ᠨᠠᠮ ᠤ᠋ᠨ ᠭᠡᠱᠢᠭᠦᠨ ᠺᠠᠳ᠋ᠷᠴᠤᠳ ᠣᠯᠠᠨ ᠲᠦᠮᠡᠨ ᠤ᠋ 《ᠣᠷᠴᠢᠭᠤᠯᠤᠭ᠍ᠴᠢ》 ᠪᠣᠯᠬᠤ ᠪᠡᠷ ᠴᠢᠷᠮᠠᠢᠨ᠎ᠠ
2025-12-06 09:54:04
ᠵᠣᠬᠢᠶᠠᠭ᠍ᠴᠢ᠄
ᠰᠦᠩ ᠱᠤᠸᠠᠩ ᠵᠠᠩ ᠢᠦᠶ ᠵᠧᠤ
ᠣᠩᠱᠢᠭ᠍ᠰᠠᠨ ᠣᠳᠠᠭ᠎ᠠ᠄
★★★☆☆

12 ᠰᠠᠷ᠎ᠠ ᠶ᠋ᠢᠨ 1 ᠤ᠋ ᠦᠳᠡ ᠶ᠋ᠢᠨ ᠬᠣᠢᠨ᠎ᠠ᠂ ᠤᠯᠠᠭᠠᠨᠴᠠᠪ ᠬᠤᠳᠠ ᠶ᠋ᠢᠨ ᠵᠢᠨᠢᠩ ᠲᠣᠭᠣᠷᠢᠭ ᠤ᠋ᠨ ᠱᠢᠨ ᠲᠢ ᠯᠦ᠍ ᠵᠡᠭᠡᠯᠢ ᠭᠤᠳᠤᠮᠵᠢ ᠶ᠋ᠢᠨ ᠬᠤᠸᠠᠢ ᠶᠤᠸᠠᠨ ᠪᠸᠢ ᠨᠡᠢᠭᠡᠮ ᠲᠣᠭᠣᠷᠢᠭ ᠤ᠋ᠨ ᠠᠵᠢᠯᠯᠠᠭᠠᠨ ᠤ᠋ ᠵᠢᠵᠢᠭ ᠲᠠᠰᠤᠭ ᠲᠦ᠍ ᠪᠠᠭ᠎ᠠ ᠬᠡᠪᠴᠢᠶᠡᠨ ᠤ᠋ ᠴᠠᠢᠯᠠᠯᠭ᠎ᠠ ᠬᠥᠭ᠌ᠵᠢᠶᠡᠨ ᠲᠡᠶ ᠶᠠᠪᠤᠭ᠍ᠳᠠᠵᠤ᠂ ᠬᠡᠳᠦᠨ ᠬᠠᠭᠤᠴᠢᠨ ᠰᠠᠭᠠᠬᠠᠯᠲᠠ ᠶ᠋ᠢᠨ ᠬᠢᠨ ᠳᠠᠪᠠᠳᠠᠢ ᠰᠠᠭᠤᠯᠴᠠᠵᠦ ᠶᠠᠷᠢᠯᠴᠠᠨ᠎ᠠ᠃

《ᠲᠦᠷᠦᠭᠦᠬᠡᠨ ᠮᠠᠨ ᠤ᠋ ᠨᠠᠰᠤᠲᠠᠨ ᠡᠮᠨᠡᠯᠭᠡ ᠳ᠋ᠦ ᠰᠠᠭᠤᠭᠰᠠᠨ᠂ ᠶᠡᠬᠡ ᠤᠯᠠᠨ ᠵᠣᠭᠣᠰ ᠵᠠᠷᠤᠴᠠᠭᠤᠯᠤᠨ᠎ᠠ ᠭᠡᠵᠦ᠍ ᠪᠤᠳᠤᠭ᠍ᠰᠠᠨ ᠴᠢᠨᠢ ᠤᠯᠤᠰ ᠡᠴᠡ ᠶᠡᠬᠡᠩᠬᠢ ᠵᠠᠷᠤᠳᠠᠯ ᠢ᠋ ᠨᠢ ᠲᠠᠩᠰᠠᠠ ᠡᠴᠡ ᠲᠠᠢᠯᠴᠢᠬᠠᠵᠠᠢ》 ᠭᠡᠵᠦ᠍ ᠨᠢᠭᠡ ᠨᠢ ᠶᠠᠷᠢᠭᠰᠠᠨ ᠨᠢ ᠤᠯᠠᠨ ᠤ᠋ ᠰᠡᠳᠭᠢᠯ ᠢ᠋ ᠬᠥᠳᠡᠯᠭᠡᠪᠡ᠃

ᠬᠠᠵᠠᠭᠤ ᠳ᠋ᠤᠨᠢ ᠰᠠᠭᠤᠵᠤ ᠪᠠᠢᠭ᠍ᠰᠠᠨ ᠨᠡᠢᠭᠡᠮ ᠲᠣᠭᠣᠷᠢᠭ ᠤ᠋ᠨ ᠠᠵᠢᠯᠲᠠᠨ ᠱᠢᠤᠸᠠᠢ ᠳ᠋ᠦᠩ ᠶᠤᠸᠠᠢ ᠦᠬᠡ ᠵᠢ ᠨᠢ ᠡᠯᠭᠦᠵᠦ᠄ 《ᠦᠨᠡᠨᠳᠡᠭᠡᠨ ᠤᠯᠤᠰ ᠡᠴᠡ ᠠᠷᠠᠳ ᠲᠦ᠍ ᠥᠭ᠌ᠭᠦᠭ᠌ᠰᠡᠨ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠮᠠᠰᠢ ᠣᠯᠠᠨ ᠪᠠᠢᠨ᠎ᠠ᠂ ᠡᠮᠴᠢᠯᠡᠭᠡᠨ ᠤ᠋ ᠲᠠᠩᠰᠠᠠ ᠡᠴᠡ ᠲᠠᠢᠯᠬᠤ ᠳᠡᠭᠡᠷ᠎ᠡ ᠢᠯᠡᠷᠡᠵᠦ᠍ ᠪᠠᠢᠬᠤ ᠪᠡᠷ ᠪᠠᠷᠠᠬᠤ ᠥᠬᠡᠶ ᠪᠠᠰᠠ ᠨᠠᠰᠤᠵᠢᠯ ᠤ᠋ᠨ ᠠᠰᠠᠷᠠᠮᠵᠢ᠂ ᠠᠵᠢᠯ ᠣᠯᠭᠣᠯᠲᠠ ᠵᠡᠷᠭᠡ ᠡᠯ᠎ᠡ ᠲᠠᠯ᠎ᠠ ᠳ᠋ᠦ ᠢᠯᠡᠷᠡᠵᠦ᠍ ᠪᠠᠢᠨ᠎ᠠ᠃ ᠡᠨᠡ ᠨᠢ ᠠᠷᠠᠳ ᠤᠯᠠᠨ ᠤ᠋ ᠰᠠᠨᠠᠭᠠᠰᠢᠷᠠᠵᠦ ᠵᠣᠪᠠᠨᠢᠬᠤ ᠶᠠᠪᠤᠳᠠᠯ ᠢ᠋ ᠰᠢᠢᠳᠪᠦᠷᠢᠯᠡᠬᠦ ᠶ᠋ᠢᠨ ᠲᠥᠯᠥᠭᠡ ᠶᠤᠮ》 ᠭᠡᠵᠡᠢ᠃

ᠲᠦᠷᠦ᠍ ᠶ᠋ᠢᠨ ᠪᠤᠳᠤᠯᠭ᠎ᠠ ᠶ᠋ᠢᠨ ᠤᠬᠠᠭᠤᠯᠤᠨ ᠲᠠᠢᠯᠪᠤᠷᠢᠯᠠᠯᠲᠠ ᠨᠢ 《ᠲᠠᠢᠰᠠᠨ ᠳᠡᠭᠡᠷ᠎ᠡ》 ᠪᠠᠢᠭ᠍ᠰᠠᠨ ᠡᠴᠡ ᠪᠠᠨ ᠡᠢᠨ ᠬᠦ᠌ ᠤᠯᠠᠨ ᠤ᠋ ᠳᠡᠷᠭᠡᠳᠡ ᠬᠦᠷᠪᠡ᠃ ᠬᠤᠸᠠᠢ ᠶᠤᠸᠠᠨ ᠪᠧᠶ ᠨᠡᠢᠭᠡᠮ ᠲᠣᠭᠣᠷᠢᠭ ᠳᠡᠳᠦᠢ ᠦᠬᠡᠢ ᠪᠦᠬᠦ ᠤᠯᠠᠭᠠᠨᠴᠠᠪ ᠬᠣᠲᠠ ᠳ᠋ᠦ ᠣᠲᠣ ᠡᠢᠮᠦᠷᠬᠦᠤ 《ᠦᠨᠳᠦᠰᠦᠨ ᠱᠠᠲᠤᠨ ᠳ᠋ᠦ ᠬᠦᠨᠵᠡᠬᠡᠢᠷᠡᠭᠰᠡᠨ》 ᠤᠬᠠᠭᠤᠯᠭ᠎ᠠ ᠪᠠ ᠦᠶ᠋ᠯᠡᠴᠢᠯᠡᠭᠡ ᠨᠢ ᠶᠠᠭ ᠣᠯᠠᠨ ᠤ᠋ ᠲᠥᠷᠥ ᠶ᠋ᠢᠨ ᠪᠣᠳᠣᠯᠭ᠎ᠠ ᠵᠢ ᠮᠡᠳᠡᠷᠡᠬᠦ᠌᠂ ᠦᠶ᠋ᠯᠡᠴᠢᠯᠡᠭᠡ ᠭᠥᠷᠳᠡᠬᠦ᠌ ᠠᠷᠭ᠎ᠠ ᠬᠡᠯᠪᠡᠷᠢ ᠵᠢ ᠦᠯᠦ ᠮᠡᠳᠡᠭ᠎ᠬᠤᠪᠢᠷᠠᠭᠤᠯᠵᠤ ᠪᠠᠢᠨ᠎ᠠ᠃

ᠡᠨᠡ ᠵᠢᠯ ᠡᠴᠡ ᠨᠠᠭᠠᠰᠢ᠂ ᠤᠯᠠᠭᠠᠨᠴᠠᠪ ᠬᠣᠲᠠ ᠲᠥᠪ ᠤ᠋ᠨ ᠨᠠᠶ᠋ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠵᠦ᠍᠂ 《ᠨᠠᠮ ᠤ᠋ᠨ ᠠᠴᠢ ᠳ᠋ᠤ ᠲᠠᠯᠠᠷᠬᠠᠵᠦ᠂ ᠨᠠᠮ ᠤ᠋ᠨ ᠦᠭᠡ ᠵᠢ ᠰᠣᠨᠣᠰᠴᠤ᠂ ᠨᠠᠮ ᠢ᠋ᠶ᠋ᠠᠨ ᠳᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠢ᠋ ᠤᠯᠠᠮ ᠭᠦᠨᠵᠡᠭᠡᠢᠷᠡᠭᠦᠯᠤᠨ᠂ ᠦᠨᠳᠦᠰᠦᠨ ᠱᠠᠲᠤᠨ ᠤ᠋ ᠨᠠᠮ ᠤ᠋ᠨ ᠭᠡᠱᠢᠭᠦᠨ ᠺᠠᠳ᠋ᠷᠴᠤᠳ ᠢ᠋ ᠵᠣᠬᠢᠶᠠᠨ ᠪᠠᠢᠭᠤᠯᠵᠦ ᠨᠡᠢᠲᠡ 3152 ᠪᠦᠯᠦᠭ ᠤᠳᠠᠭ᠎ᠠ ᠡᠷᠦᠬᠡ ᠳ᠋ᠦ ᠬᠦᠷᠴᠦ᠍ ᠤᠬᠠᠭᠤᠯᠤᠨ ᠲᠠᠢᠯᠪᠤᠷᠢᠯᠠᠵᠤ᠂ 《ᠠᠯᠢ ᠠᠯᠢ ᠳᠠᠯ᠎ᠠ ᠳ᠋ᠦ ᠠᠱᠢᠭ ᠭᠥᠷᠳᠡᠭᠡᠵᠦ ᠪᠠᠢᠬᠤ》 ᠲᠤᠬᠠᠶ ᠲᠣᠳᠣᠷᠬᠠᠶ ᠳᠠᠢᠯᠪᠤᠷᠢᠯᠠᠵᠠᠢ᠃ ᠪᠠᠰᠠ ᠠᠵᠢᠯ ᠡᠴᠡ ᠪᠠᠨ ᠳᠠᠷᠬᠠᠯᠠᠭ᠍ᠳᠠᠭ᠍ᠰᠠᠨ ᠪᠠ ᠠᠵᠢᠯ ᠡᠴᠡ ᠪᠠᠨ ᠠᠮᠠᠷᠠᠭ᠍ᠰᠠᠨ ᠬᠥᠮᠦᠰ᠂ ᠱᠢᠨ᠎ᠡ ᠪᠡᠷ ᠠᠵᠢᠯ ᠣᠯᠣᠭᠰᠠᠨ ᠬᠦᠮᠦᠰ᠂ ᠮᠠᠯᠴᠢᠨ ᠲᠠᠷᠢᠶᠠᠴᠢᠨ ᠵᠡᠷᠭᠡ ᠭᠤᠤᠯᠳᠠᠯᠭ᠎ᠠ ᠲᠠᠶ ᠬᠥᠮᠦᠰ ᠢ᠋ ᠬᠠᠪᠰᠤᠷᠤᠨ ᠠᠱᠢᠭ ᠣᠷᠣᠯᠭ᠎ᠠ ᠶ᠋ᠢᠨ ᠲᠠᠩᠰᠠ᠂ ᠬᠥᠭ᠌ᠵᠢᠯᠲᠡ ᠶ᠋ᠢᠨ ᠲᠠᠩᠰᠠ ᠵᠢ ᠨᠢ ᠰᠠᠢᠲᠤᠷ ᠪᠤᠳᠤᠵᠤ᠂ 24.4 ᠲᠦᠮᠡ ᠱᠢᠬᠠᠮ ᠬᠥᠮᠦᠨ ᠳ᠋ᠦ ᠲᠤᠳᠤᠨᠤ ᠦᠢᠯᠡᠴᠢᠯᠡᠬᠡ ᠬᠠᠩᠭᠠᠵᠠᠢ᠃ ᠢᠩᠬᠢᠭᠡᠳ ᠣᠯᠠᠨ ᠤ᠋ ᠰᠡᠳᠭᠢᠯ ᠳᠣᠲᠣᠷᠠᠬᠢ ᠲᠦᠷᠦ ᠶ᠋ᠢᠨ ᠪᠤᠳᠤᠯᠭ᠎ᠠ ᠶ᠋ᠢᠨ ᠠᠯᠢ ᠤᠯᠠᠨ ᠬᠠᠷᠠᠭᠠᠯᠵᠠᠯ ᠤᠯᠠᠮ ᠳᠤᠳᠤᠷᠬᠠᠢ ᠪᠣᠯᠤᠭᠰᠠᠨ ᠪᠢᠯᠡ᠃

《ᠠᠪᠠᠭ᠎ᠠ ᠡ᠂ ᠡᠨᠡ ᠵᠢᠯ ᠲᠠᠷᠢᠶᠠᠯᠠᠩ ᠤ᠋ᠨ ᠮᠠᠱᠢᠨ ᠬᠤᠳᠠᠯᠳᠤᠨ ᠠᠪᠬᠤ ᠳ᠋ᠤ ᠮᠦᠨ ᠬᠦ᠌ ᠬᠠᠷᠠᠭᠠᠯᠵᠠᠯ ᠲᠠᠢ ᠶᠤᠮ》 ᠬᠡᠵᠤ ᠹᠧᠩᠵᠧᠨ ᠬᠣᠲᠠ ᠶ᠋ᠢᠨ 《ᠲᠠᠷᠢᠶᠠᠯᠠᠩ ᠤ᠋ᠨ ᠤᠬᠠᠭᠤᠯᠤᠨ ᠲᠠᠢᠯᠪᠤᠷᠢᠯᠠᠬᠤ ᠠᠩᠭᠢ》 ᠶ᠋ᠢᠨ ᠤᠬᠠᠭᠤᠯᠤᠨ ᠲᠠᠢᠯᠪᠤᠷᠢᠯᠠᠭ᠍ᠴᠢ ᠲᠥᠷᠥ ᠶ᠋ᠢᠨ ᠪᠣᠳᠣᠯᠭ᠎ᠠ ᠶ᠋ᠢᠨ ᠳᠠᠢᠯᠪᠤᠷᠢ ᠶ᠋ᠢᠨ ᠬᠠᠭᠤᠳᠠᠰᠤ ᠪᠠᠷᠢᠵᠤ᠂ ᠠᠮᠤ ᠪᠤᠳᠠᠭᠠᠨ ᠤ᠋ ᠲᠠᠷᠢᠮᠠᠯ ᠳᠠᠷᠢᠭᠰᠠᠨ ᠨᠥᠬᠥᠪᠥᠷᠢ ᠵᠢ ᠬᠡᠷᠬᠢᠨ ᠡᠷᠡᠮᠡᠯᠵᠡᠬᠦ᠂ ᠲᠠᠷᠢᠶᠠᠯᠠᠩ ᠤ᠋ᠨ ᠮᠠᠱᠢᠨ ᠬᠤᠳᠠᠯᠳᠤᠨ ᠠᠪᠬᠤ ᠳ᠋ᠦ ᠶᠠᠮᠠᠷ ᠬᠠᠷᠠᠭᠠᠯᠵᠠᠯ ᠲᠠᠢ ᠪᠠᠢᠬᠤ ᠲᠤᠬᠠᠶ ᠲᠠᠢᠯᠤᠮᠵᠢ ᠬᠢᠵᠦ ᠪᠠᠢᠯ᠎ᠠ᠃

