ᠰᠡᠭᠦᠯ ᠬᠤᠷᠢᠶᠠᠬᠤ ᠳᠠᠢᠯᠠᠯᠳᠤᠭᠠᠨ᠎ᠳᠤ ᠬᠦᠴᠦ᠍᠎ᠪᠡᠨ ᠲᠥᠪᠯᠡᠷᠡᠭᠦᠯᠦᠨ ᠶᠠᠭ ᠪᠠᠢᠭᠤᠯᠵᠤ ᠪᠠᠢᠭ᠎ᠠ 520 ᠲᠦᠷᠦᠯ ᠵᠦᠢᠯ᠎ᠳᠤ ᠰᠢᠪᠳᠤᠯᠤᠯᠳᠠ ᠬᠢᠵᠦ ᠦᠪᠦᠷ ᠮᠤᠨᠭᠭᠤᠯ᠎ᠤᠨ ᠪᠠᠷᠠᠭᠤᠨ ᠬᠡᠰᠡᠭ᠎ᠤᠨ ᠴᠠᠬᠢᠯᠭᠠᠨ ᠲᠤᠤᠷ᠎ᠤᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠲᠦᠷᠭᠡᠨ ᠪᠥᠭᠡᠳ ᠲᠣᠭ᠍ᠲᠠᠭᠤᠨ ᠠᠬᠢᠵᠤ ᠪᠤᠢ
2025-12-06 10:00:45
ᠵᠣᠬᠢᠶᠠᠭ᠍ᠴᠢ᠄
ᠶᠠᠩ ᠸᠧᠶ
ᠣᠩᠱᠢᠭ᠍ᠰᠠᠨ ᠣᠳᠠᠭ᠎ᠠ᠄
★★★☆☆

2025 ᠣᠨ᠎ᠳᠤ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ 901 ᠵᠦᠶ᠋ᠯ᠎ᠦᠨ ᠴᠠᠬᠢᠯᠭᠠᠨ ᠲᠤᠤᠷ᠎ᠤᠨ ᠢᠨᠵᠧᠨᠧᠷᠢᠩ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠵᠢᠯ᠎ᠦᠨ ᠳᠣᠲᠣᠷ᠎ᠠ 635 ᠵᠦᠶ᠋ᠯ᠎ᠢ ᠨᠢ ᠠᠱᠢᠭ᠍ᠯᠠᠯᠲᠠ᠎ᠳᠤ ᠣᠷᠣᠭᠤᠯᠬᠤ᠎ᠪᠠᠷ ᠵᠢᠱ᠌ᠢᠵᠡᠢ᠃

ᠠᠱᠢᠭ᠍ᠯᠠᠯᠲᠠ᠎ᠳᠤ ᠣᠷᠣᠭᠤᠯᠬᠤ ᠡᠭᠦᠷᠭᠡ᠎ᠪᠡᠨ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠶ᠋ᠢᠨ ᠲᠥᠯᠥᠭᠡ᠂ ᠲᠤᠰ ᠪᠦᠯᠦᠭ᠌ᠯᠡᠯ᠎ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠢᠨᠵᠧᠨᠧᠷᠢᠩ᠎ᠦᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠳᠤᠮᠳᠠᠬᠢ ᠲᠦᠭ᠌ᠵᠢᠷᠡᠯ ᠪᠠ ᠬᠦᠴᠢᠷᠳᠡᠯ᠎ᠢ ᠦᠷᠭᠦᠯᠵᠢᠯᠡᠨ ᠨᠡᠪᠲᠡᠷᠡᠭᠦᠯᠪᠡ᠄ ᠲᠥᠬᠥᠭᠡᠷᠦᠮᠵᠢ᠎ᠶ᠋ᠢᠨ ᠬᠠᠩᠭᠠᠯᠭ᠎ᠠ᠎ᠶ᠋ᠢᠨ ᠭᠤᠤᠯ ᠵᠠᠩᠭᠢᠯᠠᠭ᠎ᠠ᠎ᠶ᠋ᠢᠨ ᠴᠡᠭ᠎ᠲᠦ ᠴᠢᠭ᠌ᠯᠡᠭᠦᠯᠦᠨ᠂ ᠬᠥᠮᠦᠨ ᠲᠣᠮᠢᠯᠠᠨ ᠡᠳᠦᠷ ᠰᠦᠨᠢ ᠦᠭᠡᠢ ᠵᠠᠮᠨᠠᠭᠤᠯᠤᠨ ᠱᠢᠨᠵᠢᠶᠠᠩ᠎ᠳᠤ ᠰᠠᠭᠤᠭ᠎ᠠ ᠦᠶ᠋ᠯᠡᠳᠪᠦᠷᠢ᠎ᠳᠦᠨᠢ ᠣᠴᠢᠭᠤᠯᠵᠤ ᠭᠤᠤᠯ ᠬᠦᠴᠦᠳᠡᠯ ᠥᠭᠡᠷᠡᠴᠢᠯᠡᠭ᠌ᠴᠢ ᠵᠡᠷᠭᠡ ᠵᠠᠩᠭᠢᠯᠠᠭ᠎ᠠ᠎ᠶ᠋ᠢᠨ ᠲᠥᠬᠥᠭᠡᠷᠦᠮᠵᠢ᠎ᠶ᠋ᠢ ᠱᠠᠯᠠᠪᠳᠠᠨ ᠲᠤᠱᠢᠶᠠᠯᠭᠠᠵᠤ᠂ ᠭᠤᠤᠯ ᠲᠥᠬᠥᠭᠡᠷᠦᠮᠵᠢ᠎ᠶ᠋ᠢ ᠬᠠᠭᠠᠰ ᠰᠠᠷ᠎ᠠ ᠤᠷᠢᠳᠴᠢᠯᠠᠨ ᠪᠠᠷᠢᠯᠭ᠎ᠠ᠎ᠶ᠋ᠢᠨ ᠭᠠᠵᠠᠷ᠎ᠲᠤᠨᠢ ᠬᠦᠷᠭᠡᠯᠭᠡᠵᠦ᠂ ᠠᠵᠢᠯ ᠵᠢᠡᠨ ᠤᠭᠳᠤ ᠲᠠᠰᠤᠯᠳᠠᠭᠤᠯᠤᠭᠰᠠᠨ ᠦᠭᠡᠢ; ᠤᠮᠠᠷᠠᠲᠤ ᠣᠷᠣᠨ ᠤ᠋ ᠴᠠᠬᠢᠯᠭᠠᠨ ᠲᠣᠣᠷ᠎ᠤᠨ ᠲᠤᠬᠢᠷᠠᠭᠤᠯᠭ᠎ᠠ ᠡᠵᠡᠮᠱᠢᠯ᠎ᠤᠨ ᠲᠥᠪ᠎ᠯᠦᠭᠡ ᠪᠠᠢᠨᠭᠭᠤ ᠨᠡᠪᠲᠡᠷᠡᠯᠴᠡᠬᠦ᠌ ᠶ᠋ᠢ ᠴᠢᠩᠭᠠᠳᠭᠠᠨ᠂ ᠴᠠᠬᠢᠯᠭᠠᠨ ᠵᠣᠭ᠍ᠰᠣᠭᠠᠬᠤ ᠴᠣᠩᠬᠣᠪᠴᠢ ᠶ᠋ᠢ ᠣᠨᠣᠪᠴᠢᠲᠠᠢ ᠲᠥᠰᠦᠭᠡᠯᠡᠨ ᠪᠤᠳᠤᠵᠤ᠂ ᠴᠠᠬᠢᠯᠭᠠᠨ ᠬᠠᠩᠭᠠᠬᠤ ᠴᠠᠭ᠎ᠤᠨ ᠳᠠᠷᠠᠭᠠᠯᠠᠯ ᠢ᠋ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠤᠨ᠂ ᠪᠠᠷᠢᠯᠭ᠎ᠠ᠎ᠵᠢᠨ ᠪᠦᠳᠦᠬᠡᠨ ᠪᠠᠢᠭᠤᠯᠤᠯᠲᠠ᠎ᠵᠢᠨ ᠤᠳᠤ ᠪᠠᠢᠭ᠎ᠠ ᠴᠠᠬᠢᠯᠭᠠᠨ ᠲᠣᠣᠷ᠎ᠲᠤ ᠦᠵᠡᠭᠦᠯᠬᠦ᠌ ᠨᠥᠯᠥᠭᠡ ᠶ᠋ᠢ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠲᠡᠯ᠎ᠡ ᠪᠠᠭᠤᠷᠠᠭᠤᠯᠪᠠ;《ᠪᠠᠷᠢᠯᠭ᠎ᠠ᠎ᠶ᠋ᠢᠨ ᠬᠤᠭᠤᠴᠠᠭ᠎ᠠ᠎ᠶ᠋ᠢ ᠲᠣᠩᠭᠣᠷᠠᠭᠤᠯᠤᠨ ᠵᠢᠭ᠍ᠰᠠᠭᠠᠬᠤ᠂ ᠵᠢᠷᠤᠭ ᠡᠯᠭᠦᠨ ᠪᠠᠢᠯᠳᠤᠬᠤ》᠎ᠶ᠋ᠢ ᠬᠡᠷᠡᠭ᠌ᠵᠢᠭᠦᠯᠵᠦ᠍᠂ ᠡᠳᠦᠷ ᠪᠦᠷᠢ ᠲᠣᠬᠢᠷᠠᠭᠤᠯᠤᠯᠲᠠ ᠵᠢᠨ ᠬᠤᠷᠠᠯ ᠬᠢᠵᠦ ᠪᠠᠷᠢᠯᠭ᠎ᠠ᠎ᠶ᠋ᠢᠨ ᠲᠥᠰᠦᠯ᠎ᠢ ᠬᠥᠳᠡᠯᠦᠩᠭᠦᠶ ᠱᠢᠯᠢᠳᠡᠭ᠌ᠵᠢᠭᠦᠯᠬᠦ᠌᠎ᠪᠡᠷ ᠳᠠᠮᠵᠢᠭᠤᠯᠤᠨ᠂ ᠪᠣᠯᠣᠳ ᠱᠢᠷᠪᠥᠰᠥ᠎ᠶ᠋ᠢ ᠤᠶᠠᠬᠤ᠂ ᠲᠥᠬᠥᠭᠡᠷᠦᠮᠵᠢ ᠤᠭ᠍ᠰᠠᠷᠠᠬᠤ ᠵᠡᠷᠭᠡ ᠠᠵᠢᠯ᠎ᠤᠨ ᠳᠠᠷᠠᠭᠠᠯᠠᠯ᠎ᠢ ᠵᠠᠪᠰᠠᠷ ᠥᠬᠡᠶ ᠵᠣᠯᠭᠠᠭᠤᠯᠬᠤ᠎ᠶ᠋ᠢ ᠪᠡᠶᠡᠯᠡᠭᠦᠯᠪᠡ; ᠠᠮᠤᠷ ᠲᠦᠪᠱᠢᠨ᠎ᠦ ᠠᠵᠢᠯᠲᠠᠨ ᠡᠳᠦᠷ ᠪᠦᠷᠢ ᠲᠤᠬᠠᠶ᠎ᠶ᠋ᠢᠨ ᠲᠠᠯᠠᠪᠠᠶ᠎ᠳᠤ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ᠂ ᠪᠠᠷᠢᠯᠭ᠎ᠠ᠎ᠶ᠋ᠢᠨ ᠠᠵᠢᠯᠲᠠᠳ ᠪᠠᠷᠢᠮᠵᠢᠶᠠᠵᠢᠭᠤᠯᠤᠨ ᠠᠵᠢᠯᠯᠠᠬᠤ᠎ᠶ᠋ᠢ ᠴᠢᠩᠭ᠎ᠠ ᠵᠢᠷᠤᠮᠯᠠᠨ᠂ 《ᠬᠠᠲᠠᠭᠤ ᠲᠦᠷᠢᠮ ᠲᠤᠭᠲᠠᠭᠠᠯ》 ᠵᠢᠡᠷ ᠪᠠᠷᠢᠯᠭ᠎ᠠ᠎ᠶ᠋ᠢᠨ ᠶᠠᠰᠤ ᠴᠢᠨᠠᠷ᠎ᠤᠨ 《ᠬᠠᠲᠠᠭᠤ ᠴᠢᠨᠠᠷ ᠴᠢᠨᠰᠠᠭ᠎ᠠ》 ᠶ᠋ᠢ ᠪᠤᠢ ᠪᠤᠯᠭᠠᠪᠠ᠃

ᠡᠪᠦᠯ ᠤᠷᠤᠭ᠍ᠰᠠᠨ᠎ᠡᠴᠡ ᠨᠠᠭᠠᠰᠢ᠂ ᠮᠤᠨᠠ ᠠᠭᠤᠯᠠ᠎ᠶ᠋ᠢᠨ 500 ᠺᠢᠯᠤᠸᠤᠯᠲ᠎ᠤᠨ ᠬᠦᠴᠦᠳᠡᠯ ᠬᠤᠪᠢᠰᠭᠠᠬᠤ ᠢᠨᠵᠧᠨᠧᠷᠢᠩ᠎ᠦᠨ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠵᠢᠭᠡᠭᠦᠨ ᠰᠠᠯᠬᠢ ᠬᠠᠴᠠᠷ᠎ᠢ ᠵᠢᠮᠵᠢᠬᠢᠨᠡᠭᠦᠯᠦᠭᠰᠡᠨ ᠴᠤ᠌ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ 《ᠨᠠᠮ᠎ᠤᠨ ᠭᠡᠱᠢᠭᠦᠨ᠎ᠦ ᠭᠠᠪᠱᠢᠭᠠᠢ ᠠᠩᠬᠢ》 ᠵᠢᠨ ᠲᠤᠭ ᠰᠠᠯᠬᠢᠨ᠎ᠤ ᠠᠶᠠᠰ᠎ᠢᠶᠡᠷ ᠨᠠᠮᠢᠷᠠᠵᠤ ᠪᠠᠢᠪᠠ᠃ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠴᠢᠬᠤᠯᠠ ᠶᠡᠬᠡ ᠲᠥᠷᠥᠯ ᠵᠦᠶ᠋ᠯ᠂ ᠤᠯᠤᠰ᠎ᠤᠨ 《ᠡᠯᠡᠰᠦ ᠭᠤᠪᠢ ᠴᠦᠯ》᠎ᠤ᠋ᠨ ᠰᠠᠯᠬᠢᠨ ᠬᠦᠴᠦᠨ ᠬᠡᠷᠡᠯᠴᠢ ᠴᠡᠨᠡᠭ᠎ᠦᠨ ᠶᠡᠬᠡ ᠰᠠᠭᠤᠷᠢᠨ᠎ᠤ ᠵᠠᠩᠭᠢᠯᠠᠭ᠎ᠠ᠎ᠶ᠋ᠢᠨ ᠢᠵᠢ ᠪᠦᠷᠢᠳᠦᠭᠦᠯᠬᠦ᠌ ᠢᠨᠵᠧᠨᠧᠷᠢᠩ ᠪᠣᠯᠤᠭ᠍ᠰᠠᠨ᠎ᠤ ᠬᠤᠪᠢ᠎ᠳᠤ᠂ ᠲᠣᠰ ᠲᠥᠷᠥᠯ ᠵᠦᠶ᠋ᠯ ᠨᠢ ᠨᠢᠭᠡᠨᠲᠡ ᠱᠢᠯᠭᠠᠨ ᠠᠪᠬᠤ ᠱᠢᠪᠲᠤᠯᠤᠯᠲᠠ᠎ᠶ᠋ᠢᠨ ᠱᠠᠲᠤᠨ᠎ᠳᠤ ᠣᠷᠣᠵᠤ᠂ 220 ᠺᠢᠯᠤᠸᠤᠯᠲ᠎ᠤᠨ ᠲᠤᠤᠷ ᠲᠦ᠍ ᠵᠠᠯᠭᠠᠬᠤ ᠢᠨᠵᠧᠨᠧᠷᠢᠩ᠎ᠢ ᠢᠵᠢᠯ ᠠᠯᠬᠤᠮ᠎ᠢᠶᠠᠷ ᠲᠦᠷᠭᠡᠳᠭᠡᠪᠡ᠃

ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠲᠤᠮᠳᠠ᠂ ᠨᠠᠮ᠎ᠤᠨ ᠭᠡᠱᠢᠭᠦᠨ ᠺᠠᠳ᠋ᠷ ᠲᠦᠷᠦᠭᠦᠯᠡᠨ ᠪᠠᠷᠢᠯᠭ᠎ᠠ᠎ᠶ᠋ᠢᠨ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠍᠂ ᠡᠳᠦᠷ ᠲᠡᠭᠡᠨ ᠬᠦᠶ᠋ᠲᠡᠨ ᠰᠠᠯᠬᠢ᠎ᠶ᠋ᠢ ᠰᠥᠷᠥᠨ ᠪᠠᠷᠢᠯᠭ᠎ᠠ᠎ᠶ᠋ᠢᠨ ᠭᠠᠵᠠᠷ᠎ᠢᠶᠠᠷ ᠰᠦᠯᠵᠢᠯᠳᠦᠨ ᠪᠠᠷᠢᠯᠭ᠎ᠠ᠎ᠶ᠋ᠢᠨ ᠠᠬᠢᠴᠠ ᠪᠣᠯᠤᠨ ᠠᠮᠤᠷ ᠲᠦᠪᠱᠢᠨ᠎ᠢ ᠨᠠᠷᠢᠨ ᠨᠢᠮᠪᠠᠶ ᠵᠣᠬᠢᠴᠠᠭᠤᠯᠵᠤ᠂ ᠰᠥᠨᠢ᠎ᠳᠡᠭᠡᠨ ᠪᠠᠷᠢᠯᠭ᠎ᠠ ᠵᠢᠨ ᠵᠢᠷᠤᠭ᠎ᠢ ᠰᠤᠳᠤᠯᠤᠨ ᠶᠠᠷᠢᠯᠴᠠᠵᠤ ᠲᠥᠰᠦᠯ ᠭᠠᠷᠭᠠᠨ᠎ᠠ ᠁ ᠲᠠᠳᠠ ᠪᠠᠲᠤ ᠴᠢᠨᠭᠭ᠎ᠠ ᠬᠠᠷᠢᠭᠤᠴᠠᠯᠭ᠎ᠠ ᠡᠭᠦᠷᠭᠡᠯᠡᠯ᠎ᠵᠢᠡᠷ᠂ ᠡᠪᠦᠯ᠎ᠦᠨ ᠤᠯᠠᠷᠢᠯ᠎ᠤᠨ ᠬᠠᠬᠢᠷ ᠬᠦᠶ᠋ᠲᠡᠨ ᠪᠣᠯᠤᠨ ᠪᠠᠷᠢᠯᠭ᠎ᠠ᠎ᠶ᠋ᠢᠨ ᠬᠤᠭᠤᠴᠠᠭᠠᠨ᠎ᠤ ᠪᠠᠴᠢᠮ ᠪᠠᠢᠳᠠᠯ᠎ᠢ ᠪᠥᠬᠥ᠌ ᠬᠦᠴᠦᠨ᠎ᠢᠶᠡᠷ᠎ᠢᠶᠡᠨ ᠠᠷᠭᠠᠴᠡᠭᠠᠨ᠎ᠠ᠃ ᠢᠨᠵᠧᠨᠧᠷᠢᠩ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ 200 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢ ᠵᠠᠯᠭᠠᠨ ᠣᠷᠣᠭᠤᠯᠬᠤ ᠪᠠ ᠱᠢᠩᠭᠡᠭᠡᠨ ᠠᠪᠬᠤ ᠬᠦᠨᠳᠦ ᠡᠭᠦᠷᠭᠡ᠎ᠶ᠋ᠢ ᠯᠠᠪᠳᠠᠭᠤᠨ ᠪᠠᠲᠤᠲᠠᠶ ᠡᠭᠦᠷᠭᠡᠯᠡᠵᠦ᠍᠂ ᠥᠪᠥᠷ ᠮᠣᠩᠭᠣᠯ᠎ᠤᠨ ᠪᠣᠬᠢᠷᠲᠤᠯ ᠥᠬᠡᠶ ᠡᠨᠧᠷᠭᠢ᠎ᠶ᠋ᠢ ᠭᠠᠳᠠᠭ᠍ᠰᠢ ᠬᠦᠷᠭᠡᠬᠦ᠌᠎ᠳᠦ ᠴᠠᠬᠢᠯᠭᠠᠨ ᠲᠤᠤᠷ᠎ᠤᠨ ᠭᠤᠤᠯ ᠯᠤᠭ᠍ᠰᠢᠭᠤᠨ ᠰᠤᠳᠠᠯ᠎ᠢ ᠨᠡᠪᠲᠡᠷᠡᠭᠦᠯᠬᠦ ᠪᠤᠯᠤᠨ᠎ᠠ᠃

《ᠡᠨᠡ ᠵᠢᠯ᠎ᠡᠴᠡ ᠨᠠᠭᠠᠰᠢ᠂ ᠮᠠᠨ᠎ᠦ ᠪᠦᠯᠦᠭ᠌ᠯᠡᠯ᠎ᠬᠦᠪᠴᠢ ᠵᠢᠨ ᠡᠯᠡᠰᠦᠨ ᠴᠦᠯ᠂ ᠮᠤᠨᠠ ᠠᠭᠤᠯᠠ᠎ᠶ᠋ᠢᠨ 500 ᠺᠢᠯᠤᠸᠤᠯᠲ᠎ᠤᠨ ᠴᠠᠬᠢᠯᠭᠠᠨ ᠬᠦᠷᠭᠡᠬᠦ᠌ ᠬᠤᠪᠢᠰᠭᠠᠬᠤ ᠲᠦᠷᠦᠯ ᠵᠦᠢᠯ ᠵᠡᠷᠭᠡ ᠭᠣᠣᠯᠳᠠᠯᠭ᠎ᠠ᠎ᠲᠠᠶ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ ᠠᠬᠢᠭᠤᠯᠵᠤ᠂ 14 ᠵᠦᠢᠯ᠎ᠦᠨ ᠢᠨᠵᠧᠨᠧᠷᠢᠩ ᠨᠢ ᠨᠢᠭᠡᠨᠲᠡ ᠤᠷᠤᠭ᠍ᠰᠢᠲᠠᠢ ᠠᠱᠢᠭ᠍ᠯᠠᠯᠲᠠ᠎ᠳᠤ ᠣᠷᠣᠵᠤ᠂ ᠦᠯᠡᠳᠡᠭ᠌ᠰᠡᠨ 13 ᠵᠦᠢᠯ᠎ᠦᠨ ᠢᠨᠵᠧᠨᠧᠷᠢᠩ᠎ᠢ ᠨᠢ ᠶᠠᠭ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠵᠢᠯ᠎ᠦᠨ ᠡᠴᠦᠰ᠎ᠲᠦ ᠲᠡᠭᠦᠰ ᠠᠮᠵᠢᠯᠲᠠ᠎ᠲᠠᠶ᠎ᠰᠡᠭᠦᠯ ᠬᠤᠷᠢᠶᠠᠬᠤ᠎ᠶ᠋ᠢ ᠪᠠᠲᠤᠯᠠᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠭᠣᠣᠯᠯᠠᠭ᠍ᠴᠢ ᠴᠠᠬᠢᠯᠭᠠᠨ ᠲᠣᠣᠷ ᠤᠯᠠᠮ ᠱᠢᠯᠢᠳᠡᠭ᠌ᠵᠢᠨ ᠳᠡᠰ ᠳᠡᠪᠱᠢᠬᠦ᠌ ᠪᠣᠯᠤᠨ᠎ᠠ》 ᠭᠡᠵᠦ᠍ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠬᠤᠯᠪᠤᠭᠳᠠᠯ ᠪᠥᠬᠥᠶ ᠬᠠᠷᠢᠭᠤᠴᠠᠯᠭᠠᠲᠠᠨ ᠬᠡᠯᠡᠪᠡ᠃

ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠲᠤ ᠡᠷᠭᠢᠯᠳᠦᠵᠦ᠍ ᠪᠠᠢᠭ᠎ᠠ ᠰᠠᠷᠬᠢᠷᠠᠭᠤᠯ᠎ᠡᠴᠡ ᠠᠯᠠᠱᠠ ᠠᠢᠮᠠᠭ᠎ᠤᠨ ᠬᠢᠯᠢ ᠳᠣᠲᠣᠷᠠᠬᠢ ᠡᠯᠡᠰᠦᠨ᠎ᠳᠦ ᠲᠦᠭᠡᠭᠰᠡᠨ ᠬᠡᠷᠡᠯᠴᠢ ᠴᠡᠨᠡᠭ᠎ᠦᠨ ᠬᠠᠪᠲᠠᠰᠤ ᠬᠦᠷᠲᠡᠯ᠎ᠡ᠂ ᠨᠢᠭᠡ ᠪᠦᠯᠦᠭ ᠱᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠦ ᠲᠥᠷᠥᠯ ᠵᠦᠶ᠋ᠯ ᠴᠠᠬᠢᠯᠭᠠᠨ  ᠲᠤᠤᠷ᠎ᠤᠨ ᠢᠨᠵᠧᠨᠧᠷᠢᠩ᠎ᠦᠨ ᠪᠥᠲᠥᠭᠡᠨ ᠪᠠᠢᠭᠤᠯᠤᠭᠴᠢᠳ ᠤ᠋ᠨ ᠠᠯᠢ ᠲᠦᠷᠭᠡᠨ ᠵᠢᠡᠷ 《ᠲᠤᠤᠷ ᠰᠦᠯᠵᠢᠬᠦ᠌》 ᠵᠢ ᠬᠦᠯᠢᠶᠡᠵᠦ ᠪᠣᠶ᠃ 《ᠲᠤᠤᠷ ᠰᠦᠯᠵᠢᠬᠦ᠌》 ᠶ᠋ᠢ ᠲᠦᠷᠭᠡᠳᠭᠡᠬᠦ᠌ ᠳᠤᠮᠳᠠ᠂ ᠣᠳᠣᠬᠠᠨ᠎ᠳᠤ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠣᠨ᠎ᠤ ᠱᠢᠨ᠎ᠡ ᠡᠨᠧᠷᠭᠢ᠎ᠶ᠋ᠢᠨ ᠡᠬᠢ ᠪᠠᠶᠠᠯᠢᠭ᠎ᠤᠨ ᠲᠤᠤᠷ ᠲᠦ᠍ ᠵᠠᠯᠭᠠᠬᠤ ᠢᠨᠵᠧᠨᠧᠷᠢᠩ ᠡᠴᠡ ᠨᠢᠭᠡᠨᠲᠡ ᠳᠠᠭᠤᠰᠭᠠᠬᠰᠠᠨ ᠨᠢ 23᠂ ᠶᠠᠭ ᠪᠠᠢᠭᠤᠯᠵᠤ ᠪᠠᠢᠭ᠎ᠠ ᠨᠢ 34 ᠎ᠪᠠᠢᠵᠤ᠂ ᠡᠭᠦᠨ᠎ᠦ ᠳᠡᠭᠡᠷ᠎ᠡ ᠰᠡᠭᠦᠯᠡᠷ ᠨᠢ ᠪᠠᠢᠭᠤᠯᠵᠤ ᠠᠱᠢᠭ᠍ᠯᠠᠯᠲᠠ᠎ᠳᠤ ᠣᠷᠣᠭᠤᠯᠬᠤ ᠴᠠᠬᠢᠯᠭᠠᠨ ᠲᠤᠤᠷ᠎ᠤᠨ ᠢᠨᠵᠧᠨᠧᠷᠢᠩ᠎ᠢ ᠨᠡᠮᠡᠪᠡᠯ᠂ ᠵᠢᠱ᠌ᠢᠯᠲᠡ᠎ᠪᠡᠷ ᠪᠥᠬᠥ᠌ ᠵᠢᠯ᠎ᠳᠦ ᠪᠠᠢᠭᠤᠯᠵᠤ ᠳᠠᠭᠤᠰᠭᠠᠬᠤ ᠴᠠᠬᠢᠯᠭᠠᠨ ᠲᠤᠤᠷ᠎ᠤᠨ ᠢᠨᠵᠧᠨᠧᠷᠢᠩ᠎ᠨᠢ 3000 ᠲᠦᠮᠡᠨ ᠺᠢᠯᠦᠸᠠᠲ᠎ᠤᠨ ᠱᠢᠨ᠎ᠡ ᠡᠨᠧᠷᠭᠢ ᠵᠢ ᠤᠷᠤᠭ᠍ᠰᠢᠲᠠᠶ᠎ᠲᠤᠤᠷ ᠲᠤ᠌ ᠨᠡᠢᠯᠡᠭᠦᠯᠬᠦ᠌᠎ᠳ᠋ᠤ ᠲᠤᠯᠭᠠᠭᠤᠷᠢᠯᠠᠬᠤ ᠪᠣᠯᠤᠨ᠎ᠠ᠃ ᠲᠠᠰᠤᠷᠠᠯᠳᠠ ᠦᠭᠡᠢ ᠬᠠᠩᠭᠠᠬᠤ ᠪᠤᠬᠢᠷᠳᠤᠯ ᠦᠭᠡᠢ ᠴᠠᠬᠢᠯᠭᠠᠨ ᠡᠨᠧᠷᠭᠢ ᠨᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ ᠪᠠ 《ᠬᠣᠣᠰ ᠨᠡᠭᠦᠷᠡᠰᠦᠲᠦ᠋ᠷᠦᠭᠴᠢ》 ᠵᠢᠨ ᠬᠠᠷᠠᠯᠲᠠ᠎ᠶ᠋ᠢ ᠪᠡᠶᠡᠯᠡᠭᠦᠯᠬᠦ᠌ ᠵᠠᠮ᠎ᠢ ᠨᠡᠩ ᠲᠣᠳᠣᠷᠬᠠᠶ ᠪᠣᠯᠭᠠᠪᠠ᠃

ᠣᠳᠣᠬᠠᠨ᠎ᠳᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠲᠤᠤᠷ᠎ᠤᠨ ᠠᠯᠤᠰ ᠬᠡᠲᠦ᠍᠎ᠶ᠋ᠢᠨ ᠪᠠᠢᠷᠢᠱᠢᠭᠤᠯᠤᠯᠲᠠ᠎ᠳᠤ ᠰᠠᠭᠤᠷᠢᠯᠠᠨ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠪᠥᠲᠥᠭᠡᠨ ᠪᠠᠢᠭᠤᠯᠤᠯᠲᠠ᠎ᠶ᠋ᠢᠨ ᠠᠤᠭ᠎ᠠ ᠲᠦᠰᠦᠪ  ᠶᠠᠭ ᠡᠮᠬᠢ ᠵᠢᠷᠤᠮ᠎ᠲᠠᠶ ᠳᠡᠯᠭᠡᠭ᠌ᠳᠡᠵᠦ᠍ ᠪᠣᠶ — 4 ᠰᠠᠭᠤᠷᠢ ᠱᠢᠨ᠎ᠡ᠎ᠪᠡᠷ ᠪᠠᠢᠭᠤᠯᠤᠭ᠍ᠰᠠᠨ 500 ᠺᠢᠯᠦᠸᠤᠯᠲ᠎ᠤᠨ ᠴᠠᠬᠢᠯᠭᠠᠨ ᠬᠤᠪᠢᠰᠭᠠᠬᠤ ᠥᠷᠲᠡᠭᠡ᠂ 4 ᠰᠠᠭᠤᠷᠢ ᠱᠢᠨ᠎ᠡ᠎ᠪᠡᠷ ᠪᠠᠢᠭᠤᠯᠤᠭ᠍ᠰᠠᠨ 220 ᠺᠢᠯᠦᠸᠤᠯᠲ᠎ᠤᠨ ᠴᠠᠬᠢᠯᠭᠠᠨ ᠬᠤᠪᠢᠰᠭᠠᠬᠤ ᠥᠷᠲᠡᠭᠡ᠎ᠶ᠋ᠢ ᠬᠤᠭᠤᠴᠠᠭ᠎ᠠ ᠶᠣᠰᠣᠭᠠᠷ ᠠᠱᠢᠭ᠍ᠯᠠᠯᠲᠠ᠎ᠳᠤ ᠣᠷᠣᠭᠤᠯᠤᠨ᠂ 10 ᠰᠠᠭᠤᠷᠢ 500 ᠺᠢᠯᠦᠸᠤᠯᠲ᠎ᠤᠨ ᠴᠠᠬᠢᠯᠭᠠᠨ ᠬᠤᠪᠢᠰᠭᠠᠬᠤ ᠥᠷᠲᠡᠭᠡ᠎ᠶ᠋ᠢᠨ ᠭᠤᠤᠯ ᠬᠦᠴᠦᠳᠡᠯ ᠬᠤᠪᠢᠰᠭᠠᠬᠤ ᠪᠠᠭᠠᠵᠢ᠎ᠶ᠋ᠢ ᠥᠷᠭᠡᠳᠭᠡᠨ ᠪᠠᠢᠭᠤᠯᠬᠤ ᠢᠨᠵᠧᠨᠧᠷᠢᠩ᠎ᠢ ᠯᠠᠪᠳᠠᠭᠤᠨ ᠠᠬᠢᠭᠤᠯᠵᠤ᠂ 2200 ᠺᠢᠯᠣᠮᠧᠲ᠋ᠷ᠎ᠦᠨ 220 ᠺᠢᠯᠦᠸᠤᠯᠲ ᠵᠢᠴᠢ ᠲᠡᠭᠦᠨ᠎ᠡᠴᠡ ᠳᠡᠭᠡᠭ᠌ᠰᠢᠬᠢ ᠴᠠᠬᠢᠯᠭᠠᠨ ᠤᠳᠠᠰᠤᠨ ᠤ᠋ ᠵᠠᠮ ᠱᠤᠭᠤᠮ᠎ᠢ ᠠᠱᠢᠭ᠍ᠯᠠᠯᠲᠠ᠎ᠳᠤ ᠣᠷᠣᠭᠤᠯᠬᠤ ᠠᠵᠢᠯ ᠰᠡᠭᠦᠯ ᠬᠤᠷᠢᠶᠠᠬᠤ ᠪᠤᠯᠵᠤ᠂ 13900 ᠺᠢᠯᠣᠮᠧᠲ᠋ᠷ᠎ᠦᠨ 10 ᠺᠢᠯᠦᠸᠤᠯᠲ ᠵᠢᠴᠢ ᠲᠡᠭᠦᠨ᠎ᠡᠴᠡ ᠳᠣᠷᠣᠭ᠍ᠰᠢᠬᠢ ᠴᠠᠬᠢᠯᠭᠠᠨ ᠤᠳᠠᠰᠤᠨ ᠤ᠋ ᠵᠠᠮ ᠱᠤᠭᠤᠮ᠎ᠢ ᠥᠭᠡᠷᠡᠴᠢᠯᠡᠨ ᠪᠠᠢᠭᠤᠯᠬᠤ ᠠᠵᠢᠯ ᠱᠢᠪᠲᠤᠷᠠᠭᠠᠨ᠎ᠳᠠᠭᠠᠨ ᠣᠷᠣᠪᠠ ᠁ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠨᠠᠩ ᠨᠢᠭ᠍ᠲᠠ ᠨᠠᠩ ᠪᠠᠲᠤ ᠪᠠᠬᠢ ᠴᠠᠬᠢᠯᠭᠠᠨ ᠲᠤᠤᠷ᠎ᠨᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠬᠦ ᠪᠤᠯᠤᠨ᠎ᠠ᠃

ᠱᠢᠢᠳᠪᠦᠷᠢᠲᠦ ᠳᠠᠢᠯᠠᠯᠳᠤᠭᠠᠨ᠎ᠤ ᠴᠠᠭ ᠮᠥᠴᠡ᠎ᠳᠦ ᠬᠠᠷᠢᠭᠤᠴᠠᠯᠭ᠎ᠠ ᠡᠭᠦᠷᠭᠡᠯᠡᠵᠦ᠍᠂ ᠡᠷᠡᠮᠡᠬᠡᠢᠯᠡᠨ ᠤᠷᠤᠭ᠍ᠰᠢᠯᠠᠵᠤ ᠵᠢᠳᠬᠦᠯ ᠴᠢᠷᠮᠠᠢᠯᠭ᠎ᠠ ᠭᠠᠷᠭᠠᠨ᠎ᠠ᠃ ᠣᠳᠣᠬᠠᠨ᠎ᠳᠤ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠵᠢᠴᠢ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠲᠤᠤᠷ᠎ᠤᠨ ᠪᠥᠲᠥᠭᠡᠨ ᠪᠠᠢᠭᠤᠯᠤᠭ᠍ᠴᠢᠳ ᠣᠷᠭᠢᠯᠤᠮ᠎ᠠ ᠬᠠᠯᠠᠭᠤᠨ ᠰᠡᠳᠭᠢᠯᠭᠡ᠎ᠪᠡᠷ 《60 ᠡᠳᠦᠷ ᠱᠢᠶ᠋ᠳᠪᠦᠷᠢᠲᠦ ᠳᠠᠢᠯᠠᠯᠳᠤᠭᠠᠨ ᠬᠢᠵᠦ᠍》᠂ 520 ᠵᠦᠶ᠋ᠯ᠎ᠦᠨ ᠪᠠᠢᠭᠤᠯᠵᠤ ᠪᠠᠢᠭ᠎ᠠ ᠴᠠᠬᠢᠯᠭᠠᠨ ᠲᠤᠤᠷ᠎ᠤᠨ ᠢᠨᠵᠧᠨᠧᠷᠢᠩ᠎ᠦᠨ ᠲᠥᠷᠥᠯ ᠵᠦᠶ᠋ᠯ᠎ᠢ ᠵᠢᠯ᠎ᠦᠨ ᠰᠡᠭᠦᠯᠴᠢ᠎ᠡᠴᠡ ᠡᠮᠦᠨ᠎ᠡ ᠲᠣᠭ᠍ᠲᠠᠭ᠍ᠰᠠᠨ ᠬᠤᠭᠤᠴᠠᠭᠠᠨ᠎ᠳᠤ ᠠᠱᠢᠭ᠍ᠯᠠᠯᠲᠠ᠎ᠳᠤ ᠣᠷᠣᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠡᠷᠡᠯ ᠭᠢᠯᠪᠠᠭ᠎ᠠ ᠨᠡᠮᠡᠷᠢᠯᠡᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号