ᠦᠪᠦᠷ ᠮᠤᠩᠭᠤᠯ᠎ᠤᠨ ᠲᠠᠯ᠎ᠠ ᠨᠤᠳᠤᠭ ᠲᠤ᠌ ᠬᠦᠮᠦᠵᠢᠭᠳᠡᠭᠰᠡᠨ ᠬᠤᠶᠠᠷ ᠠᠺᠠᠳᠧᠮᠢᠴᠢ
2025-12-08 12:12:26
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭᠴᠢ ᠵᠢᠨ ᠦᠬᠡ᠄  ᠲᠦᠷᠦᠬᠦᠬᠡᠨ᠂ ᠥᠪᠥᠷ ᠮᠣᠩᠭᠣᠯ᠎ᠤᠨ ᠠᠵᠤ ᠦᠢᠯᠡᠳᠪᠦᠷᠢ ᠵᠢᠨ ᠶᠡᠭᠡ  ᠰᠤᠷᠭᠠᠭᠤᠯᠢ ᠵᠢᠨ ᠪᠠᠷᠢᠯᠭ᠎ᠠ ᠵᠢᠨ ᠲᠡᠭᠡᠳᠦ ᠰᠤᠷᠭᠠᠭᠤᠯᠢ ᠵᠢᠨ ᠵᠠᠬᠢᠷᠤᠯ  ᠵᠠᠩ ᠫᠧᠩ ᠵᠢᠦᠢ ᠫᠷᠤᠹᠸᠰᠰᠤᠷ᠂ ᠦᠪᠦᠷ ᠮᠤᠩᠭᠤᠯ ᠎ᠤᠨ  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ  ᠬᠦᠷᠢᠶᠡᠯᠡᠩ᠎ᠦᠨ ᠳᠠᠷᠤᠭ᠎ᠠ᠂ ᠦᠪᠦᠷ ᠮᠤᠩᠭᠤᠯ ᠎ᠤᠨ ᠶᠡᠬᠡ ᠰᠤᠷᠭᠠᠭᠤᠯᠢ ᠵᠢᠨ ᠳ᠋ᠤᠺᠲ᠋ᠤᠷᠠᠨᠲ᠎ᠤᠨ ᠵᠢᠯᠤᠭᠤᠳᠤᠭᠴᠢ ᠪᠠᠭᠰᠢ ᠯᠦ᠍ ᠵᠠᠨ ᠶᠤᠸᠠᠨ  ᠲᠤᠰ ᠲᠤᠰ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠪᠡᠷ ᠰᠣᠩᠭᠣᠭᠳᠠᠪᠠ᠃ ᠡᠨᠡ ᠪᠣᠯ 1995 ᠣᠨ᠎ᠳᠤ ᠮᠠᠨ᠎ᠤ ᠤᠯᠤᠰ᠎ᠤᠨ ᠠᠯᠳᠠᠷᠲᠤ ᠦᠷᠡᠵᠢᠯ ᠎ᠦᠨ ᠠᠮᠢᠳᠤ ᠪᠣᠳᠠᠰ ᠎ᠤᠨ ᠤᠬᠠᠭᠠᠨ ᠪᠠ ᠠᠮᠢᠳᠤ ᠪᠣᠳᠠᠰ᠎ᠤᠨ ᠮᠡᠷᠭᠡᠵᠢᠯ᠎ᠦᠨ ᠲᠤᠰᠬᠠᠢ ᠮᠡᠷᠭᠡᠵᠢᠯᠲᠡᠨ ᠰᠢᠭᠤᠷᠭᠠᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠪᠡᠷ ᠰᠣᠩᠭᠣᠭᠳᠠᠭᠰᠠᠨ᠎ᠤ ᠬᠤᠢᠨ᠎ᠠ 30 ᠵᠢᠯ᠎ᠦᠨ ᠲᠠᠷᠠᠭ᠎ᠠ ᠦᠪᠦᠷ ᠮᠤᠩᠭᠤᠯ᠎ᠤᠨ ᠲᠠᠯ᠎ᠠ ᠨᠤᠳᠤᠭ ᠡᠴᠡ ᠴᠤᠯᠭᠤᠷᠠᠭᠰᠠᠨ 2 ᠠᠺᠠᠳᠧᠮᠢᠴᠢ ᠪᠤᠯᠤᠨ᠎ᠠ᠃ ᠡᠨᠡ ᠨᠢ ᠥᠪᠥᠷ ᠮᠣᠩᠭᠣᠯ ᠣᠷᠣᠨ ᠨᠤᠲᠤᠭ ᠎ᠤᠨ ᠣᠷᠣᠢᠯᠠᠭᠰᠠᠨ ᠴᠢᠳᠠᠪᠤᠷᠢᠲᠠᠨ᠎ᠢ ᠬᠥᠮᠥᠵᠢᠭᠦᠯᠦᠭᠰᠡᠨ ᠲᠡᠦᠬᠡᠲᠦ ᠴᠢᠨᠠᠷᠲᠠᠢ ᠰᠢᠪᠲᠤᠯᠤᠯᠲᠠ ᠵᠢ ᠪᠡᠶᠡᠯᠡᠬᠦᠯᠵᠦ᠂  ᠥᠪᠥᠷ ᠮᠣᠩᠭᠣᠯ ᠎ᠤᠨ ᠰᠢᠨ᠎ᠡ᠎ᠶᠢ ᠡᠭᠦᠳᠬᠦ ᠥᠷᠢᠰᠦᠯᠳᠦᠬᠦ ᠬᠦᠴᠦᠨ᠂ ᠴᠢᠳᠠᠪᠤᠷᠢᠲᠠᠨ᠎ᠢ᠋ ᠲᠠᠲᠠᠬᠤ ᠬᠦᠴᠦᠨ ᠪᠠ ᠡᠷᠳᠡᠮ ᠰᠢᠨᠵᠢᠯᠡᠭᠡᠨ᠎ᠦ ᠨᠥᠯᠥᠭᠡᠯᠡᠬᠦ ᠬᠦᠴᠦᠨ᠎ᠢ ᠶᠡᠬᠡ᠎ᠪᠡᠷ ᠳᠡᠭᠡᠭᠰᠢᠯᠡᠭᠦᠯᠦᠭᠰᠡᠨ᠎ᠢ ᠬᠠᠷᠠᠭᠤᠯᠵᠤ ᠪᠠᠢᠨ᠎ᠠ᠃


ᠵᠠᠩ ᠫᠧᠩ ᠵᠢᠤᠢ ᠄  ᠤᠷᠤᠨ ᠨᠤᠲᠤᠭ ᠎ᠤᠨ ᠪᠠᠷᠢᠯᠭ᠎ᠠ ᠵᠢᠨ ᠤᠷᠠᠯᠢᠭ᠎ᠢ ᠎ᠳᠡᠯᠡᠬᠡᠢ ᠵᠢᠨ ᠬᠠᠷᠠᠭᠠᠨ᠎ᠳᠤ ᠬᠦᠷᠭᠡᠯ᠎ᠡ

 2025 ᠤᠨ ᠤ᠋ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠶᠢ ᠨᠡᠮᠡᠵᠦ ᠰᠣᠩᠭᠣᠭᠰᠠᠨ ᠳ᠋ᠦᠩ ᠳᠤᠳᠤᠷᠠᠬᠤ ᠳ᠋ᠤ ᠪᠠᠷᠢᠯᠭ᠎ᠠ᠎ᠶᠢᠨ ᠬᠦᠷᠢᠶᠡᠨ᠎ᠳᠦ ᠳᠥᠴᠢᠨ ᠵᠢᠯ ᠦᠨᠳᠦᠰᠦᠯᠡᠭᠰᠡᠨ ᠦᠪᠦᠷ ᠮᠤᠩᠭᠤᠯ᠎ᠤᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ ᠵᠢᠨ ᠫᠷᠤᠹᠧᠰᠰᠤᠷ ᠵᠠᠩ ᠫᠧᠩ ᠵᠢᠦᠢ ᠠᠮᠵᠢᠯᠲᠠᠲᠠᠢ᠎ᠰᠤᠩᠭᠤᠭᠳᠠᠵᠤ᠂ ᠦᠪᠦᠷ ᠮᠤᠩᠭᠤᠯ᠎ᠤᠨ ᠪᠠᠷᠢᠯᠭ᠎ᠠ ᠵᠢᠨ ᠬᠦᠷᠢᠶᠡᠨ᠎ᠤ ᠠᠩᠬᠠᠳᠠᠭᠴᠢ ᠠᠺᠠᠳᠧᠮᠢᠴᠢ ᠪᠤᠯᠤᠭᠰᠠᠨ ᠪᠠᠢᠨ᠎ᠠ᠃ ᠡᠨᠡ ᠬᠦ᠌ ᠢᠷᠠᠭᠤ ᠠᠯᠳᠠᠷ ᠪᠤᠯ ᠲᠡᠭᠦᠨ᠎ᠦ ᠬᠤᠪᠢ ᠬᠥᠮᠥᠨ᠎ᠦ ᠡᠷᠳᠡᠮ ᠰᠢᠨᠵᠢᠯᠡᠭᠡᠨ᠎ᠦ ᠦᠷ᠎ᠡ ᠪᠦᠳᠦᠬᠡᠯ᠎ᠤᠨ ᠬᠠᠮᠤᠭ᠎ᠤᠨ ᠳᠡᠬᠡᠳᠤ ᠦᠨᠡᠯᠡᠯᠳᠡ ᠪᠤᠯᠬᠤ ᠶᠤᠮ᠃ ᠬᠠᠶᠠᠭᠳᠠᠮᠠᠯ ᠬᠠᠭᠤᠴᠢᠨ ᠦᠢᠯᠡᠳᠪᠦᠷᠢ᠎ᠶᠢᠨ ᠪᠠᠢᠰᠢᠩ᠎ᠢ᠋ ᠦᠬᠡᠷᠡᠴᠢᠯᠡᠨ ᠪᠠᠢᠭᠤᠯᠤᠭᠠᠳ ᠵᠢᠭᠠᠨ ᠰᠤᠷᠭᠠᠯᠲᠠ᠎ᠶᠢᠨ ᠣᠷᠣᠨ ᠵᠠᠢ᠎ᠪᠤᠯᠭᠠᠭᠰᠠᠨ ᠡᠴᠡ ᠳᠡᠯᠡᠬᠡᠢ᠎ᠶᠢᠨ ᠲᠤᠮᠤ ᠱᠠᠩᠨᠠᠯ᠎ᠵᠢᠡᠷ ᠮᠢᠯᠢᠶᠠᠯᠭᠠᠭᠰᠠᠨ ᠬᠥᠳᠡᠭᠡ ᠲᠣᠰᠬᠣᠨ᠎ᠤ ᠪᠠᠷᠢᠯᠭ᠎ᠠ ᠬᠦᠷᠲᠡᠯ᠎ᠡ᠂ ᠤᠷᠤᠨ ᠨᠤᠳᠤᠭ᠎ᠤᠨ ᠪᠠᠷᠢᠯᠭ᠎ᠠ᠎ᠶᠢᠨ ᠤᠨᠤᠯ᠎ᠢ ᠡᠭᠦᠳᠦᠭᠴᠢ ᠵᠠᠩ ᠫᠧᠩ ᠵᠢᠦᠢ 《ᠪᠤᠷᠤᠭᠵᠢᠭᠤᠨ ᠪᠠᠷᠢᠯᠭ᠎ᠠ》 ᠵᠢᠨ ᠤᠢᠯᠠᠭᠠᠭᠳᠠᠬᠤᠨ ᠵᠢᠡᠨ ᠤᠮᠠᠷᠠᠲᠤ ᠵᠢᠨ ᠡᠬᠡ ᠭᠠᠵᠠᠷ᠎ᠲᠤ ᠦᠢᠯᠡᠳᠦᠯᠬᠡᠵᠢᠬᠦᠯᠵᠦ᠂ ᠪᠠᠷᠢᠯᠭ᠎ᠠ ᠪᠣᠯᠣᠨ ᠪᠠᠢᠭᠠᠯᠢ᠎ᠶᠢᠨ ᠬᠠᠮᠲᠤ ᠣᠷᠣᠰᠢᠬᠤ᠂ ᠰᠤᠷᠭᠠᠨ ᠬᠥᠮᠦᠵᠢᠯ ᠪᠣᠯᠣᠨ ᠦᠢᠯᠡᠳᠦᠯᠭᠡ ᠬᠠᠮᠲᠤ  ᠴᠡᠴᠡᠭᠯᠡᠬᠦ ᠭᠣᠢᠳᠠ ᠰᠠᠢᠬᠠᠨ ᠬᠠᠭᠤᠳᠠᠰᠤ ᠵᠢ ᠪᠢᠴᠢᠭᠯᠡᠵᠡᠢ᠃


QQ20251208-103822.png

   

ᠰᠢᠯᠢ ᠵᠢᠨ ᠭᠤᠤᠯ ᠠᠢᠮᠠᠭ᠎ᠤᠨ ᠲᠠᠢᠪᠤᠰᠧ ᠬᠤᠰᠢᠭᠤ ᠪᠡᠷ ᠨᠤᠳᠤᠭᠳᠠᠢ ᠵᠠᠩ ᠫᠧᠩ ᠵᠢᠤᠢ ᠠᠢᠯ᠎ᠤᠨ ᠤᠤᠭᠠᠨ ᠬᠡᠦᠬᠡᠳ ᠪᠤᠯᠬᠤᠷ ᠵᠢᠯ ᠪᠤᠯᠭᠠᠨ ᠠᠪᠤ ᠡᠵᠢ ᠳᠠᠢ ᠪᠠᠨ ᠬᠠᠮᠳᠤ ᠪᠡᠷ ᠰᠢᠪᠠᠷ ᠪᠠᠢᠰᠢᠩ ᠵᠢᠡᠨ ᠰᠢᠪᠠᠵᠤ ᠰᠢᠨᠡᠴᠢᠯᠡᠵᠤ᠂ ᠡᠪᠦᠯ᠎ᠤᠨ ᠬᠦᠢᠳᠡᠨ ᠬᠦᠷᠴᠦ ᠢᠷᠡᠬᠦ ᠪᠡᠷ ᠬᠡᠷ᠎ᠤᠨ ᠬᠠᠶᠠᠭ᠎ᠠ ᠪᠠᠨ ᠳᠠᠭᠠᠭᠤᠯᠵᠤ ᠡᠰᠢ ᠰᠦᠷᠡᠯ ᠪᠤᠰᠬᠠᠵᠤ ᠰᠠᠯᠬᠢ ᠬᠠᠯᠬᠠᠯᠠᠳᠠᠭ ᠪᠠᠢᠵᠠᠢ᠃ ᠳᠡᠷᠡ ᠦᠶᠡᠰ ᠵᠢᠡᠷ ᠳᠠᠯ᠎ᠠ ᠨᠤᠳᠤᠭ ᠲᠤ᠌ ᠵᠢᠯ ᠪᠤᠯᠭᠠᠨ ᠰᠢᠪᠠᠵᠤ ᠰᠢᠨᠡᠴᠢᠯᠡᠬᠦ ᠦᠬᠡᠢ ᠬᠡᠷ ᠪᠠᠢᠰᠢᠩ ᠪᠠᠷᠢᠪᠠᠯ ᠬᠡᠳᠦᠢ ᠵᠦᠬᠡᠷ ᠪᠤᠢ ᠬᠡᠬᠦ ᠪᠤᠳᠤᠯ ᠤᠷᠭᠤᠵᠤ ᠪᠠᠢᠭᠰᠠᠨ᠃ ᠳᠡᠷᠡ ᠪᠡᠷ1985 ᠣᠨ᠎ᠳᠤ ᠥᠪᠥᠷ ᠮᠣᠩᠭᠣᠯ᠎ᠤᠨ ᠪᠠᠷᠢᠯᠭ᠎ᠠ᠎ᠶᠢᠨ ᠰᠤᠷᠭᠠᠭᠤᠯᠢ᠎ᠠᠴᠠ ᠳᠡᠬᠦᠰᠴᠤ᠂ ᠠᠵᠢᠯ ᠦᠢᠯᠡᠰ᠎ᠤᠨ ᠭᠠᠷᠤᠭ᠎ᠠ ᠪᠠᠨ ᠦᠪᠦᠷ ᠮᠤᠩᠭᠤᠯ᠎ᠤᠨ ᠳᠠᠯ᠎ᠠ ᠨᠤᠳᠤᠭ ᠡᠴᠡ ᠡᠬᠢᠯᠡᠬᠦᠯᠵᠡᠢ᠃ ᠥᠪᠥᠷ ᠮᠣᠩᠭᠣᠯ᠎ᠤᠨ ᠣᠨᠴᠠᠭᠠᠢ ᠠᠭᠤᠷ ᠠᠮᠢᠰᠬᠤᠯ᠎ᠤᠨ ᠨᠥᠬᠥᠴᠡᠯ ᠪᠣᠯᠣᠨ ᠤᠷᠤᠨ ᠨᠤᠳᠤᠭ᠎ᠤᠨ ᠰᠤᠶᠤᠯ ᠳ᠋ᠤ ᠰᠠᠭᠤᠷᠢᠯᠠᠵᠤ᠂ 《ᠤᠯᠠᠮᠵᠢᠯᠠᠯ᠎ᠢ ᠵᠠᠯᠭᠠᠮᠵᠢᠯᠠᠵᠤ᠂ ᠪᠠᠢᠭᠠᠯᠢ ᠲᠠᠢ ᠠᠭᠤᠰᠤᠯᠴᠠᠭᠤᠯᠵᠤ᠂ ᠳᠤᠤᠷ᠎ᠠ ᠦᠷᠳᠡᠭ ᠵᠢᠡᠷ ᠪᠦᠲᠦᠭᠡᠨ ᠪᠠᠶ᠋ᠢᠭᠤᠯᠬᠤ》 ᠭᠣᠣᠯᠯᠠᠬᠤ ᠣᠢᠯᠠᠭᠠᠭᠳᠠᠬᠤᠨ ᠪᠦᠬᠦᠢ ᠪᠠᠷᠢᠯᠭ᠎ᠠ᠎ᠶᠢᠨ ᠵᠢᠷᠤᠭ ᠲᠥᠯᠥᠪᠯᠡᠭᠡ᠎ᠶᠢᠨ ᠤᠨᠤᠯ᠎ᠢ ᠡᠬᠦᠳᠦᠯᠳᠡ ᠵᠢᠨ ᠴᠢᠨᠠᠷᠳᠠᠢ ᠳᠤᠷᠠᠳᠪᠠ᠃ 40 ᠵᠢᠯ᠎ᠦᠨ ᠲᠤᠷᠰᠢ᠂  ᠪᠦᠯᠬᠦᠮ᠎ᠢᠶᠡᠨ ᠳᠠᠭᠠᠭᠤᠯᠤᠨ ᠥᠪᠥᠷ ᠮᠣᠩᠭᠣᠯ᠎ᠤᠨ ᠪᠤᠢ ᠪᠦᠬᠦᠢ ᠮᠠᠯᠵᠢᠬᠤ ᠣᠷᠣᠨ᠎ᠤ ᠬᠣᠰᠢᠭᠤ ᠰᠢᠶᠠᠨ᠎ᠢᠶᠠᠷ ᠬᠦᠷᠴᠦ᠂ 7100 ᠭᠠᠷᠤᠢ ᠤᠯᠠᠮᠵᠢᠯᠠᠯᠲᠤ ᠪᠠᠷᠢᠯᠭ᠎ᠠ ᠳ᠋ᠤ ᠨᠡᠢᠳᠡᠮ᠎ᠤᠨ ᠪᠠᠢᠴᠠᠭᠠᠯᠳᠠ ᠬᠢᠵᠤ᠂ ᠬᠠᠮᠤᠭ᠎ᠤᠨ ᠪᠦᠷᠢᠨ ᠲᠡᠭᠦᠯᠳᠡᠷ ᠤᠯᠠᠮᠵᠢᠯᠠᠯᠲᠤ ᠪᠠᠷᠢᠯᠭ᠎ᠠ᠎ᠶᠢᠨ ᠮᠡᠷᠭᠡᠵᠢᠯ᠎ᠦᠨ ᠰᠢᠰᠲᠧᠮ᠎ᠢ ᠪᠠᠢᠭᠤᠯᠵᠤ᠂ 300 ᠭᠠᠷᠤᠢ ᠴᠢᠬᠤᠯᠠ ᠲᠡᠦᠬᠡ᠎ᠶᠢᠨ ᠥᠪ ᠎ᠢ ᠬᠠᠮᠠᠭᠠᠯᠠᠵᠤ᠂ ᠭᠠᠵᠠᠷ ᠣᠷᠣᠨ᠎ᠤ ᠪᠠᠷᠢᠯᠭ᠎ᠠ᠎ᠶᠢᠨ ᠰᠤᠳᠤᠯᠭᠠᠨ᠎ᠳᠤ ᠪᠠᠲᠤ ᠰᠠᠭᠤᠷᠢ ᠵᠢ ᠲᠠᠯᠪᠢᠵᠤ ᠥᠭᠴᠡᠢ᠃ ᠳᠡᠷᠡ ᠲᠠᠯ᠎ᠠ ᠨᠤᠲᠤᠭ᠎ᠤᠨ ᠪᠣᠬᠢᠷᠲᠤᠯ ᠦᠭᠡᠢ ᠪᠦᠲᠦᠭᠡᠨ ᠪᠠᠢᠭᠤᠯᠤᠯᠲᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠮᠠᠲᠧᠷᠢᠶᠠᠯ᠎ᠤᠨ ᠠᠰᠢᠭ᠍ᠯᠠᠯᠲᠠ ᠵᠡᠷᠭᠡ ᠬᠦᠷᠢᠶᠡᠨ᠎ᠳᠡᠬᠢ ᠴᠢᠬᠤᠯᠠ ᠶᠡᠬᠡ ᠰᠢᠪᠲᠤᠯᠤᠯᠲᠠ᠎ᠪᠠᠷ᠎ᠢᠶᠠᠨ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠪᠰᠢᠯᠳᠠ᠎ᠶᠢᠨ ᠱᠠᠩᠨᠠᠯ᠎ᠤᠨ ᠣᠨᠴᠠ ᠲᠡᠰ᠎ᠤᠨ ᠱᠠᠩᠨᠠᠯ᠎ᠢ ᠬᠦᠷᠲᠡᠵᠦ᠂ ᠰᠤᠳᠤᠯᠭᠠᠨ᠎ᠤ ᠦᠷ᠎ᠡ ᠪᠦᠲᠦᠭᠡᠯ᠎ᠢᠶᠡᠨ ᠮᠠᠨ᠎ᠤ ᠤᠯᠤᠰ᠎ᠤᠨ ᠪᠠᠷᠠᠭᠤᠨ ᠬᠡᠰᠡᠭ ᠣᠷᠣᠨ ᠵᠢᠴᠢ ᠡᠸᠦ᠋ᠷᠦᠫᠡ ᠠᠽᠢᠶ᠎ᠠ᠎ᠶᠢᠨ ᠡᠬᠡ ᠬᠠᠭᠤᠷᠠᠢ᠎ᠶᠢᠨ ᠲᠠᠯ᠎ᠠ ᠨᠤᠲᠤᠭ ᠲᠠᠭᠠᠤ ᠰᠠᠭᠤᠷᠢᠰᠢᠯ᠎ᠤᠨ ᠬᠠᠮᠢᠶ᠎ᠠ ᠪᠦᠬᠦᠢ ᠤᠯᠤᠰ᠎ᠲᠤ ᠳᠡᠯᠭᠡᠷᠡᠭᠦᠯᠵᠡᠢ᠃


QQ20251208-121512.png

  


