ᠬᠡᠤᠬᠡᠳ ᠰᠠᠭᠠᠲᠠᠭᠤᠯᠬᠤ ᠵᠢᠵᠢᠭᠭᠡᠨ ᠦᠢᠯᠡᠴᠢᠯᠡᠭᠡ ᠠᠷᠠᠳ᠎ᠤᠨ ᠠᠮᠢᠳᠤᠷᠠᠯ᠎ᠤᠨ ᠲᠤᠮᠤᠬᠠᠨ ᠶᠠᠪᠤᠳᠠᠯ — ᠥᠪᠥᠷ ᠮᠣᠩᠭᠣᠯ᠎ᠤᠨ 《ᠨᠢᠯᠬ᠎ᠠ ᠬᠡᠦᠬᠡᠳ᠎ᠢ ᠰᠠᠭᠠᠲᠠᠭᠤᠯᠬᠤ》 ᠲᠦᠷᠦ᠎ᠵᠢᠨ ᠪᠤᠳᠤᠯᠭ᠎ᠠ ᠲᠦᠭ ᠲᠦᠮᠡᠨ ᠠᠢᠯ ᠡᠷᠦᠬᠡ᠎ᠳᠦ ᠠᠱᠢᠭ ᠬᠦᠷᠲᠡᠭᠡᠨ᠎ᠠ
2025-12-07 11:07:17
ᠵᠣᠬᠢᠶᠠᠭ᠍ᠴᠢ᠄
ᠸᠠᠩ ᠺᠦᠨ
ᠣᠩᠱᠢᠭ᠍ᠰᠠᠨ ᠣᠳᠠᠭ᠎ᠠ᠄
★★★☆☆

ᠬᠡᠦᠬᠡᠳ᠎ᠢ 3 ᠨᠠᠰᠤᠨ᠎ᠡᠴᠡ ᠡᠮᠦᠨ᠎ᠡ ᠬᠡᠨ ᠰᠠᠭᠠᠲᠠᠭᠤᠯᠬᠤ ᠪᠤᠢ? ᠡᠨᠡ ᠪᠣᠯ ᠨᠦᠬᠦᠷ ᠪᠦᠰᠡᠬᠦᠢ ᠬᠤᠶᠠᠭᠤᠯᠠ ᠪᠠᠨ ᠠᠵᠢᠯᠯᠠᠵᠦ ᠪᠠᠢᠭ᠎ᠠ ᠮᠠᠰᠢ ᠣᠯᠠᠨ ᠭᠡᠷ ᠪᠦᠯᠢ᠎ᠳᠦ ᠲᠤᠯᠭᠠᠷᠠᠵᠤ ᠪᠠᠢᠭ᠎ᠠ ᠪᠣᠳᠠᠲᠠᠶ ᠠᠰᠠᠭᠤᠳᠠᠯ᠃

3 ᠡᠴᠡ ᠪᠠᠭ᠎ᠠ ᠨᠠᠰᠤᠨ᠎ᠦ ᠨᠢᠷᠠᠢ ᠨᠢᠯᠬ᠎ᠠ ᠬᠡᠦᠬᠡᠳ᠎ᠢ ᠰᠠᠭᠠᠲᠠᠭᠤᠯᠬᠤ ᠦᠶ᠋ᠯᠡᠴᠢᠯᠡᠭᠡ᠎ᠨᠢ ᠲᠦᠭ ᠲᠦᠮᠡᠨ ᠠᠢᠯ ᠡᠷᠦᠬᠡ᠎ᠶ᠋ᠢᠨ ᠵᠣᠯ ᠵᠢᠷᠭᠠᠯ ᠠᠮᠤᠷ ᠠᠮᠤᠭᠤᠯᠠᠩ᠎ᠳ᠋ᠦ ᠬᠣᠯᠪᠣᠭ᠍ᠳᠠᠨ᠎ᠠ᠃ 《ᠨᠢᠯᠬ᠎ᠠ ᠬᠡᠤᠬᠡᠤᠨ᠎ᠢ ᠰᠠᠭᠠᠳᠠᠭᠤᠯᠬᠤ》 ᠠᠰᠠᠭᠤᠳᠠᠯ᠎ᠢ ᠰᠠᠢ᠌ᠨ ᠰᠢᠢᠳᠪᠦᠷᠢᠯᠡᠭᠰᠡᠨ ᠡᠰᠡᠬᠦ᠌᠂ ᠭᠡᠷ᠎ᠦᠨ ᠠᠬᠠᠮᠠᠳ᠎ᠤᠨ ᠰᠠᠨᠠᠭᠠᠱᠢᠷᠠᠯ᠎ᠢ ᠪᠦᠲᠦᠮᠵᠢᠲᠡᠢ ᠱᠢᠢᠳᠪᠦᠷᠢᠯᠡᠵᠦ᠍ ᠳᠡᠢᠯᠬᠦ᠌ ᠡᠰᠡᠬᠦ᠌ ᠨᠢ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠳ᠋ᠤ ᠬᠣᠯᠪᠣᠭ᠍ᠳᠠᠵᠤ᠂ ᠬᠥᠮᠦᠨ ᠠᠮᠠ᠎ᠶ᠋ᠢᠨ ᠤᠷᠳᠤ ᠬᠤᠭᠤᠴᠠᠭᠠᠨ᠎ᠤ ᠲᠡᠩᠴᠡᠭᠦᠷᠢᠲᠡᠢ ᠬᠥᠭ᠌ᠵᠢᠯᠲᠡ᠎ᠳ᠋ᠦ ᠬᠣᠯᠪᠣᠭ᠍ᠳᠠᠨ᠎ᠠ᠃

