ᠬᠥᠬᠡᠬᠣᠲᠠ᠎ᠶᠢᠨ ᠣᠲᠣ᠌
ᠦᠶ᠎ᠡ᠎ᠶᠢᠨ ᠦᠢᠯᠡᠴᠢᠯᠡᠭᠡᠨ ᠦ ᠠᠵᠢᠯ ᠮᠡᠷᠭᠡᠵᠢᠯ ᠦᠨ
ᠳᠡᠭᠡᠳᠦ ᠰᠤᠷᠭᠠᠭᠤᠯᠢ ᠪᠠᠢᠭᠤᠯᠬᠤ
ᠪᠠᠷ ᠪᠠᠢᠭ᠎ᠠ ᠲᠤᠬᠠᠢ ᠢᠯᠡ ᠨᠡᠢᠲᠡᠯᠡᠯ
《ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤᠨ ᠶᠡᠬᠡ ᠳᠡᠭᠡᠳᠦ ᠰᠤᠷᠭᠠᠭᠤᠯᠢ ᠪᠠᠶ᠋ᠢᠭᠤᠯᠬᠤ ᠲᠥᠯᠦᠪᠵᠢᠭᠦᠯᠭᠡ》ᠵᠢ ᠠᠬᠢᠭᠤᠯᠤᠨ ᠨᠠᠢᠳᠠᠪᠤᠷᠢᠵᠢᠭᠤᠯᠬᠤ ᠶᠢᠨ ᠲᠥᠯᠥᠭᠡ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ᠎ᠦᠨ
ᠬᠠᠤᠯᠢ》᠂《ᠶᠡᠬᠡ ᠳᠡᠭᠡᠳᠦ ᠰᠤᠷᠭᠠᠭᠤᠯᠢ
ᠪᠠᠶ᠋ᠢᠭᠤᠯᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ ) 》᠂《ᠰᠤᠷᠭᠠᠨ ᠬᠥᠮᠦᠵᠢᠯ᠎ᠦᠨ ᠶᠠᠮᠤᠨ᠎ᠤ 〈ᠠᠷᠪᠠᠨ ᠳᠥᠷᠪᠡᠳᠦᠭᠡᠷ
ᠲᠠᠪᠤᠨ ᠵᠢᠯ〉᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠶᠡᠬᠡ ᠳᠡᠭᠡᠳᠦ
ᠰᠤᠷᠭᠠᠭᠤᠯᠢ ᠪᠠᠶ᠋ᠢᠭᠤᠯᠬᠤ ᠠᠵᠢᠯ᠎ᠤᠨ ᠲᠤᠬᠠᠢ ᠰᠠᠨᠠᠯ》 ᠵᠡᠷᠭᠡ
ᠵᠢᠨ ᠬᠣᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ
ᠳᠤ ᠦᠨᠡᠯᠡᠨ ᠶᠠᠷᠢᠯᠴᠠᠬᠤ ᠲᠤᠰᠬᠠᠢ ᠮᠡᠷᠭᠡᠵᠢᠯᠲᠡᠨ᠎ᠦ ᠳᠤᠭᠤᠢᠯᠠᠩ ᠳᠤᠬᠢᠷᠠᠭᠤᠯᠤᠨ ᠰᠢᠯᠭᠠᠨ ᠪᠠᠢᠴᠠᠭᠠᠯᠭᠠᠵᠤ
ᠦᠨᠡᠯᠡᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠦᠨ ᠲᠢᠩᠬᠢᠮ ᠦᠨ ᠨᠠᠮ᠎ᠤᠨ ᠤᠳᠤᠷᠢᠳᠬᠤ
ᠳᠤᠭᠤᠢᠯᠠᠩ ᠤᠨ ᠬᠤᠷᠠᠯ᠎ᠠᠴᠠ ᠰᠤᠳᠤᠯᠤᠨ ᠪᠠᠲᠤᠯᠠᠬᠤ ᠪᠡᠷ ᠳᠠᠮᠵᠢᠨ᠂ ᠣᠲᠣ᠌ ᠥᠪᠡᠷᠲᠡᠭᠡᠨ ᠵᠠᠰᠠᠬᠤ ᠣᠷᠣᠨ ᠤ
ᠠᠷᠠᠳ ᠤᠨ ᠵᠠᠰᠠᠭ᠎ᠤᠨ ᠣᠷᠳᠣᠨ ᠳᠤ ᠳᠡᠪᠰᠢᠭᠦᠯᠦᠨ ᠬᠢᠨᠠᠨ ᠵᠥᠪᠰᠢᠶᠡᠷᠡᠭᠦᠯᠬᠦ ᠪᠡᠷ ᠪᠠᠢᠭ᠎ᠠ ᠬᠥᠬᠡᠬᠣᠲᠠ᠎ᠶᠢᠨ
ᠣᠲᠣ᠌ ᠦᠶ᠎ᠡ᠎ᠶᠢᠨ ᠦᠢᠯᠡᠴᠢᠯᠡᠭᠡᠨ᠎ᠦ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢ ᠪᠠᠢᠭᠤᠯᠬᠤ
ᠵᠦᠢᠯᠡᠰ᠎ᠢ ᠢᠯᠡ ᠨᠡᠢᠲᠡᠯᠡᠶ᠎ᠡ᠃
ᠢᠯᠡ ᠨᠡᠢᠲᠡᠯᠡᠬᠦ ᠴᠠᠭ ᠨᠢ
2025 ᠣᠨ᠎ᠤ 12 ᠰᠠᠷ᠎ᠠ᠎ᠶᠢᠨ 2᠎ᠤᠨ ᠡᠳᠦᠷ — 12 ᠰᠠᠷ᠎ᠠ᠎ᠶᠢᠨ 8᠎ᠤ ᠡᠳᠦᠷ ᠪᠣᠯᠣᠨ᠎ᠠ᠃
ᠰᠤᠷᠭᠠᠭᠤᠯᠢ᠎ᠶᠢᠨ ᠨᠡᠷ᠎ᠡ᠄
ᠬᠥᠬᠡᠬᠣᠲᠠ᠎ᠶᠢᠨ ᠣᠲᠣ᠌ ᠦᠶ᠎ᠡ᠎ᠶᠢᠨ ᠦᠢᠯᠡᠴᠢᠯᠡᠭᠡᠨ᠎ᠦ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ
ᠡᠷᠬᠢᠯᠡᠬᠦ ᠲᠠᠯ᠎ᠠ᠄ ᠬᠥᠬᠡᠬᠣᠲᠠ᠎ᠶᠢᠨ
ᠠᠷᠠᠳ᠎ᠤᠨ ᠵᠠᠰᠠᠭ᠎ᠤᠨ ᠣᠷᠳᠣᠨ
ᠰᠤᠷᠭᠠᠭᠤᠯᠢ ᠡᠷᠬᠢᠯᠡᠬᠦ ᠬᠠᠶᠢᠭ᠋᠄
ᠡᠮᠦᠨ᠎ᠡ ᠰᠤᠷᠭᠠᠭᠤᠯᠢ᠎ᠶᠢᠨ ᠲᠣᠭᠣᠷᠢᠭ᠋ ᠨᠢ ᠥᠪᠥᠷ ᠮᠣᠩᠭᠣᠯ᠎ᠤᠨ ᠬᠣᠷᠢᠨᠭᠡᠷ ᠰᠢᠨ᠎ᠡ ᠲᠣᠭᠣᠷᠢᠭ᠋᠎ᠤᠨ ᠠᠵᠢᠯ
ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠦᠷᠢᠶᠡᠯᠡᠩ ᠲᠣᠭᠣᠷᠢᠭ᠋᠎ᠲᠤ ᠪᠠᠢᠷᠢᠯᠠᠵᠤ᠂ ᠬᠤᠢᠳᠤ ᠰᠤᠷᠭᠠᠭᠤᠯᠢ᠎ᠶᠢᠨ