QQ20251208-121521.png


 ᠪᠠᠷᠠᠭᠤᠨ ᠤᠰᠤᠳᠤ ᠳᠤᠰᠬᠤᠨ᠎ᠤ ᠠᠷᠠᠳ᠎ᠤᠨ ᠬᠦᠳᠡᠯᠬᠡᠬᠡᠨ᠎ᠤ ᠲᠦᠪ


ᠵᠠᠩ ᠫᠧᠩ ᠵᠢᠤᠢ ᠵᠢᠨ ᠪᠠᠷᠢᠯᠭ᠎ᠠ᠎ᠶᠢᠨ ᠦᠢᠯᠡᠳᠦᠯᠭᠡ᠎ᠶᠢᠨ ᠦᠷ᠎ᠠ ᠪᠦᠳᠦᠬᠡᠯ ᠥᠪᠥᠷ ᠮᠣᠩᠭᠣᠯ᠎ᠤᠨ 12 ᠠᠢᠮᠠᠭ ᠬᠤᠳᠠ᠎ᠳᠤ ᠲᠦᠭᠡᠵᠦ᠂ ᠭᠠᠵᠠᠷ ᠣᠷᠣᠨ᠎ᠤ ᠣᠨᠴᠠᠯᠢᠭ᠋ ᠪᠣᠯᠣᠨ ᠤᠳᠤ ᠦᠶ᠎ᠡ᠎ᠶᠢᠨ ᠴᠢᠳᠠᠮᠵᠢ᠎ᠶᠢᠨ ᠪᠦᠷᠢᠨ ᠲᠡᠭᠦᠯᠳᠡᠷ ᠠᠭᠤᠰᠤᠯᠴᠠᠯ᠎ᠢ ᠢᠯᠡᠷᠡᠬᠦᠯᠵᠦ ᠪᠠᠢᠳᠠᠭ᠃ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠪᠠᠷᠢᠯᠭ᠎ᠠ᠎ᠶᠢᠨ ᠣᠷᠳᠣᠨ᠎ᠢ ᠦᠬᠡᠷᠡᠴᠢᠯᠡᠨ ᠪᠠᠢᠭᠤᠯᠤᠭᠰᠠᠨ ᠪᠤᠯ ᠪᠠᠷᠢᠯᠭ᠎ᠠ ᠵᠢᠨ ᠬᠦᠷᠢᠶᠡᠨ ᠳ᠋ᠡᠬᠢ ᠨᠢᠬᠡᠨ ᠭᠠᠢᠬᠠᠮᠰᠢᠭ ᠪᠢᠯᠡ᠃ 1968 ᠣᠨ᠎ᠳᠤ  ᠬᠠᠶᠠᠭᠳᠠᠮᠠᠯ ᠬᠠᠭᠤᠴᠢᠨ ᠦᠢᠯᠡᠳᠪᠦᠷᠢ᠎ᠶᠢᠨ ᠲᠠᠰᠤᠭ᠎ᠢ ᠥᠭᠡᠷᠡᠴᠢᠯᠡᠨ ᠪᠠᠢᠭᠤᠯᠤᠭᠰᠠᠨ ᠲᠡᠷᠡᠬᠦ ᠪᠠᠷᠢᠯᠭ᠎ᠠ ᠵᠢᠨ ᠤᠷᠳᠤᠨ ᠳ᠋ᠤ ᠤᠯᠠᠭᠠᠨ ᠲᠣᠭᠣᠰᠬᠠᠨ ᠬᠡᠷᠡᠮ᠂ ᠵᠢᠪᠡᠷᠡᠵᠦ ᠬᠠᠭᠤᠴᠢᠷᠠᠭᠰᠨᠨ ᠡᠷᠭᠦᠭᠦᠷ ᠮᠠᠰᠢᠨ᠎ᠤ ᠨᠢᠷᠤᠭᠤ ᠪᠣᠯᠣᠨ ᠦᠨᠳᠦᠷ ᠬᠤᠯᠠᠩ᠎ᠢ ᠪᠦᠷᠢᠨ ᠪᠦᠲᠦᠨ ᠵᠢᠡᠷ ᠨᠢ ᠦᠯᠡᠳᠡᠭᠡᠪᠡ᠃ ᠵᠢᠷᠤᠭ ᠲᠦᠯᠦᠪᠯᠡᠭᠴᠢ ᠣᠷᠣᠨ ᠵᠠᠢ᠎ᠶᠢᠨ ᠣᠨᠴᠠᠯᠢᠭ᠋᠎ᠢ ᠦᠨᠳᠦᠰᠦᠯᠡᠨ ᠲᠣᠭᠣᠨᠣ᠌᠎ᠶᠢᠨ ᠳᠣᠣᠷᠠᠬᠢ ᠭᠡᠭᠡᠨ ᠰᠠᠷᠠᠭᠤᠯ ᠤᠷᠴᠢᠨ᠎ᠢ ᠤᠷᠠᠨ ᠵᠢᠷᠤᠭ᠎ᠤᠨ ᠬᠢᠴᠢᠶᠡᠯ᠎ᠦᠨ ᠭᠡᠷ ᠪᠣᠯᠭᠠᠨ᠂ ᠨᠠᠮ ᠰᠡᠯᠡᠭᠦᠨ ᠪᠤᠯᠤᠩ᠎ᠢ ᠤᠩᠰᠢᠯᠭ᠎ᠠ᠎ᠶᠢᠨ ᠦᠷᠦᠬᠡ ᠪᠣᠯᠭᠠᠨ ᠥᠭᠡᠷᠡᠴᠢᠯᠡᠵᠦ᠂《ᠦᠨᠳᠦᠷ ᠬᠤᠯᠠᠩ》ᠤ᠋ᠨ ᠣᠷᠣᠨ ᠵᠠᠢ᠎ᠶᠢ ᠤᠷᠠᠯᠢᠭ᠋᠎ᠤᠨ ᠱᠠᠯᠦ᠋ᠨ᠎ᠤ ᠭᠠᠵᠠᠷ ᠪᠣᠯᠭᠠᠨ ᠪᠠᠢᠭᠤᠯᠵᠤ᠂ ᠤᠤᠯ᠎ᠤᠨ ᠬᠤᠯᠠᠩ ᠪᠣᠯᠣᠨ ᠭᠠᠵᠠᠷ ᠳᠣᠣᠷᠠᠬᠢ ᠨᠡᠪᠲᠡᠷᠡᠬᠦ ᠵᠠᠮ᠎ᠢ ᠡᠨᠧᠷᠭᠢ᠎ᠶᠢᠨ ᠬᠣᠷᠣᠭᠳᠠᠭᠤᠯᠤᠯ ᠦᠭᠡᠢ ᠰᠠᠯᠬᠢ ᠨᠡᠪᠲᠡᠷᠡᠭᠦᠯᠬᠦ ᠰᠢᠰᠲᠧᠮ᠎ᠪᠤᠯᠭᠠᠨ ᠪᠠᠢᠭᠤᠯᠵᠠᠢ᠃ ᠡᠨᠡ ᠬᠦ᠌ ᠪᠠᠷᠢᠯᠭ᠎ᠠ ᠵᠢᠨ ᠪᠦᠳᠦᠬᠡᠯ ᠨᠢ 2017 ᠣᠨ᠎ᠤ ᠠᠽᠢᠶ᠎ᠠ ᠲᠢᠪ᠎ᠦᠨ ᠪᠠᠷᠢᠯᠭ᠎ᠠ᠎ᠶᠢᠨ ᠢᠨᠵᠧᠨᠧᠷ᠎ᠦᠨ ᠨᠡᠢᠭᠡᠮᠯᠢᠭ᠎ᠦᠨ ᠠᠯᠳᠠᠨ ᠱᠠᠩᠨᠠᠯ᠎ᠢ ᠬᠦᠷᠳᠡᠪᠡ᠃ ᠪᠠᠷᠠᠭᠤᠨ ᠤᠰᠤᠲᠤ ᠲᠣᠰᠬᠣᠨ᠎ᠤ ᠠᠷᠠᠳ᠎ᠤᠨ ᠬᠦᠳᠡᠯᠬᠡᠬᠡᠨ᠎ᠤ ᠲᠥᠪ ᠨᠢ 2025 ᠣᠨ ᠳ᠋ᠤ ᠠᠺᠠᠬᠠᠨ᠎ᠤ ᠪᠠᠷᠢᠯᠭ᠎ᠠ᠎ᠶᠢᠨ ᠱᠠᠩᠨᠠᠯ᠎ᠢ᠋ ᠬᠦᠷᠳᠡᠪᠡ᠃  ᠳᠤᠰᠬᠤᠨ᠎ᠤ ᠠᠷᠠᠳ᠎ᠤᠨ ᠬᠠᠶᠠᠭᠳᠠᠮᠠᠯ ᠳᠤᠭᠤᠰᠭ᠎ᠠ ᠵᠢ ᠬᠤᠷᠢᠶᠠᠨ ᠠᠪᠴᠤ ᠳᠠᠬᠢᠨ ᠠᠰᠢᠬᠯᠠᠭᠰᠠᠨ ᠲᠣᠭᠣᠷᠢᠭ᠋ ᠬᠡᠯᠪᠡᠷᠢ᠎ᠲᠠᠢ ᠲᠤᠰ ᠪᠠᠷᠢᠯᠭ᠎ᠠ ᠨᠢ ᠤᠰᠤ᠎ᠶᠢ ᠡᠵᠡᠮᠳᠡᠵᠦ ᠴᠢᠳᠠᠬᠤ ᠤᠰᠤᠨ ᠴᠥᠭᠥᠷᠥᠮ᠎ᠢ ᠪᠦᠷᠢᠯᠳᠦᠭᠦᠯᠵᠦ᠂ ᠳᠦᠷᠪᠡᠨ ᠰᠠᠯᠬᠢ ᠨᠡᠪᠲᠡᠷᠡᠭᠦᠯᠬᠦ ᠰᠤᠪᠤᠷᠭ᠎ᠠ ᠨᠢ ᠳᠤᠯᠠᠭᠠᠨ᠎ᠢ ᠲᠣᠬᠢᠷᠠᠭᠤᠯᠬᠤ ᠴᠢᠳᠠᠮᠵᠢ ᠳᠠᠢ ᠪᠠᠢᠵᠤ᠂  ᠰᠠᠭᠤᠭᠠᠯᠢ ᠠᠷᠠᠳ ᠪᠤᠯᠤᠨ ᠤᠷᠠᠯᠢᠭᠴᠢᠳ ᠤ᠋ᠨ ᠰᠤᠶᠤᠯ ᠤ᠋ᠨ ᠠᠮᠢᠳᠤᠷᠠᠯ᠎ᠤᠨ ᠬᠡᠷᠡᠭᠴᠡᠬᠡ ᠱᠠᠭᠠᠷᠳᠠᠭ᠎ᠠ ᠵᠢ ᠬᠠᠩᠭᠠᠭᠰᠠᠨ ᠵᠢᠡᠷ ᠪᠠᠷᠠᠬᠤ ᠦᠬᠡᠢ ᠳᠤᠬᠠᠢ ᠵᠢᠨ ᠭᠠᠵᠠᠷ᠎ᠤᠨ ᠵᠢᠭᠤᠯᠴᠢᠯᠠᠯ᠎ᠤᠨ ᠦᠢᠯᠡᠰ᠎ᠢ ᠴᠤ᠌ ᠳᠠᠢᠴᠢᠯᠠᠭᠰᠠᠨ ᠪᠠᠢᠨ᠎ᠠ᠃ ᠬᠢᠨᠠᠨ ᠰᠢᠯᠭᠠᠷᠠᠭᠤᠯᠬᠤ ᠪᠦᠯᠬᠦᠮ ᠡᠴᠡ ᠳᠤᠰ ᠪᠠᠷᠢᠯᠭ᠎ᠠ ᠵᠢ《ᠬᠥᠳᠡᠭᠡ ᠲᠣᠰᠬᠣᠨ᠎ᠤ ᠬᠥᠮᠥᠰ᠎ᠦᠨ  ᠪᠠᠭᠲᠠᠭᠠᠮᠵᠢᠲᠤ ᠣᠷᠣᠨ ᠵᠠᠢ᠎ᠶᠢᠨ ᠬᠡᠪ ᠳᠠᠭᠤᠷᠢᠶᠠᠯ》 ᠬᠡᠮᠡᠨ ᠦᠨᠡᠯᠡᠵᠡᠢ᠃ ᠡᠩᠬᠡᠪᠡᠢ᠎ᠶᠢᠨ ᠡᠯᠡᠰᠦᠨ ᠴᠦᠯ᠎ᠤᠨ ᠰᠢᠨᠵᠢᠯᠡᠬᠦ ᠤᠬᠠᠭᠠᠨ᠎ᠤ ᠣᠷᠳᠣᠨ ᠪᠤᠯ ᠣᠷᠳᠣᠰ᠎ᠤᠨ ᠡᠯᠡᠰᠦ  ᠮᠠᠩᠬ᠎ᠠ ᠳᠠᠢ ᠤᠷᠴᠢᠨ ᠳ᠋ᠤ ᠰᠠᠭᠤᠷᠢᠯᠠᠵᠤ᠂ ᠨᠤᠲᠤᠭ ᠎ᠤᠨ ᠡᠯᠡᠰᠦ ᠰᠢᠷᠣᠢ᠎ᠪᠠᠷ ᠪᠠᠷᠢᠯᠭ᠎ᠠ᠎ᠶᠢᠨ ᠮᠠᠲᠧᠷᠢᠶᠠᠯ ᠢ᠋ ᠲᠣᠬᠢᠷᠠᠭᠤᠯᠵᠤ᠂ ᠡᠯᠡᠰᠦ ᠮᠠᠩᠬᠠᠨ ᠎ᠤ ᠤᠨᠴᠠᠯᠢᠭ᠎ᠢ ᠪᠠᠷᠢᠯᠭ᠎ᠠ᠎ᠶᠢᠨ ᠭᠠᠳᠠᠷ ᠪᠠᠢᠳᠠᠯ᠎ᠳᠤ ᠠᠭᠤᠰᠬᠠᠬᠤ ᠵᠢᠨ ᠬᠠᠮᠳᠤ ᠡᠯᠡᠰᠦ ᠎ᠶᠢ ᠵᠠᠰᠠᠭᠰᠠᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠠᠴᠢᠶᠠᠯᠠᠪᠤᠷᠢ ᠪᠣᠯᠭᠠᠵᠤ᠂ ᠤᠯᠠᠨ ᠲᠦᠷᠦᠯ᠎ᠦᠨ ᠤᠯᠤᠰ᠎ᠤᠨ ᠲᠡᠰ᠎ᠤᠨ ᠵᠢᠷᠤᠭ ᠲᠥᠯᠥᠪᠯᠡᠭᠡ᠎ᠶᠢᠨ ᠲᠣᠮᠣ᠌ ᠱᠠᠩᠨᠠᠯ᠎ᠢ ᠬᠦᠷᠳᠡᠪᠡ᠃ ᠡᠳᠦᠬᠡ ᠵᠠᠩ ᠫᠧᠩ ᠵᠢᠤᠢ ᠫᠷᠤᠹᠧᠰᠰᠤᠷ᠎ᠤᠨ ᠡᠷᠭᠢᠯᠡᠭᠰᠡᠨ 200 ᠭᠠᠷᠤᠢ ᠵᠦᠢᠯ᠎ᠦᠨ ᠢᠨᠵᠧᠨᠧᠷᠢᠩ ᠨᠢ ᠣᠯᠠᠨ ᠤᠯᠤᠰ᠎ᠤᠨ ᠵᠢᠷᠤᠭ ᠲᠥᠯᠥᠪᠯᠡᠭᠡᠨ᠎ᠦ ᠱᠠᠩᠨᠠᠯ ᠢ᠋ 18 ᠬᠦᠷᠳᠡᠵᠦ᠂  ᠪᠥᠬᠥ ᠤᠯᠤᠰ᠎ᠤᠨ ᠨᠢᠭᠡᠳᠦᠭᠡᠷ ᠳᠡᠰ᠎ᠤᠨ ᠱᠠᠩᠨᠠᠯ ᠢ᠋ 10 ᠭᠥᠷᠳᠡᠵᠦ᠂ ᠠᠯᠢ ᠣᠯᠠᠨ ᠪᠠᠷᠢᠯᠭ᠎ᠠ᠎ᠨᠢ ᠭᠠᠵᠠᠷ ᠤᠷᠤᠨ᠎ᠤ ᠤᠨᠴᠠᠯᠢᠭᠳᠤ ᠪᠠᠷᠢᠯᠭ᠎ᠠ ᠵᠢᠨ ᠭᠦᠨ ᠶᠤᠰᠤ ᠵᠢ ᠳᠠᠢᠯᠪᠤᠷᠢᠯᠠᠪᠠ᠃