《ᠬᠡᠦᠬᠡᠳ᠎ᠢᠶᠡᠨ ᠡᠨᠳᠡ ᠲᠤᠱᠢᠶᠠᠪᠠᠯ ᠪᠢ ᠪᠦᠬᠦ᠌ ᠰᠡᠳᠭᠢᠯ᠎ᠢᠶᠡᠷ ᠠᠵᠢᠯ ᠳ᠋ᠠᠭᠠᠨ ᠰᠢᠭᠤᠳᠴᠤ ᠴᠢᠳᠠᠨ᠎ᠠ᠂ ᠪᠢᠳᠡ ᠰᠠᠨᠠᠭ᠎ᠠ ᠠᠮᠤᠷ᠂ ᠨᠠᠰᠤᠳᠠᠨ ᠴᠦ᠍ ᠰᠠᠨᠠᠭ᠎ᠠ ᠠᠮᠤᠷ ᠶᠤᠮ》 ᠭᠡᠵᠦ ᠲᠦᠩᠯᠢᠶᠣᠤ ᠬᠣᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠲᠤ ᠰᠠᠭᠤᠭ᠎ᠠ᠂ ᠡᠮᠨᠡᠯᠭᠡ᠎ᠶ᠋ᠢᠨ ᠬᠣᠷᠢᠶᠠᠨ᠎ᠳᠤ ᠠᠵᠢᠯ ᠲᠠᠢ ᠶᠣᠣ ᠶᠣᠣ᠎ᠵᠢᠨ ᠡᠵᠢ ᠬᠡᠷ᠎ᠦᠨ᠎ᠢᠶᠡᠨ ᠡᠭᠦᠳᠡᠨ᠎ᠳᠡᠬᠢ ᠬᠡᠤᠬᠡᠳ ᠰᠠᠭᠠᠲᠠᠭᠤᠯᠬᠤ ᠬᠦᠷᠢᠶᠡᠯᠡᠩ ᠳ᠋ᠤ ᠮᠠᠰᠢ ᠬᠠᠨᠤᠮᠵᠢᠳᠠᠢ ᠪᠠᠢᠯ᠎ᠠ᠃

ᠨᠦᠬᠦᠷ ᠪᠦᠰᠡᠬᠦᠢ ᠬᠤᠶᠠᠭᠤᠯᠠ ᠪᠠᠨ ᠠᠵᠢᠯ ᠲᠠᠢ ᠂ ᠬᠣᠶᠠᠷ ᠲᠠᠯ᠎ᠠ᠎ᠶ᠋ᠢᠨ ᠨᠠᠰᠤᠲᠠᠨ ᠬᠠᠵᠠᠭᠤ᠎ᠳᠤᠨᠢ ᠪᠠᠢᠬᠤ ᠥᠬᠡᠶ᠂ ᠬᠥᠩᠭᠡᠵᠢᠯᠲᠡ᠎ᠶ᠋ᠢᠨ ᠴᠢᠯᠥᠭᠡ ᠨᠢ᠎ᠰᠠᠶᠢᠬᠠᠨ ᠳᠠᠭᠤᠰᠤᠭᠰᠠᠨ ᠲᠡᠷᠡ ᠬᠡᠦᠬᠡᠳ᠎ᠦᠨ᠎ᠢᠶᠡᠨ ᠰᠠᠭᠠᠲᠠᠭᠤᠯᠬᠤ ᠠᠰᠠᠭᠤᠳᠠᠯ᠎ᠳᠤ ᠰᠠᠨᠠᠭ᠎ᠠ ᠵᠣᠪᠠᠵᠤ ᠪᠠᠢᠬᠤ᠎ᠳᠤ᠂ ᠬᠡᠷ᠎ᠦᠨ ᠡᠭᠦᠳᠡᠨ᠎ᠳᠡᠬᠢ ᠬᠡᠦᠬᠡᠳ ᠰᠠᠭᠠᠲᠠᠭᠤᠯᠬᠤ ᠬᠦᠷᠢᠶᠡᠯᠡᠩ᠎ᠦᠨ ᠴᠠᠭ᠎ᠢᠶᠠᠷ ᠪᠤᠳᠤᠬᠤ ᠦᠶ᠋ᠯᠡᠴᠢᠯᠡᠭᠡ᠎ᠨᠢ ᠲᠡᠭᠦᠨ᠎ᠦ ᠪᠠᠴᠢᠮ ᠪᠠᠢᠳᠠᠯ᠎ᠢ ᠱᠢᠶ᠋ᠳᠪᠦᠷᠢᠯᠡᠪᠡ᠃

ᠶᠣᠣ ᠶᠣᠣ᠎ᠶᠢ 7 ᠰᠠᠷ᠎ᠠ ᠲᠠᠢ᠎ᠡᠴᠡ ᠡᠬᠢᠯᠡᠨ᠂ ᠡᠵᠢ ᠨᠢ ᠡᠳᠦᠷ ᠪᠦᠷᠢ᠎ᠶ᠋ᠢᠨ ᠦᠳᠡ᠎ᠶ᠋ᠢᠨ ᠡᠮᠦᠨ᠎ᠡ ᠪᠠ ᠦᠳᠡ᠎ᠶ᠋ᠢᠨ ᠬᠣᠢᠨ᠎ᠠ ᠲᠤᠰ ᠪᠦᠷᠢ 2 ᠴᠠᠭ ᠬᠡᠦᠬᠡᠳ ᠰᠠᠭᠠᠲᠠᠭᠤᠯᠬᠤ ᠬᠦᠷᠢᠶᠡᠯᠡᠩ᠎ᠦᠨ ᠬᠦᠬᠦᠭᠦᠯ ᠬᠡᠦᠬᠡᠳ᠎ᠦᠨ ᠠᠩᠬᠢ᠎ᠳᠤ ᠬᠦᠷᠭᠡᠵᠦ᠍ ᠬᠠᠷᠠᠭᠠᠯᠵᠠᠭᠤᠯᠳᠠᠭ᠃ ᠥᠷᠯᠥᠭᠡ ᠪᠦᠷᠢ᠎ᠶ᠋ᠢᠨ 8 ᠴᠠᠭ ᠬᠠᠭᠠᠰ᠎ᠲᠤ᠂ ᠪᠠᠭ᠍ᠰᠢ ᠨᠢ ᠶᠣᠣ ᠶᠣᠣ᠎ᠶ᠋ᠢ ᠲᠣᠰᠴᠤ᠌ ᠠᠪᠤᠭ᠍ᠰᠠᠨ᠎ᠤ ᠳᠠᠷᠠᠭ᠎ᠠ᠂ ᠨᠢᠭᠤᠷ᠎ᠭᠠᠷ ᠎ᠢ ᠨᠢ ᠤᠬᠢᠶᠠᠵᠤ  ᠂ ᠥᠷᠯᠥᠭᠡ᠎ᠶ᠋ᠢᠨ ᠬᠣᠭᠣᠯᠠ ᠢᠳᠡᠭᠦᠯᠳᠡᠭ ᠁ ᠠᠯᠢ ᠣᠯᠠᠨ ᠶᠠᠪᠤᠴᠠ ᠨᠢ ᠨᠠᠷᠢᠨ ᠨᠢᠮᠪᠠᠢ ᠪᠠᠢᠵᠤ᠂ ᠭᠡᠷ᠎ᠦᠨ ᠬᠥᠮᠦᠰ ᠱᠢᠭ ᠳᠣᠲᠣᠨᠣ ᠪᠠᠢᠳᠠᠭ᠃

ᠬᠡᠦᠬᠡᠳ ᠰᠠᠭᠠᠲᠠᠭᠤᠯᠬᠤ ᠠᠩᠭᠢ᠎ᠵᠢ ᠬᠡᠷ᠎ᠦᠨ ᠡᠭᠦᠳᠡᠨ᠎ᠳᠦ ᠨᠡᠭᠡᠭᠡᠬᠦ᠌ ᠪᠣᠯ ᠥᠪᠥᠷ ᠮᠣᠩᠭᠣᠯ᠎ᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶ᠋ᠢ ᠶᠡᠬᠡᠪᠡᠷ ᠬᠥᠭ᠌ᠵᠢᠭᠦᠯᠦᠭ᠌ᠰᠡᠨ ᠠᠮᠢᠳᠤᠯᠢᠭ ᠦᠶ᠋ᠯᠡᠳᠦᠯᠭᠡ ᠪᠣᠯᠤᠨ᠎ᠠ᠃

ᠤᠷᠳᠤᠰ ᠬᠤᠲᠠ᠎ᠳᠤ 《ᠮᠸᠩ ᠪᠦᠦ ᠦᠷᠳᠡᠬᠡ》 ᠪᠣᠯ ᠮᠠᠰᠢ ᠤᠯᠠᠨ ᠵᠠᠯᠠᠭᠤ ᠠᠪᠤ ᠡᠵᠢ᠎ᠶ᠋ᠢᠨ ᠭᠡᠷ᠎ᠤᠨ ᠵᠢᠡᠨ ᠡᠭᠦᠳᠡᠨ᠎ᠳᠡᠭᠡᠨ ᠬᠡᠦᠬᠡᠳ ᠵᠢᠡᠨ᠎ᠰᠠᠭᠠᠲᠠᠭᠤᠯᠬᠤ ᠰᠤᠨᠭᠭᠤᠯᠲᠠ ᠪᠣᠯᠤᠨ᠎ᠠ᠃ ᠨᠢᠭᠡᠳᠦᠭᠡᠷ ᠪᠦᠯᠦᠭ᠎ᠤᠨ ᠪᠥᠬᠥ᠌ ᠤᠯᠤᠰ᠎ᠤᠨ ᠨᠢᠯᠬ᠎ᠠ ᠬᠡᠦᠬᠡᠳ᠎ᠢ ᠰᠠᠭᠠᠲᠠᠭᠤᠯᠬᠤ ᠦᠶ᠋ᠯᠡᠴᠢᠯᠡᠭᠡᠨ᠎ᠦ ᠵᠢᠱ᠌ᠢᠶ᠎ᠡ ᠦᠵᠡᠭᠦᠯᠬᠦ᠌ ᠬᠣᠲᠠ ᠪᠣᠯᠤᠭ᠍ᠰᠠᠨ᠎ᠤ ᠬᠤᠪᠢ᠎ᠳᠤ᠂ ᠣᠷᠳᠣᠰ ᠬᠣᠲᠠ 3150 ᠲᠦᠮᠡᠨ ᠲᠥᠭᠥᠷᠢᠭ᠎ᠦᠨ ᠲᠤᠰᠭᠠᠶ ᠪᠠᠯᠠ ᠮᠥᠩᠭᠥ᠌ ᠣᠷᠣᠭᠤᠯᠵᠤ᠂ ᠨᠡᠢᠭᠡᠮ ᠲᠣᠭᠣᠷᠢᠭ᠎ᠤᠨ ᠬᠡᠦᠬᠡᠳ ᠰᠠᠭᠠᠲᠠᠭᠤᠯᠬᠤ 70 ᠦᠶ᠋ᠯᠡᠴᠢᠯᠡᠭᠡᠨ᠎ᠦ ᠴᠡᠭ᠎ᠢ ᠠᠯᠬᠤᠮ ᠬᠤᠪᠢᠶᠠᠨ ᠪᠠᠢᠭᠤᠯᠪᠠ᠃

