ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠬᠤ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢᠨ ᠲᠥᠷᠥᠯ
ᠵᠦᠢᠯ᠎ᠦᠨ ᠰᠠᠨᠠᠭᠤᠯᠭ᠎ᠠ᠎ᠶᠢᠨ ᠪᠢᠴᠢᠭ᠎ᠦᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠴᠣᠬᠣᠯᠠᠪᠤᠷᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ
ᠵᠥᠪᠯᠡᠯ ᠳ᠋ᠤ᠄
ᠲᠠᠨ᠎ᠤ ᠬᠣᠷᠢᠶᠠᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠠᠨᠠᠭᠠᠬᠤ ᠤᠬᠠᠭᠠᠨ᠎ᠤ
ᠪᠠᠴᠢᠮ ᠠᠪᠤᠷᠠᠨ ᠲᠤᠰᠠᠯᠠᠬᠤ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠰᠠᠨᠠᠭᠤᠯᠭ᠎ᠠ᠎ᠶᠢᠨ
ᠪᠢᠴᠢᠭ᠎ᠢ ᠴᠣᠬᠣᠯᠠᠪᠤᠷᠢᠯᠠᠭᠤᠯᠬᠤᠪᠠᠷ ᠭᠤᠶᠤᠴᠢᠯᠠᠬᠤ ᠲᠤᠬᠠᠢ ᠠᠯᠪᠠᠨ ᠪᠢᠴᠢᠭ》 ( ᠥᠪᠥᠷ ᠮᠤᠩᠭᠤᠯ ᠡᠷᠡᠭᠦᠯ ᠬᠠᠮᠠᠭᠠᠯᠠᠯ ᠲᠣᠭᠲᠠᠭᠠᠯ
ᠠᠯᠪᠠᠨ ᠪᠢᠴᠢᠭ[2025]849 ᠳ᠋ᠤᠭᠡᠷ ᠲᠣᠭᠠᠲᠤ )᠎ᠢ ᠣᠯᠵᠤ ᠣᠢᠯᠠᠭᠠᠪᠠ᠃ ᠰᠤᠳᠤᠯᠬᠤ᠎ᠪᠠᠷ
ᠳᠠᠮᠵᠢᠭᠠᠳ ᠤᠳᠤ ᠳᠣᠣᠷᠠᠬᠢ ᠮᠡᠲᠦ ᠴᠣᠬᠣᠯᠠᠪᠤᠷᠢᠯᠠᠶ᠎ᠠ᠄
ᠨᠢᠭᠡ᠂ ᠲᠥᠷᠥᠯ ᠵᠦᠢᠯ᠎ᠦᠨ
ᠪᠦᠲᠦᠭᠡᠨ ᠪᠠᠢᠭᠤᠯᠤᠯᠲᠠ᠎ᠶᠢᠨ ᠴᠢᠬᠤᠯᠠ ᠴᠢᠨᠠᠷ᠃
ᠤᠯᠤᠰ᠎ᠤᠨ ᠠᠨᠠᠭᠠᠬᠤ ᠤᠬᠠᠭᠠᠨ᠎ᠤ
ᠪᠠᠴᠢᠮ ᠠᠪᠤᠷᠠᠨ ᠲᠤᠰᠠᠯᠠᠬᠤ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠨᠢᠭᠡᠨᠲᠡ ᠤᠯᠤᠰ᠎ᠤᠨ
ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ 《ᠠᠷᠪᠠᠨ ᠳᠥᠷᠪᠡᠳᠦᠭᠡᠷ ᠲᠠᠪᠤᠨ
ᠵᠢᠯ》 ᠤᠨ ᠬᠤᠭᠤᠴᠠᠭᠠᠨ᠎ᠳᠠᠬᠢ ᠭᠣᠣᠯᠳᠠᠯᠭ᠎ᠠ᠎ᠲᠠᠢ ᠬᠡᠷᠡᠭᠵᠢᠭᠦᠯᠬᠦ
ᠲᠥᠷᠥᠯ ᠵᠦᠢᠯ ᠪᠠ ᠪᠥᠬᠥ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠠᠵᠢᠯ᠎ᠤᠨ ᠭᠣᠣᠯᠳᠠᠯᠭ᠎ᠠ᠎ᠲᠠᠢ
ᠡᠭᠦᠷᠭᠡ᠎ᠳᠦ ᠣᠷᠣᠭᠤᠯᠵᠤ᠂ 2023 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ
ᠬᠣᠷᠢᠶ᠎ᠠ ᠤᠯᠤᠰ᠎ᠤᠨ ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠬᠤ ᠰᠠᠭᠤᠷᠢᠨ᠎ᠤ ᠲᠥᠷᠥᠯ ᠵᠦᠢᠯ᠎ᠦᠨ ᠨᠥᠭᠡᠴᠡᠯᠡᠬᠦ
ᠬᠥᠮᠥᠷᠭᠡ᠎ᠳᠦ ᠰᠣᠩᠭᠣᠭᠳᠠᠨ ᠣᠷᠣᠪᠠ᠃ ᠲᠣᠰ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠬᠡᠷᠡᠭᠵᠢᠭᠦᠯᠬᠦ
ᠨᠢ ᠲᠤᠬᠠᠢ᠎ᠶᠢᠨ ᠲᠠᠯᠠᠪᠠᠶ᠎ᠶᠢᠨ ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ
ᠪᠠ ᠭᠥᠯᠢᠶᠡᠨ ᠠᠪᠴᠤ ᠡᠮᠨᠡᠨ ᠵᠠᠰᠠᠬᠤ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠭᠡᠨᠡᠳᠲᠡ᠎ᠶᠢᠨ
ᠬᠦᠨᠳᠦ ᠶᠡᠬᠡ ᠭᠠᠢ ᠭᠠᠮᠰᠢᠭ᠋᠎ᠤᠨ ᠡᠨᠳᠡᠯ ᠪᠠ ᠠᠮᠤᠷ ᠲᠦᠪᠰᠢᠨ᠎ᠦ ᠬᠡᠷᠡᠭ ᠵᠢᠴᠢ ᠬᠦᠨᠳᠦ ᠨᠣᠴᠢᠲᠠᠢ ᠭᠡᠮᠲᠦᠯ
ᠢ ᠠᠷᠭᠠᠴᠠᠭᠠᠬᠤ ᠨᠢᠭᠡ ᠴᠣᠭᠴᠠᠵᠢᠭᠤᠯᠤᠭᠰᠠᠨ ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠬᠤ ᠰᠢᠰᠲᠧᠮ᠎ᠢ
ᠪᠠᠢᠭᠤᠯᠤᠨ᠂ ᠡᠮᠴᠢᠯᠡᠭᠡᠨ᠎ᠦ ᠠᠪᠤᠷᠠᠨ ᠲᠤᠰᠠᠯᠠᠬᠤ᠎ᠶᠢᠨ ᠮᠡᠳᠡᠭᠡ ᠵᠠᠩᠭᠢᠵᠢᠯᠲᠠ᠎ᠶᠢᠨ ᠵᠢᠯᠣᠭᠣᠳᠤᠯᠭ᠎ᠠ ᠪᠠ
ᠪᠣᠰᠣᠭ᠎ᠠ ᠴᠣᠭᠴᠠᠲᠤ ᠬᠠᠮᠵᠢᠯᠴᠠᠨ ᠠᠪᠤᠷᠠᠨ ᠲᠤᠰᠠᠯᠠᠬᠤ᠎ᠶᠢ ᠲᠡᠭᠦᠯᠳᠡᠷᠵᠢᠭᠦᠯᠵᠦ᠂ ᠠᠨᠠᠭᠠᠬᠤ ᠤᠬᠠᠭᠠᠨ᠎ᠤ ᠪᠠᠴᠢᠮ
ᠠᠪᠤᠷᠠᠨ ᠲᠤᠰᠠᠯᠠᠬᠤ ᠡᠩᠨᠡᠭᠡ᠎ᠶᠢᠨ ᠲᠣᠨᠣᠭ ᠲᠥᠬᠦᠭᠡᠷᠦᠮᠵᠢ᠎ᠶᠢᠨ ᠪᠠᠲᠤᠯᠠᠭ᠎ᠠ ᠪᠠ ᠠᠯᠤᠰ᠎ᠠᠴᠠ ᠬᠦᠷᠭᠡᠬᠦ ᠴᠢᠳᠠᠪᠤᠷᠢ᠎ᠶᠢ
ᠴᠢᠩᠭᠠᠳᠬᠠᠨ᠂ ᠠᠭᠠᠷ ᠠᠶᠠᠯᠠᠯ᠎ᠤᠨ ᠡᠮᠴᠢᠯᠡᠭᠡᠨ᠎ᠦ ᠠᠪᠤᠷᠠᠨ ᠲᠤᠰᠠᠯᠠᠬᠤ ᠲᠤᠷᠰᠢᠯᠭ᠎ᠠ ᠪᠠ ᠪᠣᠳᠠᠲᠤ ᠦᠷ᠎ᠡ ᠪᠦᠲᠦᠮᠵᠢ᠎ᠶᠢ
ᠬᠤᠷᠠᠮᠳᠤᠭᠤᠯᠵᠤ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠪᠠ ᠰᠢᠨᠵᠢᠯᠡᠭᠡᠨ᠎ᠦ ᠪᠠᠢᠭᠤᠯᠤᠯᠲᠠ᠎ᠶᠢ
ᠲᠦᠷᠭᠡᠳᠬᠡᠨ ᠠᠬᠢᠭᠤᠯᠬᠤ ᠪᠣᠯᠣᠨ᠎ᠠ᠃ ᠡᠢᠮᠦ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ
ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠬᠤ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ
ᠪᠦᠲᠦᠭᠡᠨ ᠪᠠᠶ᠋ᠢᠭᠤᠯᠬᠤ ᠨᠢ ᠲᠤᠩ ᠴᠢᠬᠤᠯᠠᠲᠠᠢ ᠶᠤᠮ᠃
ᠬᠣᠶᠠᠷ᠂ ᠲᠥᠷᠥᠯ ᠵᠦᠢᠯ᠎ᠦᠨ
ᠨᠡᠷᠡᠢᠳᠦᠯ ᠵᠢᠴᠢ ᠣᠷᠣᠯᠠᠬᠤ ᠺᠤᠳ᠋
ᠲᠥᠷᠥᠯ ᠵᠦᠢᠯ᠎ᠦᠨ ᠨᠡᠷᠡᠢᠳᠦᠯ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠬᠤ
ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ
ᠲᠦᠷᠦᠯ ᠵᠦᠢᠯ᠎ᠦᠨ ᠣᠷᠣᠯᠠᠬᠤ
ᠺᠣᠳ᠋᠄ 2511-150105-04 -01-232990
ᠭᠤᠷᠪᠠ᠂ ᠲᠥᠷᠥᠯ ᠵᠦᠢᠯ᠎ᠦᠨ
ᠪᠦᠲᠦᠭᠡᠨ ᠪᠠᠢᠭᠤᠯᠤᠯᠲᠠ᠎ᠶᠢᠨ ᠬᠠᠶᠢᠭ᠋
ᠲᠤᠰ ᠲᠥᠷᠥᠯ ᠵᠦᠢᠯ᠎ᠦᠨ ᠪᠦᠲᠦᠭᠡᠨ
ᠪᠠᠢᠭᠤᠯᠤᠯᠲᠠ᠎ᠶᠢᠨ ᠭᠠᠵᠠᠷ ᠨᠢ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠵᠣᠣ ᠤᠳᠠ ᠵᠠᠮ᠎ᠤᠨ 20 ᠳ᠋ᠤᠭᠠᠷ
ᠨᠤᠮᠸᠷ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶᠠᠨ᠎ᠤ ᠳᠣᠲᠣᠷ᠎ᠠ
) ᠲᠸ᠋ ᠪᠤᠶ᠃
ᠳᠥᠷᠪᠡ᠂ ᠪᠦᠲᠦᠭᠡᠨ ᠪᠠᠢᠭᠤᠯᠤᠯᠲᠠ᠎ᠶᠢᠨ
ᠬᠡᠪᠴᠢᠶ᠎ᠡ ᠵᠢᠴᠢ ᠭᠣᠣᠯ ᠪᠣᠯᠬᠤ ᠪᠦᠲᠦᠭᠡᠨ ᠪᠠᠢᠭᠤᠯᠤᠯᠲᠠ᠎ᠶᠢᠨ ᠠᠭᠤᠯᠭ᠎ᠠ᠃
ᠲᠥᠷᠥᠯ ᠵᠦᠢᠯ᠎ᠦᠨ ᠡᠵᠡᠯᠡᠬᠦ
ᠲᠠᠯᠠᠪᠠᠶ ᠨᠢ 2500 ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠠᠷᠢᠯᠭ᠎ᠠ᠎ᠶᠢᠨ ᠲᠠᠯᠠᠪᠠᠶ ᠨᠢ 35000 ᠲᠡᠭᠰᠢ
ᠳᠥᠷᠪᠡᠯᠵᠢᠨ ᠮᠧᠲᠷ ( ᠭᠠᠵᠠᠷ ᠳᠡᠭᠡᠷᠡᠬᠢ ᠲᠠᠯᠠᠪᠠᠶ ᠨᠢ 26450 ᠲᠡᠭᠰᠢ ᠳᠥᠷᠪᠡᠯᠵᠢᠨ ᠮᠧᠲᠷ᠂ ᠭᠠᠵᠠᠷ ᠳᠣᠣᠷᠠᠬᠢ
ᠲᠠᠯᠠᠪᠠᠶ ᠨᠢ 8550 ᠲᠡᠭᠰᠢ ᠳᠥᠷᠪᠡᠯᠵᠢᠨ ᠮᠧᠲᠷ ) ᠪᠠᠢᠵᠤ᠂ ᠪᠠᠴᠢᠮ ᠪᠠᠢᠳᠠᠯ᠎ᠢ ᠠᠷᠭᠠᠴᠠᠭᠠᠬᠤ ᠶᠡᠷᠦᠩᠬᠡᠢᠯᠡᠭᠰᠡᠨ
ᠠᠰᠠᠷ ᠪᠣᠯᠣᠨ ᠬᠠᠮᠢᠶ᠎ᠠ ᠪᠦᠬᠦᠢ ᠳᠠᠭᠠᠯᠲᠠ ᠢᠵᠢ ᠪᠦᠷᠢᠳᠦᠭᠦᠯᠬᠦ ᠳᠦᠬᠦᠭᠡᠷᠦᠮᠵᠢ᠎ᠶᠢ ᠰᠢᠨ᠎ᠡ᠎ᠪᠡᠷ ᠪᠠᠶ᠋ᠢᠭᠤᠯᠬᠤ᠂
998 ᠰᠠᠤᠷᠢ ( ᠢᠵᠢ ) ᠡᠮᠴᠢᠯᠡᠭᠡᠨ᠎ᠦ ᠲᠥᠬᠦᠭᠡᠷᠦᠮᠵᠢ ᠬᠤᠳᠠᠯᠳᠤᠨ ᠠᠪᠬᠤ ᠬᠢᠭᠡᠳ ᠬᠠᠮᠢᠶ᠎ᠠ ᠪᠦᠬᠦᠢ ᠮᠡᠳᠡᠭᠡ ᠵᠠᠩᠭᠢᠴᠢᠯᠠᠬᠤ ᠪᠠᠢᠭᠤᠯᠤᠯᠲᠠ᠎ᠶᠢ
ᠪᠠᠭᠲᠠᠭᠠᠵᠤ᠂ ᠡᠮᠴᠢᠯᠡᠭᠡᠨ᠎ᠦ ᠣᠷᠣ᠌᠎ᠶᠢ ᠰᠢᠨ᠎ᠡ᠎ᠪᠡᠷ ᠨᠡᠮᠡᠭᠳᠡᠭᠦᠯᠬᠦ ᠦᠭᠡᠢ᠃
ᠲᠠᠪᠤ᠂ ᠶᠡᠷᠦᠩᠬᠡᠢ ᠪᠡᠯᠡ
ᠣᠷᠣᠭᠤᠯᠤᠯᠲᠠ ᠵᠢᠴᠢ ᠪᠡᠯᠡ ᠮᠥᠩᠭᠥ᠎ᠶᠢᠨ ᠢᠷᠡᠯᠲᠡ
ᠲᠥᠷᠥᠯ ᠵᠦᠢᠯ᠎ᠦᠨ ᠶᠡᠷᠦᠩᠬᠡᠢ
ᠪᠡᠯᠡ ᠣᠷᠣᠭᠤᠯᠤᠯᠲᠠ 39600 ᠲᠦᠮᠡᠨ ᠲᠥᠭᠥᠷᠢᠭ ᠪᠠᠢᠵᠤ᠂ ᠪᠡᠯᠡ ᠮᠥᠩᠭᠥ᠎ᠶᠢᠨ ᠢᠷᠡᠯᠲᠡ ᠨᠢ ᠲᠥᠪ᠎ᠦᠨ ᠲᠥᠰᠥᠪ᠎ᠦᠨ
ᠳᠣᠲᠣᠷᠠᠬᠢ ᠪᠡᠯᠡ ᠣᠷᠣᠭᠤᠯᠤᠯᠲᠠ᠎ᠶᠢ ᠭᠤᠶᠤᠴᠢᠯᠠᠬᠤ ᠪᠠ ᠡᠮᠨᠡᠯᠭᠡ᠎ᠶᠢᠨ ᠬᠣᠷᠢᠶ᠎ᠠ ᠥᠪᠡᠰᠦᠪᠡᠨ ᠴᠤᠭᠯᠠᠭᠤᠯᠵᠤ
ᠰᠢᠢᠳᠪᠦᠷᠢᠯᠡᠬᠦ ᠪᠣᠯᠣᠨ᠎ᠠ᠃
ᠵᠢᠷᠭᠤᠭ᠎ᠠ᠂ ᠲᠥᠷᠥᠯ ᠵᠦᠢᠯ᠎ᠦᠨ
ᠪᠦᠲᠦᠭᠡᠨ ᠪᠠᠢᠭᠤᠯᠤᠯᠲᠠ᠎ᠶᠢᠨ ᠬᠤᠭᠤᠴᠠᠭ᠎ᠠ᠃
ᠪᠠᠷᠢᠯᠭ᠎ᠠ ᠵᠢᠨ ᠠᠵᠢᠯ ᠡᠬᠢᠯᠡᠭᠰᠡᠨ᠎ᠡᠴᠡ
ᠬᠣᠶᠠᠷ ᠵᠢᠯ᠃
ᠲᠠᠨ᠎ᠤ ᠪᠠᠢᠭᠤᠯᠭ᠎ᠠ ᠵᠢᠨ
ᠬᠢᠨ ᠡᠭᠦᠨ᠎ᠢ ᠦᠨᠳᠦᠰᠦᠯᠡᠨ ᠪᠦᠲᠦᠭᠡᠨ ᠪᠠᠶ᠋ᠢᠭᠤᠯᠬᠤ ᠲᠥᠰᠥᠯ᠎ᠢᠶᠡᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂《ᠠᠰᠠᠭᠤᠨ ᠯᠠᠪᠯᠠᠵᠤ ᠦᠨᠡᠯᠡᠨ ᠵᠢᠱ᠌ᠢᠬᠦ ᠮᠡᠳᠡᠭᠦᠯᠦᠯᠲᠡ》 ᠲᠠᠢ ᠤᠶᠠᠯᠳᠤᠭᠤᠯᠤᠨ᠂ ᠪᠣᠯᠣᠮᠵᠢᠲᠤ ᠰᠤᠳᠤᠯᠭᠠᠨ᠎ᠤ ᠮᠡᠳᠡᠭᠦᠯᠦᠯᠲᠡ᠎ᠶᠢ ᠬᠢᠨᠠᠨ ᠵᠥᠪᠰᠢᠶᠡᠷᠡᠬᠦᠯᠬᠦ