 ᠰᠤᠷᠭᠠᠨ ᠬᠥᠮᠦᠵᠢᠯ᠎ᠦᠨ ᠡᠮᠦᠨ᠎ᠡ  ᠹᠷᠣᠨᠲ᠎ᠲᠤ᠌ ᠪᠠᠭᠰᠢᠯᠠᠵᠤ ᠢᠷᠡᠭᠰᠡᠨ ᠵᠠᠩ ᠫᠧᠩ ᠵᠢᠦᠢ ᠫᠷᠤᠹᠸᠰᠰᠤᠷ 2008 ᠤᠨ ᠳ᠋ᠤ ᠦᠪᠦᠷ ᠮᠤᠩᠭᠤᠯ᠎ᠤᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ ᠵᠢᠨ ᠪᠠᠷᠢᠯᠭ᠎ᠠ ᠵᠢᠨ ᠳᠡᠬᠡᠳᠤ ᠰᠤᠷᠭᠠᠭᠤᠯᠢ ᠵᠢᠨ ᠵᠠᠬᠢᠷᠤᠯ ᠵᠢᠡᠷ ᠠᠵᠢᠯᠯᠠᠭᠰᠠᠨ ᠡᠴᠡ ᠨᠠᠭᠠᠰᠢ ᠰᠢᠨᠵᠢᠯᠡᠬᠡᠨ᠎ᠤ ᠰᠠᠯᠠᠭ᠎ᠠ ᠵᠢᠨ ᠳᠠᠪᠠᠯᠳᠠᠳᠤ ᠬᠦᠭᠵᠢᠯᠳᠡ ᠵᠢ ᠪᠡᠶᠡᠯᠡᠬᠦᠯᠵᠡᠢ᠃  ᠳᠡᠷᠡ ᠳᠡᠬᠡᠳᠤ ᠰᠤᠷᠭᠠᠭᠤᠯᠢ ᠪᠠᠨ ᠳᠠᠭᠠᠭᠤᠯᠤᠨ ᠦᠪᠦᠷ ᠮᠤᠩᠭᠤᠯ᠎ᠤᠨ ᠭᠤᠤᠯᠳᠠᠯᠭ᠎ᠠ ᠳᠠᠢ ᠳᠤᠷᠰᠢᠯᠳᠠ ᠵᠢᠨ ᠳᠠᠰᠤᠭ ᠪᠠ ᠡᠧᠦ᠋ᠷᠤᠫᠠ ᠠᠽᠢᠶ᠎ᠠ ᠵᠢᠨ ᠳᠠᠯ᠎ᠠ ᠨᠤᠳᠤᠭ ᠳᠠᠭᠠᠤ ᠨᠤᠳᠤᠭᠰᠢᠨ ᠰᠠᠭᠤᠷᠢᠰᠢᠬᠤ  ᠤᠯᠠᠨ ᠤᠯᠤᠰ᠎ᠤᠨ ᠰᠢᠨᠵᠢᠯᠡᠬᠦ ᠤᠬᠠᠭᠠᠨ᠎ᠤ ᠬᠤᠯᠪᠤᠭᠠᠳᠤ ᠳᠤᠷᠰᠢᠯᠳᠠ ᠵᠢᠨ ᠳᠠᠰᠤᠭ ᠢ᠋ ᠪᠠᠢᠭᠤᠯᠵᠤ᠂ ᠳᠠᠯ᠎ᠠ ᠨᠤᠳᠤᠭ᠎ᠤᠨ ᠬᠦᠮᠦᠰ᠎ᠤᠨ ᠨᠤᠳᠤᠭᠰᠢᠨ ᠰᠠᠭᠤᠷᠢᠰᠢᠬᠤ ᠤᠷᠴᠢᠨ ᠳᠤᠭᠤᠷᠢᠨ ᠳ᠋ᠤ ᠪᠠᠷᠢᠯᠭ᠎ᠠ ᠵᠢᠨ ᠡᠬᠦᠳᠦᠨ ᠪᠦᠳᠦᠬᠡᠯᠳᠡ ᠬᠢᠵᠦ᠂ 《ᠵᠢᠩᠬᠢᠨᠢ ᠠᠩᠬᠢ ᠠᠰᠫᠢᠷᠠᠨᠲ ᠳ᠋ᠤᠺᠲ᠋ᠤᠷᠠᠨᠲ》 ᠤ᠋ᠨ ᠪᠦᠷᠢᠨ ᠪᠦᠳᠦᠨ ᠴᠢᠳᠠᠪᠤᠷᠢᠳᠠᠨ ᠬᠦᠮᠦᠵᠢᠬᠦᠯᠬᠦ ᠰᠢᠰᠲ᠋ᠧᠮ᠎ᠢ ᠪᠠᠢᠭᠤᠯᠵᠤ᠂ 11 ᠪᠠᠭ᠍ᠰᠢ᠎ᠶᠢᠨ ᠠᠵᠢᠯ᠎ᠤᠨ ᠪᠠᠢᠷᠢ ᠳᠡᠭᠡᠷ᠎ᠡ᠎ᠪᠡᠨ ᠳ᠋ᠣᠺᠲ᠋ᠣᠷ ᠴᠣᠯᠠ ᠬᠠᠮᠠᠭᠠᠯᠠᠬᠤ᠎ᠪᠠᠷ ᠰᠤᠷᠤᠯᠴᠠᠬᠤ᠎ᠶᠢ ᠳᠡᠮᠵᠢᠵᠦ᠂ ᠮᠤᠵᠢ᠎ᠶᠢᠨ ᠲᠡᠰ᠎ᠤᠨ ᠰᠢᠨ᠎ᠡ᠎ᠶᠢ ᠡᠭᠦᠳᠬᠦ ᠴᠢᠳᠠᠪᠤᠷᠢᠲᠠᠨ᠎ᠤ ᠪᠦᠯᠬᠦᠮ᠎ᠢ 2 ᠪᠠᠢᠭᠤᠯᠪᠠ᠃ ᠲᠡᠷᠡ ᠦᠪᠡᠷ ᠵᠢᠡᠨ 70 ᠲᠦᠮᠡᠨ ᠲᠥᠭᠥᠷᠢᠭ ᠵᠠᠷᠤᠴᠠᠭᠤᠯᠵᠤ᠂ ᠪᠠᠭ᠍ᠰᠢ ᠰᠤᠷᠤᠭ᠍ᠴᠢᠳ᠎ᠢᠶᠠᠨ ᠳᠠᠭᠠᠭᠤᠯᠤᠨ 10  ᠵᠢᠯ᠎ᠦᠨ ᠴᠠᠭ ᠵᠠᠷᠤᠴᠠᠭᠤᠯᠵᠤ ᠥᠪᠥᠷ ᠮᠣᠩᠭᠣᠯ᠎ᠤᠨ ᠬᠡᠪᠴᠢᠶᠡᠨ ᠳ᠋ᠡᠬᠢ ᠤᠯᠠᠮᠵᠢᠯᠠᠯᠲᠤ ᠪᠠᠷᠢᠯᠭ᠎ᠠ᠎ᠶᠢ  ᠰᠢᠰᠲ᠋ᠧᠮᠵᠢᠬᠦᠯᠦᠨ ᠬᠡᠮᠵᠢᠨ ᠵᠢᠷᠤᠬᠤ᠎ᠶᠢ ᠪᠡᠶᠡᠯᠡᠭᠦᠯᠵᠦ᠂《ᠥᠪᠥᠷ ᠮᠣᠩᠭᠣᠯ᠎ᠤᠨ ᠡᠷᠲᠡᠨ᠎ᠦ ᠪᠠᠷᠢᠯᠭ᠎ᠠ》ᠵᠡᠷᠭᠡ ᠠᠷᠪᠠ ᠭᠠᠷᠤᠢ ᠲᠤᠰᠬᠠᠢ ᠪᠦᠲᠦᠭᠡᠯ᠎ᠢ ᠨᠠᠢᠷᠠᠭᠤᠯᠤᠨ ᠪᠢᠴᠢᠵᠤ᠂ ᠤᠷᠤᠨ ᠨᠤᠳᠤᠭ᠎ᠤᠨ ᠪᠠᠷᠢᠯᠭ᠎ᠠ᠎ᠶᠢᠨ ᠰᠤᠷᠭᠠᠨ ᠬᠥᠮᠦᠵᠢᠯ᠎ᠦᠨ ᠭᠣᠣᠯ ᠵᠢᠭᠠᠬᠤ ᠮᠠᠲᠧᠷᠢᠶᠠᠯ ᠪᠣᠯᠤᠭᠰᠠᠨ ᠪᠠᠢᠨ᠎ᠠ᠃ ᠰᠤᠷᠭᠠᠭᠤᠯᠢ ᠵᠢᠨ ᠬᠠᠭᠤᠴᠢᠨ ᠦᠢᠯᠡᠳᠪᠦᠷᠢ᠎ᠶᠢᠨ ᠪᠠᠢᠰᠢᠩ᠎ᠢ 3 ᠬᠤᠭᠤᠴᠠᠭ᠎ᠠ ᠦᠬᠡᠷᠡᠴᠢᠯᠡᠨ ᠪᠦᠳᠦᠭᠡᠨ ᠪᠠᠢᠭᠤᠯᠵᠤ᠂  ᠳᠡᠰ ᠳᠡᠪᠰᠢᠬᠦᠯᠵᠦ᠂ ᠪᠠᠷᠢᠯᠭ᠎ᠠ ᠵᠢᠨ ᠤᠷᠳᠤᠨ ᠪᠤᠯᠭᠠᠨ ᠰᠤᠷᠤᠭᠴᠢᠳ ᠲᠠᠭᠠᠨ ᠦᠢᠯᠡᠳᠦᠯᠭᠡ ᠎ᠶᠢᠨ   ᠵᠢᠱ᠌ᠢᠶ᠎ᠡ ᠬᠠᠩᠭᠠᠪᠠ᠃ ᠲᠡᠭᠦᠨ᠎ᠦ ᠳᠠᠭᠠᠭᠤᠯᠭ᠎ᠠ ᠪᠡᠷ ᠳᠡᠭᠡᠳᠦ ᠰᠤᠷᠭᠠᠭᠤᠯᠢ ᠨᠢ ᠤᠯᠤᠰ ᠎ᠤᠨ ᠲᠡᠷᠢᠭᠦᠨ ᠵᠡᠷᠬᠡ ᠵᠢᠨ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠢ ᠪᠠᠢᠭᠤᠯᠤᠭᠰᠠᠨ᠎ᠢᠶᠠᠷ ᠪᠠᠷᠠᠬᠤ ᠦᠭᠡᠢ ᠪᠠᠷᠢᠯᠭ᠎ᠠ᠎ᠶᠢᠨ ᠤᠬᠠᠭᠠᠨ᠎ᠤ ᠨᠢᠭᠡᠳᠦᠭᠡᠷ ᠳᠡᠰ᠎ᠤᠨ ᠰᠢᠨᠵᠢᠯᠡᠭᠡᠨ᠎ᠦ ᠰᠠᠯᠠᠭ᠎ᠠ᠎ᠶᠢᠨ ᠳ᠋ᠣᠺᠲ᠋ᠣᠷᠠᠨᠲ᠎ᠤᠨ ᠴᠡᠭ᠎ᠢ᠋ ᠵᠦᠪᠰᠢᠶᠡᠷᠡᠬᠦᠯᠵᠦ᠂ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢᠨ ᠲᠡᠦᠬᠡᠲᠦ ᠴᠢᠨᠠᠷᠲᠠᠢ ᠲᠠᠪᠠᠯᠳᠠ᠎ᠶᠢ ᠪᠡᠶᠡᠯᠡᠬᠦᠯᠵᠡᠢ᠃

