ᠦᠨᠳᠦᠰᠦᠨ ᠱᠠᠲᠤᠨ ᠤ ᠠᠵᠢᠯ ᠣᠯᠭᠣᠯᠲᠠ ᠳ᠋ᠤ ᠡᠳᠡᠭᠡᠷ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ ᠪᠠᠢᠨ᠎ᠠ᠂ ᠥᠷᠭᠡᠨ ᠤᠯᠠᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠠᠩᠬᠠᠷᠤᠭᠠᠷᠠᠢ!
ᠶᠡᠬᠡ ᠳᠡᠭᠡᠳᠦ ᠰᠤᠷᠭᠠᠭᠤᠯᠢ ᠲᠡᠭᠦᠰᠦᠭᠰᠡᠳ《ᠭᠤᠷᠪᠠ᠎ᠶᠢ ᠳᠡᠮᠵᠢᠵᠦ ᠨᠢᠭᠡ᠎ᠶᠢ ᠲᠡᠳᠬᠦᠬᠦ》 ᠲᠥᠯᠥᠪᠯᠡᠭᠡ(ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ᠎ᠢ ᠳᠡᠮᠵᠢᠬᠦ᠂ ᠡᠮᠨᠡᠯᠭᠡ᠎ᠶᠢ ᠳᠡᠮᠵᠢᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠬᠠᠪᠰᠤᠷᠤᠨ ᠲᠡᠳᠬᠦᠬᠦ ᠵᠡᠷᠭᠡ)᠂ ᠪᠠᠭ᠍ᠰᠢ ᠶᠢᠨ ᠣᠨᠴᠠᠭᠠᠶ ᠠᠵᠢᠯ ᠤᠨ ᠪᠠᠢᠷᠢ᠎ᠶᠢᠨ ᠲᠥᠯᠥᠪᠯᠡᠭᠡ᠂ ᠣᠶᠤᠲᠠᠳ᠎ᠤᠨ ᠰᠠᠢᠨ ᠳᠤᠷ᠎ᠠ ᠠ᠋ᠴᠠ ᠪᠠᠨ ᠪᠠᠷᠠᠭᠤᠨ ᠣᠷᠣᠨ᠎ᠳᠤ ᠦᠢᠯᠡᠴᠢᠯᠡᠬᠦ ᠲᠥᠯᠥᠪᠯᠡᠭᠡ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ᠎ᠦ ᠲᠥᠷᠥᠯ ᠵᠦᠢᠯ᠎ᠳᠦ ᠣᠷᠣᠯᠴᠠᠵᠤ ᠪᠤᠯᠤᠨ᠎ᠠ᠂ ᠨᠥᠬᠥᠴᠡᠯ᠎ᠲᠠᠢ ᠭᠠᠵᠠᠷ ᠣᠷᠣᠨ ᠪᠣᠳᠠᠲᠠᠢ ᠪᠠᠢᠳᠠᠯ ᠲᠠᠢ ᠪᠠᠨ ᠤᠶᠠᠯᠳᠤᠭᠤᠯᠤᠨ ᠡᠯᠰᠡᠬᠦ ᠬᠡᠪᠴᠢᠶ᠎ᠡ᠎ᠪᠡᠨ ᠵᠣᠬᠢᠰᠲᠠᠢ ᠥᠷᠭᠡᠳᠬᠡᠬᠦ᠎ᠶᠢ ᠵᠣᠷᠢᠭ᠍ᠵᠢᠭᠤᠯᠤᠨ᠎ᠠ᠃

