— ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ ᠠᠢᠮᠠᠭ᠎ᠤᠨ ᠳᠠᠷᠤᠭ᠎ᠠ ᠢᠦᠶ ᠵᠢᠶ ᠱᠦᠨᠢ ᠰᠤᠷᠪᠤᠯᠵᠢᠯᠠᠭ᠍ᠰᠠᠨ᠎ᠨᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ ᠢᠷᠡᠭᠦ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠵᠢᠷᠤᠭ ᠲᠦᠰᠦᠪ ᠢ᠋ ᠵᠢᠷᠤᠭ᠍ᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠌ ᠳᠠᠢ᠌ᠴᠢᠯᠠᠯᠳᠠ᠎ᠶ᠋ᠢᠨ ᠵᠠᠷᠯᠢᠭ᠎ᠢ ᠪᠠᠭᠤᠯᠭᠠᠪᠠ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠠᠢᠮᠠᠭ᠎ᠤᠨ ᠳᠠᠷᠤᠭ᠎ᠠ ᠢᠦᠶ ᠵᠢᠶ ᠱᠦᠨᠢ ᠰᠤᠷᠪᠤᠯᠵᠢᠯᠠᠪᠠ᠃
ᠢᠦᠢ ᠵᠶ᠋ᠢ ᠱᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠤᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ ᠢ᠋ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠦᠨ ᠭᠡᠬᠦ ᠪᠠᠢᠷᠢ ᠲᠣᠭ᠍ᠲᠠᠭᠠᠯᠲᠠ᠎ᠶ᠋ᠢ ᠳᠤᠷᠠᠳᠴᠤ᠂ ᠬᠠᠷᠢᠯᠴᠠᠨ ᠰᠠᠭᠤᠷᠢ ᠪᠣᠯᠭᠠᠬᠤ᠂ ᠬᠠᠷᠢᠯᠴᠠᠨ ᠠᠬᠢᠭᠤᠯᠬᠤ 《ᠨᠠᠶ᠋ᠮᠠᠨ ᠱᠢᠨ᠎ᠡ》 ᠬᠠᠷᠠᠯᠲᠠ ᠵᠢ ᠳᠤᠳᠤᠷᠬᠠᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ 《ᠬᠣᠶᠠᠷ᠎ᠢ ᠲᠤᠭᠳᠠᠭᠤᠨ ᠪᠠᠢᠯᠭᠠᠬᠤ》 ᠶ᠋ᠢ ᠪᠡᠶᠡᠯᠡᠭᠦᠯᠵᠤ᠂ 2035 ᠣᠨ ᠪᠣᠯᠬᠤ᠎ᠳᠤ 《ᠬᠣᠶᠠᠷ ᠲᠠᠯ᠎ᠠ ᠪᠡᠷ ᠦᠷᠭᠦᠯᠵᠢᠯᠡᠨ ᠬᠤᠰᠢᠭᠤᠷᠠᠬᠤ》 ᠵᠢ ᠪᠠᠳᠤᠯᠠᠨ᠎ᠠ ᠬᠡᠵᠤ ᠤᠨᠴᠠᠭᠠᠢᠯᠠᠨ ᠴᠢᠬᠤᠯᠠᠴᠢᠯᠠᠪᠠ᠂ ᠡᠳᠡᠭᠡᠷ ᠬᠠᠷᠠᠯᠲᠠ᠎ᠶ᠋ᠢ ᠲᠣᠭ᠍ᠲᠠᠭᠠᠭᠰᠠᠨ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ᠎ᠶ᠋ᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ 《ᠰᠠᠨᠠᠭᠤᠯᠭ᠎ᠠ》᠎ᠶ᠋ᠢ ᠭᠦᠨᠵᠡᠭᠡᠶ ᠲᠤᠭᠤᠱᠢᠯᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠤ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠪᠡ᠃ ᠬᠢᠩᠭᠠᠨ ᠠᠢᠮᠠᠭ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂《ᠲᠠᠪᠤ᠎ᠶ᠋ᠢ ᠨᠢᠭᠡᠳᠦᠭᠡᠷ᠎ᠲᠦ ᠲᠠᠯᠪᠢᠬᠤ》 ᠠᠵᠢᠯ᠎ᠤᠨ ᠤᠢᠯᠠᠭᠠᠬᠳᠠᠬᠤᠨ ᠢ᠋ ᠦᠷᠭᠦᠯᠵᠢᠯᠡᠨ ᠪᠠᠷᠢᠮᠲᠠᠯᠠᠵᠤ᠂ ᠨᠢᠭᠡ ᠭᠤᠤᠯ ᠰᠢᠵᠢᠮ᠎ᠢ ᠲᠤᠭᠤᠰᠢᠯᠠᠭᠤᠯᠬᠤ᠂ ᠬᠣᠶᠠᠷ ᠬᠣᠷᠢᠭ᠎ᠠ ᠱᠤᠭᠤᠮ᠎ᠢ ᠪᠠᠲᠤ ᠰᠠᠬᠢᠬᠤ᠂ ᠨᠠᠶ᠋ᠮᠠᠨ ᠶᠡᠬᠡ ᠳᠠᠪᠠᠭᠤᠯᠢᠭ᠎ᠢ ᠪᠠᠳᠠᠷᠠᠭᠤᠯᠬᠤ᠂ ᠳᠥᠷᠪᠡᠨ ᠶᠡᠬᠡ ᠠᠵᠤ ᠦᠶ᠋ᠯᠡᠰ᠎ᠢ ᠳᠡᠭᠡᠭ᠌ᠰᠢᠯᠡᠭᠦᠯᠬᠦ᠌᠂ ᠬᠠᠯᠠᠭᠤᠨ ᠲᠤᠯᠠᠭᠠᠬᠠᠨ ᠬᠤᠪᠢᠰᠬᠠᠯᠳᠤ ᠬᠢᠩᠭ᠎ᠠ᠎ᠨᠢ ᠪᠥᠲᠥᠭᠡᠨ ᠪᠠᠢᠭᠤᠯᠬᠤ 《12841》 ᠬᠥᠭ᠌ᠵᠢᠯᠲᠡ᠎ᠶ᠋ᠢᠨ ᠠᠷᠭ᠎ᠠ ᠬᠡᠮᠵᠢᠶ᠎ᠡ᠎ᠪᠡᠷ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠭᠤᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ ᠵᠢᠨ ᠬᠢᠩᠭᠠᠨ ᠠᠢᠮᠠᠭ᠎ᠤᠨ ᠬᠠᠷᠢᠭᠤᠯᠳᠠ ᠵᠢᠨ ᠬᠠᠭᠤᠳᠠᠰᠤ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠪᠢᠴᠢᠭᠯᠡᠨ᠎ᠠ ᠬᠡᠪᠡ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠭᠣᠣᠯ ᠱᠢᠵᠢᠮ᠎ᠤᠨ ᠱᠠᠭᠠᠷᠳᠠᠯᠭ᠎ᠠ᠎ᠶ᠋ᠢ ᠡᠯ᠎ᠡ ᠵᠦᠢᠯ᠎ᠦᠨ ᠠᠵᠢᠯ᠎ᠳᠠᠭᠠᠨ ᠪᠣᠳᠠᠲᠠᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ᠃ 《ᠬᠣᠶᠠᠷ ᠲᠤᠭᠤᠷᠢᠭ ᠨᠢᠭᠡ ᠴᠣᠩᠬᠣᠪᠴᠢ》 ᠶ᠋ᠢᠨ ᠲᠤᠷᠱᠢᠯᠲᠠ᠎ᠶ᠋ᠢᠨ ᠴᠡᠭ᠎ᠢ ᠪᠠᠢᠭᠤᠯᠬᠤ᠎ᠪᠠᠷ ᠭᠤᠤᠯᠳᠠᠯᠭ᠎ᠠ᠎ᠶ᠋ᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠣᠨᠣᠯ᠎ᠤᠨ ᠰᠤᠳᠤᠯᠭᠠᠨ ᠪᠠ ᠤᠬᠠᠭᠤᠯᠭ᠎ᠠ ᠲᠠᠢᠯᠪᠤᠷᠢᠯᠠᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ 《ᠨᠢᠭᠡ ᠣᠷᠳᠣᠨ ᠭᠤᠷᠪᠠᠨ ᠪᠠᠭᠤᠷᠢ》 ᠵᠡᠷᠭᠡ ᠬᠤᠪᠢᠰᠭᠠᠯ᠎ᠤᠨ ᠡᠬᠢ ᠪᠠᠶᠠᠯᠢᠭ᠎ᠲᠤ ᠲᠦᠱᠢᠭ᠌ᠯᠡᠨ ᠳᠤᠮᠳᠠᠳᠤ᠎ᠶ᠋ᠢᠨ ᠰᠣᠶᠣᠯ᠎ᠤᠨ ᠠᠭᠤᠯᠤᠭ᠍ᠳᠠᠬᠤᠨ ᠪᠠ ᠦᠨᠳᠦᠰᠦᠲᠡᠨ᠎ᠨᠦᠭᠦᠳ᠎ᠦᠨ ᠣᠨᠴᠠᠯᠢᠭ᠎ᠢ ᠪᠦᠷᠢᠳᠦᠭᠦᠯᠦᠭ᠌ᠰᠡᠨ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠍᠂ ᠭᠤᠷᠪᠠᠳᠤᠭᠠᠷ ᠤᠳᠠᠭ᠎ᠠ ᠵᠢᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠤᠷᠤᠨ᠎ᠢ ᠡᠭᠦᠳᠦᠨ ᠪᠠᠢᠭᠤᠯᠬᠤ ᠠᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠨᠠᠩ ᠲᠡᠭᠦᠯᠳᠡᠷᠵᠢᠭ᠌ᠰᠡᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠠᠮᠢᠳᠤᠷᠠᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠨᠡᠢᠭᠡᠮ᠎ᠦᠨ ᠨᠥᠬᠥᠴᠡᠯ᠎ᠢ ᠡᠭᠦᠳᠦᠨ᠎ᠡ᠃
ᠠᠮᠢ ᠠᠬᠤᠶ ᠪᠠ ᠬᠥᠭ᠌ᠵᠢᠯᠲᠡ᠎ᠶ᠋ᠢᠨ 《ᠬᠣᠶᠠᠷ ᠬᠣᠷᠢᠭ᠎ᠠ ᠱᠤᠭᠤᠮ》 ᠢ᠋ ᠡᠷᠡᠰ ᠰᠠᠬᠢᠨ᠎ᠠ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠪᠠᠷ ᠭᠤᠤᠯ ᠪᠣᠯᠭᠠᠵᠤ᠂ ᠬᠣᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠣᠶ ᠱᠢᠭᠤᠶ ᠨᠤᠳᠤᠭ ᠪᠡᠯᠴᠢᠭᠡᠷ ᠨᠤᠭᠤ ᠭᠠᠵᠠᠷᠴᠦᠯᠯᠡᠷᠭᠡᠭ ᠭᠠᠵᠠᠷ ᠢ᠋ ᠨᠢᠭᠡ ᠴᠤᠭ᠍ᠴᠠᠵᠢᠭᠤᠯᠤᠨ ᠬᠠᠮᠠᠭᠠᠯᠠᠨ ᠰᠡᠷᠭᠦᠭᠡᠬᠦ᠌ ᠵᠡᠷᠭᠡ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠨᠤᠲᠤᠭ ᠪᠡᠯᠴᠢᠭᠡᠷ᠎ᠤ᠋ᠨ ᠲᠠᠭᠠᠭᠠᠴᠠ ᠡᠴᠡ ᠭᠡᠳᠤᠷᠠᠳᠠᠯ᠎ᠠ ᠮᠠᠯᠵᠢᠬᠤ ᠠᠰᠠᠭᠤᠳᠠᠯ᠎ᠢ ᠱᠢᠶ᠋ᠳᠪᠦᠷᠢᠯᠡᠬᠦ᠌ ᠵᠡᠷᠭᠡ ᠭᠤᠤᠯᠳᠠᠯᠭ᠎ᠠ᠎ᠲᠠᠶ ᠠᠵᠢᠯ᠎ᠢ ᠰᠠᠢᠲᠤᠷ ᠠᠳᠭᠤᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠡᠷᠬᠢᠯᠳᠡᠳᠦ ᠬᠥᠭ᠌ᠵᠢᠯᠲᠡ᠎ᠶ᠋ᠢ ᠠᠬᠢᠭᠤᠯᠵᠤ᠂ ᠣᠶ ᠱᠢᠭᠤᠶ ᠨᠤᠳᠤᠭ ᠪᠡᠯᠴᠢᠭᠡᠷ ᠤ᠋ᠨ ᠨᠡᠬᠦᠷᠡᠰᠤᠳ᠋ᠦ᠋ᠷᠦᠭᠴᠢ ᠵᠢ ᠲᠣᠭ᠍ᠲᠠᠪᠤᠷᠢᠵᠢᠭᠤᠯᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠵᠢ ᠨᠡᠮᠡᠭ᠌ᠳᠡᠭᠦᠯᠬᠦ᠌᠂ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠥᠷᠲᠡᠭ᠎ᠢ ᠪᠡᠶᠡᠯᠡᠭᠦᠯᠬᠦ᠌ ᠪᠠ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠲᠤᠷᠱᠢᠯᠲᠠ᠎ᠶ᠋ᠢᠨ ᠴᠡᠭ᠎ᠤᠨ ᠵᠢᠱ᠌ᠢᠶ᠎ᠡ ᠦᠵᠡᠭᠦᠯᠬᠦ᠌ ᠭᠤᠷᠪᠠᠨ ᠠᠵᠢᠯᠯᠠᠭ᠎ᠠ᠎ᠶ᠋ᠢᠨ ᠲᠠᠯ᠎ᠠ ᠪᠡᠷ ᠪᠤᠰᠤᠳ᠎ᠤᠨ ᠡᠮᠦᠨ᠎ᠡ ᠶᠠᠪᠤᠬᠤ᠎ᠪᠠᠷ ᠴᠢᠷᠮᠠᠢᠨ᠎ᠠ᠃ ᠡᠷᠡᠰ ᠭᠤᠢᠪᠢᠰᠢ ᠥᠬᠡᠶ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠪᠠᠷ ᠭᠤᠤᠯᠳᠠᠯᠭ᠎ᠠ ᠪᠣᠯᠭᠠᠨ᠂ ᠠᠷᠠᠯᠵᠢᠶᠠᠴᠢᠨ ᠤᠷᠢᠬᠤ ᠵᠢ ᠶᠡᠭᠡ ᠪᠡᠷ ᠠᠳᠬᠤᠵᠤ᠂ ᠲᠥᠷᠥᠯ ᠵᠦᠶ᠋ᠯ᠎ᠢ ᠶᠡᠬᠡ ᠪᠡᠷ ᠠᠳᠭᠤᠵᠤ᠂ ᠪᠠᠯᠠ ᠣᠷᠣᠭᠤᠯᠤᠯᠲᠠ᠎ᠶ᠋ᠢ ᠶᠡᠬᠡ ᠪᠡᠷ ᠠᠳᠭᠤᠵᠤ᠂ ᠬᠥᠭ᠌ᠵᠢᠯᠲᠡ᠎ᠪᠡᠷ ᠳᠠᠮᠵᠢᠨ ᠠᠵᠤ ᠠᠬᠤᠶ ᠨᠡᠢᠭᠡᠮ᠎ᠦᠨ ᠳᠤᠮᠳᠠᠬᠢ ᠵᠥᠷᠢᠴᠡᠯ ᠪᠣᠯᠤᠨ ᠠᠰᠠᠭᠤᠳᠠᠯ᠎ᠢ ᠱᠢᠶ᠋ᠳᠪᠦᠷᠢᠯᠡᠵᠦ᠍᠂ ᠦᠨᠳᠦᠰᠦᠲᠡᠨ᠎ᠦ ᠪᠦᠯᠬᠦᠮᠳᠡᠯ ᠬᠢᠭᠡᠳ ᠬᠠᠮᠲᠤ ᠪᠡᠷ ᠪᠠᠶᠠᠵᠢᠬᠤ ᠵᠢ ᠠᠬᠢᠭᠤᠯᠤᠨ᠎ᠠ᠃
《ᠨᠠᠶ᠋ᠮᠠᠨ ᠶᠡᠬᠡ ᠳᠠᠪᠠᠭᠤᠯᠢᠭ》 ᠢ᠋ ᠭᠦᠶ᠋ᠴᠡᠳ ᠪᠠᠳᠠᠷᠠᠭᠤᠯᠤᠨ᠎ᠠ᠃ ᠬᠢᠩᠭᠠᠨ ᠠᠢᠮᠠᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠡᠨᠳᠦᠯᠡᠭ᠌ᠰᠡᠨ ᠭᠠᠵᠠᠷ ᠮᠥᠨ᠂ ᠨᠠᠮ᠎ᠤᠨ ᠦᠨᠳᠦᠰᠦᠲᠡᠨ᠎ᠤ ᠭᠠᠵᠠᠷ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠠᠮᠤᠭ᠎ᠤᠨ ᠡᠷᠲᠡ ᠦᠶ᠋ᠯᠡᠳᠦᠯᠭᠡᠵᠢᠭᠦᠯᠦᠭ᠌ᠰᠡᠨ ᠭᠠᠵᠠᠷ ᠮᠥᠨ᠂ ᠣᠷᠳᠣ ᠬᠤᠭᠤᠴᠠᠭᠠᠨ᠎ᠤ ᠲᠤᠷᠰᠢ ᠲᠤᠢᠯ᠎ᠤᠨ ᠶᠡᠬᠡ ᠬᠠᠯᠠᠮᠵᠢᠯᠠᠯ ᠪᠠ ᠠᠩᠬᠠᠷᠤᠯ᠎ᠢ ᠬᠦᠷᠳᠡᠭᠰᠡᠭᠡᠷ ᠢᠷᠡᠪᠡ᠂ ᠲᠠᠷᠠᠭᠠᠴᠢ ᠪᠡᠷ ᠦᠷᠭᠦᠯᠵᠢᠯᠡᠨ ᠤᠯᠤᠰ ᠲᠥᠷᠥ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠬᠤ᠎ᠪᠠᠷ ᠤᠳᠤᠷᠢᠳᠤᠮᠵᠢ ᠪᠣᠯᠭᠠᠵᠤ᠂ ᠠᠮᠢ ᠠᠬᠤᠶ ᠭᠤᠢᠳᠠ ᠰᠠᠢᠬᠠᠨ᠂ ᠡᠬᠢ ᠪᠠᠶᠠᠯᠢᠭ ᠡᠯᠪᠡᠭ ᠳᠡᠯᠪᠡᠭ᠂ ᠵᠠᠮ ᠬᠠᠷᠢᠯᠴᠠᠭ᠎ᠠ ᠲᠥᠬᠥᠮ ᠲᠦᠷᠬᠡᠨ᠂ ᠣᠷᠣᠨ ᠵᠠᠶ ᠭᠦᠶ᠋ᠴᠡᠳ ᠪᠠᠢᠬᠤ ᠪᠤᠰᠤᠳᠴᠢ ᠳᠠᠪᠠᠭᠤᠯᠢᠭ᠎ᠢᠶᠡᠨ ᠱᠢᠨᠵᠢᠯᠡᠬᠦ᠌ ᠤᠬᠠᠭᠠᠨᠴᠢ᠎ᠪᠠᠷ ᠠᠱᠢᠭ᠍ᠯᠠᠨ᠂ ᠲᠥᠷᠥ᠎ᠶ᠋ᠢᠨ ᠪᠣᠳᠣᠯᠭ᠎ᠠ ᠵᠢᠨ ᠨᠦᠬᠦᠴᠡᠯ ᠳᠠᠪᠬᠤᠴᠠᠭ᠍ᠰᠠᠨ᠂ ᠵᠠᠬ᠎ᠠ ᠳᠡᠯᠭᠡᠭᠦᠷ ᠥᠷᠭᠡᠨ ᠶᠡᠬᠡ᠂ ᠰᠡᠭᠦᠯᠡᠷ ᠬᠥᠭ᠌ᠵᠢᠵᠦ ᠬᠦᠢᠴᠡᠨ ᠲᠠᠪᠠᠬᠰᠠᠨ ᠪᠡᠶᠡᠴᠢ ᠳᠠᠪᠠᠭᠤᠯᠢᠭ᠎ᠢᠶᠠᠨ ᠴᠢᠷᠮᠠᠢᠨ ᠠᠭᠤᠳᠠᠯᠵᠤ᠂ 《ᠨᠠᠶ᠋ᠮᠠᠨ ᠶᠡᠬᠡ ᠳᠠᠪᠠᠭᠤᠯᠢᠭ》 ᠢ᠋ ᠦᠨᠡᠨ ᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃
《ᠳᠥᠷᠪᠡᠨ ᠶᠡᠬᠡ ᠠᠵᠤ ᠦᠶ᠋ᠯᠡᠰ》 ᠢ᠋ ᠲᠦᠷᠭᠡᠳᠭᠡᠨ ᠳᠡᠭᠡᠭ᠌ᠰᠢᠯᠡᠭᠦᠯᠦᠨ᠎ᠡ᠃ ᠤᠶᠤᠨᠴᠢᠯᠠᠯᠲᠠ᠂ ᠪᠣᠬᠢᠷᠲᠤᠯ ᠦᠭᠡᠢᠵᠢᠯᠲᠠ᠂ ᠠᠭᠤᠰᠤᠯᠴᠠᠯ᠎ᠤᠨ ᠴᠢᠭ᠌ᠯᠡᠯ᠎ᠢ ᠪᠠᠷᠢᠮᠲᠠᠯᠠᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ 《ᠥᠨᠳᠥᠷ ᠤᠨᠠᠯᠲᠠ ᠥᠨᠳᠥᠷ ᠦᠷ᠎ᠡ ᠠᠱᠢᠭ》 ᠤ᠋ᠨ ᠲᠣᠭᠣᠷᠢᠨ᠎ᠳᠤ ᠪᠣᠬᠢᠷᠲᠤᠯ ᠥᠬᠡᠶ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠢ ᠳᠡᠭᠡᠭ᠌ᠰᠢᠯᠡᠭᠦᠯᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠪᠠᠷ ᠭᠤᠤᠯ ᠪᠣᠯᠭᠠᠵᠤ᠂ ᠭᠠᠷᠤᠯᠲᠠ ᠪᠠ ᠦᠶ᠋ᠯᠡᠳᠪᠦᠷᠢᠯᠡᠯ᠎ᠦᠨ ᠴᠢᠳᠠᠪᠤᠷᠢ᠂ ᠦᠶ᠋ᠯᠡᠳᠪᠦᠷᠢᠯᠡᠯ᠎ᠦᠨ ᠠᠮᠢ ᠠᠬᠤᠶ᠂ ᠭᠠᠷᠤᠯᠲᠠ ᠪᠠ ᠣᠷᠣᠯᠭ᠎ᠠ᠎ᠶ᠋ᠢᠨ ᠨᠡᠮᠡᠭ᠌ᠳᠡᠯ᠎ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠎ᠢ ᠴᠢᠨᠠᠷ ᠰᠠᠢᠲᠠᠶ ᠪᠥᠲᠥᠭᠡᠨ ᠪᠠᠢᠭᠤᠯᠵᠤ᠂ ᠮᠦ᠍ ᠨᠢᠭᠡᠴᠢ᠎ᠶ᠋ᠢᠨ ᠤᠨᠠᠯᠲᠠ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠵᠡᠬᠦᠯᠬᠦ ᠬᠤᠪᠢ ᠨᠡᠮᠡᠷᠢ᠎ᠶ᠋ᠢᠨ ᠨᠣᠷᠮ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠳᠡᠭᠡᠭ᠌ᠰᠢᠯᠡᠭᠦᠯᠵᠦ᠍᠂ ᠲᠤᠲᠤᠷᠭ᠎ᠠ᠂ ᠡᠷᠳᠡᠨᠢ ᠱᠢᠰᠢ᠂ ᠮᠢᠬᠠᠨ᠎ᠤ ᠵᠦᠶ᠋ᠯ ᠵᠡᠷᠭᠡ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠪᠠ ᠭᠦᠶ᠋ᠯᠭᠡᠭᠡ᠎ᠶ᠋ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠣᠶ ᠱᠢᠭᠤᠶ᠎ᠶ᠋ᠢᠨ 《ᠳᠥᠷᠪᠡᠨ ᠬᠥᠮᠥᠷᠭᠡ》 ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠬᠦᠨᠳᠦ ᠡᠭᠦᠷᠭᠡ᠎ᠶ᠋ᠢ ᠡᠷᠡᠰ ᠡᠭᠦᠷᠭᠡᠯᠡᠨ᠎ᠡ᠃ 《ᠱᠢᠨ᠎ᠡ᠎ᠶ᠋ᠢ ᠡᠭᠦᠳᠬᠦ᠌ ᠲᠡᠢᠰᠢ ᠪᠤᠬᠢᠷᠳᠤᠯ ᠦᠭᠡᠢ ᠲᠡᠢᠰᠢ》 ᠬᠦᠭᠵᠢᠬᠦ᠎ᠶ᠋ᠢᠨ ᠲᠣᠭᠣᠷᠢᠨ᠎ᠳᠤ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠢᠯᠡᠳᠪᠦᠷᠢ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠬᠤ᠎ᠪᠠᠷ ᠭᠣᠣᠯ ᠪᠣᠯᠭᠠᠨ᠂ ᠵᠢᠨ ᠹᠧᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠤᠬᠢᠷᠳᠤᠯ ᠦᠭᠡᠢ ᠮᠧᠲ᠋ᠢᠯ ᠠᠯᠺᠣᠣᠯ᠎ᠤᠨ ᠲᠥᠷᠥᠯ ᠵᠦᠢᠯ᠎ᠢᠶᠡᠷ ᠲᠠᠭᠠᠭᠤᠯᠤᠭᠴᠢ ᠪᠣᠯᠭᠠᠵᠤ᠂ ᠪᠤᠬᠢᠷᠳᠤᠯ ᠦᠭᠡᠢ ᠤᠰᠤᠲᠥ᠋ᠷᠥᠭ᠌ᠴᠢ ᠦᠢᠯᠡᠳᠴᠦ᠍ ᠬᠠᠳᠠᠭᠠᠯᠠᠵᠤ ᠬᠡᠷᠡᠭ᠌ᠯᠡᠬᠦ᠌ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠤᠨ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠪᠣᠬᠢᠷᠲᠤᠯ ᠦᠭᠡᠶ ᠤᠰᠤᠲᠥ᠋ᠷᠥᠭ᠌ᠴᠢ ᠱᠢᠪᠲᠦᠷ᠎ᠦᠨ ᠠᠯᠺᠣᠣᠯ(ᠤᠰᠤᠲᠥ᠋ᠷᠥᠭ᠌ᠴᠢᠲᠦ ᠡᠨᠧᠷᠭᠢ) ᠤ᠋ᠨ ᠶᠡᠷᠦᠩᠬᠡᠢᠯᠡᠭ᠌ᠰᠡᠨ ᠠᠵᠤ ᠦᠢᠯᠡᠰ᠎ᠦᠨ ᠰᠠᠭᠤᠷᠢᠨ᠎ᠢ ᠪᠤᠶ ᠪᠣᠯᠭᠠᠨ᠎ᠠ᠃ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ ᠪᠠ ᠢᠷᠡᠭᠡᠳᠦᠶ᠎ᠶ᠋ᠢᠨ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠵᠦ᠍᠂ 《ᠤᠢᠷ᠎ᠠ ᠤᠭᠲᠠᠷᠭᠤᠢ + ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ᠂ ᠲᠠᠷᠢᠶᠠᠯᠠᠩ ᠣᠶ ᠱᠢᠭᠤᠶ᠎ᠶ᠋ᠢᠨ ᠠᠵᠢᠯ᠂ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ》 ᠵᠡᠷᠭᠡ᠎ᠶᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠲᠣᠮᠣ ᠵᠠᠭ᠍ᠪᠤᠷ᠎ᠤᠨ ᠬᠡᠷᠡᠭ᠌ᠯᠡᠯᠲᠡ᠎ᠶ᠋ᠢ ᠰᠦᠪᠡᠭ᠌ᠴᠢᠯᠡᠨ ᠠᠬᠢᠭᠤᠯᠤᠨ᠎ᠠ᠃ 《ᠦᠵᠡᠮᠵᠢ ᠵᠠᠩ ᠦᠢᠯᠡ》 ᠶ᠋ᠢᠨ ᠲᠣᠭᠣᠷᠢᠨ᠎ᠳᠤ ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠦᠶ᠋ᠯᠡᠰ᠎ᠢ ᠳᠡᠭᠡᠭ᠌ᠰᠢᠯᠡᠭᠦᠯᠵᠦ᠍᠂ ᠷᠠᠱᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ᠎ᠤ ᠳᠠᠬᠢᠨ ᠱᠢᠯᠭᠠᠨ ᠪᠠᠢᠴᠠᠭᠠᠯᠲᠠ ᠳ᠋ᠤ ᠴᠢᠨᠠᠷ ᠰᠠᠢᠲᠠᠶ ᠬᠠᠷᠢᠭᠤᠯᠳᠠ ᠵᠢᠨ ᠬᠠᠭᠤᠳᠠᠰᠤ ᠲᠤᠰᠢᠶᠠᠬᠤ ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠬᠠᠲᠠᠭᠤ ᠲᠣᠨᠣᠭ᠂ ᠡᠵᠡᠩᠨᠡᠯᠲᠡ᠎ᠶ᠋ᠢᠨ ᠬᠡᠯᠪᠡᠷᠢ ᠪᠠ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠬᠠᠯᠠᠭᠤᠨ ᠷᠠᠱᠢᠶᠠᠨ᠂ ᠷᠠᠱᠢᠶᠠᠨ᠂ ᠮᠥᠰᠥ᠍ ᠴᠠᠰᠤ ᠵᠡᠷᠭᠡ ᠳᠠᠪᠠᠭᠤᠯᠢᠭ ᠡᠬᠢ ᠪᠠᠶᠠᠯᠢᠭ᠎ᠢ ᠰᠠᠢᠲᠤᠷ ᠬᠡᠷᠡᠭ᠌ᠯᠡᠨ᠎ᠡ᠃ ᠰᠣᠶᠣᠯ ᠵᠢᠭᠤᠯᠴᠢᠯᠠᠯ᠎ᠤᠨ ᠠᠵᠤ ᠦᠶ᠋ᠯᠡᠰ ᠬᠢᠭᠡᠳ ᠮᠠᠯ ᠠᠵᠤ ᠠᠬᠤᠶ ᠲᠠᠷᠢᠶᠠᠯᠠᠩ᠂ ᠪᠡᠶ᠎ᠡ᠎ᠶ᠋ᠢᠨ ᠲᠠᠮᠢᠷ᠂ ᠰᠤᠷᠭᠠᠨ ᠬᠥᠮᠦᠵᠢᠯ᠂ ᠡᠷᠡᠭᠦᠯᠵᠢᠯ ᠰᠤᠪᠢᠯᠠᠯᠲᠠ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠥᠪᠡᠷᠮᠢᠴᠡ ᠣᠨᠴᠠᠯᠢᠭ᠍ᠲᠤ ᠲᠥᠷᠥᠯ ᠲᠡᠮᠳᠡᠭ᠌᠎ᠢ ᠡᠬᠦᠳᠦᠨ᠎ᠠ᠃ 《ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ》 ᠶ᠋ᠢᠨ ᠲᠣᠭᠣᠷᠢᠨ᠎ᠳᠤ ᠴᠢᠨᠠᠷ ᠰᠠᠢᠲᠠᠶ ᠥᠨᠳᠥᠷ ᠦᠷ᠎ᠡ ᠠᠱᠢᠭ᠍ᠲᠤ ᠦᠶ᠋ᠯᠡᠴᠢᠯᠡᠭᠡᠨ᠎ᠦ ᠦᠶ᠋ᠯᠡᠰ᠎ᠢ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠶ᠋ᠢᠨ ᠲᠥᠷᠥᠯ ᠵᠦᠶ᠋ᠯ᠎ᠢ ᠤᠬᠠᠭᠠᠯᠠᠨ ᠲᠥᠯᠥᠪᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠮᠢᠳᠤᠷᠠᠯ᠎ᠤᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠴᠢᠨᠠᠷ ᠰᠠᠢᠲᠠᠶ᠂ ᠣᠯᠠᠨ ᠶᠠᠩᠵᠤᠲᠤ᠂ ᠳᠥᠬᠦᠮ ᠦᠵᠡᠬᠦᠯᠬᠦ ᠪᠤᠯᠭᠠᠨ ᠬᠥᠭ᠌ᠵᠢᠭᠦᠯᠬᠦ᠎ᠶ᠋ᠢ ᠠᠬᠢᠭᠤᠯᠤᠨ᠎ᠠ᠃ ᠬᠢᠩᠭᠠᠨ ᠠᠢᠮᠠᠭ᠎ᠤᠨ ᠲᠤᠲᠤᠷᠭ᠎ᠠ ᠵᠡᠷᠭᠡ ᠬᠢᠩᠭᠠᠨ ᠠᠢᠮᠠᠭ᠎ᠤᠨ ᠰᠠᠢᠨ ᠦᠢᠯᠡᠳᠬᠦᠨ᠎ᠢ ᠪᠡᠭᠡᠵᠢᠩ᠎ᠳᠦ ᠣᠷᠣᠭᠤᠯᠬᠤ᠂ ᠱᠧᠨᠵᠧᠨ᠎ᠳᠦ ᠣᠷᠣᠭᠤᠯᠬᠤ ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠨᠠᠩ ᠣᠯᠠᠨ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠢᠩᠭᠠᠨ᠎ᠡᠴᠡ ᠭᠠᠳᠠᠭᠰᠢ ᠭᠠᠷᠭᠠᠨ᠎ᠠ᠃ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠲᠦᠷᠭᠡᠳᠭᠡᠨ ᠪᠠᠢᠭᠤᠯᠵᠤ᠂ ᠮᠣᠩᠭᠣᠯ᠂ ᠣᠷᠣᠰ᠂ ᠺᠣᠷᠢᠶᠠ ᠵᠡᠷᠭᠡ ᠤᠯᠤᠰ ᠵᠢᠴᠢ ᠭᠠᠵᠠᠷ ᠣᠷᠣᠨ᠎ᠳᠤ ᠨᠡᠭᠡᠭᠡᠯᠲᠡ ᠬᠢᠬᠦ᠌ ᠬᠦᠷᠢᠶ᠎ᠡ ᠴᠠᠷᠠᠭ᠎ᠠ ᠪᠠ ᠳᠡᠰ ᠳᠠᠪᠬᠤᠷᠭ᠎ᠠ᠎ᠶ᠋ᠢ ᠤᠯᠠᠮ ᠨᠢᠭᠡ ᠠᠯᠬᠤᠮ ᠥᠷᠭᠡᠳᠭᠡᠨ᠎ᠡ᠃