ᠣᠳᠣᠬᠠᠨ᠎ᠳᠤ᠂ ᠡᠨᠡ ᠬᠦ᠌ ᠮᠠᠨ᠎ᠤ ᠣᠷᠣᠨ᠎ᠤ ᠱᠢᠨ᠎ᠡ᠎ᠶ᠋ᠢ ᠡᠭᠦᠳᠦᠨ ᠬᠡᠷᠡᠭ᠌ᠵᠢᠭᠦᠯᠦᠭ᠌ᠰᠡᠨ《ᠮᠧᠩ ᠪᠦᠦ ᠥᠷᠲᠡᠭᠡ》 ᠨᠡᠢᠭᠡᠮ ᠲᠣᠭᠣᠷᠢᠭ᠎ᠤᠨ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠲᠤᠷᠱᠢᠯᠲᠠ᠎ᠶ᠋ᠢᠨ ᠴᠡᠭ᠎ᠤᠨ ᠠᠵᠢᠯ ᠨᠢ ᠨᠢᠭᠡᠨᠲᠡ ᠪᠣᠶ ᠪᠥᠬᠥᠶ ᠠᠢᠮᠠᠭ ᠬᠣᠲᠠ᠎ᠶ᠋ᠢ ᠬᠠᠮᠤᠷᠴᠤ᠌᠂ 《ᠮᠧᠩ ᠪᠦᠦ ᠥᠷᠲᠡᠭᠡ》 ᠭᠡᠬᠦ ᠥᠰᠥᠭ ᠨᠢ ᠨᠢᠭᠡᠨᠲᠡ ᠥᠪᠥᠷ ᠮᠣᠩᠭᠣᠯ᠎ᠤᠨ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠣᠨᠴᠠᠯᠢᠭ᠍ᠲᠤ ᠲᠦᠷᠦᠯ ᠲᠡᠮᠳᠡᠭ ᠪᠣᠯᠵᠠᠶ᠃

ᠬᠡᠦᠬᠡᠳ ᠰᠠᠭᠠᠲᠠᠭᠤᠯᠬᠤ ᠵᠢᠵᠢᠭᠭᠡᠨ ᠦᠢᠯᠡᠴᠢᠯᠡᠭᠡ ᠨᠢ ᠠᠷᠠᠳ᠎ᠤᠨ ᠠᠮᠢᠳᠤᠷᠠᠯ᠎ᠤᠨ ᠲᠤᠮᠤᠬᠠᠨ ᠶᠠᠪᠤᠳᠠᠯ᠎ᠢ ᠠᠭᠤᠯᠵᠤ ᠪᠠᠢᠳᠠᠭ᠃ ᠡᠨᠡ ᠬᠦ᠌ ᠵᠠᠯᠠᠭᠤ ᠬᠡᠷ᠎ᠦᠨ ᠠᠬᠠᠮᠠᠳ᠎ᠢ ᠰᠠᠨᠠᠭ᠎ᠠ ᠠᠮᠤᠷ ᠪᠠᠢᠯᠭᠠᠳᠠᠭ 《ᠬᠡᠦᠬᠡᠳ ᠰᠠᠭᠠᠲᠠᠭᠤᠯᠬᠤ ᠵᠣᠯ ᠵᠢᠷᠭᠠᠯᠲᠤ ᠲᠥᠷᠥᠭ᠌ᠳᠡᠯ》 ᠨᠢ ᠣᠯᠠᠨ ᠲᠠᠯᠠᠲᠤ ᠲᠥᠷᠥ᠎ᠶ᠋ᠢᠨ ᠪᠣᠳᠣᠯᠭ᠎ᠠ᠎ᠶ᠋ᠢᠨ ᠲᠤᠯᠭᠠᠭᠤᠷᠢᠯᠠᠯ ᠪᠠ ᠥᠨᠳᠥᠷ ᠪᠠᠢᠷᠢ᠎ᠶ᠋ᠢᠨ ᠠᠬᠢᠭᠤᠯᠤᠯ᠎ᠡᠴᠡ ᠢᠷᠡᠯᠲᠡ᠎ᠲᠡᠶ ᠶᠤᠮ᠃