ᠲᠣᠭᠣᠷᠢᠭ᠋ ᠨᠢ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠢ ᠵᠢᠶᠠᠨ ᠹᠠᠩ ᠲᠣᠰᠬᠣᠨ ( ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠰᠤᠷᠭᠠᠭᠤᠯᠢ᠎ᠶᠢᠨ ᠬᠠᠭᠤᠴᠢᠨ ᠪᠠᠭᠤᠷᠢ ) ᠳ᠋ᠤ ᠪᠠᠢᠷᠢᠯᠠᠵᠤ ᠪᠣᠶ᠃
ᠰᠤᠷᠭᠠᠭᠤᠯᠢ ᠡᠷᠬᠢᠯᠡᠬᠦ ᠰᠢᠨᠵᠢ
ᠴᠢᠨᠠᠷ᠄ ᠠᠯᠪᠠᠨ᠎ᠠᠴᠠ ᠡᠷᠭᠢᠯᠡᠭᠰᠡᠨ ᠲᠤᠰᠬᠠᠢ ᠮᠡᠷᠭᠡᠵᠢᠯ᠎ᠦᠨ ᠲᠠᠰ ᠳᠠᠪᠬᠤᠷᠭ᠎ᠠ᠎ᠶᠢᠨ ᠠᠵᠢᠯ ᠮᠡᠷᠭᠡᠵᠢᠯ᠎ᠦᠨ
ᠰᠤᠷᠭᠠᠭᠤᠯᠢ
ᠢᠯᠡ ᠨᠡᠢᠲᠡᠯᠡᠬᠦ ᠬᠤᠭᠤᠴᠠᠭᠠᠨ᠎ᠳᠤ᠂
ᠬᠡᠷᠪᠡ ᠠᠳᠠᠯᠢ ᠪᠤᠰᠤ ᠰᠠᠨᠠᠯ᠎ᠲᠠᠢ ᠪᠣᠯ ᠪᠢᠴᠢᠭ᠎ᠦᠨ ᠬᠡᠯᠪᠡᠷᠢ᠎ᠪᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠳᠦ ᠳᠤᠷᠠᠳᠬᠤ ᠪᠣᠯᠪᠠᠤ᠃ ᠨᠢᠭᠡᠴᠢ᠎ᠶᠢᠨ ᠨᠡᠷ᠎ᠡ᠎ᠪᠡᠷ ᠣᠨᠳᠣᠣ ᠰᠠᠨᠠᠯ
ᠳᠤᠷᠠᠳᠪᠠᠯ᠂ ᠡᠷᠬᠡᠪᠰᠢ ᠪᠢᠴᠢᠭᠯᠡᠭᠰᠡᠨ ᠣᠨᠳᠣᠣ ᠰᠠᠨᠠᠯ ᠤᠨ ᠮᠠᠲᠧᠷᠢᠶᠠᠯ ᠳᠡᠭᠡᠷ᠎ᠡ ᠲᠤᠰ ᠨᠢᠭᠡᠴᠢ᠎ᠶᠢᠨ᠎ᠢᠶᠡᠨ
ᠠᠯᠪᠠᠨ ᠲᠠᠮᠠᠭ᠎ᠠ ᠶᠢ ᠳᠠᠷᠤᠬᠤ ᠶᠢᠨ ᠬᠠᠮᠲᠤ ᠬᠠᠷᠢᠯᠴᠠᠭ᠍ᠴᠢ᠎ᠶᠢᠨ ᠣᠪᠣᠭ ᠨᠡᠷ᠎ᠡ᠂ ᠴᠢᠮᠡᠭᠡ ᠨᠡᠪᠲᠡᠷᠡᠯᠭᠡ ᠵᠢᠨ ᠬᠠᠶᠢᠭ᠋ ᠪᠣᠯᠣᠨ ᠤᠲᠠᠰᠤ᠎ᠶᠢ ᠲᠣᠳᠣᠷᠬᠠᠢ ᠪᠢᠴᠢᠬᠦ ᠬᠡᠷᠡᠭᠲᠡᠢ; ᠬᠤᠪᠢ ᠬᠥᠮᠥᠨ ᠣᠨᠳᠣᠣ
ᠰᠠᠨᠠᠯ ᠳᠤᠷᠠᠳᠪᠠᠯ᠂ ᠡᠷᠬᠡᠪᠰᠢ ᠦᠨᠡᠨ ᠪᠣᠳᠠᠲᠠᠢ ᠣᠪᠣᠭ ᠨᠡᠷ᠎ᠡ᠎ᠪᠡᠨ ᠪᠢᠴᠢᠬᠦ᠎ᠶᠢᠨ ᠬᠠᠮᠲᠤ ᠲᠤᠰ ᠬᠥᠮᠥᠨ᠎ᠦ