ᠹᠸᠩᠵᠸᠨ ᠬᠣᠲᠠ 《ᠶᠠᠷᠢᠬᠤ ᠪᠠ ᠰᠣᠨᠣᠰᠭᠤ》᠂ 《ᠦᠵᠡᠭᠦᠯᠬᠦ᠌ ᠪᠠ ᠦᠵᠡᠬᠦ᠌》 ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠬᠡᠢᠰᠪᠦᠷᠢ ᠶᠣᠰᠣ ᠤᠴᠢᠷ ᠢ᠋ ᠨᠢᠳᠦᠨ ᠳ᠋ᠦ ᠦᠵᠡᠭ᠌ᠳᠡᠵᠦ᠍ ᠭᠠᠷ ᠲᠦ᠍ ᠪᠠᠷᠢᠭ᠍ᠳᠠᠮ᠎ᠠ ᠡᠳᠦᠷ ᠲᠤᠲᠤᠮ ᠤ᠋ᠨ ᠦᠵᠡᠭ᠌ᠳᠡᠯ ᠪᠣᠯᠭᠠᠨ ᠬᠤᠪᠢᠷᠠᠭᠤᠯᠵᠤ᠂ ᠬᠥᠳᠡᠭᠡ ᠲᠣᠰᠭᠣᠨ ᠤ᠋ ᠣᠯᠠᠨ ᠲᠦᠮᠡᠨ᠂ ᠨᠠᠮ ᠤ᠋ᠨ ᠭᠡᠱᠢᠭᠦᠨ ᠺᠠᠳ᠋ᠷᠴᠤᠳ ᠨᠠᠮ ᠤ᠋ᠨ ᠲᠥᠷᠥ ᠶ᠋ᠢᠨ ᠪᠣᠳᠣᠯᠭ᠎ᠠ ᠶ᠋ᠢᠨ 《ᠤᠬᠠᠭᠤᠯᠤᠭ᠍ᠴᠢ》 ᠪᠣᠯᠵᠤ᠂ ᠠᠮᠤ ᠪᠤᠳᠠᠭᠠᠨ ᠤ᠋ ᠲᠠᠷᠢᠮᠠᠯ ᠳᠠᠷᠢᠬᠤ ᠨᠥᠬᠥᠪᠥᠷᠢ ᠵᠢ ᠬᠡᠷᠬᠢᠨ ᠤᠯᠬᠤ᠂ ᠲᠡᠵᠢᠭᠡᠨ ᠦᠷᠡᠵᠢᠭᠦᠯᠬᠦ᠌ ᠳ᠋ᠦ ᠶᠠᠮᠠᠷ ᠳᠡᠮᠵᠢᠯᠭᠡ ᠲᠠᠢ ᠪᠠᠢᠬᠤ ᠵᠡᠷᠭᠡ ᠦᠩᠬᠡᠷᠡᠭᠰᠡᠨ ᠳ᠋ᠡᠬᠡᠨ ᠴᠠᠭᠠᠰᠤᠨ ᠳᠡᠭᠡᠷ᠎ᠡ ᠳᠠᠷᠤᠮᠠᠯᠯᠠᠭᠰᠠᠨ ᠪᠢᠴᠢᠭ ᠮᠠᠲᠸᠷᠢᠶᠠᠯ ᠤᠳᠤ ᠲᠠᠷᠢᠶᠠᠨ ᠵᠠᠬ᠎ᠠ᠂ ᠮᠠᠯ ᠤ᠋ᠨ ᠬᠠᠰᠢᠶᠠᠨ ᠤ᠋ ᠳᠡᠷᠭᠡᠳᠡᠬᠢ ᠦᠨᠡᠨ ᠪᠣᠳᠠᠲᠠᠶ ᠶᠠᠭᠤᠮ᠎ᠠ ᠪᠤᠯᠤᠨ ᠬᠤᠪᠢᠷᠠᠵᠦ᠂ ᠬᠡᠷᠡᠭ᠌ᠯᠡᠬᠦ ᠳ᠋ᠤ ᠪᠦᠳᠦᠮᠵᠢ ᠰᠠᠢᠳᠠᠢ 《ᠨᠤᠲᠤᠭ ᠤ᠋ᠨ ᠠᠷᠭ᠎ᠠ》 ᠪᠣᠯᠵᠣ ᠬᠤᠪᠢᠷᠠᠪᠠ᠃ ᠡᠭᠦᠨ ᠤ᠋ ᠬᠠᠮᠲᠤ 《ᠺᠣᠳ᠋ ᠳᠡᠭᠡᠷ᠎ᠡ ᠡᠴᠡ ᠣᠢᠯᠠᠭᠠᠬᠤ》 ᠮᠡᠷᠭᠡᠨ ᠴᠤᠬᠤᠷ ᠭᠠᠷᠭᠠᠵᠦ᠂ ᠣᠯᠠᠨ ᠲᠦᠮᠡᠨ ᠤ᠋ ᠡᠯ᠎ᠡ ᠱᠠᠲᠤᠨ ᠤ᠋ ᠨᠠᠮ᠎ᠤᠨ ᠬᠡᠰᠢᠬᠦᠨ ᠪᠠ ᠣᠯᠠᠨ ᠲᠦᠮᠡᠨ ᠤ᠋ ᠦᠶ᠋ᠯᠡᠴᠢᠯᠡᠭᠡᠨ ᠤ᠋ ᠲᠥᠪ ᠲᠦ᠍ ᠬᠦᠷᠴᠦ᠍ ᠠᠵᠢᠯ ᠶᠠᠪᠤᠳᠠᠯ ᠭᠦᠶ᠋ᠴᠡᠳᠭᠡᠬᠦ ᠳ᠋ᠡᠬᠡᠨ ᠭᠠᠷ ᠤᠲᠠᠰᠤ ᠪᠡᠷ ᠢ᠋ᠶ᠋ᠡᠨ ᠱᠢᠷᠪᠢᠮᠡᠭ᠌ᠴᠡ ᠠᠷᠠᠳ ᠲᠦ᠍ ᠠᠱᠢᠭ ᠬᠦᠷᠲᠡᠭᠡᠬᠦ᠌ ᠡᠯ᠎ᠡ ᠵᠦᠶ᠋ᠯ ᠤ᠋ᠨ ᠲᠥᠷᠥ ᠶ᠋ᠢᠨ ᠪᠣᠳᠣᠯᠭ᠎ᠠ ᠵᠢ ᠲᠣᠪ ᠲᠣᠳᠣᠷᠬᠠᠶ ᠤᠢᠯᠠᠭᠠᠵᠤ ᠲᠠᠢᠯᠬᠦ ᠪᠤᠯᠵᠠᠢ᠃

