ᠬᠥᠯᠥᠨ ᠪᠣᠢᠷ ᠤ᠋ᠨ ᠲᠠᠯ᠎ᠠ ᠨᠤᠲᠤᠭ ᠤ᠋ᠨ ᠤᠬᠢ ᠪᠦᠲᠦᠭᠡᠭᠳᠡᠭᠦᠨ ᠢ᠋ ᠦᠳᠡ ᠶ᠋ᠢᠨ ᠡᠮᠦᠨ᠎ᠡ ᠵᠠᠬᠢᠶᠠᠯᠠᠪᠠᠯ ᠦᠳᠡ ᠶ᠋ᠢᠨ ᠬᠤᠢᠨ᠎ᠠ ᠳ᠋ᠠᠭᠠᠨ ᠤᠯᠴᠢᠬᠠᠨ᠎ᠠ
2025-12-07 11:10:47
ᠵᠣᠬᠢᠶᠠᠭ᠍ᠴᠢ᠄
ᠯᠢ ᠱᠢᠨ ᠵᠢᠶᠦ᠋ᠨ ᠸᠠᠩ ᠫᠸᠩ ᠹᠸᠢ
ᠣᠩᠱᠢᠭ᠍ᠰᠠᠨ ᠣᠳᠠᠭ᠎ᠠ᠄
★★★☆☆

11 ᠰᠠᠷ᠎ᠠ ᠶ᠋ᠢᠨ 30 ᠤ᠋ ᠡᠳᠦᠷ᠂ ᠪᠡᠭᠡᠵᠢᠩ ᠤ᠋ᠨ ᠬᠡᠷᠡᠭ᠌ᠯᠡᠭ᠌ᠴᠢ ᠵᠠᠩ ᠠᠪᠠᠬᠠᠶ ᠬᠦᠶ᠋ᠲᠡᠨ ᠬᠡᠯᠬᠢᠶᠡᠲᠦ ᠪᠠᠷᠠᠭᠠᠨ ᠤ᠋ ᠪᠣᠭᠣᠳᠠᠯ ᠢ᠋ ᠵᠠᠳᠠᠯᠬᠤ ᠦᠶ᠎ᠡ ᠳ᠋ᠤ ᠬᠤᠷᠤᠭᠤᠨ ᠦᠵᠦᠭᠦᠷ ᠲᠤᠨᠢ ᠪᠠᠰᠠ ᠮᠥᠰᠥᠨ ᠬᠡᠮᠬᠡᠳᠡᠭ ᠨᠠᠭᠠᠯᠳᠤᠵᠤ ᠪᠠᠢᠪᠠ᠃ 《ᠦᠡᠭᠭᠡᠷᠡᠭᠰᠡᠨ ᠳ᠋ᠤ ᠪᠠᠷᠠᠭ᠎ᠠ ᠪᠠᠨ ᠳᠥᠷᠪᠡ ᠲᠠᠪᠤᠨ ᠡᠳᠦᠷ ᠬᠦᠯᠢᠶᠡᠳᠡᠭ᠂ ᠣᠳᠣ ᠲᠤᠬᠠᠢ ᠶ᠋ᠢᠨ ᠣᠷᠣᠢ ᠳ᠋ᠤᠨᠢ ᠴᠢᠨᠠᠵᠤ ᠢᠳᠡᠵᠦ ᠳᠡᠢᠯᠬᠦ ᠪᠤᠯᠵᠠᠢ᠂ ᠬᠠᠢᠯᠠᠷ ᠲᠦ᠍ ᠢᠳᠡᠭ᠌ᠰᠡᠨ ᠲᠡᠶ ᠡᠬᠡᠬᠡ ᠠᠳᠠᠯᠢᠬᠠᠨ ᠠᠮᠲᠠᠲᠠᠶ!》 ᠬᠡᠵᠤ ᠵᠠᠩ ᠠᠪᠠᠬᠠᠢ ᠬᠡᠯᠡᠨ᠎ᠠ᠃ ᠲᠡᠬᠦᠨ ᠤ᠋ ᠦᠳᠡ ᠶ᠋ᠢᠨ ᠡᠮᠦᠨ᠎ᠡ ᠵᠠᠬᠢᠶᠠᠯᠠᠭᠰᠠᠨ 3 ᠵᠢᠩ ᠬᠥᠯᠥᠨ ᠪᠤᠢ᠌ᠷ ᠤ᠋ᠨ ᠲᠠᠯ᠎ᠠ ᠨᠤᠲᠤᠭ ᠤ᠋ᠨ ᠬᠤᠨᠢᠨ ᠬᠠᠪᠢᠷᠭ᠎ᠠ ᠵᠢ ᠦᠳᠡ ᠶ᠋ᠢᠨ ᠬᠣᠢᠨ᠎ᠠ ᠨᠢ ᠳᠠᠷᠤᠢ ᠱᠢᠨ᠎ᠡ ᠰᠣᠷᠭᠣᠭ ᠶ᠋ᠢᠡᠷ ᠬᠦᠷᠭᠡᠵᠦ ᠢᠷᠡᠪᠡ᠃

ᠡᠨᠡ ᠬᠦ᠌ ᠮᠢᠩᠭᠠᠨ ᠭᠠᠵᠠᠷ ᠢ᠋ ᠠᠯᠤᠰᠯᠠᠭ᠍ᠰᠠᠨ ᠱᠢᠨ᠎ᠡ ᠰᠣᠷᠭᠣᠭ ᠬᠤᠨᠢᠨ ᠮᠢᠬ᠎ᠠ ᠪᠤᠯ ᠬᠥᠯᠥᠨ ᠪᠤᠢ᠌ᠷ ᠤ᠋ᠨ ᠡᠯᠧᠺᠲ᠋ᠷᠣᠨ ᠬᠤᠳᠠᠯᠳᠤᠭᠠᠨ ᠤ᠋ ᠠᠵᠤ ᠦᠢᠯᠡᠰ ᠤ᠋ᠨ ᠬᠦᠷᠢᠶᠡᠯᠡᠩ ᠤ᠋ᠨ 《ᠠᠭᠠᠷ ᠤ᠋ᠨ ᠠᠶᠠᠯᠠᠯ ᠤ᠋ᠨ ᠬᠦᠢᠳᠡᠨ ᠬᠡᠯᠬᠢᠶᠡᠲᠦ ᠪᠠᠷᠠᠭᠠᠨ ᠤ᠋ ᠭᠦᠢᠯᠭᠡᠭᠡ + ᠤᠶᠤᠨᠴᠢ ᠪᠠᠷᠠᠭᠠᠨ ᠤ᠋ ᠭᠦᠢᠯᠭᠡᠭᠡ》ᠪᠡᠷ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠦᠢᠯᠡᠳᠦᠯᠭᠡᠵᠢᠭᠦᠯᠵᠦ᠍᠂ ᠲᠠᠯ᠎ᠠ ᠨᠤᠲᠤᠭ ᠤ᠋ᠨ ᠤᠬᠢ ᠪᠦᠲᠦᠭᠡᠭᠳᠡᠭᠦᠨ ᠤ᠋ 《ᠡᠭᠦᠯᠡᠨ ᠳᠠᠮᠵᠢᠭᠤᠯᠭ᠎ᠠ ᠶ᠋ᠢᠨ ᠪᠦᠰᠡ》 ᠵᠢ ᠴᠣᠭ᠍ᠴᠠᠯᠠᠭ᠍ᠰᠠᠨ ᠤ᠋ ᠠᠮᠢᠳᠤᠯᠢᠭ ᠵᠢᠷᠤᠭ᠍ᠯᠠᠯ ᠪᠣᠯᠤᠨ᠎ᠠ᠃

ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠡᠴᠡ 《ᠬᠡᠷᠡᠭ᠌ᠯᠡᠭᠡ ᠵᠢ ᠶᠡᠬᠡ ᠪᠡᠷ ᠨᠡᠮᠡᠭ᠌ᠳᠡᠭᠦᠯᠤᠨ᠂ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠭᠡᠵᠦ᠍᠂ ᠪᠦᠬᠦ᠌ ᠤᠯᠤᠰ ᠤ᠋ᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠤ᠋ᠨ ᠪᠠᠢᠭᠤᠯᠤᠯᠲᠠ ᠵᠢ ᠬᠠᠷᠱᠢᠯᠠᠵᠤ ᠪᠠᠢᠭ᠎ᠠ ᠬᠠᠷᠰᠢ ᠰᠠᠭᠠᠳ ᠢ᠋ ᠡᠷᠡᠰ ᠠᠷᠢᠯᠭᠠᠬᠤ ᠬᠡᠷᠡᠭ᠌ᠲᠡᠶ》 