2019 ᠣᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《3 ᠡᠴᠡ ᠪᠠᠭ᠎ᠠ ᠨᠠᠰᠤᠨ᠎ᠦ ᠨᠢᠷᠠᠢ ᠨᠢᠯᠬ᠎ᠠ ᠬᠡᠦᠬᠡᠳ᠎ᠢ ᠰᠠᠭᠠᠲᠠᠭᠤᠯᠬᠤ ᠦᠶ᠋ᠯᠡᠴᠢᠯᠡᠭᠡᠨ᠎ᠦ ᠬᠥᠭ᠌ᠵᠢᠯᠲᠡ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠎ᠢ᠋ ᠳᠠᠷᠤᠮᠠᠯᠯᠠᠨ ᠲᠠᠷᠬᠠᠭᠠᠵᠤ᠂ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠠᠵᠢᠯ᠎ᠳᠤ ᠶᠡᠷᠦᠩᠬᠡᠶ ᠲᠣᠬᠢᠷᠠᠭᠤᠯᠤᠯᠲᠠ ᠬᠢᠪᠠ; 2022 ᠣᠨ᠎ᠤ 6 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ 《ᠦᠷᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍ ᠬᠥᠮᠦᠨ ᠠᠮᠠ᠎ᠶ᠋ᠢᠨ ᠣᠷᠳᠣ ᠬᠤᠭᠤᠴᠠᠭᠠᠨ᠎ᠤ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠬᠤ᠎ᠲᠤᠬᠠᠢ ᠬᠡᠷᠡᠭ᠌ᠵᠢᠭᠦᠯᠬᠦ᠌ ᠲᠥᠰᠦᠯ》 ᠎ᠳ᠋ᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠬᠤ ᠪᠣᠳᠠᠲᠠᠶ ᠱᠠᠭᠠᠷᠳᠠᠯᠭ᠎ᠠ᠎ᠶ᠋ᠢ ᠲᠣᠳᠣᠷᠬᠠᠢᠯᠠᠪᠠ; 2025 ᠣᠨ᠎ᠤ 1 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠦᠷᠡᠵᠢᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍ ᠦᠷᠡᠵᠢᠯ᠎ᠳ᠋ᠦ ᠨᠥᠬᠥᠷᠰᠡᠭ ᠬᠡᠯᠪᠡᠷᠢ᠎ᠶ᠋ᠢᠨ ᠨᠡᠢᠭᠡᠮ᠎ᠢ ᠪᠥᠲᠥᠭᠡᠨ ᠪᠠᠢᠭᠤᠯᠬᠤ᠎ᠶ᠋ᠢ ᠠᠬᠢᠭᠤᠯᠬᠤ ᠬᠡᠷᠡᠭ᠌ᠵᠢᠭᠦᠯᠬᠦ᠌ ᠲᠥᠰᠦᠯ》 ᠎ᠢ᠋ ᠨᠡᠢᠲᠡᠯᠡᠵᠦ᠍᠂ ᠳᠡᠮᠵᠢᠬᠦ᠌ ᠠᠷᠭ᠎ᠠ ᠬᠡᠮᠵᠢᠶ᠎ᠡ᠎ᠪᠡᠨ ᠤᠯᠠᠮ  ᠴᠢᠩᠭᠠᠳᠭᠠᠪᠠ; 3 ᠵᠢᠯ ᠳᠠᠷᠠᠭᠠᠯᠠᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶ᠋ᠢ ᠵᠠᠰᠠᠭ᠎ᠤᠨ ᠣᠷᠳᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠶ᠋ᠯ᠎ᠳᠦ ᠣᠷᠣᠭᠤᠯᠪᠠ᠃ ᠳᠦᠷᠢᠮ᠎ᠤᠨ ᠲᠠᠯ᠎ᠠ᠎ᠡᠴᠡ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠬᠥᠭ᠌ᠵᠢᠯᠲᠡ᠎ᠳᠦ ᠪᠠᠲᠤ ᠰᠠᠭᠤᠷᠢ ᠲᠠᠯᠪᠢᠪᠠ᠃

ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠳᠤ ᠪᠡᠯᠡ ᠮᠦᠩᠭᠦ ᠵᠢᠨ ᠣᠷᠣᠭᠤᠯᠤᠯᠲᠠ᠎ᠡᠴᠡ ᠰᠠᠯᠵᠤ ᠴᠢᠳᠠᠬᠤ ᠦᠭᠡᠢ᠃ ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠡᠴᠡ ᠲᠥᠪ᠎ᠦᠨ ᠡᠯ᠎ᠡ ᠲᠥᠷᠥᠯ᠎ᠦᠨ ᠬᠡᠤᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠲᠥᠷᠥᠯ ᠵᠦᠶ᠋ᠯ᠎ᠦᠨ ᠪᠠᠯᠠ ᠮᠥᠩᠭᠥ᠎ᠶ᠋ᠢ 2.02 ᠳ᠋ᠦᠩᠱᠢᠭᠤᠷ ᠲᠥᠭᠥᠷᠢᠭ ᠣᠯᠵᠤ᠂ ᠠᠢᠮᠠᠭ ᠬᠣᠲᠠ᠎ᠶ᠋ᠢᠨ ᠬᠡᠤᠬᠡᠳ ᠰᠠᠭᠠᠲᠠᠭᠤᠯᠬᠤ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠪᠠ᠃ ᠤᠷᠢᠳ ᠬᠣᠵᠢᠳ 3000 ᠭᠠᠷᠤᠶ ᠲᠦᠮᠡᠨ ᠲᠥᠭᠥᠷᠢᠭ  ᠪᠠᠯᠠ ᠣᠷᠣᠭᠤᠯᠵᠤ ᠨᠡᠢᠭᠡᠮ ᠲᠣᠭᠣᠷᠢᠭ᠎ᠤᠨ ᠬᠡᠤᠬᠡᠳ ᠰᠠᠭᠠᠲᠠᠭᠤᠯᠬᠤ᠌᠂ ᠬᠢᠯᠢ᠎ᠬᠢᠵᠠᠭᠠᠷ᠎ᠤᠨ ᠬᠡᠤᠬᠡᠳ ᠰᠠᠭᠠᠲᠠᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠲᠥᠷᠥᠯ ᠵᠦᠶ᠋ᠯ᠎ᠦᠨ ᠬᠥᠭ᠌ᠵᠢᠯᠲᠡ᠎ᠶ᠋ᠢ ᠳᠡᠮᠵᠢᠪᠡ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠰᠣᠷᠣᠭ᠍ᠴᠢ ᠳᠤᠮᠳᠠᠴᠢ᠎ᠶ᠋ᠢᠨ ᠲᠣᠭ᠍ᠲᠠᠭ᠍ᠰᠠᠨ ᠲᠣᠭᠠᠨ᠎ᠤ ᠨᠥᠬᠥᠪᠥᠷᠢ (ᠰᠣᠷᠣᠭ᠍ᠴᠢ ᠪᠦᠷᠢ᠎ᠳᠦ ᠵᠢᠯ ᠪᠦᠷᠢ 900 ᠲᠥᠭᠥᠷᠢᠭ)ᠣᠯᠭᠣᠵᠤ᠂ 3 ᠡᠴᠡ ᠪᠠᠭ᠎ᠠ ᠨᠠᠰᠤᠨ᠎ᠦ ᠨᠢᠷᠠᠢ ᠨᠢᠯᠬ᠎ᠠ ᠬᠡᠦᠬᠡᠳ᠎ᠢ ᠰᠠᠭᠠᠲᠠᠭᠤᠯᠬᠤ ᠬᠤᠪᠢ ᠬᠥᠮᠦᠨ᠎ᠦ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠲᠤᠰᠭᠠᠶ ᠵᠦᠶ᠋ᠯ᠎ᠦᠨ ᠨᠡᠮᠡᠯᠲᠡ ᠰᠠᠭᠤᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠲᠦᠷᠢᠶᠡᠰᠦᠨ ᠮᠥᠩᠭᠥ᠎ᠶ᠋ᠢ ᠬᠠᠰᠤᠵᠤ ᠬᠡᠯᠲᠦᠷᠢᠭᠦᠯᠬᠦ᠌᠂ ᠪᠥᠲᠥᠭᠡᠨ ᠪᠠᠢᠭᠤᠯᠤᠯᠲᠠ ᠡᠵᠡᠩᠨᠡᠯᠲᠡ᠎ᠶ᠋ᠢᠨ ᠨᠥᠬᠥᠪᠥᠷᠢ᠂ ᠤᠰᠤ ᠴᠠᠬᠢᠯᠭᠠᠨ ᠢᠯᠴᠢ ᠬᠡᠷᠡᠭ᠌ᠯᠡᠬᠦ᠌ ᠳ᠋ᠦ ᠠᠷᠠᠳ᠎ᠤᠨ ᠬᠡᠷᠡᠭ᠌ᠯᠡᠭᠡ ᠵᠢᠨ ᠦᠨ᠎ᠡ ᠬᠠᠩᠰᠢ᠎ᠶ᠋ᠢ ᠬᠡᠷᠡᠭ᠌ᠵᠢᠭᠦᠯᠬᠦ᠌ ᠵᠡᠷᠭᠡ ᠲᠡᠮᠵᠢᠬᠦ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠪᠠᠢᠭᠤᠯᠤᠮᠵᠢ᠎ᠶ᠋ᠢᠨ ᠡᠵᠡᠩᠨᠡᠯᠲᠡ᠎ᠶ᠋ᠢᠨ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠠᠷᠠᠳ᠎ᠲᠤ ᠬᠦᠷᠲᠡᠭᠡᠬᠦ᠌ ᠠᠱᠢᠭ᠎ᠢ ᠬᠡᠷ ᠪᠦᠯᠢ᠎ᠳᠦ ᠱᠢᠭᠤᠳ ᠳᠠᠮᠵᠢᠭᠤᠯᠵᠤ᠂ ᠬᠡᠦᠬᠡᠳ ᠰᠠᠭᠠᠳᠠᠭᠤᠯᠬᠤ ᠠᠵᠤ ᠠᠬᠤᠶ᠎ᠶ᠋ᠢᠨ ᠳᠠᠷᠤᠭᠠᠰᠤ᠎ᠶ᠋ᠢ ᠬᠥᠩᠭᠡᠷᠡᠭᠦᠯᠪᠡ᠃

ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠬᠦ᠌᠎ᠶ᠋ᠢᠨ ᠬᠠᠮᠲᠤ᠂ ᠥᠪᠥᠷ ᠮᠣᠩᠭᠣᠯ 《ᠶᠠᠰᠤ ᠴᠢᠨᠠᠷ᠎ᠢ ᠳᠡᠭᠡᠭ᠌ᠰᠢᠯᠡᠭᠦᠯᠦᠨ  ᠲᠤᠭ᠎ᠠ ᠬᠡᠮᠵᠢᠶ᠎ᠡ᠎ᠶ᠋ᠢ ᠨᠡᠮᠡᠭ᠌ᠳᠡᠭᠦᠯᠬᠦ᠌》 ᠶ᠋ᠢ ᠨᠠᠩ ᠴᠢᠬᠤᠯᠠᠴᠢᠯᠠᠵᠤ᠂ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ 《ᠲᠣᠭ᠎ᠠ ᠬᠡᠮᠵᠢᠶ᠎ᠡ》 ᠶ᠋ᠢ ᠪᠠᠳᠤᠯᠠᠬᠤ ᠵᠢᠨ ᠬᠠᠮᠳᠤ 《ᠶᠠᠰᠤ ᠴᠢᠨᠠᠷ》᠎ᠢ᠋ ᠪᠠᠳᠤᠯᠠᠵᠠᠢ᠃