 《 ᠬᠦᠮᠦᠰ᠎ᠤᠨ ᠬᠡᠷᠡᠭᠴᠡᠬᠡ ᠱᠠᠭᠠᠷᠳᠠᠯᠭ᠎ᠠ ᠳ᠋ᠤ ᠵᠤᠬᠢᠴᠠᠬᠤ ᠪᠠᠷᠢᠯᠭ᠎ᠠ ᠵᠢ ᠵᠢᠷᠤᠵᠤ ᠲᠦᠯᠦᠪᠯᠡᠬᠦ》 ᠪᠡᠷ ᠨᠠᠰᠤᠨ ᠳᠤᠷᠰᠢᠳᠠ ᠵᠢᠨ ᠬᠦᠬᠡᠬᠡᠴᠡᠯᠳᠦᠯ ᠵᠢᠡᠨ ᠪᠤᠯᠭᠠᠵᠤ ᠢᠷᠡᠭᠰᠡᠨ ᠵᠠᠩ ᠫᠧᠩ ᠵᠢᠤᠢ ᠫᠷᠤᠹᠸᠰᠰᠤᠷ ᠪᠦᠬᠦ ᠤᠯᠤᠰ᠎ᠤᠨ ᠪᠠᠷᠢᠯᠭ᠎ᠠ ᠶ᠋ᠢᠨ ᠬᠠᠢᠨ ᠪᠠᠢᠴᠠᠭᠠᠵᠤ ᠵᠢᠷᠤᠵᠤ ᠲᠥᠯᠥᠪᠯᠡᠬᠦ ᠶᠡᠬᠡ ᠪᠠᠭᠰᠢᠳᠠᠨ᠂ ᠲᠥᠷᠥ  ᠶ᠋ᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠣᠷᠳᠣᠨ᠎ᠤ ᠣᠨᠴᠠ ᠨᠦᠬᠦᠪᠦᠷᠢ ᠬᠦᠷᠳᠡᠭᠴᠢ ᠲᠤᠰᠬᠠᠢ ᠮᠡᠷᠭᠡᠵᠢᠯᠲᠡᠨ᠂ ᠪᠦᠬᠦ ᠤᠯᠤᠰ᠎ᠤᠨ《5·1》 ᠎ᠤ᠋ ᠬᠥᠳᠡᠯᠮᠦᠷᠢ  ᠶ᠋ᠢᠨ ᠱᠠᠩᠨᠠᠯ᠎ᠤᠨ ᠮᠧᠳᠠᠯ ᠬᠦᠷᠲᠡᠭᠴᠢ ᠁ ᠵᠡᠷᠭᠡ ᠢᠷᠠᠭᠤ ᠠᠯᠳᠠᠷ ᠵᠢᠡᠷ ᠡᠩᠭᠡᠷ ᠵᠢᠡᠨ ᠮᠢᠯᠢᠶᠠᠯᠭᠠᠪᠠ᠃  ᠡᠳᠦᠭᠡ ᠵᠢᠷᠠ ᠬᠦᠷᠴᠦ ᠵᠠᠵᠢ ᠵᠢᠨ ᠦᠰᠦ ᠨᠢ ᠪᠤᠭᠤᠷᠤᠯᠳᠤᠭᠰᠠᠨ ᠴᠤ᠌ ᠵᠢᠭᠠᠨ ᠰᠤᠷᠭᠠᠯᠲᠠ᠎ᠶᠢᠨ ᠡᠮᠦᠨ᠎ᠡ ᠹᠷᠣᠨᠲ᠎ᠲᠤ ᠮᠦᠨ ᠬᠦ᠌ ᠭᠠᠪᠰᠢᠭᠠᠢᠯᠠᠨ ᠠᠵᠢᠯᠯᠠᠵᠤ ᠶᠠᠪᠤᠭ᠎ᠠ ᠳᠡᠷᠡ ᠪᠡᠷ ᠲᠠᠯ᠎ᠠ ᠨᠤᠲᠤᠭ᠎ᠤᠨ ᠬᠥᠮᠥᠰ᠎ᠦᠨ ᠣᠷᠣᠰᠢᠨ ᠰᠠᠭᠤᠷᠢᠰᠢᠬᠤ ᠰᠢᠰᠲ᠋ᠧᠮ᠎ᠤᠨ ᠤᠯᠤᠰ ᠠᠯᠤᠰᠯᠠᠭᠰᠠᠨ ᠰᠤᠳᠤᠯᠭᠠᠨ᠎ᠢ ᠠᠬᠢᠭᠤᠯᠵᠤ᠂ ᠥᠪᠥᠷ ᠮᠣᠩᠭᠣᠯ᠎ᠤᠨ ᠪᠠᠷᠢᠯᠭ᠎ᠠ᠎ᠶᠢᠨ ᠤᠶᠤᠨ ᠤᠬᠠᠭᠠᠨ᠎ᠢ ᠳᠡᠯᠡᠬᠡᠢ᠎ᠶᠢᠨ ᠲᠠᠪᠴᠠᠩ᠎ᠳᠤ ᠳᠠᠨᠢᠯᠴᠠᠭᠤᠯᠵᠤ ᠶᠠᠪᠤᠬᠤ ᠵᠢᠨ ᠵᠡᠷᠬᠡ ᠪᠡᠷ ᠬᠢᠯᠢ ᠬᠢᠵᠠᠭᠠᠷ ᠣᠷᠣᠨ᠎ᠳᠤ ᠦᠨᠳᠦᠰᠦᠯᠡᠭᠰᠡᠨ ᠨᠡᠩ ᠤᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠬᠦᠮᠦᠵᠢᠬᠦᠯᠵᠦ᠂ ᠦᠪᠦᠷ ᠮᠤᠩᠭᠤᠯ᠎ᠤᠨ ᠬᠦᠭᠵᠢᠯᠳᠡ ᠳ᠋ᠤ ᠰᠢᠨ᠎ᠡ ᠵᠢᠳᠬᠦᠯ ᠦᠵᠡᠬᠦᠯᠬᠦ ᠪᠡᠷ ᠲᠦᠷᠦᠬᠡ ᠴᠢᠩᠭᠠᠯᠠᠨ᠎ᠠ᠃


ᠯᠦ᠍ ᠵᠠᠨ ᠶᠤᠸᠠᠨ᠄ ᠲᠤᠷᠰᠢᠯᠲᠠ᠎ᠶᠢᠨ ᠲᠠᠰᠤᠭ᠎ᠵᠢᠡᠨ ᠬᠠᠷ᠎ᠠ ᠬᠥᠷᠥᠰᠥᠨ᠎ᠳᠦ ᠨᠡᠭᠦᠯᠭᠡᠵᠦ ᠦᠬᠦᠯᠡᠯ ᠵᠢᠡᠨ ᠡᠭᠡ ᠭᠠᠵᠠᠷ ᠲᠸ᠋ ᠲᠤᠭᠤᠷᠪᠢᠯ᠎ᠡ


ᠡᠬᠡ ᠤᠯᠤᠰ᠎ᠤᠨ ᠤᠮᠠᠷᠠᠳᠤ ᠬᠢᠯᠢ ᠵᠢᠨ ᠦᠷᠬᠡᠨ ᠠᠭᠤᠳᠠᠮ ᠨᠤᠳᠤᠭ ᠲᠡᠪᠢᠰᠭᠡᠷ᠎ᠤᠨ ᠬᠠᠷ᠎ᠠ ᠬᠦᠷᠦᠰᠤ ᠵᠢ ᠬᠠᠮᠠᠭᠠᠯᠠᠬᠤ ᠪᠠ ᠠᠮᠤ ᠪᠤᠳᠠᠭᠠᠨ᠎ᠤ ᠠᠮᠤᠷ ᠲᠦᠪᠰᠢᠨ᠎ᠢ᠋ ᠪᠠᠳᠤᠯᠠᠬᠤ ᠵᠢᠨ ᠲᠦᠯᠦᠬᠡ ᠲᠤᠷᠰᠢᠯᠲᠠ᠎ᠶᠢᠨ ᠲᠠᠰᠤᠭ᠎ᠵᠢᠡᠨ ᠳᠠᠷᠢᠶᠠᠨ ᠵᠠᠬ᠎ᠠ᠎ᠳᠦ ᠨᠡᠭᠦᠯᠬᠡᠵᠦ᠂ ᠳᠥᠴᠢᠨ ᠵᠢᠯ᠎ᠦᠨ ᠲᠤᠷᠰᠢ ᠰᠢᠨᠵᠢᠯᠡᠬᠦ ᠤᠬᠠᠭᠠᠨ᠎ᠤ ᠰᠤᠳᠤᠯᠭᠠᠨ ᠎ᠤ ᠡᠮᠦᠨ᠎ᠡ ᠹᠷᠣᠨᠲ᠎ᠲᠤ ᠭᠠᠪᠰᠢᠭᠠᠢᠯᠠᠵᠤ ᠢᠷᠡᠭᠰᠡᠨ ᠰᠢᠨᠵᠢᠯᠡᠬᠦ ᠤᠬᠠᠭᠠᠨ᠎ᠤ ᠨᠢᠭᠡᠨ ᠠᠵᠢᠯᠳᠠᠨ ᠪᠤᠯ ᠲᠦᠷᠦᠬᠦᠬᠡᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠪᠡᠷ ᠰᠤᠩᠭᠤᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠠᠷᠤᠭ᠎ᠠ᠂ ᠦᠪᠦᠷ ᠮᠤᠩᠭᠤᠯ᠎ᠤᠨ ᠶᠡᠬᠡ ᠰᠤᠷᠭᠠᠭᠤᠯᠢ ᠵᠢᠨ ᠳ᠋ᠤᠺᠲ᠋ᠤᠷᠠᠨᠲ᠎ᠤᠨ ᠵᠢᠯᠤᠭᠤᠳᠤᠭᠴᠢ ᠪᠠᠭᠰᠢ ᠯᠦ᠍ ᠵᠠᠨ ᠶᠤᠸᠠᠨ ᠪᠤᠯᠤᠨ᠎ᠠ᠃ ᠯᠤ᠌ ᠵᠠᠨ ᠶᠤᠸᠠᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ᠎ᠤ ᠲᠠᠷᠢᠶᠠᠨ ᠭᠠᠵᠠᠷ ᠎ᠤᠨ《ᠰᠠᠯᠬᠢᠨ᠎ᠳᠤ ᠢᠳᠡᠭᠳᠡᠬᠦ᠎ᠶᠢ ᠰᠡᠷᠭᠡᠢᠯᠡᠨ ᠵᠠᠰᠠᠬᠤ᠂ ᠬᠦᠷᠦᠰᠦ ᠵᠢ ᠰᠢᠮᠡᠵᠢᠬᠦᠯᠦᠨ ᠪᠣᠢᠵᠢᠭᠤᠯᠬᠤ᠂ ᠦᠢᠯᠡᠳᠪᠦᠷᠢᠯᠡᠯ ᠎ᠦᠨ ᠴᠢᠳᠠᠪᠤᠷᠢ᠎ᠶᠢ ᠳᠡᠭᠡᠭᠰᠢᠯᠡᠭᠦᠯᠬᠦ》 ᠭᠤᠷᠪᠠᠨ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠢᠷ ᠠᠰᠠᠭᠤᠳᠠᠯ᠎ᠤᠨ ᠲᠤᠭᠤᠷᠢᠨ᠎ᠳ᠋ᠤ ᠰᠢᠷᠢᠰ ᠰᠤᠳᠤᠯᠭᠠᠨ ᠦᠷᠨᠢᠬᠦᠯᠵᠦ᠂ ᠨᠢᠭᠡ ᠴᠣᠭᠴᠠᠵᠢᠭᠤᠯᠤᠭᠰᠠᠨ ᠤᠨᠤᠯ ᠪᠠ ᠮᠡᠷᠭᠡᠵᠢᠯ᠎ᠦᠨ ᠰᠢᠰᠲᠧᠮ᠎ᠢ ᠡᠬᠦᠳᠴᠦ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ ᠪᠣᠯᠣᠨ ᠮᠠᠭᠤᠳᠠᠭᠰᠠᠨ ᠲᠠᠷᠢᠶᠠᠨ ᠭᠠᠵᠠᠷ᠎ᠢ ᠰᠢᠮᠡᠯᠢᠭ ᠬᠦᠷᠦᠰᠤ ᠪᠤᠯᠭᠠᠨ ᠬᠤᠪᠢᠷᠠᠭᠤᠯᠬᠤ ᠳ᠋ᠤ ᠲᠤᠪᠤᠢᠮ᠎ᠠ ᠵᠢᠳᠬᠦᠯ ᠦᠵᠡᠬᠦᠯᠵᠡᠢ᠃


QQ20251208-103831.png

   

ᠤᠯᠠᠭᠠᠨᠬᠠᠳᠠ ᠬᠤᠳᠠ᠎ᠶᠢᠨ ᠨᠢᠩᠴᠧᠩ ᠰᠢᠶᠠᠨ ᠤ᠋ ᠬᠦᠳᠡᠬᠡ ᠨᠤᠳᠤᠭ ᠲᠤ᠌ ᠦᠰᠴᠦ ᠲᠦᠷᠦᠭᠰᠡᠨ ᠯᠤ᠌ ᠵᠠᠨ ᠶᠤᠸᠠᠨ ᠬᠠᠷᠠᠬᠠᠨ ᠪᠠᠭ᠎ᠠ᠎ᠡᠴᠡ ᠪᠠᠨ ᠳᠠᠷᠢᠶᠠᠴᠢᠨ ᠬᠦᠮᠦᠨ ᠳᠡᠭᠷᠢ ᠵᠢᠨ ᠴᠢᠷᠠᠢ ᠬᠠᠷᠠᠵᠤ ᠠᠮᠢᠳᠤᠷᠠᠳᠠᠭ ᠬᠦᠴᠢᠷ ᠪᠡᠷᠬᠡ ᠵᠢ ᠬᠦᠨ ᠤᠢᠯᠠᠭᠠᠳᠠᠭ ᠪᠢᠯᠡ᠃ 1985 ᠣᠨ᠎ᠳᠤ 21 ᠨᠠᠰᠤᠲᠠᠢ ᠯᠦ᠍ ᠵᠠᠨ ᠶᠤᠸᠠᠨ ᠥᠪᠥᠷ ᠮᠣᠩᠭᠣᠯ᠎ᠤᠨ ᠲᠠᠷᠢᠶᠠᠯᠠᠩ᠎ᠤᠨ ᠰᠤᠷᠭᠠᠭᠤᠯᠢ᠎ᠶᠢᠨ ᠲᠤᠷᠰᠢᠯᠲᠠ᠎ᠶᠢᠨ ᠲᠠᠷᠢᠶᠠᠨ᠎ᠤ ᠬᠠᠮᠢᠶᠠᠷᠤᠭ᠍ᠴᠢ ᠪᠤᠯᠤᠭᠰᠠᠨ ᠡᠴᠡ ᠬᠦᠷᠦᠰᠤ ᠰᠢᠷᠤᠢ ᠳᠠᠢ ᠬᠦᠨ ᠪᠠᠷᠢᠯᠳᠤᠯᠭ᠎ᠠ ᠳᠠᠢ ᠪᠤᠯᠵᠠᠢ᠃ ᠠᠭᠤᠷ ᠠᠮᠢᠰᠬᠤᠯ ᠭᠠᠩ ᠬᠠᠭᠤᠷᠠᠢ ᠡᠴᠡ ᠪᠣᠯᠵᠤ ᠳᠡᠬᠡᠷ᠎ᠡ ᠵᠠᠭᠤᠨ᠎ᠤ ᠶᠡᠷᠡᠬᠡᠳ ᠤᠨ᠎ᠤ ᠦᠶ᠎ᠠ ᠳ᠋ᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠰᠤᠯᠪᠢᠴᠠᠭᠰᠠᠨ ᠤᠷᠤᠨ᠎ᠤ 60% ᠡᠴᠡ ᠳᠡᠬᠡᠭᠰᠢᠬᠢ ᠳᠠᠷᠢᠶᠠᠨ ᠭᠠᠵᠠᠷ ᠬᠦᠨᠳᠤ ᠨᠤᠴᠢᠳᠠᠢ ᠰᠠᠯᠬᠢᠨ ᠳ᠋ᠤ ᠢᠳᠡᠭᠳᠡᠨ ᠲᠠᠴᠢᠷᠳᠠᠵᠤ ᠂ 《ᠬᠠᠪᠤᠷ ᠭᠤᠷᠪᠠᠨᠳᠠ ᠳᠠᠷᠢᠭᠰᠠᠨ ᠴᠤ᠌ ᠳᠠᠷᠢᠶᠠᠨ ᠴᠢᠬᠢ ᠦᠯᠦ ᠤᠯᠵᠤ ᠬᠠᠷᠠᠬᠤ》 ᠪᠠᠢᠳᠠᠯ ᠪᠠᠢᠩᠭᠤ ᠳᠤᠬᠢᠶᠠᠯᠳᠤᠵᠤ᠂ ᠲᠠᠷᠢᠶᠠᠨ ᠭᠠᠵᠠᠷ᠎ᠤᠨ ᠦᠢᠯᠡᠳᠪᠦᠷᠢᠯᠡᠯ᠎ᠦᠨ ᠴᠢᠳᠠᠪᠤᠷᠢ᠎ᠶᠡᠭᠡᠳᠡ ᠨᠦᠯᠦᠭᠡᠯᠡᠭᠳᠡᠨ᠂ ᠥᠪᠥᠷ ᠮᠣᠩᠭᠣᠯ᠎ᠤᠨ ᠠᠮᠢ ᠠᠬᠤᠢ᠎ᠶᠢᠨ ᠠᠮᠤᠷ ᠲᠦᠪᠰᠢᠨ ᠪᠠ ᠠᠮᠤ ᠪᠤᠳᠠᠭᠠᠨ᠎ᠤ ᠠᠮᠤᠷ ᠲᠦᠪᠰᠢᠨ ᠳ᠋ᠤ ᠰᠢᠭᠤᠳ ᠰᠦᠷᠳᠡᠭᠦᠯᠦᠯ ᠪᠤᠯᠵᠤ ᠪᠠᠢᠵᠠᠢ᠃ 2003 ᠣᠨ᠎ᠠᠴᠠ ᠡᠬᠢᠯᠡᠨ᠂ ᠯᠦ᠍ ᠵᠠᠨ ᠶᠤᠸᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠎ᠵᠢᠡᠨ ᠳᠠᠭᠠᠭᠤᠯᠵᠤ ᠤᠮᠠᠷᠠᠲᠤ᠎ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ᠎ᠤ ᠳᠠᠷᠢᠶᠠᠨ ᠭᠠᠵᠠᠷ᠎ᠤᠨ ᠰᠠᠯᠬᠢᠨ᠎ᠤ ᠢᠳᠡᠭᠳᠡᠯ᠎ᠢ ᠰᠡᠷᠭᠡᠢᠯᠡᠨ ᠡᠵᠡᠮᠳᠡᠬᠦ ᠮᠡᠷᠭᠡᠵᠢᠯ᠎ᠢᠶᠡᠷ ᠭᠣᠣᠯ ᠪᠣᠯᠭᠠᠭᠰᠠᠨ ᠭᠦᠨᠵᠡᠭᠡᠢ ᠰᠤᠳᠤᠯᠭᠠᠨ᠎ᠵᠢᠡᠨ ᠡᠬᠢᠯᠡᠬᠦᠯᠵᠡᠢ᠃ ᠳᠠᠷᠢᠶᠠᠨ ᠭᠠᠵᠠᠷ᠎ᠤᠨ ᠰᠠᠯᠬᠢᠨ᠎ᠤ ᠢᠳᠡᠭᠳᠡᠯ᠎ᠢ ᠰᠡᠷᠬᠡᠢᠯᠡᠨ ᠬᠤᠷᠢᠭᠯᠠᠬᠤ ᠪᠡᠷᠬᠡ ᠰᠡᠳᠦᠪ ᠲᠤ᠌ ᠴᠢᠭᠯᠡᠬᠦᠯᠦᠨ᠂ ᠳᠠᠷᠢᠶᠠᠨ ᠭᠠᠵᠠᠷ ᠡᠴᠡ ᠤᠨᠤᠪᠴᠢᠳᠠᠢ ᠳᠤᠭ᠎ᠠ ᠪᠠᠷᠢᠮᠳᠠ ᠵᠢ ᠤᠯᠬᠤ ᠵᠢᠨ ᠲᠦᠯᠦᠬᠡ ᠳᠡᠷᠡ ᠪᠡᠷ  ᠡᠯᠡᠰᠤ ᠳᠤᠭᠤᠰᠤ ᠳᠡᠭᠳᠡᠭᠰᠡᠨ ᠬᠠᠳᠠᠭᠤ ᠤᠷᠴᠢᠨ ᠳ᠋ᠤ ᠬᠡᠳᠦᠨ ᠴᠠᠭ ᠵᠢᠡᠷ ᠵᠤᠭᠰᠤᠨ ᠠᠵᠢᠭᠯᠠᠯᠳᠠ ᠬᠢᠳᠡᠭ᠂ ᠭᠠᠷ ᠬᠦᠯ ᠨᠢ ᠳᠠᠭᠠᠷᠠᠵᠤ ᠪᠡᠬᠡᠷᠡᠨ ᠮᠢᠨᠴᠦᠬᠦᠷᠡᠵᠦ ᠪᠠᠢᠭᠰᠠᠨ ᠴᠤ᠌ ᠳᠡᠷᠡ ᠶᠡᠷᠦ ᠡᠴᠡ ᠬᠠᠢᠬᠤᠷᠳᠠᠭ ᠦᠬᠡᠢ᠃  20 ᠭᠠᠷᠤᠢ ᠵᠢᠯ᠎ᠳᠠᠬᠢᠨ ᠳᠠᠪᠳᠠᠨ ᠳᠤᠷᠰᠢᠯᠳᠠ ᠬᠢᠬᠦ ᠪᠡᠷ ᠳᠠᠮᠵᠢᠵᠤ᠂ ᠰᠠᠯᠬᠢᠨ᠎ᠤ ᠢᠳᠡᠭᠳᠡᠯ᠎ᠢ ᠤᠨᠤᠴᠠᠳᠠᠢ ᠡᠵᠡᠮᠳᠡᠬᠦ᠂ ᠳᠠᠷᠢᠶᠠᠨ ᠭᠠᠵᠠᠷ᠎ᠤᠨ ᠬᠦᠷᠦᠰᠤ ᠵᠢ ᠬᠠᠨᠳᠤᠯᠭ᠎ᠠ ᠳᠠᠢ ᠪᠡᠷ ᠰᠢᠮᠡᠵᠢᠬᠦᠯᠬᠦ᠂ ᠤᠨᠠᠯᠳᠠ ᠵᠢ ᠳᠤᠭᠳᠠᠭᠤᠨ ᠵᠢᠡᠷ ᠳᠡᠬᠡᠭᠰᠢᠯᠡᠬᠦᠯᠬᠦ ᠨᠢᠬᠡ ᠴᠤᠭᠴᠠᠳᠤ ᠮᠡᠷᠬᠡᠵᠢᠯ᠎ᠤᠨ ᠰᠢᠰᠲᠧᠮ᠎ᠢ  ᠪᠠᠢᠭᠤᠯᠤᠭᠰᠠᠨ ᠪᠠᠢᠨ᠎ᠠ᠃