《ᠤᠳᠤ ᠶ᠋ᠢᠨ ᠠᠮᠢᠳᠤᠷᠠᠯ ᠦᠨᠡᠬᠡᠷ ᠰᠠᠢ᠌ᠨ᠂ ᠨᠠᠮ ᠤ᠋ᠨ ᠰᠠᠢ᠌ᠨ ᠲᠦᠷᠦ᠍ ᠶ᠋ᠢᠨ ᠪᠤᠳᠤᠯᠭ᠎ᠠ ᠲᠠᠶ᠂ ᠨᠡᠢᠭᠡᠮ ᠲᠣᠭᠣᠷᠢᠭ ᠤ᠋ᠨ ᠳᠣᠲᠣᠨᠣ ᠦᠢᠯᠡᠴᠢᠯᠡᠭᠡ ᠲᠡᠶ᠂ ᠪᠠᠰᠠ ᠡᠢᠮᠦ᠍ ᠤᠯᠠᠨ ᠰᠠᠢ᠌ᠨ ᠰᠠᠨᠠᠭ᠎ᠠ ᠲᠠᠶ ᠬᠥᠮᠦᠰ ᠨᠠᠮᠠᠶ᠋ᠢ ᠬᠠᠯᠠᠮᠵᠢᠯᠠᠵᠤ ᠪᠠᠢᠬᠤ ᠨᠢ ᠨᠠᠳᠠ ᠳ᠋ᠦ ᠮᠠᠰᠢ ᠵᠣᠯ ᠵᠢᠷᠭᠠᠯ ᠲᠠᠶ ᠰᠠᠨᠠᠭ᠍ᠳᠠᠵᠤ ᠪᠠᠢᠨ᠎ᠠ》 ᠭᠡᠵᠦ᠍ ᠤᠯᠠᠭᠠᠨᠴᠠᠪ ᠬᠣᠲᠠ ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠬᠢᠬᠢᠷᠢ ᠶ᠋ᠢᠨ ᠨᠠᠭᠤᠷ ᠪᠠᠯᠭᠠᠰᠤ ᠵᠢᠨ ᠯᠤᠤ ᠶᠠᠩ ᠵᠢᠤᠸᠠᠨ ᠨᠡᠢᠭᠡᠮ ᠲᠣᠭᠣᠷᠢᠭ ᠤ᠋ᠨ ᠭᠤᠤᠨᠢ ᠨᠠᠰᠤᠲᠠᠨ ᠯᠢ ᠡᠵᠢ ᠰᠡᠳᠭᠢᠯ ᠬᠠᠨᠤᠮᠵᠢᠲᠠᠶ ᠬᠡᠯᠡᠨ᠎ᠡ᠃ ᠯᠤᠤ ᠶᠠᠩ ᠵᠢᠤᠸᠠᠨ ᠨᠡᠢᠭᠡᠮ ᠲᠣᠭᠣᠷᠢᠭ ᠨᠢ ᠠᠵᠢᠯ ᠡᠴᠡ ᠪᠠᠨ ᠠᠮᠠᠷᠠᠭ᠍ᠰᠠᠨ ᠠᠬᠠᠮᠠᠳ ᠨᠠᠮ ᠤ᠋ᠨ ᠭᠡᠱᠢᠭᠦᠨ ᠴᠧᠨ ᠪᠦᠦ ᠴᠢᠤᠸᠠᠨ ᠢ᠋ᠶ᠋ᠡᠷ ᠲᠦᠷᠦᠬᠦᠯᠡᠬᠦᠯᠦᠭᠰᠡᠨ 《ᠴᠧᠨ ᠭᠤᠧᠠᠢ ᠶ᠋ᠢᠨ ᠶᠠᠷᠢᠶ᠎ᠠ》 ᠤᠬᠠᠭᠤᠯᠤᠨ ᠲᠠᠢᠯᠪᠤᠷᠢᠯᠠᠬᠤ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ ᠵᠢ ᠵᠣᠬᠢᠶᠠᠨ ᠪᠠᠢᠭᠤᠯᠵᠠᠢ᠂ ᠭᠡᠱᠢᠭᠦᠳ ᠨᠢ ᠴᠥᠮ ᠨᠡᠢᠭᠡᠮ ᠲᠣᠭᠣᠷᠢᠭ ᠤ᠋ᠨ ᠠᠵᠢᠯ ᠡᠴᠡ ᠪᠠᠨ ᠠᠮᠠᠷᠠᠭ᠍ᠰᠠᠨ ᠠᠬᠠᠮᠠᠳ ᠨᠠᠮ ᠤ᠋ᠨ ᠭᠡᠱᠢᠭᠦᠨ ᠪᠤᠯᠤᠨ ᠠᠬᠠᠮᠠᠳ ᠺᠠᠳ᠋ᠷ ᠨᠠᠷ ᠪᠤᠯᠤᠨ᠎ᠠ᠃ ᠳᠡᠳᠡ ᠨᠡᠢᠭᠡᠮ ᠲᠣᠭᠣᠷᠢᠭ ᠤ᠋ᠨ ᠪᠠᠢᠳᠠᠯ ᠢ᠋ ᠰᠠᠢᠨ ᠮᠡᠳᠡᠬᠦ᠌ ᠮᠦᠷᠳᠡᠭᠡᠨ ᠣᠯᠠᠨ ᠲᠦᠮᠡᠨ ᠤ᠋ ᠪᠠᠢᠳᠠᠯ ᠢ᠋ ᠰᠠᠢᠨ ᠤᠢᠯᠠᠭᠠᠬᠤ ᠤᠴᠢᠷ ᠡᠴᠡ ᠡᠨᠡ ᠬᠦ᠌ ᠠᠵᠢᠯ ᠢ᠋ ᠰᠠᠢᠨ ᠬᠢᠬᠦ ᠳᠠᠪᠠᠭᠤᠯᠢᠭ ᠲᠠᠢ ᠪᠠᠢᠵᠦ᠂ ᠰᠠᠭᠤᠭᠠᠯᠢ ᠠᠷᠠᠳ ᠤ᠋ᠳ ᠳᠡᠳᠡᠨ ᠤ᠋ ᠳᠠᠢᠯᠪᠤᠷᠢᠯᠠᠬᠤ ᠵᠢ ᠰᠣᠨᠣᠰᠭᠤ ᠳᠤᠷᠠᠲᠠᠶ ᠪᠦᠬᠡᠳ ᠦᠨᠡᠨ ᠰᠡᠳᠬᠢᠯ ᠡᠴᠡ ᠪᠠᠨ ᠢᠳᠡᠬᠡᠬᠦ ᠪᠣᠯᠵᠠᠢ᠃ ᠣᠲᠣ ᠲᠤᠰ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠲᠦ᠍ ᠲᠥᠷᠥ ᠶ᠋ᠢᠨ ᠪᠣᠳᠣᠯᠭ᠎ᠠ ᠵᠢ ᠣᠢᠯᠠᠭᠠᠭᠤᠯᠬᠤ ᠨᠣᠷᠮ᠎ᠠ ᠨᠢ ᠦᠩᠬᠡᠷᠡᠭᠰᠡᠨ ᠤ᠋ 50% ᠪᠠᠢᠭ᠍ᠰᠠᠨ ᠡᠴᠡ ᠪᠠᠨ ᠲᠠᠬᠡᠭᠰᠢᠯᠡᠬᠡᠳ 90% ᠪᠤᠯᠵᠠᠢ᠃

ᠤᠯᠠᠭᠠᠨᠴᠠᠪ ᠬᠣᠲᠠ ᠶ᠋ᠢᠨ ᠴᠠᠬᠠᠷ ᠪᠠᠷᠠᠭᠤᠨ ᠭᠠᠷᠤᠨ ᠬᠣᠢᠲᠤ ᠬᠣᠱᠢᠭᠤ 《ᠨᠡᠢᠭᠡᠮ ᠲᠣᠭᠣᠷᠢᠭ ᠤ᠋ᠨ ᠨᠠᠮ ᠤ᠋ᠨ ᠡᠭᠦᠷ + ᠲᠤᠤᠷᠵᠢᠭᠤᠯᠤᠯᠳᠠ ᠶ᠋ᠢᠨ ᠠᠵᠢᠯᠲᠠᠨ + ᠨᠠᠮ ᠤ᠋ᠨ ᠭᠡᠱᠢᠭᠦᠨ ᠰᠠᠢᠨ ᠳᠤᠷᠠᠴᠤᠳ》 ᠲᠦ᠍ ᠲᠦᠱᠢᠭ᠌ᠯᠡᠨ ᠬᠠᠯᠠᠭᠤᠨ ᠰᠡᠳᠭᠢᠯᠲᠦ ᠦᠶ᠋ᠯᠡᠴᠢᠯᠡᠭᠡᠨ ᠤ᠋ ᠰᠠᠯᠪᠤᠷᠢ ᠠᠩᠭᠢ ᠵᠢ ᠵᠣᠬᠢᠶᠠᠨ ᠪᠠᠢᠭᠤᠯᠵᠤ᠂ ᠭᠡᠱᠢᠭᠦᠳ ᠨᠢ ᠡᠳᠦᠷ ᠲᠤᠲᠤᠮ ᠤ᠋ᠨ ᠠᠢᠯᠴᠢᠯᠠᠯᠲᠠ ᠪᠠ ᠰᠠᠭᠤᠭᠠᠯᠢ ᠠᠷᠠᠳ ᠤ᠋ᠨ ᠬᠡᠷᠡᠭ ᠵᠦᠪᠯᠡᠬᠦ ᠬᠤᠷᠠᠯ ᠵᠢᠡᠷ ᠲᠠᠮᠵᠢᠨ ᠣᠯᠠᠨ ᠲᠦᠮᠡᠨ ᠤ᠋《ᠪᠠᠴᠢᠮᠳᠠᠵᠤ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ》 ᠢ᠋ ᠣᠨᠣᠴᠠᠲᠠᠶ ᠤᠢᠯᠠᠭᠠᠵᠦ᠂ 《ᠬᠡᠷᠡᠭ᠌ᠴᠡᠭᠡ ᠱᠠᠭᠠᠷᠳᠠᠯᠭ᠎ᠠ ᠶ᠋ᠢᠨ ᠨᠠᠷᠢᠨ ᠲᠠᠩᠰᠠ》 ᠶ᠋ᠢ ᠪᠦᠷᠢᠯᠳᠦᠭᠦᠯᠪᠡ᠃ ᠭᠠᠭᠴᠠ ᠡᠨᠡ ᠵᠢᠯ ᠤ᠋ᠨ ᠭᠤᠷᠪᠠᠳᠤᠭᠠᠷ ᠤᠯᠠᠷᠢᠯ ᠢ᠋ᠶ᠋ᠡᠷ ᠵᠢᠱ᠌ᠢᠶᠡᠯᠡᠬᠦ ᠳ᠋ᠦ᠂ ᠲᠡᠳᠡ ᠠᠷᠠᠳ ᠤ᠋ᠨ ᠠᠮᠢᠳᠤᠷᠠᠯ ᠤ᠋ᠨ ᠬᠦᠰᠡᠯ ᠱᠠᠭᠠᠷᠳᠠᠯᠭ᠎ᠠ ᠵᠢ 210 ᠭᠠᠷᠤᠢ ᠵᠤᠷᠪᠤᠰ ᠴᠤᠭ᠍ᠯᠠᠭᠤᠯᠬᠤ ᠶ᠋ᠢᠨ ᠬᠠᠮᠲᠤ ᠲᠦᠷᠦᠯ ᠬᠤᠪᠢᠶᠠᠨ ᠱᠢᠢᠳᠪᠦᠷᠢᠯᠡᠵᠦ᠍᠂ 《ᠪᠠᠭ᠎ᠠ ᠶᠠᠪᠤᠳᠠᠯ ᠢ᠋ ᠲᠣᠣᠷᠵᠢᠭᠤᠯᠤᠯᠳᠠ ᠡᠴᠡ ᠰᠢᠢᠳᠪᠦᠷᠢᠯᠡᠵᠦ᠂ ᠬᠦᠴᠢᠷ ᠶᠠᠪᠤᠳᠠᠯ ᠢ᠋ ᠨᠡᠢᠭᠡᠮ ᠲᠣᠭᠣᠷᠢᠭ ᠡᠴᠡ ᠰᠢᠢᠳᠪᠦᠷᠢᠯᠡᠬᠦ》 ᠵᠢ ᠪᠡᠶᠡᠯᠡᠭᠦᠯᠪᠡ᠃ ᠡᠭᠦᠨ ᠤ᠋ ᠬᠠᠮᠲᠤ 《ᠬᠤᠪᠢᠰᠭᠠᠯᠳᠦ ᠣᠷᠣᠯᠠᠨ ᠭᠦᠶ᠋ᠴᠡᠳᠭᠡᠭᠴᠢ》 ᠦᠶ᠋ᠯᠡᠴᠢᠯᠡᠭᠡ ᠭᠠᠷᠭᠠᠨ᠂ ᠵᠠᠰᠠᠭ ᠤ᠋ᠨ ᠶᠠᠪᠤᠳᠠᠯ ᠢ᠋ ᠣᠷᠣᠯᠠᠨ ᠭᠦᠶ᠋ᠴᠡᠳᠭᠡᠬᠦ᠌᠂ ᠪᠠᠴᠢᠮ ᠶᠠᠪᠤᠳᠠᠯ ᠢ᠋ ᠲᠦᠷᠭᠡᠨ ᠭᠦᠶ᠋ᠴᠡᠳᠭᠡᠬᠦ᠌᠂ ᠠᠮᠢᠳᠤᠷᠠᠯ ᠳ᠋ᠤᠨᠢ ᠲᠤᠰᠠᠯᠠᠨ ᠭᠦᠶ᠋ᠴᠡᠳᠭᠡᠬᠦ᠌ ᠵᠡᠷᠭᠡ ᠵᠢ ᠬᠠᠮᠤᠷᠴᠤ᠌᠂ ᠭᠤᠤᠨᠢ ᠪᠡᠯᠪᠡᠰᠦᠨ ᠨᠠᠰᠤᠲᠠᠢᠴᠤᠳ ᠤ᠋ᠨ ᠬᠡᠷ ᠲᠦ᠍ ᠬᠦᠷᠴᠦ᠍ ᠡᠮᠴᠢᠯᠡᠭᠡᠨ ᠤ᠋ ᠳᠠᠭᠠᠳᠭᠠᠯ ᠤ᠋ᠨ ᠭᠡᠷᠡᠴᠢᠯᠡᠭᠡ᠂ ᠨᠠᠭᠠᠳᠤ ᠵᠠᠬ᠎ᠠ ᠶ᠋ᠢᠨ ᠠᠮᠢᠳᠤᠷᠠᠯ ᠤ᠋ᠨ ᠪᠠᠲᠤᠯᠠᠭ᠎ᠠ ᠶ᠋ᠢᠨ ᠣᠨ ᠤ᠋ ᠨᠤᠳᠠᠯᠠᠯᠳᠠ ᠵᠡᠷᠭᠡ ᠡᠯ᠎ᠡ ᠲᠥᠷᠥᠯ ᠤ᠋ᠨ ᠲᠤᠬᠠᠢᠯᠠᠭ᠍ᠰᠠᠨ ᠠᠵᠢᠯ ᠢ᠋ 400 ᠭᠠᠷᠤᠶ ᠤᠳᠠᠭ᠎ᠠ ᠭᠦᠶ᠋ᠴᠡᠳᠭᠡᠪᠡ᠃ 《ᠡᠳᠡᠭᠡᠷ ᠬᠡᠦᠬᠡᠳ ᠲᠥᠷᠥᠯ ᠰᠠᠳᠤᠨ ᠡᠴᠡ ᠴᠦ᠍ ᠢᠯᠡᠬᠦᠦ ᠡᠬᠡᠯᠢᠳᠡᠢ ᠶᠤᠮ》 ᠭᠡᠵᠦ ᠭᠤᠤᠨᠢ ᠪᠡᠶ᠎ᠠ ᠨᠠᠰᠤᠲᠠᠨ ᠸᠠᠩ ᠱᠢᠤ ᠵᠧᠨ ᠰᠡᠳᠭᠢᠯ ᠳᠣᠭ᠍ᠳᠣᠯᠤᠨ ᠶᠠᠷᠢᠵᠤ ᠪᠠᠢᠯ᠎ᠠ᠃