ᠨᠢᠭᠡ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠡᠴᠡ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠬᠢᠭᠡᠳ ᠬᠡᠤᠬᠡᠳ ᠰᠠᠭᠠᠲᠠᠭᠤᠯᠬᠤ ᠪᠠᠢᠭᠤᠯᠤᠮᠵᠢ᠎ᠶ᠋ᠢᠨ ᠵᠠᠬᠢᠶᠠᠯᠠᠭ᠎ᠠ᠎ᠪᠠᠷ ᠭᠡᠷ᠎ᠡ ᠲᠣᠭ᠍ᠲᠠᠵᠤ ᠦᠶ᠋ᠯᠡᠴᠢᠯᠡᠬᠦ᠌᠎ᠶ᠋ᠢ ᠶᠡᠬᠡ ᠪᠡᠷ ᠠᠬᠢᠭᠤᠯᠵᠤ᠂ ᠡᠮᠴᠢᠯᠡᠬᠦ᠌ ᠬᠥᠮᠦᠵᠢᠭᠦᠯᠬᠦ᠌᠎ᠶ᠋ᠢ ᠤᠶᠠᠯᠳᠤᠭᠤᠯᠤᠨ ᠬᠥᠭ᠌ᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠨᠢᠷᠠᠶ ᠨᠢᠯᠬ᠎ᠠ ᠬᠡᠦᠬᠡᠳ᠎ᠲᠦ ᠲᠤᠰᠭᠠᠶ ᠮᠡᠷᠭᠡᠵᠢᠯ᠎ᠦᠨ ᠲᠡᠵᠢᠭᠡᠨ ᠬᠦᠮᠦᠵᠢᠭᠦᠯᠵᠦ ᠰᠠᠭᠠᠳᠠᠭᠤᠯᠤᠨ ᠠᠰᠠᠷᠠᠬᠤ᠎ᠦᠢᠯᠡᠴᠢᠯᠡᠭᠡ ᠬᠠᠩᠭᠠᠵᠠᠢ; ᠨᠥᠭᠥᠭᠡ ᠲᠠᠯ᠎ᠠ᠎ᠪᠠᠷ᠂ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠪᠦᠷᠢᠳᠭᠡᠨ ᠳᠠᠩᠰᠠᠯᠠᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠎ᠶ᠋ᠢ ᠴᠢᠩᠭᠠᠳᠭᠠᠵᠤ᠂ ᠨᠢᠷᠠᠢ ᠨᠢᠯᠬ᠎ᠠ ᠬᠡᠦᠬᠡᠳ᠎ᠦᠨ ᠡᠷᠡᠭᠦᠯ ᠮᠡᠨᠳᠦ᠍᠎ᠶ᠋ᠢᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠰᠠᠬᠢᠪᠠ᠃

 ᠣᠷᠳᠣᠰ ᠬᠣᠲᠠ᠂ ᠪᠤᠭᠤᠲᠤ ᠬᠣᠲᠠ ᠲᠣᠭᠠᠴᠢᠯᠠᠯᠳᠠ ᠪᠡᠷ ᠬᠦᠴᠦᠨ ᠤᠯᠭᠤᠬᠤ ᠵᠢ ᠴᠢᠩᠭᠠᠳᠬᠠᠵᠤ᠂ ᠣᠶᠤᠨᠴᠢ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶ᠋ᠢ ᠨᠠᠩ ᠥᠨᠳᠥᠷ ᠪᠦᠲᠦᠮᠵᠢᠲᠡᠶ ᠳᠥᠭᠥᠮ ᠳᠥᠲᠡ ᠪᠣᠯᠭᠠᠪᠠ᠃ ᠬᠥᠬᠡᠬᠣᠲᠠ᠂ ᠲᠦᠩᠯᠢᠶᠣᠤ ᠬᠣᠲᠠ ᠵᠡᠷᠭᠡ ᠭᠠᠵᠠᠷ᠎ᠤᠨ ᠬᠢᠨ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠴᠡᠭ᠎ᠦᠨ ᠵᠢᠷᠤᠭ ᠭᠠᠷᠭᠠᠬᠤ᠂ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶᠢ ᠪᠡᠶᠡᠴᠢᠯᠡᠨ ᠣᠢᠯᠠᠭᠠᠬᠤ ᠲᠡᠮᠳᠡᠭ᠌ᠲᠦ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠡᠷ᠎ᠦᠨ ᠠᠬᠠᠮᠠᠳ᠎ᠤᠨ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠲᠤᠬᠠᠶ ᠣᠢᠯᠠᠭᠠᠯᠲᠠ ᠪᠠ ᠮᠡᠳᠡᠷᠡᠬᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃

ᠡᠭᠦᠨ᠎ᠡᠴᠡ ᠭᠠᠳᠠᠨ᠎ᠠ᠂ ᠳᠤᠮᠳᠠ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ᠂ 《ᠬᠠᠮᠤᠭ᠎ᠤᠨ ᠭᠣᠶᠣ ᠬᠡᠦᠬᠡᠳ ᠰᠠᠭᠠᠳᠠᠭᠤᠯᠤᠭᠴᠢ》 ᠵᠢ ᠰᠣᠩᠭᠣᠬᠤ ᠤᠬᠠᠭᠤᠯᠭ᠎ᠠ᠂ ᠬᠡᠦᠬᠡᠳ ᠰᠠᠭᠠᠲᠠᠭᠤᠯᠬᠤ᠌ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠵᠡᠷᠭᠡ ᠠᠷᠭ᠎ᠠ ᠮᠠᠶᠢᠭ᠎ᠢ ᠨᠡᠮᠡᠭ᠌ᠳᠡᠭᠦᠯᠬᠦ᠌᠎ᠪᠡᠷ ᠳᠠᠮᠵᠢᠭᠤᠯᠤᠨ᠂ ᠬᠡᠦᠬᠡᠳ ᠰᠠᠭᠠᠲᠠᠭᠤᠯᠬᠤ ᠴᠢᠳᠠᠪᠤᠷᠢᠲᠠᠨ᠎ᠤ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠪᠡ ᠁