QQ20251208-121532.png

  

ᠯᠤ᠌ ᠵᠠᠨ ᠶᠤᠸᠠᠨ ᠳᠠᠷᠢᠶᠠᠨ ᠵᠠᠬ᠎ᠠ ᠳ᠋ᠤ ᠰᠤᠳᠤᠯᠭᠠᠨ ᠬᠢᠨ᠎ᠡ   


《ᠭᠤᠤᠷᠰᠤ ᠵᠢ ᠦᠯᠡᠳᠡᠬᠡᠵᠦ ᠬᠦᠷᠦᠰᠦ ᠵᠢ ᠦᠯᠦ ᠬᠠᠭᠠᠯᠪᠤᠷᠢᠯᠠᠬᠤ ᠂ ᠡᠰᠢ ᠰᠦᠷᠡᠯ ᠵᠢᠡᠷ ᠪᠦᠷᠬᠦᠵᠦ᠂ ᠪᠤᠵᠠᠷ ᠡᠪᠡᠰᠦ ᠪᠡᠷ ᠳᠤᠭᠳᠠᠪᠤᠷᠢᠵᠢᠭᠤᠯᠬᠤ᠂ ᠵᠤᠬᠢᠰᠳᠠᠢ ᠡᠬᠡᠯᠵᠢᠯᠡᠨ ᠳᠠᠷᠢᠬᠤ》 ᠪᠡᠷ ᠭᠤᠤᠯ ᠪᠤᠯᠭᠠᠭᠰᠠᠨ ᠬᠠᠮᠠᠭᠠᠯᠠᠯᠳᠠ ᠵᠢᠨ ᠴᠢᠨᠠᠷᠳᠠᠢ ᠳᠠᠷᠢᠶᠠᠯᠠᠬᠤ ᠮᠡᠷᠬᠡᠵᠢᠯ ᠨᠢ ᠳᠠᠷᠢᠶᠠᠨ ᠭᠠᠵᠠᠷ᠎ᠤᠨ《ᠰᠡᠷᠬᠡᠢᠯᠡᠯᠳᠡ ᠵᠢᠨ ᠳᠤᠤᠷ》 ᠢ᠋ ᠰᠦᠯᠵᠢᠵᠦ ᠬᠦᠷᠦᠰᠤ ᠵᠢ ᠳᠤᠭᠳᠠᠪᠤᠷᠢᠵᠢᠭᠤᠯᠪᠠ᠃ 268 ᠵᠦᠢᠯ ᠎ᠤᠨ ᠲᠠᠷᠢᠶᠠᠨ ᠭᠠᠵᠠᠷ ᠎ᠤᠨ ᠪᠤᠵᠠᠷ ᠡᠪᠡᠰᠦᠨ᠎ᠦ ᠤᠷᠭᠤᠯᠳᠠ ᠵᠢᠨ ᠵᠢᠮ᠎ᠡ ᠶᠣᠰᠣ᠌᠎ᠶᠢ ᠢᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ᠎ᠤ ᠪᠤᠵᠠᠷ ᠡᠪᠡᠰᠦ᠎ᠶᠢ ᠰᠡᠷᠭᠡᠢᠯᠡᠨ ᠡᠵᠡᠮᠳᠡᠬᠦ ᠰᠤᠳᠤᠯᠭᠠᠨ᠎ᠤ ᠬᠦᠷᠢᠶᠡᠨ᠎ᠦ ᠬᠣᠭᠣᠰᠤᠨ ᠎ᠢ ᠨᠥᠬᠥᠪᠦᠷᠢᠯᠡᠪᠡ᠃ 《ᠬᠠᠪᠤᠷ ᠎ᠤᠨ ᠲᠠᠷᠢᠶᠠᠯᠠᠭ᠎ᠠ᠎ᠳᠤ ᠰᠢᠷᠣᠢ ᠤᠷᠪᠠᠭᠤᠯᠬᠤ ᠦᠭᠡᠢ᠂ ᠨᠠᠮᠤᠷ ᠎ᠤᠨ ᠬᠤᠷᠢᠶᠠᠯᠲᠠ᠎ᠶᠢᠨ ᠳᠠᠷᠠᠭ᠎ᠠ ᠡᠰᠢ ᠰᠦᠷᠡᠯ᠎ᠢ ᠲᠠᠷᠢᠶᠠᠨ ᠭᠠᠵᠠᠷ᠎ᠲᠤ ᠦᠯᠡᠳᠡᠬᠡᠬᠦ》 ᠭᠣᠣᠯᠯᠠᠬᠤ ᠮᠡᠷᠭᠡᠵᠢᠯ᠎ᠢ ᠰᠤᠳᠤᠯᠤᠨ ᠡᠭᠦᠳᠴᠦ᠂ ᠮᠠᠨ ᠎ᠤ ᠤᠯᠤᠰ᠎ᠤᠨ ᠤᠮᠠᠷᠠᠲᠤ᠎ᠶᠢᠨ ᠲᠠᠷᠢᠶᠠᠨ ᠭᠠᠵᠠᠷ᠎ᠢ ᠬᠠᠮᠠᠭᠠᠯᠠᠬᠤ ᠠᠯᠢ ᠣᠯᠠᠨ ᠵᠠᠩᠭᠢᠯᠠᠭ᠎ᠠ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠪᠡ᠃ ᠳᠡᠳᠡᠬᠡᠷ ᠤᠯᠠᠨ ᠰᠢᠰᠲᠧᠮᠳᠤ ᠮᠡᠷᠬᠡᠵᠢᠯ᠎ᠤᠨ ᠡᠬᠦᠳᠦᠯᠳᠡ ᠨᠢ ᠲᠠᠷᠢᠶᠠᠨ ᠭᠠᠵᠠᠷ᠎ᠤᠨ ᠰᠠᠯᠬᠢᠨ᠎ᠤ ᠢᠳᠡᠭᠳᠡᠯ᠎ᠢ 35% — 72%᠎ᠢᠶᠠᠷ ᠪᠠᠭᠠᠰᠬᠠᠵᠤ᠂ ᠭᠠᠵᠠᠷ᠎ᠤᠨ ᠬᠦᠴᠦ ᠵᠢ 3 — 5 ᠵᠢᠯ᠎ᠳᠦ 0.5 ᠲᠠᠰ ᠳᠡᠭᠡᠭᠰᠢᠯᠡᠭᠦᠯᠵᠦ᠂ ᠲᠠᠷᠢᠮᠠᠯ᠎ᠤᠨ ᠤᠨᠠᠯᠲᠠ ᠵᠢ 9% — 23%᠎ᠪᠠᠷ ᠳᠡᠭᠡᠭᠰᠢᠯᠡᠬᠦᠯᠪᠡ᠃


QQ20251208-121541.png

  

ᠬᠦᠷᠦᠰᠦ ᠵᠢ ᠲᠤᠭᠲᠠᠪᠦᠷᠢᠵᠢᠭᠤᠯᠬᠤ  ᠰᠤᠳᠤᠯᠭᠠᠨ   

 

ᠰᠤᠳᠤᠯᠤᠨ ᠨᠡᠬᠡᠬᠡᠭᠰᠡᠨ ᠬᠠᠮᠠᠭᠠᠯᠠᠯᠳᠠ ᠵᠢᠨ ᠴᠢᠨᠠᠷᠳᠠᠢ ᠳᠠᠷᠢᠶᠠᠯᠠᠭ᠎ᠠ ᠵᠢᠨ ᠰᠢᠨ᠎ᠡ ᠮᠡᠷᠬᠡᠵᠢᠯ ᠵᠢᠡᠨ ᠳᠠᠷᠢᠶᠠᠴᠢᠳ᠎ᠤᠨ ᠳᠤᠮᠳᠠ ᠳᠡᠯᠬᠡᠷᠡᠬᠦᠯᠬᠦ ᠨᠢ ᠬᠠᠮᠤᠭ᠎ᠤᠨ ᠴᠢᠬᠤᠯᠠ ᠶᠤᠮ᠃  《ᠵᠠᠯᠬᠠᠭᠤ ᠬᠦᠮᠦᠨ᠎ᠤ ᠳᠠᠷᠢᠶᠠᠯᠠᠬᠤ ᠠᠷᠭ᠎ᠠ》 ᠬᠡᠮᠡᠬᠦ ᠡᠨᠳᠡᠬᠦᠦ ᠤᠢᠯᠠᠭᠠᠯᠳᠠ ᠵᠢᠴᠢ ᠳᠠᠷᠢᠶᠠᠴᠢᠳ᠎ᠤᠨ ᠤᠯᠠᠨ ᠡᠷᠡᠬᠡᠯᠵᠡᠬᠡ ᠵᠢ ᠠᠯᠳᠠᠷᠠᠭᠠᠬᠤ ᠵᠢᠨ ᠲᠦᠯᠦᠬᠡ ᠳᠡᠷᠡ ᠳᠠᠷᠢᠶᠠᠨ ᠵᠠᠬ᠎ᠠ ᠳ᠋ᠤ ᠬᠦᠷᠴᠦ᠂ ᠬᠠᠮᠤᠭ᠎ᠤᠨ ᠤᠢᠯᠠᠭᠠᠮᠵᠢᠳᠠᠢ ᠨᠤᠳᠤᠭ᠎ᠤᠨ ᠦᠬᠡ ᠪᠡᠷ ᠳᠠᠷᠢᠶᠠᠴᠢᠳ ᠲᠤ᠌ ᠡᠨᠡ ᠬᠦ᠌  ᠮᠡᠷᠬᠡᠵᠢᠯ᠎ᠵᠢᠡᠨ ᠳᠠᠢᠯᠪᠤᠷᠢᠯᠠᠵᠤ ᠦᠭᠳᠡᠭ ᠪᠠᠢᠯ᠎ᠠ᠃ ᠰᠤᠳᠤᠯᠭᠠᠨ᠎ᠤ ᠪᠦᠯᠬᠦᠮ ᠳᠠᠢ ᠪᠠᠨ ᠬᠠᠮᠳᠤ  40 ᠲᠦᠮᠡᠨ ᠲᠦᠬᠦᠷᠢᠭ᠎ᠤᠨ ᠪᠡᠯᠡ ᠮᠦᠩᠬᠦ ᠴᠤᠭᠯᠠᠭᠤᠯᠵᠤ᠂《ᠤᠮᠠᠷᠠᠳᠤ ᠤᠷᠤᠨ᠎ᠤ ᠲᠠᠷᠢᠶᠠᠯᠠᠩ ᠮᠠᠯ ᠠᠵᠤ ᠠᠬᠤᠢ ᠰᠤᠯᠪᠢᠴᠠᠭᠰᠠᠨ ᠭᠠᠵᠠᠷ ᠤᠷᠤᠨ᠎ᠤ ᠬᠠᠮᠠᠭᠠᠯᠠᠯᠳᠠ ᠵᠢᠨ ᠴᠢᠨᠠᠷᠳᠠᠢ ᠳᠠᠷᠢᠶᠠᠯᠠᠭ᠎ᠠ ᠵᠢᠨ ᠮᠡᠷᠬᠡᠵᠢᠯ》(ᠬᠢᠳᠠᠳ ᠮᠤᠩᠭᠤᠯ ᠬᠠᠷᠢᠴᠠᠭᠤᠯᠤᠭᠰᠠᠨ ᠨᠤᠮ) ᠰᠢᠨᠵᠢᠯᠡᠬᠦ ᠤᠬᠠᠭᠠᠨ᠎ᠢ ᠲᠦᠬᠡᠮᠡᠯᠵᠢᠬᠦᠯᠬᠦ ᠵᠢᠷᠤᠭᠳᠤ ᠳᠡᠪᠳᠡᠷ᠎ᠢ 17 ᠲᠦᠮᠡᠨ ᠳᠡᠪᠳᠡᠷ ᠬᠡᠪᠯᠡᠬᠦᠯᠵᠦ᠂ ᠮᠠᠯᠴᠢᠨ ᠳᠠᠷᠢᠶᠠᠴᠢᠨ ᠳ᠋ᠤ ᠦᠨ᠎ᠡ ᠲᠦᠯᠦᠪᠦᠷᠢ ᠦᠬᠡᠢ ᠪᠡᠷ ᠬᠦᠷᠬᠡᠵᠦ ᠪᠠᠢᠭᠰᠠᠨ ᠶᠤᠮ᠃ ᠤᠯᠠᠨ᠎ᠤ ᠡᠷᠡᠭᠡᠯᠵᠡᠭᠡ᠎ᠶᠢ ᠠᠯᠳᠠᠷᠠᠭᠠᠬᠤ᠎ᠶᠢᠨ ᠲᠥᠯᠥᠭᠡ  ᠯᠦ᠍ ᠵᠠᠨ ᠶᠤᠸᠠᠨ ᠪᠦᠯᠬᠦᠮ᠎ᠢᠶᠡᠨ ᠳᠠᠭᠠᠭᠤᠯᠤᠨ ᠬᠥᠯᠥᠨ ᠪᠤᠢ᠍ᠢᠷ ᠬᠤᠳᠠ᠎ᠶᠢᠨ ᠠᠷᠤᠨ ᠬᠣᠰᠢᠭᠤ ᠵᠡᠷᠭᠡ 50 ᠭᠠᠷᠤᠢ ᠬᠣᠰᠢᠭᠤ ᠰᠢᠶᠠᠨ᠎ᠳᠤ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠲᠠᠷᠢᠶ᠎ᠠ ᠳᠠᠷᠢᠵᠤ᠂ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠭ᠎ᠠ᠎ᠵᠢᠨ ᠮᠡᠷᠬᠡᠵᠢᠯ ᠵᠢᠡᠷ ᠳᠠᠷᠢᠭᠰᠠᠨ ᠰᠢᠷ᠎ᠠ ᠪᠤᠷᠴᠠᠭ᠂ ᠡᠷᠳᠡᠨᠢ ᠰᠢᠰᠢ ᠵᠡᠷᠭᠡ ᠲᠠᠷᠢᠮᠠᠯ᠎ᠤᠨ ᠤᠨᠠᠯᠲᠠ᠎ᠶᠢ ᠳᠤᠮᠳᠠᠴᠢ᠎ᠪᠠᠷ 9% ᠡᠴᠡ 23% ᠪᠡᠷ ᠨᠡᠮᠡᠭᠳᠡᠭᠦᠯᠪᠡ᠃ ᠡᠳᠡᠭᠡᠷ ᠦᠨᠡᠨ ᠪᠤᠳᠠᠳᠠᠢ ᠳᠤᠭ᠎ᠠ ᠪᠠᠷᠢᠮᠳᠠ ᠨᠤᠭᠤᠳ ᠨᠢ ᠲᠠᠷᠢᠶᠠᠴᠢᠳ᠎ᠤᠨ ᠰᠡᠵᠢᠭᠯᠡᠯ᠎ᠢ᠋ ᠲᠠᠢᠯᠵᠤ᠂ ᠰᠠᠨᠠᠭᠠᠴᠢᠯᠠᠭ᠎ᠠ᠎ᠡᠴᠡ ᠪᠠᠨ ᠳᠤᠷᠰᠢᠵᠤ ᠳᠠᠷᠢᠬᠤ ᠪᠤᠯᠪᠠ᠃ ᠤᠳᠤ ᠪᠤᠯᠳᠠᠯ᠎ᠠ᠂ ᠡᠨᠡ ᠬᠦ᠌ ᠮᠡᠷᠬᠡᠵᠢᠯ ᠵᠢᠡᠨ ᠬᠦᠯᠦᠨ ᠪᠤᠢᠷ ᠬᠤᠳᠠ᠂ ᠲᠦᠩᠯᠢᠶᠤᠤ ᠬᠤᠳᠠ᠂ ᠬᠢᠩᠭᠠᠨ ᠠᠢᠮᠠᠭ ᠵᠡᠷᠬᠡ ᠭᠠᠵᠠᠷ ᠵᠢᠡᠷ ᠳᠡᠯᠬᠡᠷᠡᠬᠦᠯᠵᠦ᠂ ᠨᠡᠢᠳᠡ 3 ᠳ᠋ᠦᠩᠰᠢᠭᠤᠷ ᠭᠠᠷᠤᠢ ᠮᠤ᠌ ᠵᠢ ᠳᠠᠪᠠᠵᠤ᠂ ᠠᠮᠤ ᠪᠤᠳᠠᠭ᠎ᠠ ᠵᠢᠨ ᠤᠨᠠᠯᠳᠠ ᠵᠢ 200 ᠭᠠᠷᠤᠢ ᠳ᠋ᠦᠩᠰᠢᠭᠤᠷ ᠵᠢᠩ ᠨᠡᠮᠡᠭᠳᠡᠬᠦᠯᠪᠡ᠃