ᠭᠡᠵᠦ ᠳᠤᠷᠠᠳᠴᠠᠢ᠃ ᠬᠥᠯᠥᠨ ᠪᠣᠢᠷ ᠤ᠋ᠨ ᠡᠯᠧᠺᠲ᠋ᠷᠣᠨ ᠬᠤᠳᠠᠯᠳᠤᠭᠠᠨ ᠤ᠋ ᠠᠵᠤ ᠦᠶ᠋ᠯᠡᠰ ᠤ᠋ᠨ ᠬᠦᠷᠢᠶᠡᠯᠡᠩ ᠤ᠋ᠨ ᠬᠢᠨ ᠡᠨᠡ ᠬᠦ᠌ ᠴᠢᠭ᠌ᠯᠡᠯ ᠢ᠋ ᠴᠢᠩᠭ᠎ᠠ ᠡᠵᠡᠮᠳᠡᠵᠤ ᠬᠦᠴᠦᠯᠡᠨ ᠠᠵᠢᠯᠯᠠᠵᠤ ᠪᠣᠶ᠃ ᠤᠢ᠍ᠢᠷ᠎ᠠ ᠶ᠋ᠢᠨ ᠨᠢᠭᠡ ᠵᠢᠯ ᠤ᠋ᠨ ᠲᠤᠷᠰᠢ᠂ ᠬᠦᠷᠢᠶᠡᠯᠡᠩ ᠲᠣᠭᠣᠷᠢᠭ ᠤ᠋ᠨ ᠪᠣᠷᠣᠯᠠᠭᠤᠯᠭ᠎ᠠ ᠶ᠋ᠢᠨ ᠬᠡᠮᠵᠢᠶ᠎ᠡ 2000 ᠲᠦᠮᠡᠨ ᠲᠥᠭᠥᠷᠢᠭ ᠢ᠋ ᠳᠠᠪᠠᠵᠤ᠂ ᠠᠷᠠᠯᠵᠢᠶ᠎ᠠ ᠪᠦᠲᠦᠭ᠌ᠰᠡᠨ ᠬᠡᠮᠵᠢᠶ᠎ᠡ 110 ᠲᠦᠮᠡᠨ ᠬᠤᠪᠢ ᠵᠢ ᠳᠠᠪᠠᠨ᠂ 2000 ᠭᠠᠷᠤᠢ ᠵᠦᠢᠯ ᠤ᠋ᠨ ᠨᠤᠲᠤᠭ ᠤ᠋ᠨ ᠣᠨᠴᠠ ᠭᠠᠷᠤᠯᠲᠠ ᠤᠮᠠᠷᠠᠲᠤ ᠣᠷᠣᠨ ᠡᠴᠡ ᠭᠠᠷᠴᠤ᠌᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠡᠷᠳᠡᠨᠢ ᠱᠢᠰᠢ ᠵᠢ ᠠᠡᠭᠬ᠎ᠠ ᠤᠳᠠᠭ᠎ᠠ ᠠᠮᠸᠷᠢᠺᠠ ᠳ᠋ᠦ ᠭᠠᠷᠭᠠᠪᠠ᠃ ᠤᠶᠤᠨᠴᠢ ᠨᠦᠬᠡᠴᠡ ᠬᠦᠮᠦᠷᠭᠡ ᠡᠴᠡ ᠲᠠᠰᠤᠷᠠᠯᠲᠠ ᠦᠭᠡᠢ ᠪᠠᠷᠠᠭ᠎ᠠ ᠬᠠᠡᠭᠭᠠᠨ᠂ ᠰᠢᠭᠤᠳ ᠨᠡᠪᠲᠡᠷᠡᠭᠦᠯᠭᠡ ᠪᠡᠷ ᠬᠦᠭᠵᠢᠶᠡᠨ ᠲᠠᠢ ᠪᠤᠷᠤᠯᠠᠭᠤᠯᠵᠤ᠂ ᠤᠮᠠᠷᠠᠲᠤ ᠬᠢᠯᠢ ᠶ᠋ᠢᠨ ᠡᠬᠡ ᠭᠠᠵᠠᠷ ᠲᠡᠬᠢ ᠡᠯᠸᠺᠲ᠋ᠷᠤᠨ ᠬᠤᠳᠠᠯᠳᠤᠭᠠᠨ ᠤ᠋ ᠬᠤᠪᠢᠰᠤᠯᠲᠠ ᠨᠢ ᠲᠦᠮᠡᠨ ᠭᠠᠵᠠᠷ ᠤ᠋ᠨ ᠠᠯᠤᠰ ᠡᠴᠡ ᠬᠦᠯᠤᠨ ᠪᠤᠢᠷ ᠤ᠋ᠨ ᠰᠢᠨ᠎ᠡ ᠰᠤᠷᠭᠤᠭ ᠪᠦᠲᠦᠭᠡᠭᠳᠡᠭᠦᠨ ᠢ᠋ ᠠᠮᠲᠠᠯᠠᠬᠤ ᠵᠢ ᠡᠡᠭ ᠤ᠋ᠨ ᠶᠠᠪᠤᠳᠠᠯ ᠪᠤᠯᠭᠠᠵᠢ᠃