ᠡᠯ᠎ᠡ ᠵᠦᠢᠯ᠎ᠦᠨ ᠤᠷᠢᠳᠠᠴᠢ ᠨᠥᠬᠥᠴᠡᠯ᠎ᠢ ᠱᠠᠯᠠᠪᠳᠠᠨ ᠨᠠᠢᠳᠠᠪᠤᠷᠢᠵᠢᠭᠤᠯᠵᠤ᠂ 《ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠪᠡᠯᠡ ᠣᠷᠣᠭᠤᠯᠤᠯᠲᠠ᠎ᠶᠢᠨ
ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠤᠨ ᠪᠣᠯᠣᠮᠵᠢᠲᠤ ᠰᠤᠳᠤᠯᠭᠠᠨ᠎ᠤ ᠮᠡᠳᠡᠭᠦᠯᠦᠯᠲᠡ᠎ᠶᠢ ᠨᠠᠢᠷᠠᠭᠤᠯᠤᠨ
ᠪᠢᠴᠢᠬᠦ ᠲᠣᠪᠴᠢ ᠵᠢᠴᠢ ᠲᠣᠳᠣᠷᠬᠠᠢᠯᠠᠯᠲᠠ᠎ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ》 ( ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠪᠡᠯᠡ
ᠤᠷᠤᠭᠤᠯᠤᠯᠲᠠ ᠵᠢᠨ ᠲᠤᠬᠲᠠᠭᠠᠯ [2023]304 ᠳ᠋ᠤᠭᠡᠷ ᠲᠣᠭᠠᠲᠤ ) ᠦᠨ ᠲᠣᠭᠲᠠᠭᠠᠯ ᠶᠣᠰᠣᠭᠠᠷ ᠪᠦᠲᠦᠭᠡᠨ
ᠪᠠᠢᠭᠤᠯᠤᠯᠲᠠ᠎ᠶᠢᠨ ᠲᠦᠷᠦᠯ ᠵᠦᠢᠯ᠎ᠤᠨ ᠪᠣᠯᠣᠮᠵᠢᠲᠤ ᠰᠤᠳᠤᠯᠭᠠᠨ᠎ᠤ ᠮᠡᠳᠡᠭᠦᠯᠦᠯᠲᠡ᠎ᠶᠢ ᠨᠠᠢᠷᠠᠭᠤᠯᠤᠨ ᠵᠣᠬᠢᠶᠠᠵᠤ
ᠮᠠᠨ᠎ᠤ ᠵᠥᠪᠯᠡᠯ᠎ᠳᠦ ᠮᠡᠳᠡᠭᠦᠯᠦᠨ ᠬᠢᠨᠠᠨ ᠵᠥᠪᠰᠢᠶᠡᠷᠡᠭᠦᠯᠦᠭᠡᠷᠡᠢ᠃
ᠡᠢᠨᠬᠦ ᠴᠣᠬᠣᠯᠠᠪᠤᠷᠢᠯᠠᠶ᠎ᠠ᠃
ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ
ᠬᠥᠭᠵᠢᠭᠦᠯᠦᠯᠲᠡ ᠪᠠ ᠥᠭᠡᠷᠡᠴᠢᠯᠡᠯᠲᠡ
ᠶᠢᠨ ᠵᠥᠪᠯᠡᠯ
2025 ᠣᠨ᠎ᠤ 11 ᠰᠠᠷ᠎ᠠ᠎ᠶᠢᠨ
25᠎ᠤ ᠡᠳᠤᠷ
ᠢᠷᠡᠯᠲᠡ ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