ᠦᠪᠤᠷ ᠮᠤᠩᠭᠤᠯ ᠡᠯ᠎ᠠ ᠬᠤᠰᠢᠭᠤ ᠰᠢᠶᠠᠨ ᠲᠤᠭᠤᠷᠢᠭ ᠤ᠋ᠨ ᠨᠠᠭᠠᠳᠤ ᠵᠠᠬ᠎ᠠ ᠵᠢᠨ ᠴᠠᠯᠢᠩ ᠤ᠋ᠨ ᠪᠠᠷᠢᠮᠵᠢᠶ᠎ᠠ ᠳ᠋ᠤ ᠲᠤᠬᠢᠷᠠᠭᠤᠯᠤᠯᠳᠠ ᠬᠢᠪᠡ
2025-12-08 17:10:55
ᠵᠣᠬᠢᠶᠠᠭ᠍ᠴᠢ᠄
​ ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠠᠯᠪᠠᠨ ᠲᠢᠩᠬᠢᠮ 12 ᠰᠠᠷ᠎ᠠ ᠶ᠋ᠢᠨ 3 ᠤ᠋ ᠡᠳᠦᠷ ᠮᠡᠳᠡᠭᠳᠡᠯ ᠪᠠᠭᠤᠯᠭᠠᠵᠤ᠂ ᠪᠦᠬᠦ ᠤᠷᠤᠨ ᠤ᠋ ᠡᠯ᠎ᠠ ᠭᠠᠵᠠᠷ ᠤ᠋ᠨ ᠨᠠᠭᠠᠳᠤ ᠵᠠᠬ᠎ᠠ ᠶ᠋ᠢᠨ ᠴᠠᠯᠢᠩ ᠤ᠋ᠨ ᠪᠠᠷᠢᠮᠵᠢᠶ᠎ᠠ ᠳ᠋ᠤ ᠳᠤᠬᠢᠷᠠᠭᠤᠯᠤᠯᠳᠠ ᠬᠢᠬᠦ ᠲᠤᠬᠠᠢ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠳᠤᠭᠳᠠᠭᠠᠯ ᠢ᠋ ᠮᠡᠳᠡᠭᠳᠡᠪᠡ᠃

ᠮᠡᠳᠡᠭᠳᠡᠯ ᠳ᠋ᠤ᠂ ᠦᠪᠤᠷ ᠮᠤᠩᠭᠤᠯ ᠤ᠋ᠨ ᠨᠢᠬᠡᠳᠤᠬᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤ᠋ᠨ ᠭᠠᠵᠠᠷ ᠤᠷᠤᠨ ᠤ᠋ ᠪᠦᠬᠦᠯᠢ ᠡᠳᠦᠷ ᠤ᠋ᠨ ᠳᠦᠷᠢᠮᠳᠤ ᠬᠦᠳᠡᠯᠮᠦᠷᠢᠴᠢᠳ ᠤ᠋ᠨ ᠰᠠᠷ᠎ᠠ ᠪᠦᠷᠢ ᠶ᠋ᠢᠨ ᠨᠠᠭᠠᠳᠤ ᠵᠠᠬ᠎ᠠ ᠶ᠋ᠢᠨ ᠴᠠᠯᠢᠩ ᠤ᠋ᠨ ᠪᠠᠷᠢᠮᠵᠢᠶ᠎ᠠ ᠶ᠋ᠢ ᠲᠤᠰᠪᠤᠷᠢ 2380 ᠲᠦᠭᠦᠷᠢᠭ᠂ 2310 ᠲᠦᠬᠦᠷᠢᠭ᠂ 2250 ᠲᠦᠬᠦᠷᠢᠭ ᠪᠤᠯᠭᠠᠨ ᠳᠤᠬᠢᠷᠠᠭᠤᠯᠵᠤ᠂ ᠪᠦᠬᠦᠯᠢ ᠡᠳᠦᠷ ᠤ᠋ᠨ ᠪᠤᠰᠤ ᠳᠦᠷᠢᠮᠳᠤ ᠬᠦᠳᠡᠯᠮᠦᠷᠢᠴᠢᠳ ᠤ᠋ᠨ ᠴᠠᠭ ᠪᠦᠷᠢ ᠵᠢᠨ ᠨᠠᠭᠠᠳᠤ ᠵᠠᠬ᠎ᠠ ᠶ᠋ᠢᠨ ᠴᠠᠯᠢᠩ ᠤ᠋ᠨ ᠪᠠᠷᠢᠮᠵᠢᠶ᠎ᠠ ᠶ᠋ᠢ ᠲᠤᠰᠪᠤᠷᠢ 23.5 ᠲᠦᠭᠦᠷᠢᠭ᠂ 22.8 ᠲᠦᠬᠦᠷᠢᠭ᠂ 22.2 ᠲᠦᠬᠦᠷᠢᠭ ᠪᠤᠯᠭᠠᠨ ᠳᠤᠬᠢᠷᠠᠭᠤᠯᠵᠤ᠂ 2025 ᠤᠨ ᠤ᠋ 12 ᠰᠠᠷ᠎ᠠ ᠶ᠋ᠢᠨ 1 ᠤ᠋ ᠡᠳᠦᠷ ᠡᠴᠡ ᠡᠬᠢᠯᠡᠨ ᠬᠡᠷᠡᠭᠵᠢᠭᠦᠯᠬᠦ ᠪᠡᠷ ᠳᠤᠭᠳᠠᠭᠠᠵᠠᠢ᠃

ᠮᠡᠳᠡᠭᠳᠡᠯ ᠳ᠋ᠤ᠂ ᠬᠦᠬᠡᠬᠤᠳᠠ ᠶ᠋ᠢᠨ ᠬᠤᠷᠢᠨᠭᠡᠷ ᠰᠢᠶᠠᠨ᠂ ᠰᠢᠨ᠎ᠠ ᠬᠤᠳᠠ ᠲᠤᠭᠤᠷᠢᠭ᠂ ᠬᠤᠳᠤᠩ ᠠᠷᠠᠳ ᠤ᠋ᠨ ᠲᠤᠭᠤᠷᠢᠭ᠂ ᠢᠤᠢᠴᠢᠤᠸᠠᠨ ᠲᠤᠭᠤᠷᠢᠭ᠂ ᠰᠠᠢᠬᠠᠨ ᠲᠤᠭᠤᠷᠢᠭ; ᠪᠤᠭᠤᠳᠤ ᠬᠤᠳᠠ ᠶ᠋ᠢᠨ ᠬᠦᠨᠳᠡᠯᠡᠨ ᠲᠤᠭᠤᠷᠢᠭ᠂ ᠴᠢᠩᠱᠠᠨ ᠲᠤᠭᠤᠷᠢᠭ᠂ ᠳ᠋ᠦᠩ ᠾᠧ ᠲᠤᠭᠤᠷᠢᠭ᠂ ᠵᠢᠤᠶᠤᠸᠠᠨ ᠲᠤᠭᠤᠷᠢᠭ᠂ ᠰᠢᠭᠤᠢᠳᠤ ᠲᠤᠭᠤᠷᠢᠭ᠂ ᠪᠠᠶᠠᠠᠠᠤᠪᠤᠭ᠎ᠠ ᠠᠭᠤᠷᠬᠠᠢ ᠶ᠋ᠢᠨ ᠲᠤᠭᠤᠷᠢᠭ; ᠬᠦᠯᠦᠨ ᠪᠤᠢᠷ ᠬᠤᠳᠠ ᠶ᠋ᠢᠨ ᠡᠧᠡᠩᠬᠢ ᠦᠨᠳᠦᠰᠦᠳᠡᠨ ᠤ᠋ ᠦᠪᠡᠷᠳᠡᠭᠡᠨ ᠵᠠᠰᠠᠬᠤ ᠬᠤᠰᠢᠭᠤ᠂ ᠵᠠᠯᠠᠢᠨᠠᠭᠤᠷ ᠲᠤᠭᠤᠷᠢᠭ; ᠰᠢᠯᠢ ᠶ᠋ᠢᠨ ᠭᠤᠤᠯ ᠠᠢᠮᠠᠭ ᠤ᠋ᠨ ᠰᠢᠯᠢᠩᠬᠤᠳᠠ᠂ ᠰᠢᠯᠤᠭᠤᠨ ᠬᠦᠬᠡ ᠬᠤᠰᠢᠭᠤ; ᠤᠷᠳᠤᠰ ᠬᠤᠳᠠ ᠶ᠋ᠢᠨ ᠳ᠋ᠦᠩᠱᠧᠩ ᠲᠤᠭᠤᠷᠢᠭ᠂ ᠳᠠᠯᠠᠳ ᠬᠤᠰᠢᠭᠤ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠦᠦᠰᠢᠨ ᠬᠤᠰᠢᠭᠤ᠂ ᠬᠠᠩᠬᠢᠨ ᠬᠤᠰᠢᠭᠤ᠂ ᠤᠳᠤᠭ ᠬᠤᠰᠢᠭᠤ᠂ ᠤᠳᠤᠭ ᠤ᠋ᠨ ᠡᠮᠦᠨᠡᠳᠦ ᠬᠤᠰᠢᠭᠤ᠂ ᠬᠢᠶ᠎ᠠ ᠪᠠᠭᠰᠢ ᠲᠤᠭᠤᠷᠢᠭ; ᠦᠬᠠᠢ ᠬᠤᠳᠠ ᠶ᠋ᠢᠨ ᠬᠠᠢᠷᠤᠪ ᠤ᠋ᠨ ᠲᠤᠬᠤᠢ ᠲᠤᠭᠤᠷᠢᠭ᠂ ᠤᠳᠠ ᠶ᠋ᠢᠨ ᠲᠤᠬᠤᠢ ᠲᠤᠭᠤᠷᠢᠭ᠂ ᠬᠠᠢᠨᠠᠨ ᠲᠤᠭᠤᠷᠢᠭ; ᠠᠯᠠᠱᠠ ᠠᠢᠮᠠᠭ ᠤ᠋ᠨ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠠ ᠬᠤᠰᠢᠭᠤ; ᠮᠠᠨᠵᠤᠤᠷ ᠬᠤᠳᠠ᠂ ᠡᠷᠢᠶᠡᠨ ᠬᠤᠳᠠ ᠪᠤᠯ ᠦᠪᠤᠷ ᠮᠤᠩᠭᠤᠯ ᠤ᠋ᠨ ᠨᠢᠬᠡᠳᠤᠬᠡᠷ ᠲᠦᠷᠦᠯ ᠤ᠋ᠨ ᠭᠠᠵᠠᠷ ᠤᠷᠤᠨ ᠪᠤᠯᠤᠨ᠎ᠠ᠃ ᠬᠦᠬᠡᠬᠤᠳᠠ ᠶ᠋ᠢᠨ ᠲᠦᠮᠡᠳ ᠵᠡᠭᠦᠨ ᠬᠤᠰᠢᠭᠤ᠂ ᠳᠤᠭᠳᠠᠬᠤ ᠰᠢᠶᠠᠨ᠂ ᠴᠢᠩ ᠱᠦᠢ ᠾᠧ ᠰᠢᠶᠠᠨ᠂ ᠦᠴᠤᠸᠠᠨ ᠰᠢᠶᠠᠨ; ᠪᠤᠭᠤᠳᠤ ᠬᠤᠳᠠ ᠶ᠋ᠢᠨ ᠲᠦᠮᠡᠳ ᠪᠠᠷᠠᠭᠤᠨ ᠬᠤᠰᠢᠭᠤ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ᠂ ᠭᠦᠶᠠᠩ ᠰᠢᠶᠠᠨ; ᠬᠦᠯᠦᠨ ᠪᠤᠢᠷ ᠬᠤᠳᠠ ᠶ᠋ᠢᠨ ᠬᠠᠢᠯᠠᠷ ᠲᠤᠭᠤᠷᠢᠭ᠂ ᠡᠷᠭᠦᠨ᠎ᠠ ᠬᠤᠳᠠ᠂ ᠭᠡᠭᠡᠨ ᠭᠤᠤᠯ ᠬᠤᠳᠠ᠂ ᠠᠷᠤᠨ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠠ ᠪᠠᠷᠭᠤ ᠪᠠᠷᠠᠭᠤᠨ ᠬᠤᠰᠢᠭᠤ; ᠬᠢᠩᠭᠠᠨ ᠠᠢᠮᠠᠭ ᠤ᠋ᠨ ᠤᠯᠠᠭᠠᠨᠬᠤᠳᠠ; ᠲᠦᠩᠯᠢᠶᠤᠤ ᠬᠤᠳᠠ ᠶ᠋ᠢᠨ ᠬᠤᠷᠴᠢᠨ ᠲᠤᠭᠤᠷᠢᠭ᠂ ᠬᠤᠤᠯᠢᠨ ᠭᠤᠤᠯ ᠬᠤᠳᠠ; ᠤᠯᠠᠭᠠᠨᠬᠠᠳᠠ ᠬᠤᠳᠠ ᠶ᠋ᠢᠨ ᠬᠤᠩᠱᠠᠨ ᠲᠤᠭᠤᠷᠢᠭ᠂ ᠶᠤᠸᠠᠨ ᠪᠤᠤ ᠱᠠᠨ ᠲᠤᠭᠤᠷᠢᠭ᠂ ᠰᠦᠩᠱᠠᠨ ᠲᠤᠭᠤᠷᠢᠭ; ᠰᠢᠯᠢ ᠶ᠋ᠢᠨ ᠭᠤᠤᠯ ᠠᠢᠮᠠᠭ ᠤ᠋ᠨ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠬᠦᠪᠡᠭᠡᠳᠦ ᠰᠢᠷ᠎ᠠ ᠬᠤᠰᠢᠭᠤ; ᠤᠯᠠᠭᠠᠨᠴᠠᠪ ᠬᠤᠳᠠ ᠶ᠋ᠢᠨ ᠵᠢᠨᠢᠩ ᠲᠤᠭᠤᠷᠢᠭ᠂ ᠹᠧᠩᠵᠧᠨ ᠬᠤᠳᠠ᠂ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ; ᠪᠠᠶᠠᠨᠨᠠᠭᠤᠷ ᠬᠤᠳᠠ ᠶ᠋ᠢᠨ ᠯᠢᠨᠾᠧ ᠲᠤᠭᠤᠷᠢᠭ᠂ ᠤᠷᠠᠳ ᠤ᠋ᠨ ᠡᠮᠦᠨᠡᠳᠦ ᠬᠤᠰᠢᠭᠤ᠂ ᠤᠷᠠᠳ ᠤ᠋ᠨ ᠳᠤᠮᠳᠠᠳᠤ ᠬᠤᠰᠢᠭᠤ᠂ ᠤᠷᠠᠳ ᠤ᠋ᠨ ᠬᠤᠢᠳᠤ ᠬᠤᠰᠢᠭᠤ ᠪᠤᠯ ᠦᠪᠤᠷ ᠮᠤᠩᠭᠤᠯ ᠤ᠋ᠨ ᠬᠤᠶᠠᠳᠤᠭᠠᠷ ᠲᠦᠷᠦᠯ ᠤ᠋ᠨ ᠭᠠᠵᠠᠷ ᠤᠷᠤᠨ ᠪᠤᠯᠤᠨ᠎ᠠ᠃ ᠬᠦᠯᠦᠨ ᠪᠤᠢᠷ ᠬᠤᠳᠠ ᠶ᠋ᠢᠨ ᠶᠠᠭᠰᠢ ᠬᠤᠳᠠ᠂ ᠵᠠᠯᠠᠨ ᠠᠢᠯ ᠬᠤᠳᠠ᠂ ᠮᠤᠷᠢᠨᠳᠠᠪᠠᠭ᠎ᠠ ᠶ᠋ᠢᠨ ᠳᠠᠭᠤᠷ ᠦᠨᠳᠦᠰᠦᠳᠡᠨ ᠤ᠋ ᠦᠪᠡᠷᠳᠡᠭᠡᠨ ᠵᠠᠰᠠᠬᠤ ᠬᠤᠰᠢᠭᠤ᠂ ᠤᠷᠴᠤᠨ ᠤ᠋ ᠦᠪᠡᠷᠳᠡᠭᠡᠨ ᠵᠠᠰᠠᠬᠤ ᠬᠤᠰᠢᠭᠤ᠂ ᠰᠢᠨ᠎ᠠ ᠪᠠᠷᠠᠭᠤᠨ ᠵᠡᠭᠦᠨ ᠬᠤᠰᠢᠭᠤ; ᠬᠢᠩᠭᠠᠨ ᠠᠢᠮᠠᠭ ᠤ᠋ᠨ ᠷᠠᠰᠢᠶᠠᠨ ᠬᠤᠳᠠ᠂ ᠵᠠᠯᠠᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ᠂ ᠲᠦᠴᠢᠤᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ; ᠲᠦᠩᠯᠢᠶᠤᠤ ᠬᠤᠳᠠ ᠶ᠋ᠢᠨ ᠺᠠᠢᠯᠤ ᠰᠢᠶᠠᠨ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠢᠳᠤ ᠬᠤᠰᠢᠭᠤ᠂ ᠬᠦᠷᠢᠶ᠎ᠠ ᠬᠤᠰᠢᠭᠤ᠂ ᠨᠠᠶ᠋ᠮᠠᠨ ᠬᠤᠰᠢᠭᠤ᠂ ᠵᠠᠷᠤᠳ ᠬᠤᠰᠢᠭᠤ; ᠤᠯᠠᠭᠠᠨᠬᠠᠳᠠ ᠬᠤᠳᠠ ᠶ᠋ᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ᠂ ᠬᠡᠰᠢᠭᠳᠡᠨ ᠬᠤᠰᠢᠭᠤ᠂ ᠤᠩᠨᠢᠭᠤᠳ ᠬᠤᠰᠢᠭᠤ᠂ ᠬᠠᠷᠠᠴᠢᠨ ᠬᠤᠰᠢᠭᠤ᠂ ᠨᠢᠩᠴᠧᠩ ᠰᠢᠶᠠᠨ᠂ ᠠᠤᠬᠠᠨ ᠬᠤᠰᠢᠭᠤ; ᠰᠢᠯᠢ ᠶ᠋ᠢᠨ ᠭᠤᠤᠯ ᠠᠢᠮᠠᠭ ᠤ᠋ᠨ ᠠᠪᠠᠭ᠎ᠠ ᠬᠤᠰᠢᠭᠤ᠂ ᠰᠦᠨᠢᠳ ᠵᠡᠭᠦᠨ ᠬᠤᠰᠢᠭᠤ᠂ ᠰᠦᠨᠢᠳ ᠪᠠᠷᠠᠭᠤᠨ ᠬᠤᠰᠢᠭᠤ᠂ ᠰᠢᠯᠤᠭᠤᠨ ᠬᠦᠪᠡᠭᠡᠳᠦ ᠴᠠᠭᠠᠨ ᠬᠤᠰᠢᠭᠤ᠂ ᠲᠠᠢᠪᠤᠰᠧ ᠬᠤᠰᠢᠭᠤ᠂ ᠳᠤᠯᠤᠨ ᠨᠤᠤᠷ ᠰᠢᠶᠠᠨ; ᠤᠯᠠᠭᠠᠨᠴᠠᠪ ᠬᠤᠳᠠ ᠶ᠋ᠢᠨ ᠴᠠᠬᠠᠷ ᠪᠠᠷᠠᠭᠤᠨ ᠭᠠᠷᠤᠨ ᠬᠤᠢᠳᠤ ᠬᠤᠰᠢᠭᠤ᠂ ᠳᠦᠷᠪᠡᠳ ᠬᠤᠰᠢᠭᠤ᠂ ᠵᠦᠧᠧᠽᠢ ᠰᠢᠶᠠᠨ᠂ ᠯᠢᠶᠠᠩᠴᠧᠩ ᠰᠢᠶᠠᠨ᠂ ᠰᠢᠩ ᠾᠧ ᠰᠢᠶᠠᠨ᠂ ᠱᠠᠩᠳᠤ ᠰᠢᠶᠠᠨ᠂ ᠬᠤᠸᠠᠳᠧ ᠰᠢᠶᠠᠨ; ᠪᠠᠶᠠᠨᠨᠠᠭᠤᠷ ᠬᠤᠳᠠ ᠶ᠋ᠢᠨ ᠬᠠᠩᠬᠢᠨ ᠬᠤᠢᠳᠤ ᠬᠤᠰᠢᠭᠤ᠂ ᠦᠶᠤᠸᠠᠨ ᠰᠢᠶᠠᠨ᠂ ᠳ᠋ᠧᠩᠺᠧᠤ ᠰᠢᠶᠠᠨ ᠪᠤᠯ ᠦᠪᠤᠷ ᠮᠤᠩᠭᠤᠯ ᠤ᠋ᠨ ᠭᠤᠷᠪᠠᠳᠤᠭᠠᠷ ᠲᠦᠷᠦᠯ ᠤ᠋ᠨ ᠭᠠᠵᠠᠷ ᠤᠷᠤᠨ ᠪᠤᠯᠤᠨ᠎ᠠ ᠬᠡᠵᠤ ᠲᠤᠳᠤᠷᠬᠠᠢᠯᠠᠪᠠ᠃  ᠮᠡᠳᠡᠭᠳᠡᠯ ᠳ᠋ᠤ᠂ ᠨᠠᠭᠠᠳᠤ ᠵᠠᠬ᠎ᠠ ᠵᠢᠨ ᠴᠠᠯᠢᠩ ᠤ᠋ᠨ ᠪᠠᠷᠢᠮᠵᠢᠶ᠎ᠠ ᠳ᠋ᠤ ᠦᠨᠳᠦᠰᠦᠨ ᠨᠠᠰᠤᠵᠢᠯ ᠤ᠋ᠨ ᠳᠠᠭᠠᠳᠬᠠᠯ᠂ ᠡᠮᠴᠢᠯᠡᠭᠡᠨ ᠤ᠋ ᠳᠠᠭᠠᠳᠬᠠᠯ᠂ ᠠᠵᠢᠯ ᠠᠯᠳᠠᠯᠳᠠ ᠶ᠋ᠢᠨ ᠳᠠᠭᠠᠳᠬᠠᠯ᠂ ᠤᠷᠤᠨ ᠰᠠᠭᠤᠴᠠ ᠶ᠋ᠢᠨ ᠨᠡᠢᠳᠡ ᠶ᠋ᠢᠨ ᠬᠤᠷᠠᠮᠳᠤᠭᠤᠯᠭ᠎ᠠ ᠶ᠋ᠢᠨ ᠮᠦᠩᠬᠦ ᠶ᠋ᠢᠨ ᠬᠤᠪᠢ ᠬᠦᠮᠦᠨ ᠤ᠋ ᠲᠤᠰᠢᠶᠠᠬᠤ ᠬᠡᠰᠡᠭ ᠢ᠋ ᠪᠠᠭᠳᠠᠭᠠᠵᠤ᠂ ᠴᠠᠭ ᠨᠡᠮᠡᠵᠦ ᠠᠵᠢᠯᠯᠠᠭᠰᠠᠨ ᠴᠠᠯᠢᠩ ᠤᠯᠭᠤᠮᠵᠢ᠂ ᠦᠳᠡ ᠶ᠋ᠢᠨ ᠵᠢᠵᠢᠭᠦᠷ᠂ ᠰᠦᠨᠢ ᠶ᠋ᠢᠨ ᠵᠢᠵᠢᠭᠦᠷ᠂ ᠦᠨᠳᠦᠷ ᠬᠠᠯᠠᠭᠤᠨ᠂ ᠳᠤᠤᠷ᠎ᠠ ᠳᠤᠯᠠᠭᠠᠨ᠂ ᠬᠤᠳᠳᠤᠭ ᠤ᠋ᠨ ᠲᠤᠳᠤᠷ᠎ᠠ᠂ ᠬᠤᠤᠷ ᠬᠦᠨᠦᠭᠡᠯ ᠲᠠᠢ ᠤᠷᠴᠢᠨ ᠵᠡᠷᠭᠡ ᠤᠨᠴᠠᠭᠠᠢ ᠨᠦᠬᠦᠴᠡᠯ ᠪᠠᠢᠳᠠᠯ ᠳ᠋ᠤ ᠠᠵᠢᠯᠯᠠᠬᠤ ᠨᠦᠬᠦᠪᠤᠷᠢ ᠮᠦᠩᠬᠦ᠂ ᠬᠠᠤᠯᠢ ᠴᠠᠭᠠᠵᠠ ᠬᠠᠤᠯᠢ ᠳᠤᠭᠳᠠᠭᠠᠯ ᠪᠠ ᠤᠯᠤᠰ ᠡᠴᠡ ᠳᠤᠭᠳᠠᠭᠠᠭᠰᠠᠨ ᠬᠦᠳᠡᠯᠮᠦᠷᠢᠴᠢᠳ ᠲᠤ᠌ ᠤᠯᠭᠤᠬᠤ ᠠᠰᠠᠷᠠᠮᠵᠢ ᠶ᠋ᠢᠨ ᠮᠦᠩᠬᠦ ᠵᠡᠷᠭᠡ ᠶ᠋ᠢ ᠪᠠᠭᠳᠠᠭᠠᠬᠤ ᠦᠭᠡᠢ᠃ ᠪᠦᠬᠦᠯᠢ ᠡᠳᠦᠷ ᠤ᠋ᠨ ᠳᠦᠷᠢᠮᠳᠤ ᠬᠦᠳᠡᠯᠮᠦᠷᠢᠴᠢᠳ ᠬᠡᠪ ᠤ᠋ᠨ ᠶᠤᠰᠤᠭᠠᠷ ᠠᠵᠢᠯᠯᠠᠵᠤ ᠪᠠᠢᠭ᠎ᠠ ᠪᠠᠢᠳᠠᠯ ᠳ᠋ᠤ᠂ ᠬᠦᠮᠦᠨ ᠬᠡᠷᠡᠭᠯᠡᠬᠦ ᠨᠢᠭᠡᠴᠢ ᠳᠤᠬᠢᠷᠠᠭᠤᠯᠤᠯᠳᠠ ᠬᠢᠭᠰᠡᠨ ᠤ᠋ ᠳᠠᠷᠠᠭᠠᠬᠢ ᠨᠠᠭᠠᠳᠤ ᠵᠠᠬ᠎ᠠ ᠵᠢᠨ ᠴᠠᠯᠢᠩ ᠤ᠋ᠨ ᠪᠠᠷᠢᠮᠵᠢᠶ᠎ᠠ ᠡᠴᠡ ᠳᠤᠤᠷ᠎ᠠ ᠦᠭᠡᠢ ᠬᠡᠮᠵᠢᠶ᠎ᠠ ᠪᠡᠷ ᠴᠠᠯᠢᠩ ᠤᠯᠭᠤᠬᠤ ᠬᠡᠷᠡᠭᠳᠠᠢ; ᠬᠦᠮᠦᠨ ᠬᠡᠷᠡᠭᠯᠡᠬᠦ ᠨᠢᠭᠡᠴᠢ ᠡᠴᠡ ᠪᠦᠬᠦᠯᠢ ᠡᠳᠦᠷ ᠤ᠋ᠨ ᠪᠤᠰᠤ ᠳᠦᠷᠢᠮᠳᠤ ᠬᠦᠳᠡᠯᠮᠦᠷᠢᠴᠢᠳ ᠲᠤ᠌ ᠤᠯᠭᠤᠬᠤ ᠪᠡᠯᠡᠨ ᠵᠤᠭᠤᠰᠤᠨ ᠤ᠋ ᠴᠠᠯᠢᠩ ᠨᠢ ᠴᠠᠭ ᠪᠦᠷᠢ ᠵᠢᠨ ᠨᠠᠭᠠᠳᠤ ᠵᠠᠬ᠎ᠠ ᠶ᠋ᠢᠨ ᠴᠠᠯᠢᠩ ᠤ᠋ᠨ ᠪᠠᠷᠢᠮᠵᠢᠶ᠎ᠠ ᠡᠴᠡ ᠳᠤᠤᠷ᠎ᠠ ᠪᠠᠢᠵᠤ ᠪᠤᠯᠬᠤ ᠦᠭᠡᠢ᠃ ᠬᠦᠮᠦᠨ ᠬᠡᠷᠡᠭᠯᠡᠬᠦ ᠨᠢᠭᠡᠴᠢ ᠡᠴᠡ ᠡᠯ᠎ᠠ ᠪᠠᠢᠭᠤᠯᠭ᠎ᠠ ᠨᠢᠭᠡᠴᠢ ᠶ᠋ᠢᠨ ᠬᠠᠤᠯᠢ ᠶᠤᠰᠤᠭᠠᠷ ᠲᠤᠰᠢᠶᠠᠬᠤ ᠨᠡᠢᠭᠡᠮ ᠤ᠋ᠨ ᠪᠠᠳᠤᠯᠠᠭ᠎ᠠ ᠶ᠋ᠢᠨ ᠳᠠᠭᠠᠳᠬᠠᠯ ᠤ᠋ᠨ ᠮᠦᠩᠬᠦ ᠪᠤᠯᠤᠨ ᠤᠷᠤᠨ ᠰᠠᠭᠤᠴᠠ ᠶ᠋ᠢᠨ ᠨᠡᠢᠳᠡ ᠶ᠋ᠢᠨ ᠬᠤᠷᠠᠮᠳᠤᠭᠤᠯᠭ᠎ᠠ ᠶ᠋ᠢᠨ ᠮᠦᠩᠬᠦ ᠶ᠋ᠢ ᠳᠤᠭᠳᠠᠭᠠᠯ ᠶᠤᠰᠤᠭᠠᠷ ᠠᠰ ᠲᠤᠨᠢ ᠲᠤᠰᠢᠶᠠᠬᠤ ᠬᠡᠷᠡᠭᠳᠠᠢ ᠬᠡᠵᠤ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号