12 ᠰᠠᠷ᠎ᠠ᠎ᠶᠢᠨ 1 ᠡᠴᠡ 5᠎ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠬᠥᠳᠡᠯᠮᠦᠷᠢ᠎ᠶᠢᠨ ᠵᠢᠱ᠌ᠢᠶᠡᠴᠢ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠲᠤᠰ ᠲᠤᠰ ᠡᠯ᠎ᠡ ᠭᠠᠵᠠᠷ᠎ᠲᠤ ᠬᠦᠷᠴᠦ ᠬᠠᠨᠳᠤᠯᠭᠠᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠭᠦᠯᠪᠡ᠃
12 ᠰᠠᠷ᠎ᠠ᠎ᠶᠢᠨ 1᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶᠢᠨ ᠬᠡᠷᠡᠭ ᠶᠠᠪᠤᠳᠠᠯ᠎ᠤᠨ ᠬᠠᠮᠢᠶᠠᠷᠤᠯᠳᠠ ᠵᠢᠨ ᠲᠤᠪᠴᠢᠶ᠎ᠡ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ ᠼᠦᠢ ᠸᠸᠨ ᠵᠢᠩ ᠶᠡᠷᠦᠩᠬᠡᠢ ᠱᠦᠵᠢ ᠰᠢ᠎ᠶᠢᠨ ᠫᠢᠩ᠎ᠤᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ ᠪᠦᠬᠦᠳᠡ ᠬᠤᠷᠠᠯ᠎ᠡᠴᠡ ᠪᠠᠲᠤᠯᠠᠭᠰᠠᠨ 《ᠰᠠᠨᠠᠭᠤᠯᠭ᠎ᠠ》 ᠵᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠤᠶᠠᠯᠳᠤᠭᠤᠯᠵᠤ᠂ ᠰᠢᠰᠲ᠋ᠸᠮ ᠲᠠᠢ ᠲᠠᠢᠯᠤᠮᠵᠢ ᠪᠠ ᠠᠮᠢᠳᠤᠯᠢᠭ᠋ ᠲᠠᠢᠯᠤᠮᠵᠢ ᠬᠢᠪᠡ᠃
ᠤᠬᠠᠭᠤᠯᠤᠨ ᠲᠠᠢᠯᠪᠤᠷᠢᠯᠠᠬᠤ ᠠᠭᠤᠯᠭ᠎ᠠ ᠨᠢ ᠪᠣᠳᠠᠲᠠᠢ᠎ᠲᠠᠢ ᠨᠢᠭ᠍ᠲᠠ ᠤᠶᠠᠯᠳᠤᠵᠤ᠂ ᠡᠮᠬᠢ ᠴᠡᠭᠴᠡ ᠲᠡᠢ ᠲᠣᠳᠣᠷᠬᠠᠢ᠂ ᠮᠠᠰᠢ ᠴᠢᠩᠭ᠎ᠠ ᠵᠢᠯᠤᠭᠣᠳᠬᠤ ᠴᠢᠨᠠᠷᠲᠠᠢ ᠪᠤᠯᠵᠠᠢ᠃ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠬᠤ ᠬᠠᠮᠢᠶᠠᠷᠤᠯᠲᠠ᠎ᠶᠢᠨ ᠭᠠᠵᠠᠷ᠎ᠤᠨ ᠳᠡᠳ᠋ ᠳᠠᠷᠤᠭ᠎ᠠ ᠶᠠᠩ ᠴᠧᠩ ᠴᠧᠩ᠄ 《ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ ᠤᠷᠬᠢᠯᠬᠡᠮᠵᠢᠭᠳᠡᠯᠳᠦ ᠬᠦᠷᠬᠦ ᠪᠠ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠬᠠᠷᠠᠯᠲᠠ᠎ᠪᠠᠷ ᠬᠥᠲᠥᠯᠥᠮᠵᠢ ᠪᠤᠯᠭᠠᠵᠦ᠂ ᠭᠣᠣᠯᠳᠠᠯᠭ᠎ᠠ᠎ᠶᠢ ᠲᠣᠪᠤᠢᠯᠭᠠᠵᠤ᠂ ᠵᠠᠩᠭᠢᠯᠠᠭ᠎ᠠ᠎ᠶᠢ ᠠᠳᠬᠤᠵᠤ᠂ ᠤᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠡᠨ ᠬᠤᠪᠢᠷᠠᠭᠤᠯᠬᠤ ᠪᠠ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
12 ᠰᠠᠷ᠎ᠠ᠎ᠶ᠋ᠢᠨ 1 ᠤ᠋ ᠡᠳᠦᠷ᠎ᠦᠨ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠬᠥᠳᠡᠯᠮᠦᠷᠢ᠎ᠶ᠋ᠢᠨ ᠵᠢᠱ᠌ᠢᠶᠡᠴᠢ ᠵᠢᠨ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ᠎ᠶ᠋ᠢᠨ ᠬᠥᠩᠭᠡᠨ ᠠᠵᠤ ᠦᠶ᠋ᠯᠡᠳᠪᠦᠷᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳ᠋ᠦ ᠬᠦᠷᠪᠡ᠂ ᠪᠤᠭᠤᠲᠤ᠎ᠶ᠋ᠢᠨ ᠪᠣᠯᠣᠳ ᠪᠣᠯᠪᠠᠰᠤᠷᠠᠭᠤᠯᠬᠤ ᠦᠶ᠋ᠯᠡᠳᠪᠦᠷᠢ᠎ᠶ᠋ᠢᠨ ᠪᠣᠯᠣᠳ ᠪᠣᠯᠪᠠᠰᠤᠷᠠᠭᠤᠯᠬᠤ ᠭᠤᠷᠪᠠᠳᠤᠭᠠᠷ ᠬᠡᠯᠲᠡᠰ᠎ᠦᠨ ᠡᠷᠭᠢᠯᠳᠦᠭᠡ ᠵᠤᠤᠬ᠎ᠠ᠎ᠶ᠋ᠢᠨ ᠳᠠᠷᠤᠭ᠎ᠠ ᠰᠦᠨ ᠴᠧᠩ ᠪᠢ ᠠᠵᠢᠯ᠎ᠤᠨ ᠪᠠᠢᠷᠢ᠎ᠪᠠᠨ ᠬᠠᠢᠷᠠᠯᠠᠵᠤ ᠠᠵᠢᠯ ᠦᠶ᠋ᠯᠡᠰ᠎ᠢᠶᠡᠨ ᠳᠡᠭᠡᠳᠦᠯᠡᠬᠦ᠌᠂ ᠡᠷᠡᠯᠬᠡᠭᠯᠡᠨ ᠲᠡᠮᠡᠴᠡᠵᠦ᠍ ᠦᠰᠦᠨ ᠪᠣᠢᠵᠢᠭ᠍ᠤ ᠠᠮᠢᠳᠤ ᠰᠣᠷᠭᠣᠭ ᠥᠯᠢᠭᠡᠷ᠎ᠲᠡᠶ ᠤᠶᠠᠯᠳᠤᠭᠤᠯᠤᠨ᠂ ᠪᠠᠭ᠍ᠰᠢ ᠰᠤᠷᠤᠭ᠍ᠴᠢᠳ᠎ᠲᠤ ᠨᠢᠭᠡ ᠤᠳᠠᠭᠠᠨ᠎ᠤ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠲᠠ ᠬᠢᠪᠡ᠃
ᠰᠦᠨ ᠴᠧᠩ ᠪᠢ ᠡᠩ ᠲᠡᠷᠢᠭᠦᠨ᠎ᠳᠦ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢ ᠪᠠᠢᠭᠤᠯᠤᠭ᠍ᠰᠠᠨ》 ᠲᠡᠷᠡ ᠬᠦ᠌ ᠣᠷᠭᠢᠯᠤᠮ᠎ᠠ ᠬᠠᠯᠠᠭᠤᠨ ᠰᠡᠳᠭᠢᠯᠭᠡ᠎ᠲᠡᠶ ᠣᠨ ᠰᠠᠷᠠᠶ᠋ᠢ ᠡᠷᠭᠢᠴᠡᠭᠦᠯᠵᠦ᠍᠂ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢᠨ ᠬᠥᠮᠦᠰ᠎ᠦᠨ ᠲᠡᠰᠪᠦᠷᠢ ᠬᠠᠲᠠᠭᠤᠵᠢᠯᠲᠠᠢ ᠲᠡᠮᠡᠴᠡᠵᠦ᠍ ᠦᠢᠯᠡᠰ ᠪᠤᠰᠬᠠᠭᠰᠠᠨ ᠥᠩᠭᠡᠷᠡᠯᠲᠡ᠎ᠶ᠋ᠢ ᠢᠯᠡᠷᠡᠭᠦᠯᠪᠡ᠃ ᠵᠠᠯᠭᠠᠭᠠᠳ᠂ ᠲᠡᠷᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠤᠨ᠂ ᠱᠢᠨ᠎ᠡ ᠴᠠᠭ ᠦᠶ᠎ᠡ᠎ᠶ᠋ᠢᠨ ᠠᠬᠤᠶ ᠪᠠᠢᠳᠠᠯ ᠳᠤᠤᠷᠠᠬᠢ ᠠᠵᠤ ᠦᠶ᠋ᠯᠡᠰ᠎ᠦᠨ ᠠᠵᠢᠯᠴᠢᠨ᠎ᠤ ᠡᠭᠦᠷᠭᠡᠯᠡᠵᠦ᠍ ᠪᠠᠢᠭ᠎ᠠ ᠬᠠᠷᠢᠭᠤᠴᠠᠯᠭ᠎ᠠ ᠪᠠ ᠡᠭᠦᠷᠭᠡ᠎ᠶ᠋ᠢ ᠲᠣᠳᠣᠷᠬᠠᠢᠯᠠᠨ ᠥᠭᠦᠯᠡᠪᠡ᠃ ᠡᠭᠦᠨ᠎ᠦ ᠬᠠᠮᠲᠤ᠂ ᠲᠣᠰ ᠪᠡᠶ᠎ᠡ᠎ᠶ᠋ᠢᠨ ᠦᠰᠦᠨ ᠪᠣᠢᠵᠢᠭ᠍ᠰᠠᠨ ᠥᠯᠢᠭᠡᠷ ᠪᠠ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠭ᠍ᠰᠠᠨ ᠪᠣᠳᠠᠲᠤ ᠵᠢᠱ᠌ᠢᠶ᠎ᠡ᠎ᠪᠡᠷ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ ᠪᠠ ᠤᠷᠠᠨ ᠳᠠᠷᠬᠠᠨ᠎ᠤ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠬᠦᠴᠦᠨ᠎ᠢ ᠭᠦᠨᠵᠡᠭᠡᠶ ᠲᠠᠢᠯᠪᠤᠷᠢᠯᠠᠵᠤ᠂ ᠲᠤᠬᠠᠶ᠎ᠶ᠋ᠢᠨ ᠲᠠᠯᠠᠪᠤᠷ᠎ᠲᠤ ᠪᠠᠢᠭ᠍ᠰᠠᠨ ᠪᠠᠭ᠍ᠰᠢ ᠰᠤᠷᠤᠭ᠍ᠴᠢᠳ᠎ᠢ ᠭᠦᠨ ᠳᠣᠭ᠍ᠳᠣᠯᠤᠭᠤᠯᠪᠠ᠃
ᠬᠤᠷᠱᠢᠯᠴᠠᠨ ᠰᠣᠯᠢᠯᠴᠠᠬᠤ ᠭᠣᠭ᠍ᠴᠣᠭ᠎ᠠ᠎ᠳᠤ᠂ ᠰᠤᠷᠤᠭ᠍ᠴᠢᠳ ᠢᠳᠡᠪᠬᠢᠲᠡᠢ᠎ᠪᠡᠷ ᠠᠰᠠᠭᠤᠯᠲᠠ ᠠᠰᠠᠭᠤᠵᠤ᠂ ᠤᠷ᠎ᠠ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠠᠷᠭ᠎ᠠ ᠵᠠᠮ᠂ ᠠᠵᠢᠯ ᠮᠡᠷᠭᠡᠵᠢᠯ᠎ᠦᠨ ᠬᠥᠳᠡᠯᠭᠡᠬᠦ᠌ ᠬᠦᠴᠦᠨ᠂ ᠱᠢᠨ᠎ᠡ᠎ᠶ᠋ᠢ ᠡᠭᠦᠳᠬᠦ᠌ ᠳᠤᠮᠳᠠᠬᠢ ᠥᠷᠢᠰᠥᠯᠳᠦᠭᠡᠨ ᠵᠡᠷᠭᠡ ᠠᠰᠠᠭᠤᠳᠠᠯ᠎ᠤᠨ ᠲᠤᠬᠠᠢ ᠰᠦᠨ ᠴᠧᠩ ᠪᠢᠲᠡᠶ ᠰᠠᠨᠠᠯ ᠵᠢᠡᠨ ᠭᠦᠨᠵᠡᠭᠡᠢ ᠰᠣᠯᠢᠯᠴᠠᠪᠠ᠃
12 ᠰᠠᠷ᠎ᠠ᠎ᠶ᠋ᠢᠨ 4 ᠡᠴᠡ 5 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ᠎ᠲᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠤᠷᠢᠳ ᠬᠣᠵᠢᠳ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠢᠩᠭᠠᠨ ᠪᠡᠭᠡᠵᠢᠩ ᠨᠡᠢᠭᠡᠮ ᠲᠣᠭᠣᠷᠢᠭ᠂ ᠬᠢᠩᠭᠠᠨ᠎ᠤ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠣᠯᠤᠨ ᠯᠢᠶᠠᠨ ᠨᠦᠩ ᠰᠤᠷᠭᠠᠭᠤᠯᠢ᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠰᠠᠭᠤᠷᠢᠨ ᠵᠡᠷᠭᠡ ᠭᠠᠵᠠᠷ᠎ᠲᠤ ᠬᠦᠷᠴᠦ᠍᠂ ᠠᠳᠠᠯᠢ ᠪᠤᠰᠤ ᠬᠦᠷᠢᠶᠡᠨ᠎ᠦ ᠡᠪᠯᠡᠯ᠎ᠦᠨ ᠭᠡᠱᠢᠭᠦᠨ ᠵᠠᠯᠠᠭᠤᠴᠤᠳ᠎ᠲᠤ ᠬᠠᠨᠳᠤᠭᠤᠯᠤᠨ ᠬᠠᠨᠳᠤᠯᠭᠠᠴᠢᠯᠠᠬᠰᠠᠨ᠂ ᠬᠤᠪᠢᠶᠠᠷᠢᠴᠢᠯᠠᠬᠰᠠᠨ᠂ ᠬᠤᠷᠰᠢᠯᠴᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠪᠤᠷᠢᠯᠠᠬᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠠᠢᠯᠪᠤᠷᠢᠯᠠᠬᠤ ᠪᠠ ᠨᠢᠭᠤᠷᠳᠠᠨ ᠰᠣᠯᠢᠯᠴᠠᠬᠤ᠎ᠪᠠᠷ ᠳᠠᠮᠵᠢᠭᠤᠯᠤᠨ᠂ ᠥᠷᠭᠡᠨ ᠣᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠤᠨ 《ᠬᠣᠶᠠᠷ᠎ᠢ ᠲᠣᠭ᠍ᠲᠠᠭᠠᠭᠰᠠᠨ》᠎ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ᠌ ᠵᠠᠯᠠᠭᠤ ᠨᠠᠰᠤᠨ᠎ᠤ ᠬᠠᠭᠤᠳᠠᠰᠤ᠎ᠶ᠋ᠢ ᠴᠢᠷᠮᠠᠢᠨ ᠪᠢᠴᠢᠭᠯᠡᠬᠦ᠌ ᠵᠢ ᠬᠥᠲᠥᠯᠥᠨ ᠵᠢᠯᠣᠭᠣᠳᠪᠠ᠃
ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠬᠢᠩᠭᠠᠨ ᠠᠢᠮᠠᠭ᠎ᠤᠨ ᠱᠢᠶᠠᠩ ᠶᠠᠩ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠵᠠᠯᠠᠭᠤᠴᠤᠳ᠎ᠤᠨ ᠰᠠᠢᠨ ᠲᠤᠷᠠᠴᠤᠳ᠎ᠤᠨ ᠨᠡᠢᠭᠡᠮᠯᠢᠭ᠎ᠦᠨ ᠨᠠᠮ᠎ᠤᠨ ᠡᠭᠦᠷ᠎ᠦᠨ ᠱᠦᠵᠢ᠂ ᠨᠡᠢᠭᠡᠮᠯᠢᠭ᠎ᠦᠨ ᠳᠠᠷᠤᠭ᠎ᠠ ᠳ᠋ᠦ᠋ ᠲᠢᠶᠸ ᠢ᠄《ᠬᠣᠢᠱᠢᠳᠠ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ 〈ᠬᠠᠷᠠᠮ ᠥᠬᠡᠶ ᠵᠣᠷᠢᠭᠤᠯᠬᠤ᠂ ᠨᠥᠬᠥᠷᠰᠡᠭ ᠪᠠᠢᠬᠤ᠂ ᠬᠠᠷᠢᠯᠴᠠᠨ ᠬᠠᠪᠰᠤᠷᠤᠯᠴᠠᠬᠤ᠂ ᠤᠷᠤᠭ᠍ᠰᠢᠯᠠᠨ ᠳᠠᠪᠱᠢᠬᠤ〉ᠰᠠᠢᠨ ᠲᠤᠷᠠᠴᠤᠳ᠎ᠤᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠰᠠᠢᠨ ᠲᠤᠷᠠᠴᠤᠳ᠎ᠤᠨ ᠦᠶ᠋ᠯᠡᠴᠢᠯᠡᠭᠡ᠎ᠶ᠋ᠢ ᠬᠢᠩᠭᠠᠨ ᠠᠢᠮᠠᠭ᠎ᠤᠨ ᠨᠠᠩ ᠣᠯᠠᠨ ᠥᠨᠴᠥᠭ ᠪᠤᠯᠤᠩ᠎ᠳᠤ ᠪᠦᠷᠬᠦᠭᠦᠯᠬᠦ᠌᠎ᠶ᠋ᠢ ᠠᠬᠢᠭᠤᠯᠵᠤ᠂ ᠦᠵᠡᠰᠭᠦᠯᠡᠩᠲᠦ ᠰᠠᠢᠬᠠᠨ ᠬᠢᠩᠭ᠎ᠠ᠎ᠨᠢ ᠪᠥᠲᠥᠭᠡᠨ ᠪᠠᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