ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ ᠬᠡᠪᠯᠡᠯ᠎ᠦᠨ ᠪᠦᠯᠦᠭ᠌ᠯᠡᠯ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ
2025-12-06 10:20:29
ᠵᠣᠬᠢᠶᠠᠭ᠍ᠴᠢ᠄
ᠮᠧᠢ ᠭᠠᠩ ᠰᠦᠩ ᠠ ᠨᠠᠨ ᠢᠦᠢ ᠱᠢᠨ ᠯᠢ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 2᠎ᠤ᠋ᠨ ᠡᠳᠦᠷ᠂ 4᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃

ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠳ᠋ᠦ᠋ ᠹᠸᠩ ᠯᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢ ᠭᠦᠨᠵᠡᠭᠡᠢ ᠣᠢᠯᠠᠭᠠᠬᠤ ᠵᠢᠴᠢ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠭᠦᠨᠵᠡᠭᠡᠢ ᠪᠥᠭᠡᠳ ᠣᠢᠯᠠᠭᠠᠮᠵᠢᠲᠠᠢ᠂ ᠪᠦᠬᠦ᠌ ᠲᠠᠯ᠎ᠠ᠎ᠵᠢᠨ ᠱᠢᠰᠲ᠋ᠧᠮ᠎ᠲᠡᠶ ᠲᠠᠢᠯᠤᠮᠵᠢ ᠬᠢᠪᠡ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠭᠣᠣᠯ ᠰᠡᠳᠦᠪ ᠨᠢ ᠢᠯᠡ ᠲᠣᠳᠣ᠂ ᠥᠭᠦᠯᠡᠯᠲᠡ ᠨᠢ ᠨᠡᠪᠲᠡᠷᠬᠡᠢ᠂ ᠯᠣᠭᠢᠭ ᠨᠢ ᠨᠢᠭ᠍ᠲᠠ ᠴᠢᠩᠭ᠎ᠠ᠂ ᠭᠣᠣᠯᠳᠠᠯᠭ᠎ᠠ ᠨᠢ ᠳᠤᠪᠤᠢ᠌ᠮ᠎ᠠ ᠪᠠᠢᠵᠤ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠠᠷᠢᠭᠤᠴᠠᠯᠭ᠎ᠠ ᠡᠭᠦᠷᠭᠡ᠎ᠪᠡᠨ ᠰᠠᠢᠲᠤᠷ ᠭᠦᠢᠴᠡᠳᠭᠡᠬᠦ᠌᠎ᠳᠦ ᠬᠦᠴᠦᠲᠡᠢ ᠵᠢᠯᠤᠭᠤᠳᠤᠯᠭ᠎ᠠ ᠬᠠᠩᠭᠠᠵᠠᠢ᠃

ᠣᠯᠠᠨ᠎ᠢᠶᠠᠷ᠎ᠢᠶᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠎ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠠᠵᠤ ᠠᠬᠤᠢᠯᠠᠯ᠎ᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠤᠯᠤᠰ᠎ᠤᠨ ᠶᠡᠬᠡ ᠲᠠᠯ᠎ᠠ ᠪᠠ ᠭᠠᠵᠠᠷ ᠣᠷᠣᠨ᠎ᠤ ᠬᠥᠭ᠌ᠵᠢᠯᠲᠡ᠎ᠳᠦ ᠦᠶ᠋ᠯᠡᠴᠢᠯᠡᠬᠦ᠌ ᠳᠤᠮᠳᠠ ᠱᠢᠨ᠎ᠡ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ ᠭᠡᠵᠦ᠍ ᠢᠯᠡᠳᠭᠡᠵᠡᠭᠡᠪᠡ᠃