《ᠪᠢᠳᠡ ᠶᠠᠭᠠᠬᠢᠭᠰᠠᠨ ᠴᠦ᠍ ᠲᠠᠯ᠎ᠠ ᠨᠤᠲᠤᠭ ᠤ᠋ᠨ ᠤᠬᠢ ᠪᠦᠲᠦᠭᠡᠭᠳᠡᠭᠦᠨ ᠤ᠋ ᠪᠠᠷᠠᠭᠠᠨ ᠤ᠋ ᠭᠦᠶ᠋ᠯᠭᠡᠭᠡ ᠵᠢᠨ ᠲᠦᠭ᠌ᠵᠢᠷᠡᠯ ᠢ᠋ ᠨᠡᠪᠲᠡᠷᠡᠭᠦᠯᠦᠨ᠎ᠡ》 ᠬᠡᠵᠤ ᠬᠦᠷᠢᠶᠡᠯᠡᠩ ᠲᠣᠭᠣᠷᠢᠭ ᠤ᠋ᠨ ᠬᠠᠷᠢᠭᠤᠴᠠᠯᠭᠠᠲᠠᠨ ᠸᠠᠩ ᠪᠢᠨ ᠪᠢᠨ ᠬᠡᠯᠡᠨ᠎ᠠ᠃ ᠲᠡᠬᠦᠨ ᠤ᠋ ᠲᠠᠨᠢᠯᠴᠠᠭᠤᠯᠤᠭᠰᠠᠨ ᠵᠢᠡᠷ᠂ ᠣᠳᠣᠬᠠᠨ ᠳ᠋ᠦ ᠨᠢᠭᠡᠨᠲᠡ 135 ᠣᠨᠴᠠ ᠭᠠᠷᠤᠯᠲᠠ ᠶ᠋ᠢᠨ ᠬᠤᠳᠠᠯᠳᠤᠭᠠᠴᠢᠨ᠂ 50 ᠪᠠᠷᠠᠭᠠᠨ ᠤ᠋ ᠭᠦᠶ᠋ᠯᠭᠡᠭᠡ ᠵᠢᠨ ᠠᠵᠤ ᠠᠬᠤᠢᠯᠠᠯ᠂ 22 ᠡᠯᠧᠺᠲ᠋ᠷᠣᠨ ᠬᠤᠳᠠᠯᠳᠤᠭᠠᠨ ᠤ᠋ ᠠᠵᠤ ᠠᠬᠤᠢᠯᠠᠯ ᠬᠦᠷᠢᠶᠡᠯᠡᠩ ᠲᠤᠭᠤᠷᠢᠭ ᠲᠦ᠍ ᠣᠷᠣᠵᠤ ᠰᠠᠭᠤᠪᠠ᠃ ᠲᠤᠰ ᠬᠦᠷᠢᠶᠡᠯᠡᠩ ᠲᠤᠭᠤᠷᠢᠭ ᠨᠢ 《ᠲᠤᠤ ᠪᠦᠦ ᠱᠢᠭᠤᠳ ᠨᠡᠪᠲᠡᠷᠡᠭᠦᠯᠭᠡ ᠶ᠋ᠢᠨ ᠣᠷᠣᠨ ᠪᠦᠰᠡ ᠶ᠋ᠢᠨ ᠠᠵᠤ ᠦᠶ᠋ᠯᠡᠰ ᠤ᠋ᠨ ᠦᠶ᠋ᠯᠡᠴᠢᠯᠡᠭᠡᠨ ᠤ᠋ ᠬᠤᠳᠠᠯᠳᠤᠭᠠᠴᠢᠨ》 ᠤ᠋ ᠭᠡᠷᠡᠴᠢᠯᠡᠯ ᠢ᠋ ᠤᠯᠤᠭᠰᠠᠨ ᠪᠦᠬᠡᠳ ᠲᠣᠰᠭᠣᠨ ᠪᠠᠯᠭᠠᠰᠤ ᠳ᠋ᠦ ᠭᠦᠨᠵᠡᠭᠡᠢᠷᠡᠨ ᠲᠠᠷᠢᠶᠠᠯᠠᠩ ᠢ᠋ ᠲᠤᠰᠠᠯᠠᠬᠤ ᠠᠵᠢᠯᠯᠠᠭ᠎ᠠ ᠥᠷᠨᠢᠭᠦᠯᠵᠦ᠍᠂ 《ᠠ ᠯᠢ ᠪᠠ ᠪᠠ》 ᠵᠢᠨ ᠡᠬᠢ ᠰᠤᠷᠪᠤᠯᠵᠢ ᠵᠢ ᠬᠠᠢᠨ ᠮᠦᠷᠳᠡᠬᠦ ᠰᠠᠭᠤᠷᠢᠨ᠂ ᠬᠠᠩᠵᠧᠦ᠍ ᠶ᠋ᠢᠨ ᠪᠠᠷᠠᠭ᠎ᠠ ᠰᠣᠩᠭᠣᠬᠤ ᠴᠡᠭ ᠶ᠋ᠢᠡᠷ ᠣᠨᠴᠠ ᠭᠠᠷᠤᠯᠲᠠ ᠪᠠᠨ ᠲᠠᠨᠢᠯᠴᠠᠭᠤᠯᠤᠨ ᠳᠡᠯᠭᠡᠷᠡᠭᠦᠯᠵᠦ ᠪᠠᠢᠨ᠎ᠠ᠃ ᠪᠠᠰᠠ ᠪᠠᠷᠠᠭᠠᠨ ᠤ᠋ ᠭᠦᠢᠯᠭᠡᠭᠡ ᠵᠢᠨ ᠡᠪᠡᠷᠰᠢᠶᠡᠯ ᠤ᠋ᠨ ᠴᠡᠭ ᠲᠦ᠍ ᠴᠢᠭ᠌ᠯᠡᠭᠦᠯᠦᠨ ᠤᠶᠤᠨᠴᠢ ᠨᠦᠬᠡᠴᠡ ᠬᠦᠮᠦᠷᠭᠡ ᠪᠠᠢᠭᠤᠯᠤᠨ ᠨᠢᠭᠡᠳᠦᠯᠲᠡᠢ ᠬᠦᠮᠦᠷᠭᠡᠯᠡᠨ ᠨᠢᠭᠡᠲᠦᠯᠲᠡᠢ  ᠲᠣᠬᠢᠷᠠᠭᠤᠯᠵᠤ᠂ ᠬᠠᠢᠯᠠᠷ ᠨᠢᠰᠭᠡᠯ ᠤ᠋ᠨ ᠪᠠᠭᠤᠳᠠᠯ ᠲᠠᠢ ᠬᠣᠯᠪᠣᠭᠠᠯᠠᠨ《ᠬᠣᠲᠠ ᠶ᠋ᠢᠨ ᠪᠠᠷᠠᠭ᠎ᠠ ᠲᠡᠭᠡᠭᠡᠪᠦᠷᠢᠯᠡᠬᠦ᠌ ᠥᠷᠲᠡᠭᠡ》 ᠵᠢ ᠨᠡᠪᠲᠡᠷᠡᠭᠦᠯᠵᠦ᠍᠂ 《ᠦᠳᠡ ᠵᠢᠨ ᠡᠮᠦᠨ᠎ᠡ ᠪᠡᠭᠡᠵᠢᠩ ᠱᠠᠡᠭᠬᠠᠢ ᠭᠤᠸᠠᠩᠵᠧᠦ ᠵᠦᠭ ᠭᠤᠪᠢᠭᠤᠯᠵᠤ᠂ ᠦᠳᠡ ᠬᠣᠢᠨ᠎ᠠ ᠪᠠᠷᠠᠭ᠎ᠠ ᠪᠠᠨ ᠲᠤᠰᠬᠤ》 ᠵᠢ ᠪᠡᠶᠡᠯᠡᠭᠦᠯᠵᠦ᠍᠂ ᠱᠢᠨ᠎ᠡ ᠰᠣᠷᠭᠣᠭ ᠢᠳᠡᠭᠡᠨ ᠤ᠋ ᠬᠣᠷᠣᠭ᠍ᠳᠠᠭᠤᠯᠤᠯ ᠪᠠ ᠬᠤᠳᠠᠯᠳᠤᠭᠠᠴᠢᠳ ᠤ᠋ᠨ ᠥᠪᠡᠷ ᠤ᠋ᠨ ᠥᠷᠲᠡᠭ ᠢ᠋ ᠶᠡᠬᠡ ᠪᠡᠷ ᠪᠠᠭᠤᠷᠠᠭᠤᠯᠪᠠ᠃

ᠲᠣᠮᠣ ᠳ᠋ᠠᠢᠲ᠋ᠠ ᠠᠵᠤ ᠦᠶ᠋ᠯᠡᠰ ᠲᠦ᠍ ᠬᠦᠴᠦᠨ ᠣᠯᠭᠣᠨ᠎ᠠ᠃ ᠲᠤᠰ ᠬᠦᠷᠢᠶᠡᠯᠡᠩ ᠲᠣᠭᠣᠷᠢᠭ 110 ᠲᠦᠮᠡᠨ ᠪᠣᠷᠣᠯᠠᠭᠤᠯᠭ᠎ᠠ ᠶ᠋ᠢᠨ ᠲᠣᠭ᠎ᠠ ᠪᠠᠷᠢᠮᠲᠠ ᠵᠢ ᠠᠰᠢᠬᠯᠠᠨ᠂ ᠶᠡᠬᠡ ᠳᠡᠭᠡᠳᠦ ᠰᠤᠷᠭᠠᠭᠤᠯᠢ ᠲᠠᠢ ᠬᠠᠮᠲᠤᠷᠠᠨ ᠬᠡᠷᠡᠭᠯᠡᠭᠡ ᠶ᠋ᠢᠨ ᠵᠠᠳᠠᠯᠤᠯᠲᠠ ᠬᠢᠵᠦ᠂ ᠤᠯᠠᠮᠵᠢᠯᠠᠯᠲᠤ ᠲᠣᠮᠣ ᠤᠭᠤᠲᠠ ᠲᠠᠢ ᠣᠨᠴᠠ ᠭᠠᠷᠤᠯᠲᠠ ᠵᠢ ᠵᠠᠯᠠᠭᠤᠴᠤᠳ ᠤ᠋ᠨ ᠳᠤᠷᠠᠲᠠᠶ ᠮᠦᠷᠳᠡᠬᠡᠨ ᠠᠪᠴᠤ᠌ ᠶᠠᠪᠤᠬᠤ ᠳ᠋ᠦ ᠲᠥᠬᠥᠮ《ᠬᠠᠯᠢᠰᠤᠨ ᠪᠤᠷᠴᠠ》ᠰᠢᠨ᠎ᠡ ᠪᠦᠲᠦᠭᠡᠭᠳᠡᠭᠦᠨ ᠪᠤᠯᠭᠠᠨ ᠦᠢᠯᠡᠳᠪᠦᠷᠢᠯᠡᠵᠦ᠂ 3 ᠰᠠᠷ᠎ᠠ ᠶ᠋ᠢᠨ ᠳᠤᠲᠤᠷ᠎ᠠ 5 ᠲᠦᠮᠡᠨ ᠬᠤᠪᠢ ᠪᠤᠷᠤᠯᠠᠭᠤᠯᠪᠠ᠃ ᠡᠭᠦᠨ ᠤ᠋ ᠬᠠᠮᠲᠤ ᠲᠣᠭ᠍ᠲᠠᠮᠠᠯ ᠬᠤᠭᠤᠴᠠᠭ᠎ᠠ ᠲᠠᠢ ᠪᠠᠢᠳᠠᠯ ᠢ᠋ ᠮᠡᠳᠡᠭᠳᠡᠵᠤ᠂ ᠠᠵᠤ ᠠᠬᠤᠢᠯᠠᠯ ᠢ᠋ ᠬᠠᠮᠵᠢᠨ ᠪᠣᠭᠣᠳᠠᠯ ᠪᠠᠭ᠍ᠯᠠᠭ᠎ᠠ ᠦᠨ᠎ᠡ ᠬᠠᠩᠰᠢ ᠳ᠋ᠤᠨᠢ ᠲᠤᠬᠢᠷᠠᠭᠤᠯᠤᠯᠲᠠ ᠬᠢᠵᠦ᠂ 30 ᠭᠠᠷᠤᠶ ᠰᠠᠭᠤᠭᠠᠯᠢ ᠠᠷᠠᠳ ᠢ᠋ ᠳᠠᠢᠴᠢᠯᠠᠨ ᠣᠢᠷ᠎ᠠ ᠬᠠᠪᠢ ᠳ᠋ᠤᠨᠢ ᠠᠵᠢᠯ ᠣᠯᠭᠣᠨ᠂ ᠤᠶᠤᠲᠠᠳ ᠤ᠋ᠨ ᠨᠤᠲᠤᠭ᠎ᠲᠠᠭᠠᠨ ᠪᠤᠴᠠᠵᠤ ᠡᠯᠧᠺᠲ᠋ᠷᠣᠨ ᠬᠤᠳᠠᠯᠳᠤᠭ᠎ᠠ ᠡᠷᠭᠢᠯᠡᠬᠦ᠌ ᠵᠢ ᠳᠠᠢᠴᠢᠯᠠᠪᠠ᠃ ᠨᠤᠲᠤᠭ ᠤ᠋ᠨ ᠨᠡᠪᠲᠡᠷᠡᠭᠦᠯᠦᠭᠴᠢ ᠲᠠᠯ᠎ᠠ ᠨᠤᠲᠤᠭ ᠲᠦ᠍ ᠭᠦᠨᠵᠡᠭᠡᠢᠷᠡᠨ᠂ ᠮᠠᠯᠵᠢᠯ ᠤ᠋ᠨ ᠲᠠᠯᠠᠪᠠᠶ ᠶ᠋ᠢᠨ ᠬᠣᠨᠢ ᠲᠡᠵᠢᠭᠡᠬᠦ᠌᠂ ᠤᠯᠠᠭᠠᠨ ᠢᠳᠡᠬᠡᠨ ᠪᠣᠯᠪᠠᠰᠤᠷᠠᠭᠤᠯᠬᠤ ᠪᠥᠬᠥ᠌ ᠶᠠᠪᠤᠴᠠ ᠳ᠋ᠦ ᠱᠢᠭᠤᠳ ᠨᠡᠪᠲᠡᠷᠡᠭᠦᠯᠭᠡ᠎ᠬᠢᠵᠦ᠂ ᠨᠢᠭᠡ ᠲᠠᠯᠠᠪᠠᠢ ᠰᠢᠭᠤᠳ ᠨᠡᠪᠲᠡᠷᠡᠭᠦᠯᠭᠡ ᠪᠡᠷ 2000 ᠵᠢᠡᠭ ᠭᠠᠷᠤᠢ ᠴᠢᠨᠠᠭ᠍ᠰᠠᠨ ᠮᠢᠬ᠎ᠠ ᠪᠤᠷᠤᠯᠠᠭᠤᠯᠵᠤ᠂ ᠬᠠᠯᠠᠮᠰᠢᠯ ᠪᠦᠲᠦᠭᠡᠭ᠌ᠳᠡᠬᠦᠨ ᠢ᠋ ᠦᠵᠡᠭᠰᠡᠨ ᠬᠦᠮᠦᠨ ᠤ᠋ ᠳᠤᠭ᠎ᠠ 500 ᠲᠦᠮᠡᠨ ᠤᠳᠠᠭ᠎ᠠ ᠵᠢ ᠳᠠᠪᠠᠭᠰᠠᠨ ᠪᠠᠢᠨ᠎ᠠ᠃