ᠪᠡᠶ᠎ᠡ᠎ᠶᠢᠨ ᠦᠨᠡᠮᠯᠡᠯ᠎ᠦᠨ ᠨᠣᠮᠧᠷ᠂ ᠠᠵᠢᠯᠯᠠᠵᠤ ᠪᠠᠢᠭ᠎ᠠ ᠨᠢᠭᠡᠴᠢ᠂ ᠵᠠᠬᠢᠳᠠᠯ ᠨᠡᠪᠲᠡᠷᠡᠬᠦ ᠬᠠᠶᠢᠭ᠋ ᠪᠠ
ᠤᠲᠠᠰᠤ᠎ᠪᠠᠨ ᠲᠣᠳᠣᠷᠬᠠᠢ ᠪᠢᠴᠢᠬᠦ ᠬᠡᠷᠡᠭᠲᠡᠢ᠃ ᠪᠢᠳᠠ ᠣᠨᠳᠣᠣ ᠰᠠᠨᠠᠯ ᠳᠤᠷᠠᠳᠤᠭᠰᠠᠨ ᠨᠢᠭᠡᠴᠢ ᠪᠠ ᠬᠤᠪᠢ ᠬᠥᠮᠥᠨ᠎ᠦ
ᠨᠢᠭᠤᠴᠠ᠎ᠶᠢ ᠴᠢᠩᠭ᠎ᠠ ᠬᠠᠮᠠᠭᠠᠯᠠᠨ᠎ᠠ᠃ ᠨᠡᠷ᠎ᠡ ᠪᠤᠷᠤᠭᠤᠯᠠᠭᠰᠠᠨ ᠪᠤᠶᠤ ᠬᠤᠭᠤᠴᠠᠭ᠎ᠠ᠎ᠠᠴᠠ ᠬᠡᠲᠦᠷᠡᠭᠰᠡᠨ ᠣᠨᠳᠣᠣ
ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃
ᠵᠠᠬᠢᠳᠠᠯ ᠨᠡᠪᠲᠡᠷᠡᠬᠦ ᠬᠠᠶᠢᠭ᠋᠄
ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷᠲᠡᠬᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠲᠢᠩᠬᠢᠮ ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ
ᠭᠠᠵᠠᠷ
ᠰᠢᠤᠳᠠᠨ ᠳ᠋ᠤᠭᠠᠷ᠄
010010
ᠬᠠᠷᠢᠯᠴᠠᠬᠤ ᠤᠲᠠᠰᠤ᠄
0471 - 2856807
ᠹᠠᠺᠰ᠄ 0471 -
2856723
ᠢᠮᠧᠯ᠄ nmgjytfzghc@126.com
ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ
ᠰᠤᠷᠭᠠᠨ ᠬᠥᠮᠦᠵᠢᠯ᠎ᠦᠨ ᠲᠢᠩᠬᠢᠮ
2025 ᠣᠨ᠎ᠤ 12 ᠰᠠᠷ᠎ᠠ᠎ᠶᠢᠨ
2᠎ᠤᠨ ᠡᠳᠦᠷ
ᠢᠷᠡᠯᠲᠡ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠤᠷᠭᠠᠨ ᠬᠥᠮᠦᠵᠢᠯ᠎ᠦᠨ ᠲᠢᠩᠬᠢᠮ᠎ᠦᠨ ᠠᠯᠪᠠᠨ ᠰᠦᠯᠵᠢᠶ᠎ᠡ