ᠤᠮᠠᠷᠠᠲᠤ᠎ᠶ᠋ᠢᠨ ᠬᠣᠪᠣᠷ ᠱᠢᠷᠣᠶ ᠲᠡᠮᠦᠷᠯᠢᠭ ᠬᠠᠢᠯᠤᠭᠤᠯᠬᠤ ᠬᠤᠪᠢᠶᠠᠷᠢ ᠺᠣᠮᠫᠠᠨᠢ (ᠬᠤᠸᠠ ᠮᠧᠶ ᠺᠣᠮᠫᠠᠨᠢ)᠎ᠶ᠋ᠢᠨ ᠬᠣᠶᠠᠳᠤᠭᠠᠷ ᠦᠶ᠋ᠯᠡᠳᠪᠦᠷᠢ᠎ᠶ᠋ᠢᠨ ᠲᠠᠰᠤᠭ᠎ᠤᠨ ᠣᠷᠣᠨ ᠪᠦᠰᠡ᠎ᠶ᠋ᠢᠨ ᠮᠡᠷᠭᠡᠵᠢᠯ᠎ᠦᠨ ᠭᠤᠤᠯ ᠬᠠᠮᠢᠶᠠᠷᠤᠭ᠍ᠴᠢ ᠰᠤ᠌ ᠵᠧᠨ ᠯᠦᠩ᠄ 《ᠬᠣᠪᠣᠷ ᠱᠢᠷᠣᠶ᠎ᠶ᠋ᠢᠨ ᠠᠵᠢᠯ ᠲᠥᠷᠥᠯ᠎ᠦᠨ ᠨᠢᠭᠡᠨ ᠲᠤᠰᠭᠠᠶ ᠮᠡᠷᠭᠡᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠲᠣᠨᠣᠭ ᠲᠥᠬᠥᠭᠡᠷᠦᠮᠵᠢ᠎ᠶ᠋ᠢᠨ ᠬᠠᠮᠢᠶᠠᠷᠤᠯᠲᠠ᠎ᠶ᠋ᠢᠨ ᠠᠵᠢᠯ᠎ᠢᠶᠠᠷ ᠰᠠᠭᠤᠷᠢ ᠪᠣᠯᠭᠠᠵᠤ᠂ ᠲᠣᠨᠣᠭ ᠲᠥᠬᠥᠭᠡᠷᠦᠮᠵᠢ᠎ᠶ᠋ᠢᠨ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠱᠢᠨ᠎ᠡ ᠲᠣᠨᠣᠭ ᠲᠥᠬᠥᠭᠡᠷᠦᠮᠵᠢ᠎ᠶ᠋ᠢ 〈ᠬᠡᠷᠡᠭ᠌ᠯᠡᠵᠦ᠍ ᠪᠣᠯᠬᠤ〉 ᠡᠴᠡ 〈ᠬᠡᠷᠡᠭ᠌ᠯᠡᠬᠦ᠌᠎ᠳᠦ ᠰᠠᠢᠨ᠂ ᠥᠨᠳᠥᠷ ᠪᠦᠲᠦᠮᠵᠢᠲᠡᠶ〉 ᠪᠣᠯᠭᠠᠨ ᠬᠤᠪᠢᠷᠠᠭᠤᠯᠵᠤ᠂ ᠮᠡᠷᠭᠡᠵᠢᠯ᠎ᠦᠨ ᠳᠠᠪᠠᠭᠤᠯᠢᠭ᠎ᠢ ᠪᠣᠳᠠᠲᠤ ᠦᠶ᠋ᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠤᠨ᠎ᠠ》 ᠭᠡᠪᠡ᠃

ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠤᠷᠢᠶ᠎ᠠ᠎ᠵᠢᠨ ᠱᠦᠵᠢ᠂ ᠫᠷᠤᠹᠧᠰᠰᠤᠷ ᠮᠠ ᠵᠢᠶᠦ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠰᠣᠶᠣᠯ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠥᠲᠥᠭᠡᠨ ᠪᠠᠢᠭᠤᠯᠤᠯᠲᠠ᠎ᠶ᠋ᠢᠨ ᠰᠡᠳᠭᠢᠴᠡ ᠠᠷᠭ᠎ᠠ ᠬᠡᠮᠵᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠡᠷᠭᠡ ᠲᠠᠯ᠎ᠠ᠎ᠪᠠᠷ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠬᠢᠪᠠ᠃ ᠮᠡᠳᠡᠭᠦᠯᠦᠯᠲᠡ᠎ᠶ᠋ᠢᠨ ᠬᠤᠷᠠᠯ᠎ᠢ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ᠎ᠶ᠋ᠢ ᠤᠶᠠᠯᠳᠤᠭᠤᠯᠬᠤ ᠬᠡᠯᠪᠡᠷᠢ᠎ᠪᠡᠷ ᠬᠤᠷᠠᠯᠳᠤᠭᠤᠯᠵᠤ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠶᠡᠷᠦᠩᠬᠡᠶ ᠬᠡᠯᠲᠡᠰ᠎ᠲᠦ ᠭᠤᠤᠯ ᠬᠤᠷᠠᠯ᠎ᠤᠨ ᠲᠠᠯᠠᠪᠠᠶ ᠭᠠᠷᠭᠠᠵᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠥᠷ ᠮᠣᠩᠭᠣᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠥᠷ ᠮᠣᠩᠭᠣᠯ᠎ᠤᠨ ᠰᠣᠶᠣᠯ᠎ᠤᠨ ᠬᠡᠪᠯᠡᠯ᠎ᠦᠨ ᠬᠣᠷᠢᠶ᠎ᠠ᠎ᠳᠤ ᠬᠤᠪᠢᠶᠠᠷᠢ ᠬᠤᠷᠠᠯ᠎ᠤᠨ ᠲᠠᠯᠠᠪᠠᠶ ᠭᠠᠷᠭᠠᠪᠠ᠃

ᠤᠬᠠᠭᠤᠯᠤᠨ ᠲᠠᠢᠯᠪᠤᠷᠢᠯᠠᠯᠳᠠ ᠨᠢ ᠤᠨᠤᠯ᠎ᠤᠨ ᠲᠠᠯ᠎ᠠ᠎ᠪᠠᠷ ᠭᠦᠨᠵᠡᠭᠡᠢ ᠲᠠᠢᠯᠪᠤᠷᠢᠯᠠᠭ᠍ᠰᠠᠨ ᠪᠥᠭᠡᠳ ᠦᠢᠯᠡᠳᠦᠯᠭᠡ᠎ᠬᠢᠬᠦ ᠶᠠᠪᠤᠴᠠ ᠵᠢᠨ ᠲᠤᠬᠠᠢ ᠣᠨᠣᠪᠴᠢᠲᠠᠢ ᠵᠠᠳᠠᠯᠤᠯᠲᠠ ᠬᠢᠵᠦ᠍᠂ ᠵᠢᠯᠣᠭᠣᠳᠭᠤ ᠠᠴᠢ ᠬᠣᠯᠪᠣᠭ᠍ᠳᠠᠯ᠎ᠢᠶᠠᠷ ᠴᠢᠩᠭ᠎ᠠ ᠪᠠᠢᠳᠠᠭ᠃ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠨᠠᠮ᠎ᠤᠨ ᠬᠣᠷᠢᠶ᠎ᠠ᠎ᠶ᠋ᠢᠨ ᠤᠬᠠᠭᠤᠯᠬᠤ ᠬᠡᠯᠲᠡᠰ᠎ᠦᠨ ᠳᠠᠷᠤᠭ᠎ᠠ ᠰᠦᠨ ᠵᠢᠨ ᠵᠦ᠍᠄ 《ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠪᠠᠷ ᠳᠠᠮᠵᠢᠨ᠂ ᠬᠡᠪᠯᠡᠯ᠎ᠦᠨ ᠠᠵᠢᠯ ᠡᠷᠬᠡᠪᠰᠢ〈ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ〉 ᠪᠠ 〈ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌〉 ᠴᠢᠭ᠌ᠯᠡᠯ᠎ᠢ ᠪᠠᠲᠤ ᠡᠵᠡᠮᠳᠡᠵᠦ᠍᠂ ᠦᠷᠭᠦᠯᠵᠢᠯᠡᠨ ᠬᠡᠯᠪᠡᠷᠢ᠎ᠪᠡᠨ ᠬᠤᠪᠢᠷᠠᠭᠤᠯᠬᠤ ᠪᠠ ᠱᠢᠨ᠎ᠡ᠎ᠶ᠋ᠢ ᠡᠭᠦᠳᠦᠨ ᠬᠥᠭ᠌ᠵᠢᠬᠦ᠌ ᠬᠡᠷᠡᠭ᠌ᠲᠡᠢ᠃ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠰᠣᠶᠣᠯ᠎ᠤᠨ ᠡᠭᠦᠷᠭᠡᠲᠦ ᠰᠡᠳᠭᠢᠯᠭᠡ᠎ᠪᠡᠷ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯ ᠰᠡᠳᠦᠪᠲᠦ ᠬᠡᠪᠯᠡᠯ᠎ᠢ ᠴᠢᠩᠭᠠᠳᠭᠠᠵᠤ᠂ ᠰᠣᠶᠣᠯ᠎ᠤᠨ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠰᠣᠶᠣᠯ᠎ᠤᠨ ᠦᠶ᠋ᠯᠡᠴᠢᠯᠡᠭᠡ᠎ᠶ᠋ᠢ ᠱᠢᠨᠡᠴᠢᠯᠡᠵᠦ᠍᠂ ᠰᠣᠶᠣᠯ᠎ᠤᠨ ᠬᠦᠴᠦᠷᠬᠡᠭ ᠣᠷᠣᠨ᠎ᠤ ᠪᠥᠲᠥᠭᠡᠨ ᠪᠠᠢᠭᠤᠯᠤᠯᠲᠠ᠎ᠳᠤ ᠬᠡᠪᠯᠡᠯ᠎ᠦᠨ ᠬᠥᠳᠡᠯᠭᠡᠬᠦ᠌ ᠡᠨᠧᠷᠭᠢ ᠨᠡᠮᠡᠷᠢᠯᠡᠵᠦ᠍᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ》 ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠳᠠᠷᠤᠭ᠎ᠠ ᠵᠠᠶ ᠶᠢᠩ ᠵᠢᠶᠦ᠋ᠨ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠵᠠᠢ ᠶᠢᠩ ᠵᠢᠶᠦ᠋ᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠡ ᠬᠤᠷᠠᠯ᠎ᠤᠨ 《ᠰᠠᠨᠠᠭᠤᠯᠭ᠎ᠠ》 ᠵᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ ᠬᠡᠷᠡᠭ᠌ᠲᠡᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠴᠢᠬᠤᠯᠠ ᠪᠠᠢᠷᠢ ᠰᠠᠭᠤᠷᠢ᠎ᠶ᠋ᠢ ᠣᠨᠣᠪᠴᠢᠲᠠᠶ ᠡᠵᠡᠮᠱᠢᠵᠦ᠂ ᠢᠷᠡᠭᠡᠳᠦᠶ᠎ᠶ᠋ᠢᠨ ᠲᠠᠪᠤᠨ ᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠭᠦᠨᠵᠡᠭᠡᠶ ᠣᠢᠯᠠᠭᠠᠵᠤ ᠪᠦᠬᠦ ᠲᠠᠯ᠎ᠠ ᠪᠡᠷ ᠤᠬᠠᠭᠠᠪᠦᠷᠢᠯᠠᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠡᠷᠭᠡ ᠵᠢ ᠣᠯᠠᠨ ᠲᠠᠯ᠎ᠠ᠎ᠡᠴᠡ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠂ ᠪᠦᠬᠦ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠦ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠠᠢᠯᠪᠤᠷᠢᠯᠠᠪᠠ᠃ ᠮᠡᠳᠡᠭᠦᠯᠦᠯᠳᠡ ᠵᠢᠨ ᠭᠣᠣᠯ ᠰᠡᠳᠦᠪ ᠢᠯᠡ ᠲᠣᠳᠣ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠦᠵᠡᠯ ᠰᠠᠨᠠᠭᠠᠨ᠎ᠤ ᠦᠨᠳᠦᠷᠴᠡ ᠲᠠᠢ ᠪᠥᠭᠡᠳ ᠤᠨᠤᠯ᠎ᠤᠨ ᠭᠦᠨᠴᠡ᠎ᠲᠡᠶ᠂ ᠮᠠᠰᠢ ᠴᠢᠩᠭ᠎ᠠ ᠴᠢᠭ᠌ᠯᠡᠬᠦᠯᠦᠯᠳᠤ ᠴᠢᠨᠠᠷ ᠪᠠ ᠦᠢᠯᠡᠳᠦᠯᠭᠡ᠎ᠶ᠋ᠢᠨ ᠴᠢᠨᠠᠷ᠎ᠲᠠᠶ ᠶᠤᠮ᠃

ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠠᠵᠢᠯ ᠣᠯᠭᠣᠯᠲᠠ᠎ᠶ᠋ᠢ ᠠᠬᠢᠭᠤᠯᠬᠤ ᠭᠠᠵᠠᠷ᠎ᠤᠨ ᠳᠠᠷᠤᠭ᠎ᠠ ᠵᠠᠩ ᠬᠠᠶ ᠲᠤᠤ᠄《ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠠᠵᠢᠯ ᠣᠯᠭᠣᠯᠲᠠ᠎ᠶ᠋ᠢ ᠠᠬᠢᠭᠤᠯᠬᠤ ᠲᠥᠯᠥᠪᠵᠢᠭᠦᠯᠭᠡ᠎ᠶ᠋ᠢ ᠴᠢᠨᠠᠷ ᠰᠠᠢᠲᠠᠶ ᠨᠠᠢᠷᠠᠭᠤᠯᠤᠨ ᠵᠣᠬᠢᠶᠠᠵᠤ᠂ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠬᠦ᠂ ᠪᠦᠲᠦᠴᠡ᠎ᠶ᠋ᠢᠨ ᠴᠢᠨᠠᠷᠲᠠᠢ ᠠᠵᠢᠯ ᠣᠯᠭᠣᠯᠲᠠ᠎ᠶ᠋ᠢᠨ ᠵᠥᠷᠢᠴᠡᠯ᠎ᠢ ᠱᠢᠢᠳᠪᠦᠷᠢᠯᠡᠬᠦ᠂ ᠠᠵᠢᠯ ᠣᠯᠭᠣᠯᠲᠠ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠬᠦ᠂ ᠠᠵᠢᠯ ᠣᠯᠭᠣᠯᠲᠠ᠎ᠶ᠋ᠢᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠠᠵᠢᠯ ᠣᠯᠭᠣᠬᠤ ᠲᠣᠬᠢᠶᠠᠯ᠎ᠢ ᠨᠡᠩ ᠭᠦᠢᠴᠡᠳ ᠪᠣᠯᠭᠠᠬᠤ᠂ ᠠᠵᠢᠯ ᠣᠯᠭᠣᠯᠲᠠ᠎ᠶ᠋ᠢᠨ ᠣᠷᠴᠢᠨ ᠨᠥᠬᠥᠴᠡᠯ᠎ᠢ ᠨᠠᠩ ᠲᠥᠪ ᠭᠤᠤᠯᠴᠢ ᠪᠣᠯᠭᠠᠬᠤ᠂ ᠬᠥᠮᠦᠨ ᠪᠠ ᠠᠵᠢᠯ᠎ᠤᠨ ᠪᠠᠢᠷᠢ᠎ᠶ᠋ᠢ ᠨᠠᠩ ᠥᠨᠳᠥᠷ ᠪᠦᠲᠦᠮᠵᠢᠲᠡᠶ ᠲᠣᠬᠢᠷᠠᠭᠤᠯᠬᠤ᠂ ᠬᠥᠳᠡᠯᠮᠦᠷᠢ᠎ᠶ᠋ᠢᠨ ᠬᠠᠷᠢᠴᠠᠭ᠎ᠠ ᠵᠢ ᠨᠠᠩ ᠡᠶ᠎ᠡ ᠵᠣᠬᠢᠴᠠᠩᠭᠤᠢ ᠪᠣᠯᠭᠠᠬᠤ᠎ᠶ᠋ᠢ ᠴᠢᠷᠮᠠᠢᠨ ᠪᠡᠶᠡᠯᠡᠭᠦᠯᠵᠦ᠂ ᠬᠣᠶᠠᠷ ᠬᠠᠯᠬᠠᠪᠴᠢ᠂ ᠬᠣᠶᠠᠷ ᠰᠠᠭᠤᠷᠢᠨ᠂ ᠨᠢᠭᠡ ᠪᠡᠬᠢᠯᠡᠯᠲᠡ᠎ᠶ᠋ᠢ ᠪᠦᠲᠦᠭᠡᠨ ᠪᠠᠢᠭᠤᠯᠬᠤ᠎ᠳ᠋ᠤ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号