤᠳᠠᠯ ᠤ᠋ᠨ ᠲᠥᠷᠥᠯ ᠤ᠋ᠨ ᠣᠨᠴᠠ ᠲᠣᠮᠢᠯᠠᠭ᠍ᠳᠠᠭ᠍ᠰᠠᠳ ᠢ᠋ ᠬᠥᠮᠦᠵᠢᠭᠦᠯᠵᠦ᠍᠂ 26 ᠲᠠᠯᠠᠪᠤᠷ ᠲᠤᠰᠭᠠᠶ ᠰᠡᠳᠦᠪᠲᠦ ᠪᠣᠯᠪᠠᠰᠤᠷᠠᠯ ᠥᠷᠨᠢᠭᠦᠯᠤᠨ᠂ 48 ᠲᠥᠪ ᠤ᠋ᠨ ᠠᠵᠤ ᠠᠬᠤᠢᠯᠠᠯ ᠤᠯᠤᠰ ᠤ᠋ᠨ ᠠᠵᠤ ᠠᠬᠤᠢᠯᠠᠯ ᠪᠠ 379 ᠬᠡᠪᠴᠢᠶᠡᠵᠢᠯ᠎ᠡᠴᠡ ᠳᠡᠭᠡᠭ᠌ᠰᠢᠬᠢ ᠠᠵᠤ ᠠᠬᠤᠢᠯᠠᠯ ᠳ᠋ᠤ ᠦᠶ᠋ᠯᠡᠴᠢᠯᠡᠵᠦ᠍᠂ 90 ᠠᠵᠤ ᠠᠬᠤᠢᠯᠠᠯ ᠤ᠋ᠨ ᠰᠤᠳᠤᠯᠤᠨ ᠨᠡᠭᠡᠭᠡᠬᠦ᠌ ᠵᠠᠷᠤᠳᠠᠯ ᠥᠬᠡᠶ ᠪᠠᠢᠭ᠍ᠰᠠᠨ ᠪᠠᠢᠳᠠᠯ᠎ᠢ ᠰᠢᠢᠳᠪᠦᠷᠢᠯᠡᠪᠡ᠃

《ᠲᠠᠷᠠᠭᠠᠴᠢ ᠵᠢᠨ ᠠᠯᠬᠤᠮ ᠳ᠋ᠤ᠂ ᠪᠢᠳᠡ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠳᠥᠷᠪᠡᠳᠦᠭᠡᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠭᠡᠯ ᠢ᠋ ᠠᠵᠢᠯ ᠵᠢᠡᠨ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠦ᠂〈ᠵᠠᠰᠠᠭ᠎ᠤᠨ ᠤᠷᠳᠤᠨ ᠰᠤᠷᠭᠠᠭᠤᠯᠢ ᠠᠵᠤ ᠠᠬᠤᠢᠯᠠᠯ〉 ᠤ᠋ᠨ ᠬᠠᠮᠵᠢᠯᠴᠠᠭ᠎ᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠳᠤᠯᠤᠨ ᠨᠡᠭᠡᠭᠡᠬᠦ᠌ ᠣᠷᠣᠭᠤᠯᠤᠯᠲᠠ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠶ᠋ᠢ ᠦᠷᠭᠦᠯᠵᠢᠯᠡᠨ ᠱᠢᠯᠢᠳᠡᠭ᠌ᠵᠢᠭᠦᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠬᠴᠢ ᠵᠢᠨ ᠦᠶ᠋ᠯᠡᠴᠢᠯᠡᠭᠡ ᠪᠣᠯᠤᠨ ᠠᠵᠤ ᠠᠬᠤᠢᠯᠠᠯ ᠤ᠋ᠨ ᠠᠵᠢᠯ ᠤ᠋ᠨ ᠥᠷᠲᠡᠭᠡ ᠵᠢᠨ ᠲᠤᠯᠭᠠᠭᠤᠷᠢᠯᠠᠯ ᠢ᠋ ᠴᠢᠩᠭᠠᠳᠭᠠᠵᠤ᠂ ᠠᠵᠤ ᠠᠬᠤᠢᠯᠠᠯ ᠤ᠋ᠨ ᠱᠢᠨ᠎ᠡ ᠶ᠋ᠢ ᠡᠭᠦᠳᠬᠦ᠌ ᠪᠠᠷᠢᠮᠵᠢᠶ᠎ᠠ ᠶ᠋ᠢ ᠤᠯᠠᠮ ᠴᠢᠨᠠᠭ᠍ᠰᠢᠳᠠ ᠪᠠᠭᠤᠷᠠᠭᠤᠯᠤᠨ᠂ ᠦᠷ᠎ᠡ ᠪᠦᠲᠦᠭᠡᠯ ᠢ᠋ ᠤᠨᠳᠤᠤᠱᠢᠭᠤᠯᠬᠤ ᠬᠦᠴᠢᠷ ᠠᠰᠠᠭᠤᠳᠠᠯ ᠢ᠋ ᠱᠢᠶ᠋ᠳᠪᠦᠷᠢᠯᠡᠵᠦ᠍᠂ ᠨᠠᠩ ᠣᠯᠠᠨ ᠱᠢᠨ᠎ᠡ ᠶ᠋ᠢ ᠡᠭᠦᠳᠦᠭ᠌ᠰᠡᠨ ᠦᠷ᠎ᠡ ᠪᠦᠲᠦᠭᠡᠯ ᠢ᠋ ᠲᠤᠷᠱᠢᠯᠲᠠ ᠵᠢᠨ ᠲᠠᠰᠤᠭ ᠡᠴᠡ ᠦᠶ᠋ᠯᠡᠳᠪᠦᠷᠢᠯᠡᠯ ᠤ᠋ᠨ ᠱᠤᠭᠤᠮ ᠳ᠋ᠤ ᠣᠷᠣᠭᠤᠯᠵᠤ᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠣᠷᠣᠨ ᠤ᠋ ᠲᠥᠪ ᠎ᠲᠦ ᠲᠦᠷᠭᠡᠳᠭᠡᠨ ᠪᠤᠵᠠᠭᠠᠢᠷᠠᠭᠤᠯᠵᠤ᠂ ᠦᠷᠭᠦᠯᠵᠢᠯᠡᠨ ᠠᠬᠢᠭᠤᠯᠤᠨ᠎ᠠ》 ᠭᠡᠵᠤ ᠶᠦᠨ ᠯᠢ ᠵᠢᠶᠦ᠋ᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号