ᠭᠣᠮᠣᠳᠠᠯ ᠲᠤᠭᠠᠴᠢᠯᠲᠠ ᠵᠢ ᠨᠢ ᠰᠣᠨᠣᠰᠴᠦ ᠪᠠᠢᠭᠰᠠᠨ ᠡᠴᠡ ᠪᠠᠨ ᠰᠠᠨᠠᠭᠠᠴᠢᠯᠠᠭ᠎ᠠ ᠡᠴᠡ ᠪᠠᠨ ᠦᠢᠯᠡᠴᠢᠯᠡᠬᠦ᠌ ᠪᠤᠯᠵᠠᠢ᠃ ᠡᠨᠡ ᠨᠢ ᠵᠦᠪᠬᠡᠨ ᠤᠯᠠᠨ ᠤ᠋ ᠪᠤᠳᠤᠯ ᠰᠠᠨᠠᠯ ᠢ᠋ ᠳᠠᠮᠵᠢᠭᠤᠯᠬᠤ ᠠᠷᠭ᠎ᠠ ᠬᠡᠯᠪᠡᠷᠢ ᠳ᠋ᠤ ᠬᠤᠪᠢᠷᠠᠯᠳᠠ ᠭᠠᠷᠤᠭᠰᠠᠨ ᠲᠡᠳᠦᠢ ᠪᠢᠰᠢ᠂ ᠨᠡᠩ ᠴᠢᠬᠤᠯᠠ ᠨᠢ ᠦᠢᠯᠡᠴᠢᠯᠡᠭᠡ ᠵᠢ ᠤᠯᠠᠨ ᠤ᠋ ᠲᠡᠷᠬᠡᠳᠡ ᠳ᠋ᠤ ᠬᠦᠷᠬᠡᠭᠰᠡᠨ ᠶᠠᠪᠤᠳᠠᠯ ᠪᠤᠯᠬᠤ ᠶᠤᠮ᠃ ᠣᠢᠯᠠᠭᠠᠭ᠍ᠰᠠᠨ ᠢ᠋ᠶ᠋ᠠᠷ᠂ ᠤᠯᠠᠭᠠᠨᠴᠠᠪ ᠬᠣᠲᠠ ᠣᠯᠠᠨ ᠲᠦᠮᠡᠨ ᠤ᠋ ᠠᠱᠢᠭ ᠲᠤᠰᠠ ᠳ᠋ᠦ ᠬᠣᠯᠪᠣᠭ᠍ᠳᠠᠬᠤ 2000 ᠭᠠᠷᠤᠶ ᠠᠰᠠᠭᠤᠳᠠᠯ ᠢ᠋ ᠰᠢᠰᠲ᠋ᠧᠮ ᠲᠠᠢ ᠡᠮᠬᠢᠯᠡᠨ ᠳᠢᠭ᠌ᠯᠡᠵᠦ᠍᠂ ᠬᠠᠮᠢᠶᠠᠷᠤᠯᠲᠠ ᠶ᠋ᠢᠨ ᠲᠥᠷᠥᠯ ᠵᠦᠶ᠋ᠯ ᠲᠡᠶ ᠠᠳᠠᠯᠢ ᠪᠡᠷ ᠴᠢᠩᠭ᠎ᠠ ᠠᠳᠭᠤᠨ ᠠᠬᠢᠭᠤᠯᠵᠤ᠂ ᠣᠳᠣᠬᠠᠨ ᠪᠤᠯᠳᠠᠯ᠎ᠠ ᠨᠢᠭᠡᠨᠲᠡ 96% ᠡᠴᠡ ᠳᠡᠭᠡᠭ᠌ᠰᠢᠬᠢ ᠵᠢ ᠨᠢ ᠱᠢᠶ᠋ᠳᠪᠦᠷᠢᠯᠡᠴᠢᠬᠡᠵᠠᠢ᠃ ᠡᠭᠦᠨ ᠤ᠋ ᠬᠠᠮᠲᠤ ᠡᠯ᠎ᠡ ᠭᠠᠵᠠᠷ ᠤ᠋ᠨ ᠬᠦᠢᠴᠡᠳᠬᠡᠬᠦ ᠪᠡᠷ ᠠᠮᠠᠯᠠᠭ᠍ᠰᠠᠨ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠴᠤ᠌ 80 ᠭᠠᠷᠤᠶ ᠵᠦᠶ᠋ᠯ ᠳ᠋ᠦ ᠬᠦᠷᠴᠡᠶ᠃

ᠤᠯᠠᠭᠠᠨᠴᠠᠪ ᠬᠣᠲᠠ ᠳ᠋ᠦ ᠤᠬᠠᠭᠤᠯᠤᠨ ᠲᠠᠢᠯᠪᠤᠷᠢᠯᠠᠬᠤ ᠠᠵᠢᠯ ᠨᠢ ᠶᠠᠭ ᠲᠠᠩ ᠴᠢᠭ᠌ᠯᠡᠯ ᠤ᠋ᠨ ᠷᠠᠳᠢᠣ᠋ ᠨᠡᠪᠲᠡᠷᠡᠭᠦᠯᠭᠡ ᠡᠴᠡ ᠳᠡᠷᠭᠡᠳᠡᠬᠢ ᠶᠠᠷᠢᠯᠴᠠᠭ᠎ᠠ ᠪᠣᠯᠤᠨ ᠬᠤᠪᠢᠷᠠᠵᠤ᠂ ᠦᠢᠯᠡᠴᠢᠯᠡᠭᠡ ᠨᠢ ᠶᠠᠭ ᠴᠤᠩᠬᠤ ᠵᠢᠨ ᠠᠷᠤ ᠳ᠋ᠠᠬᠢ ᠱᠢᠢᠳᠪᠦᠷᠢᠯᠡᠯᠲᠡ ᠡᠴᠡ ᠡᠭᠦᠳᠡᠨ ᠡᠮᠦᠨᠡᠬᠢ ᠬᠠᠷᠢᠭᠤᠴᠠᠯᠭ᠎ᠠ ᠡᠭᠦᠷᠭᠡᠯᠡᠯ ᠪᠤᠯᠤᠨ ᠬᠤᠪᠢᠷᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号