ᠨᠢᠭᠡ ᠪᠦᠯᠦᠭ ᠲᠣᠭ᠎ᠠ ᠪᠠᠷᠢᠮᠲᠠ᠎ᠨᠢ ᠥᠪᠥᠷ ᠮᠣᠩᠭᠣᠯ᠎ᠤᠨ ᠬᠡᠦᠬᠡᠳ ᠰᠠᠭᠠᠲᠠᠭᠤᠯᠬᠤ ᠬᠠᠩᠭᠠᠯᠭ᠎ᠠ᠎ᠶ᠋ᠢᠨ ᠵᠢᠷᠤᠭ ᠲᠦᠰᠦᠪ᠎ᠢ ᠪᠦᠲᠦᠮᠵᠢᠲᠡᠶ ᠲᠤᠰᠭᠠᠪᠠ᠄ ᠪᠥᠬᠥ᠌ ᠣᠷᠣᠨ᠎ᠳᠤ ᠨᠢᠭᠡᠨᠲᠡ 2000 ᠭᠠᠷᠤᠶ ᠡᠯ᠎ᠡ ᠲᠥᠷᠥᠯ᠎ᠦᠨ ᠬᠡᠦᠬᠡᠳ ᠰᠠᠭᠠᠲᠠᠭᠤᠯᠬᠤ ᠪᠠᠢᠭᠤᠯᠤᠮᠵᠢ ᠪᠠᠢᠭᠤᠯᠵᠤ᠂ ᠮᠢᠩᠭᠠᠨ ᠬᠥᠮᠦᠨ ᠠᠮᠠ᠎ᠶ᠋ᠢᠨ ᠲᠤᠮᠳᠠᠬᠢ ᠬᠡᠦᠬᠡᠳ ᠰᠠᠭᠠᠲᠠᠭᠤᠯᠬᠤ ᠣᠷᠣᠨ ᠲᠣᠭ᠎ᠠ 4.5 ᠎ᠶ᠋ᠢ ᠳᠠᠪᠠᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠣᠷᠣᠨ ᠲᠣᠭ᠎ᠠ᠎ᠶ᠋ᠢᠨ ᠡᠵᠡᠯᠡᠬᠦ᠌ ᠬᠠᠷᠢᠴᠠᠯ ᠦᠷᠭᠦᠯᠵᠢᠯᠡᠨ ᠨᠡᠮᠡᠭ᠌ᠳᠡᠵᠠᠢ᠃

ᠬᠡᠦᠬᠡᠳ ᠰᠠᠭᠠᠲᠠᠭᠤᠯᠬᠤ ᠶᠠᠪᠤᠳᠠᠯ ᠲᠦᠭ ᠲᠦᠮᠡᠨ ᠠᠢᠯ ᠡᠷᠦᠬᠡ᠎ᠳ᠋ᠦ ᠬᠤᠯᠪᠤᠭᠳᠠᠨ᠎ᠠ᠃ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠦᠷᠭᠦᠯᠵᠢᠯᠡᠨ ᠪᠠᠳᠠᠷᠠᠭᠤᠯᠬᠤ᠎ᠡᠴᠡ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠦᠷᠲᠡᠯ᠎ᠡ ᠯᠠᠪᠳᠠᠭᠤᠨ ᠪᠠᠲᠤᠲᠠᠶ ᠠᠬᠢᠭᠤᠯᠵᠤ᠂ ᠪᠠᠢᠭᠤᠯᠤᠮᠵᠢ᠎ᠶ᠋ᠢᠨ ᠬᠠᠩᠭᠠᠯᠭ᠎ᠠ᠎ᠶ᠋ᠢ ᠲᠠᠰᠤᠷᠠᠯᠲᠠ ᠥᠬᠡᠶ ᠥᠷᠭᠡᠳᠭᠡᠬᠦ᠌᠎ᠡᠴᠡ ᠦᠶ᠋ᠯᠡᠴᠢᠯᠡᠭᠡᠨ᠎ᠦ ᠶᠠᠰᠤ ᠴᠢᠨᠠᠷ᠎ᠢ ᠲᠣᠭ᠍ᠲᠠᠪᠤᠷᠢᠳᠠᠢ ᠳᠡᠭᠡᠭ᠌ᠰᠢᠯᠡᠭᠦᠯᠬᠦ᠌ ᠬᠦᠷᠲᠡᠯ᠎ᠡ᠂ ᠥᠪᠥᠷ ᠮᠣᠩᠭᠣᠯ ᠶᠠᠭ ᠬᠦᠷᠴᠦ᠍ ᠳᠡᠢᠯᠬᠦ᠌᠂ ᠪᠣᠳᠠᠲᠤ ᠠᠱᠢᠭ ᠭᠥᠷᠳᠡᠬᠦ᠌᠂ ᠴᠢᠨᠠᠷ ᠰᠠᠢᠲᠠᠶ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠪᠡᠷ 《ᠨᠢᠷᠠᠢ ᠨᠢᠯᠬ᠎ᠠ ᠳ᠋ᠤᠨᠢ ᠰᠠᠭᠠᠳᠠᠭᠤᠯᠬᠤ ᠭᠠᠵᠠᠷ᠎ᠲᠠᠶ》 ᠰᠠᠢᠨ ᠰᠠᠢᠬᠠᠨ ᠬᠦᠰᠡᠯ ᠡᠷᠡᠮᠡᠯᠵᠡᠯ᠎ᠢ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠨᠢᠷᠠᠢ ᠨᠢᠯᠬ᠎ᠠ ᠬᠡᠦᠬᠡᠳ ᠪᠦᠷᠢ᠎ᠶ᠋ᠢ ᠲᠤᠰᠭᠠᠶ ᠮᠡᠷᠭᠡᠵᠢᠯ᠎ᠦᠨ ᠬᠠᠮᠠᠭᠠᠯᠠᠯᠲᠠ ᠳᠤᠮᠳᠠ ᠢᠳᠡᠷᠡᠭᠦᠨ ᠥᠰᠭᠡᠨ ᠪᠣᠢᠵᠢᠭᠤᠯᠵᠤ᠂ ᠬᠡᠷ ᠪᠦᠯᠢ ᠪᠦᠷᠢ᠎ᠳᠦ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠬᠠᠯᠠᠭᠤᠨ ᠳᠤᠯᠠᠭᠠᠨ ᠪᠠ ᠬᠦᠴᠦᠨ ᠴᠢᠳᠠᠯ᠎ᠢ ᠦᠨᠡᠨ ᠬᠦ᠌ ᠮᠡᠳᠡᠷᠡᠭᠦᠯᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号