ᠬᠠᠯᠠᠭᠤᠨ ᠲᠤᠯᠠᠭᠠᠬᠠᠨ ᠬᠤᠪᠢᠰᠭᠠᠯᠲᠤ ᠬᠢᠩᠭᠠᠨ᠎ᠤ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠡᠯ᠎ᠡ ᠵᠦᠶ᠋ᠯ᠎ᠦᠨ ᠠᠵᠢᠯ᠎ᠢ ᠠᠷᠠᠳ ᠣᠯᠠᠨ᠎ᠤ ᠰᠡᠳᠭᠢᠯᠳᠤᠬᠠᠨᠤᠮᠵᠢᠲᠠᠢ ᠪᠤᠯᠲᠠᠯᠠ᠌ ᠬᠢᠬᠦ᠎ᠶ᠋ᠢ ᠪᠠᠷᠢᠮᠲᠠᠯᠠᠵᠤ᠂ ᠶᠡᠬᠡ ᠤᠯᠠᠭᠠᠨᠬᠣᠲᠠ ᠬᠤᠳᠠ ᠵᠢᠨ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠴᠢᠨᠠᠷ ᠰᠠᠢᠲᠠᠶ ᠣᠯᠠᠨ ᠨᠡᠢᠲᠡ᠎ᠶ᠋ᠢᠨ ᠦᠶ᠋ᠯᠡᠴᠢᠯᠡᠭᠡ ᠪᠠ ᠠᠵᠤ ᠦᠶ᠋ᠯᠡᠰ᠎ᠦᠨ ᠬᠥᠳᠡᠭᠡ ᠲᠣᠰᠭᠣᠨ᠎ᠢ ᠨᠥᠯᠥᠭᠡᠯᠡᠨ ᠳᠠᠢᠴᠢᠯᠠᠬᠤ ᠦᠶ᠋ᠯᠡᠳᠦᠯ᠎ᠢ ᠴᠢᠩᠭᠠᠳᠭᠠᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠮᠦᠰ᠎ᠦᠨ ᠣᠷᠣᠱᠢᠨ ᠰᠠᠭᠤᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠠᠷᠢᠶᠠᠯᠠᠭ᠍ᠳᠠᠬᠤᠢ ᠲᠥᠷᠥᠭ᠌ᠳᠡᠯ᠎ᠲᠡᠶ ᠬᠠᠯᠠᠭᠤᠨ ᠲᠤᠯᠠᠭᠠᠬᠠᠨ ᠬᠢᠩᠭ᠎ᠠ᠎ᠨᠢ ᠬᠠᠮᠲᠤ᠎ᠪᠠᠷ ᠪᠥᠲᠥᠭᠡᠨ ᠪᠠᠢᠭᠤᠯᠤᠨ᠎ᠠ᠃ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠪᠠᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠪᠠ ᠦᠨᠳᠦᠰᠦᠨ ᠱᠠᠲᠤᠨ᠎ᠤ ᠵᠥᠷᠢᠴᠡᠯ᠎ᠢ ᠱᠢᠢᠳᠪᠦᠷᠢᠯᠡᠬᠦ᠌ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠠᠳᠭᠤᠵᠤ᠂ ᠬᠢᠯᠢ ᠬᠢᠵᠠᠭᠠᠷ᠎ᠢ ᠮᠠᠨᠳᠤᠭᠤᠯᠵᠤ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠦ ᠬᠢᠯᠢ ᠬᠢᠵᠠᠭᠠᠷ᠎ᠢ ᠪᠡᠬᠢᠵᠢᠭᠦᠯᠬᠦ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠬᠤ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌᠂ ᠰᠤᠷᠭᠠᠨ ᠬᠥᠮᠦᠵᠢᠯ ᠡᠮ ᠡᠮᠨᠡᠯᠭᠡ᠎ᠶ᠋ᠢᠨ ᠬᠠᠩᠭᠠᠯᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠭᠣᠣᠯᠳᠠᠯᠭ᠎ᠠ᠎ᠲᠠᠶ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