ᠦᠢᠯᠡᠴᠢᠯᠡᠭᠡᠨ ᠦ ᠬᠤᠭᠤᠴᠠᠭ᠎ᠠ ᠨᠢ ᠳᠠᠭᠤᠰᠴᠤ ᠬᠢᠨᠠᠨ ᠰᠢᠯᠭᠠᠯᠲᠠ᠎ᠳᠤ ᠬᠢᠷᠢ ᠲᠡᠩᠴᠡᠪᠡᠯ ᠲᠣᠭᠲᠠᠭᠠᠯ ᠶᠣᠰᠣᠭᠠᠷ ᠠᠯᠪᠠᠲᠠᠨ ᠡᠯᠰᠡᠬᠦ ᠠᠵᠢᠯ ᠦᠢᠯᠡᠰ᠎ᠦᠨ ᠨᠢᠭᠡᠴᠢ᠎ᠶᠢᠨ ᠲᠤᠰᠬᠠᠢ ᠲᠦᠷᠦᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠠᠩᠬᠠᠨ᠎ᠤ ᠰᠢᠯᠭᠠᠯᠲᠠ᠎ᠳᠤ ᠬᠤᠪᠢ ᠨᠡᠮᠡᠬᠦ ᠵᠡᠷᠭᠡ ᠳᠡᠮᠵᠢᠯᠭᠡ ᠵᠢᠨ ᠲᠥᠷᠥ᠎ᠶᠢᠨ ᠪᠣᠳᠣᠯᠭ᠎ᠠ᠎ᠶᠢ ᠭᠥᠷᠳᠡᠵᠦ ᠪᠣᠯᠣᠨ᠎ᠠ᠃
《ᠣᠶᠤᠲᠠᠳ᠎ᠤᠨ ᠬᠥᠳᠡᠭᠡ ᠲᠣᠰᠬᠣᠨ᠎ᠤ ᠡᠮᠴᠢ᠎ᠶᠢᠨ ᠲᠤᠰᠬᠠᠢ ᠲᠥᠯᠥᠪᠯᠡᠭᠡ》᠎ᠳᠤ ᠣᠷᠣᠯᠴᠠᠭᠰᠠᠨ ᠠᠨᠠᠭᠠᠬᠤ ᠤᠬᠠᠭᠠᠨ᠎ᠤ ᠲᠤᠰᠬᠠᠢ ᠮᠡᠷᠭᠡᠵᠢᠯ᠎ᠦᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠳᠡᠭᠡ ᠲᠣᠰᠬᠣᠨ᠎ᠤ ᠡᠮᠴᠢ᠎ᠶᠢᠨ ᠠᠵᠢᠯ ᠡᠷᠭᠢᠯᠡᠬᠦ ᠳᠠᠩᠰᠠᠯᠠᠯᠲᠠ ᠬᠢᠯᠭᠡᠬᠦ᠎ᠪᠡᠷ ᠰᠢᠯᠭᠠᠭᠤᠯᠬᠤ ᠦᠭᠡᠢ᠎ᠪᠡᠷ ᠭᠤᠶᠤᠴᠢᠯᠠᠵᠤ ᠪᠣᠯᠣᠨ᠎ᠠ᠃
ᠳᠤᠮᠳᠠ ᠪᠠᠷᠠᠭᠤᠨ ᠪᠡᠶ᠎ᠡ ᠵᠢᠨ ᠭᠠᠵᠠᠷ ᠣᠷᠣᠨ ᠪᠣᠯᠣᠨ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ᠎ᠤ ᠦᠨᠳᠦᠰᠦᠨ ᠱᠠᠲᠤᠨ᠎ᠤ ᠨᠢᠭᠡᠴᠢ᠎ᠳᠦ ᠬᠦᠷᠴᠦ ᠠᠵᠢᠯ ᠣᠯᠣᠭᠰᠠᠨ᠂ ᠦᠢᠯᠡᠴᠢᠯᠡᠬᠦ ᠬᠤᠭᠤᠴᠠᠭ᠎ᠠ ᠨᠢ 3 ᠵᠢᠯ᠎ᠡᠴᠡ ᠳᠡᠭᠡᠭᠰᠢ (3 ᠵᠢᠯ ᠪᠠᠭᠲᠠᠨ᠎ᠠ) ᠪᠠᠢᠬᠤ ᠶᠡᠬᠡ ᠳᠡᠭᠡᠳᠦ ᠰᠤᠷᠭᠠᠭᠤᠯᠢ᠎ᠶᠢᠨ ᠲᠣᠰ ᠬᠤᠭᠤᠴᠠᠭᠠᠨ ᠤ ᠲᠡᠭᠦᠰᠦᠭᠰᠡᠳ᠎ᠦᠨ ᠰᠤᠷᠤᠯᠭ᠎ᠠ᠎ᠶᠢᠨ ᠰᠦᠢᠳᠬᠡᠯ᠎ᠢ ᠤᠯᠤᠰ ᠠ᠋ᠴᠠ ᠨᠥᠬᠥᠪᠦᠷᠢᠯᠡᠨ᠎ᠡ᠃
ᠰᠤᠷᠭᠠᠭᠤᠯᠢ ᠳᠤ ᠰᠤᠷᠤᠯᠴᠠᠵᠤ ᠪᠠᠢᠬᠤ ᠬᠤᠭᠤᠴᠠᠭᠠᠨ ᠳᠤ ᠰᠤᠷᠤᠯᠭ᠎ᠠ᠎ᠶᠢᠨ ᠰᠦᠢᠳᠬᠡᠯ᠎ᠳᠦ ᠬᠡᠷᠡᠭᠯᠡᠬᠦ ᠤᠯᠤᠰ᠎ᠤᠨ ᠰᠤᠷᠤᠯᠭ᠎ᠠ ᠶᠢ ᠳᠤᠰᠠᠯᠠᠬᠤ ᠵᠢᠭᠡᠯᠡᠯᠭᠡ᠎ᠶᠢ ᠤᠯᠤᠭᠰᠠᠨ ᠳ᠋ᠤᠨᠢ ᠣᠷᠣᠯᠠᠨ ᠲᠥᠯᠥᠬᠦ ᠰᠤᠷᠤᠯᠭ᠎ᠠ ᠶᠢᠨ ᠰᠦᠢᠳᠬᠡᠯ ᠢ ᠨᠢ ᠤᠷᠢᠳ ᠵᠢᠠᠷ ᠤᠯᠤᠰ᠎ᠤᠨ ᠰᠤᠷᠤᠯᠭ᠎ᠠ᠎ᠶᠢ ᠳᠤᠰᠠᠯᠠᠬᠤ ᠵᠢᠭᠡᠯᠡᠯᠭᠡ ᠶᠢᠨ ᠡᠬᠡ ᠮᠥᠩᠭᠥ ᠵᠢᠴᠢ ᠪᠦᠬᠦᠨ᠎ᠢ ᠲᠥᠯᠥᠬᠦ᠎ᠡᠴᠡ ᠡᠮᠦᠨ᠎ᠡ ᠡᠭᠦᠰᠦᠭᠰᠡᠨ ᠬᠦᠦ ᠮᠥᠩᠭᠥ᠎ᠶᠢ ᠲᠥᠯᠥᠬᠦ᠎ᠳᠦ ᠬᠡᠷᠡᠭᠯᠡᠨ᠎ᠡ᠃
ᠳᠤᠮᠳᠠ ᠪᠠᠷᠠᠭᠤᠨ ᠪᠡᠶ᠎ᠡ ᠵᠢᠨ ᠭᠠᠵᠠᠷ ᠣᠷᠣᠨ᠎ᠤ ᠵᠡᠭᠦᠨ ᠬᠣᠢᠲᠤ ᠣᠷᠣᠨ ᠪᠤᠶᠤ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠵᠡᠷᠭᠡ ᠰᠢᠶᠠᠨ ᠠ᠋ᠴᠠ ᠳᠣᠷᠣᠭ᠍ᠰᠢᠬᠢ ᠠᠯᠪᠠᠨ ᠪᠠᠢᠭᠤᠯᠭ᠎ᠠ ᠵᠢᠨ ᠠᠵᠢᠯ ᠦᠢᠯᠡᠰ᠎ᠦᠨ ᠨᠢᠭᠡᠴᠢ᠎ᠳᠦ ᠠᠵᠢᠯᠯᠠᠵᠤ ᠪᠠᠢᠭ᠎ᠠ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠠᠯᠪᠠᠲᠠᠨ᠎ᠢᠶᠠᠷ ᠰᠢᠨ᠎ᠡ᠎ᠪᠡᠷ ᠡᠯᠰᠡᠭᠳᠡᠭᠰᠡᠨ ᠪᠠᠢᠳᠠᠯ ᠳᠤᠤᠷ᠎ᠠ᠂ ᠲᠤᠷᠰᠢᠨ ᠬᠡᠷᠡᠭᠯᠡᠬᠦ ᠬᠤᠭᠤᠴᠠᠭᠠᠨ᠎ᠤ ᠴᠠᠯᠢᠩ᠎ᠢ ᠰᠢᠭᠤᠳ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ᠎ᠦ ᠳᠠᠷᠠᠭᠠᠬᠢ ᠴᠠᠯᠢᠩ᠎ᠢᠶᠠᠷ ᠲᠣᠭᠲᠠᠭᠠᠵᠤ ᠪᠣᠯᠣᠨ᠎ᠠ᠂ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ ᠦ ᠳᠠᠷᠠᠭᠠᠬᠢ ᠬᠢᠨᠠᠨ ᠰᠢᠯᠭᠠᠯᠲᠠ᠎ᠳᠤ ᠬᠢᠷᠢ ᠲᠡᠩᠴᠡᠭᠰᠡᠨ᠎ᠦ ᠳᠠᠷᠠᠭᠠᠬᠢ ᠲᠠᠰ ᠤᠨ ᠴᠠᠯᠢᠩ ᠢ ᠲᠣᠭᠲᠠᠭᠠᠯ ᠶᠣᠰᠣᠭᠠᠷ ᠨᠢᠭᠡ᠎ᠡᠴᠡ ᠭᠤᠷᠪᠠᠨ ᠲᠠᠰ᠎ᠢᠶᠠᠷ ᠥᠨᠳᠥᠷ ᠲᠣᠭᠲᠠᠭᠠᠵᠤ ᠪᠤᠯᠤᠨ᠎ᠠ᠃
ᠠᠵᠢᠯ ᠦᠢᠯᠡᠰ᠎ᠦᠨ ᠨᠢᠭᠡᠴᠢ᠎ᠶᠢᠨ ᠵᠢᠩᠬᠢᠨᠢ ᠠᠵᠢᠯᠲᠠᠨ᠎ᠢᠶᠠᠷ ᠤᠷᠢᠨ ᠬᠡᠷᠡᠭᠯᠡᠭᠰᠡᠨ᠎ᠢ ᠨᠢ ᠤᠷᠢᠳᠴᠢᠯᠠᠨ ᠵᠢᠩᠬᠢᠨᠢᠴᠢᠯᠡᠵᠦ ᠳᠡᠰ ᠲᠣᠭᠲᠠᠭᠠᠵᠤ ᠪᠣᠯᠣᠨ᠎ᠠ᠂ ᠵᠢᠩᠬᠢᠨᠢᠴᠢᠯᠡᠵᠦ ᠳᠡᠰ ᠲᠣᠭᠲᠠᠭᠠᠬᠤ ᠦᠶ᠎ᠡ᠎ᠶᠢᠨ ᠴᠠᠯᠢᠩ᠎ᠤᠨ ᠳᠡᠰ᠎ᠤᠨ ᠴᠠᠯᠢᠩ᠎ᠢ ᠲᠣᠭᠲᠠᠭᠠᠯ ᠶᠣᠰᠣᠭᠠᠷ ᠨᠢᠭᠡ᠎ᠡᠴᠡ ᠭᠤᠷᠪᠠᠨ ᠳᠡᠰ ᠥᠨᠳᠥᠷ ᠲᠣᠭᠲᠠᠭᠠᠵᠤ ᠪᠤᠯᠤᠨ᠎ᠠ᠃
ᠢᠷᠡᠯᠲᠡ᠄ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ
ᠪᠠᠲᠤᠯᠠᠭ᠎ᠠ ᠵᠢᠨ ᠶᠠᠮᠤᠨ᠎ᠤ ᠵᠢᠷᠬᠢᠶ᠎ᠡ ᠵᠢᠨ ᠳᠠᠪᠴᠠᠡᠭ