《ᠡᠯᠧᠺᠲ᠋ᠷᠣᠨ ᠬᠤᠳᠠᠯᠳᠤᠭᠠᠨ ᠤ᠋ ᠨᠡᠢᠭᠡᠮᠯᠢᠭ ᠢ᠋ ᠪᠠᠢᠭᠤᠯᠤᠨ᠂ ᠠᠵᠢᠯᠯᠠᠭ᠍ᠴᠢ ᠪᠠ ᠠᠵᠤ ᠠᠬᠤᠢᠯᠠᠯ ᠤ᠋ᠨ ᠬᠦᠴᠦᠨ ᠢ᠋ ᠨᠡᠢᠳᠭᠡᠵᠦ᠂ 〈ᠬᠥᠯᠥᠨ ᠪᠣᠢᠷ ᠤ᠋ᠨ ᠲᠠᠯ᠎ᠠ ᠨᠤᠲᠤᠭ〉 ᠤ᠋ᠨ ᠨᠡᠢᠲᠡ ᠶ᠋ᠢᠨ ᠬᠡᠷᠡᠭ᠌ᠯᠡᠭᠡ ᠵᠢᠨ ᠲᠦᠷᠦᠯ ᠲᠡᠮᠳᠡᠭ ᠶ᠋ᠢᠡᠷ ᠭᠤᠤᠯ ᠪᠣᠯᠭᠠᠨ᠂ 〈ᠬᠥᠯᠥᠨ ᠪᠣᠢᠷ ᠤ᠋ᠨ ᠲᠠᠯ᠎ᠠ ᠨᠤᠲᠤᠭ ᠤ᠋ᠨ ᠦᠬᠡᠷ ᠬᠣᠨᠢ〉 ᠶ᠋ᠢᠨ ᠳᠤᠷᠠᠰᠤᠮᠵᠢ ᠵᠢ ᠪᠣᠶ ᠪᠣᠯᠭᠠᠨ᠎ᠠ᠃ ᠡᠭᠦᠨ ᠤ᠋ ᠬᠠᠮᠲᠤ ᠨᠠᠩ ᠣᠯᠠᠨ ᠲᠠᠪᠴᠠᠩ ᠲᠠᠢ ᠵᠣᠯᠭᠠᠭᠤᠯᠵᠤ᠂〈ᠡᠯᠧᠺᠲ᠋ᠷᠣᠨ ᠬᠤᠳᠠᠯᠳᠤᠭ᠎ᠠ + ᠮᠠᠯ ᠠᠵᠤ ᠠᠬᠤᠢ ᠲᠠᠷᠢᠶᠠᠯᠠᠩ ᠪᠠ ᠰᠣᠶᠣᠯ ᠵᠢᠭᠤᠯᠴᠢᠯᠠᠯ〉᠂ 〈ᠡᠯᠧᠺᠲ᠋ᠷᠣᠨ ᠬᠤᠳᠠᠯᠳᠤᠭ᠎ᠠ + ᠠᠵᠤ ᠦᠶ᠋ᠯᠡᠰ ᠤ᠋ᠨ ᠪᠦᠰᠡ〉 ᠶ᠋ᠢᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ ᠵᠢᠭᠤᠯᠴᠢᠯᠠᠭ᠍ᠰᠠᠳ ᠲᠦ᠍ ᠲᠠᠯ᠎ᠠ ᠨᠤᠲᠤᠭ ᠤ᠋ᠨ ᠰᠣᠶᠣᠯ ᠢ᠋ ᠣᠢᠯᠠᠭᠠᠭᠤᠯᠬᠤ ᠵᠢᠨ ᠬᠠᠮᠲᠤ ᠪᠠᠷᠠᠭ᠎ᠠ ᠬᠤᠳᠠᠯᠳᠤᠨ ᠠᠪᠬᠤ ᠳ᠋ᠦ ᠲᠥᠬᠥᠮ ᠦᠵᠡᠭᠦᠯᠦᠨ᠎ᠡ》 ᠭᠡᠵᠤ ᠸᠠᠩ ᠪᠢᠨ ᠪᠢᠨ ᠬᠦᠭᠵᠢᠬᠦᠯᠦᠯᠳᠡ ᠵᠢᠨ ᠲᠦᠰᠦᠪ ᠲᠦᠯᠦᠪᠯᠡᠬᠡ ᠪᠠᠨ ᠶᠠᠷᠢᠵᠤ ᠪᠠᠢᠯ᠎ᠠ᠃

《ᠭᠠᠷ ᠤᠳᠠᠰᠤᠨ ᠤ᠋ ᠵᠠᠬᠢᠶᠠᠯᠠᠭ᠎ᠠ》 ᠡᠴᠡ ᠠᠪᠤᠭᠠᠳ 《ᠱᠢᠭᠤᠳ ᠨᠡᠪᠲᠡᠷᠡᠭᠦᠯᠭᠡ ᠶ᠋ᠢᠨ ᠪᠣᠳᠠᠲᠤ ᠦᠵᠡᠮᠵᠢ》 ᠬᠦᠷᠲᠡᠯ᠎ᠡ᠂ ᠱᠢᠨ᠎ᠡ ᠰᠣᠷᠭᠣᠭ ᠢᠳᠡᠭᠡᠨ ᠤ᠋ ᠲᠦᠷᠭᠡᠨ ᠬᠦᠷᠭᠡᠯᠲᠡ ᠡᠴᠡ ᠠᠪᠤᠭᠠᠳ ᠡᠷᠳᠡᠨᠢ ᠱᠢᠰᠢ ᠵᠢ ᠭᠠᠳᠠᠭᠠᠳᠤ ᠳ᠋ᠦ ᠭᠠᠷᠭᠠᠬᠤ ᠬᠦᠷᠲᠡᠯ᠎ᠡ᠂ ᠬᠥᠯᠥᠨ ᠪᠤᠢ᠌ᠷ ᠤ᠋ᠨ ᠡᠯᠧᠺᠲ᠋ᠷᠣᠨ ᠬᠤᠳᠠᠯᠳᠤᠭᠠᠨ ᠤ᠋ ᠠᠵᠤ ᠦᠢᠯᠡᠰ ᠤ᠋ᠨ ᠬᠦᠷᠢᠶᠡᠯᠡᠩ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠶ᠋ᠢᠡᠷ ᠲᠠᠯ᠎ᠠ ᠨᠤᠲᠤᠭ ᠤ᠋ᠨ ᠡᠬᠢ ᠪᠠᠶᠠᠯᠢᠭ ᠢ᠋ ᠬᠥᠭ᠌ᠵᠢᠭᠡᠵᠦ᠍᠂ ᠨᠤᠮᠢᠨ ᠤᠰᠤ ᠬᠦᠬᠡᠮᠳᠦᠭ ᠠᠭᠤᠯᠠ ᠶ᠋ᠢᠨ ᠤᠬᠢ ᠪᠦᠲᠦᠭᠡᠭᠳᠡᠭᠦᠨ ᠢ᠋《ᠠᠯᠲᠠᠨ ᠠᠭᠤᠯᠠ ᠮᠦᠡᠭᠬᠦᠨ ᠬᠠᠢᠷᠬᠠᠨ》ᠪᠣᠯᠭᠠᠨ ᠬᠤᠪᠢᠷᠠᠭᠤᠯᠵᠤ᠂ ᠠᠵᠤ ᠦᠢᠯᠡᠰ ᠢ᠋ ᠲᠡᠰ ᠳᠡᠪᠱᠢᠭᠦᠯᠬᠦ᠌᠂ ᠰᠣᠶᠣᠯ ᠵᠢᠭᠤᠯᠴᠢᠯᠠᠯ ᠢ᠋ ᠠᠭᠤᠰᠤᠯᠴᠠᠭᠤᠯᠬᠤ ᠦᠪᠡᠷᠮᠢᠴᠡ ᠤᠨᠴᠠᠯᠢᠭ ᠪᠦᠬᠦᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠠᠮ ᠢ᠋ ᠨᠡᠬᠡᠬᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号