 2018 ᠣᠨ ᠳ᠋ᠤ ᠯᠸ᠋ ᠵᠠᠨ ᠶᠤᠸᠠᠨ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠠᠷᠤᠭ᠎ᠠ ᠪᠡᠷ ᠠᠵᠢᠯᠯᠠᠭᠰᠠᠨ ᠡᠴᠡ ᠨᠠᠭᠠᠰᠢ ᠬᠡᠳᠦᠢᠪᠡᠷ ᠠᠯᠪᠠᠨ ᠠᠵᠢᠯ ᠶᠠᠭᠠᠷᠠᠯᠳᠠᠢ ᠪᠠᠢᠭᠰᠠᠨ ᠴᠤ᠌ ᠵᠢᠯ ᠪᠦᠷᠢ 100 ᠭᠠᠷᠤᠢ ᠡᠳᠦᠷ ᠳᠠᠷᠢᠶᠠᠨ ᠳᠤᠮᠳᠠ ᠤᠴᠢᠬᠤ ᠪᠠᠨ ᠶᠡᠷᠦᠨᠢ ᠪᠠᠷᠢᠮᠳᠠᠯᠠᠵᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯ ᠳ᠋ᠠᠭᠠᠨ ᠭᠠᠪᠰᠢᠭᠠᠢᠯᠠᠭᠰᠠᠭᠠᠷ ᠢᠷᠡᠭᠰᠡᠨ ᠶᠤᠮ᠃ ᠯᠦ᠍ ᠵᠠᠨ ᠶᠤᠸᠠᠨ᠎ᠤ ᠡᠷᠬᠢᠯᠡᠭᠰᠡᠡ ᠲᠦᠷᠦᠯ ᠵᠦᠢᠯ ᠨᠢ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠪᠰᠢᠯᠳᠠ᠎ᠶᠢᠨ ᠬᠣᠶᠠᠳᠤᠭᠠᠷ ᠳᠡᠰ᠎ᠤᠨ ᠱᠠᠩᠨᠠᠯ  ᠢ᠋ 3 ᠤᠳᠠᠭ᠎ᠠ ᠬᠦᠷᠳᠡᠵᠦ᠂ ᠮᠤᠵᠢ ᠶᠠᠮᠤᠨ᠎ᠤ ᠳᠡᠰ᠎ᠤᠨ ᠨᠢᠭᠡᠳᠦᠭᠡᠷ ᠳᠡᠰ᠎ᠤᠨ ᠱᠠᠩᠨᠠᠯ ᠢ᠋  6 ᠤᠳᠠᠭ᠎ᠠ ᠬᠦᠷᠳᠡᠵᠦ᠂ 281 ᠰᠤᠳᠤᠯᠭᠠᠨ᠎ᠤ ᠥᠭᠦᠯᠡᠯ ᠨᠡᠢᠲᠡᠯᠡᠭᠦᠯᠵᠦ᠂ 57 ᠲᠤᠰᠬᠠᠢ ᠠᠰᠢᠭ᠋᠎ᠤᠨ ᠡᠬᠦᠳᠦᠯᠳᠡ ᠵᠢᠨ ᠡᠷᠬᠡ᠎ᠶᠢ ᠬᠦᠷᠳᠡᠪᠡ᠃  ᠰᠤᠳᠤᠯᠭᠠᠨ᠎ᠤ ᠦᠷ᠎ᠠ ᠪᠦᠳᠦᠬᠡᠯ᠎ᠤᠳ ᠡᠴᠡ 29 ᠵᠦᠢᠯ ᠨᠢ ᠬᠦᠳᠡᠬᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠪᠣᠯᠣᠨ ᠮᠤᠵᠢ ᠣᠷᠣᠨ᠎ᠤ ᠭᠣᠣᠯ ᠲᠦᠬᠡᠮᠡᠯᠵᠢᠬᠦᠯᠬᠦ ᠮᠡᠷᠭᠡᠵᠢᠯ᠎ᠵᠢᠡᠷ ᠰᠣᠩᠭᠣᠭᠳᠠᠵᠤ ᠂ 55 ᠵᠦᠢᠯ᠎ᠦᠨ ᠪᠠᠷᠢᠮᠵᠢᠶ᠎ᠠ᠎ᠶᠢ ᠨᠠᠢᠷᠠᠭᠤᠯᠤᠨ ᠵᠣᠬᠢᠶᠠᠪᠠ᠃

ᠡᠳᠡᠭᠡᠷ ᠵᠢᠯ᠎ᠤᠳ᠎ᠤᠨ ᠴᠦᠬᠦᠷᠡᠰᠢ ᠦᠬᠡᠢ ᠴᠢᠷᠮᠠᠢᠯᠭ᠎ᠠ ᠪᠡᠷ ᠯᠤ᠌ ᠵᠠᠨ ᠶᠤᠸᠠᠨ ᠪᠦᠬᠦ ᠤᠯᠤᠰ᠎ᠤᠨ ᠰᠢᠨ᠎ᠡ᠎ᠡᠬᠦᠳᠦᠯᠳᠡ ᠵᠢᠨ ᠲᠡᠷᠢᠭᠦᠨ᠎ᠦ ᠱᠠᠩᠨᠠᠯ᠂ ᠤᠯᠤᠰ᠎ᠤᠨ 《ᠲᠦᠮᠡᠨ ᠬᠥᠮᠥᠨ᠎ᠦ ᠲᠥᠯᠥᠪᠯᠡᠭᠡ》 ᠵᠢᠨ ᠳᠠᠭᠠᠭᠤᠯᠤᠭ᠍ᠴᠢ ᠴᠢᠳᠠᠪᠤᠷᠢᠲᠠᠨ ᠵᠡᠷᠭᠡ ᠮᠠᠰᠢ ᠤᠯᠠᠨ ᠢᠷᠠᠭᠤ ᠠᠯᠳᠠᠷ᠎ᠤᠨ ᠴᠣᠯᠠ᠎ᠶᠢ ᠬᠦᠷᠲᠡᠪᠡ᠃  ᠳᠡᠬᠦᠨ᠎ᠤ ᠎ᠳᠠᠭᠠᠭᠤᠯᠤᠭᠰᠠᠨ ᠰᠤᠳᠤᠯᠭᠠᠨ᠎ᠤ ᠪᠦᠯᠬᠦᠮ᠎ᠤᠨ ᠲᠤᠳᠤᠷ᠎ᠠ ᠡᠴᠡ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠣᠷᠳᠣᠨ᠎ᠤ ᠣᠨᠴᠠ ᠨᠦᠬᠦᠪᠦᠷᠢ ᠵᠢ ᠭᠥᠷᠳᠡᠭᠴᠢ ᠲᠤᠰᠬᠠᠢ ᠮᠡᠷᠭᠡᠵᠢᠯᠲᠡᠨ᠂ ᠪᠥᠬᠥ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠯᠢᠳᠡᠭ ᠠᠵᠢᠯᠲᠠᠨ᠂ ᠳᠠᠯ᠎ᠠ ᠨᠤᠳᠤᠭ᠎ᠤᠨ ᠰᠤᠳᠤᠨ ᠴᠢᠳᠠᠪᠤᠷᠢᠳᠠᠨ ᠵᠡᠷᠭᠡ 20 ᠭᠠᠷᠤᠢ ᠬᠥᠮᠥᠨ᠎ᠴᠤᠯᠭᠤᠷᠠᠵᠤ᠂ 120 ᠭᠠᠷᠤᠢ ᠮᠠᠰᠲᠧᠷ᠂ ᠳ᠋ᠣᠺᠲ᠋ᠣᠷ ᠪᠠ ᠫᠤᠰᠲ ᠳ᠋ᠣᠺᠲ᠋ᠣᠷ᠎ᠢ ᠬᠥᠮᠥᠵᠢᠭᠦᠯᠵᠡᠢ ᠃

ᠲᠦᠴᠢ ᠭᠠᠷᠤᠢ ᠵᠢᠯ ᠎ᠬᠥᠳᠡᠭᠡ ᠨᠤᠲᠤᠭ ᠎ᠲᠤ ᠦᠨᠳᠦᠰᠦᠯᠡᠵᠦ᠂ ᠰᠢᠨᠵᠢᠯᠡᠬᠦ ᠤᠬᠠᠭᠠᠨ᠎ᠵᠢᠡᠷ ᠲᠠᠷᠢᠶᠠᠯᠠᠩ ᠮᠠᠯ ᠠᠵᠤ ᠠᠬᠤᠢ ᠎ᠳ᠋ᠤ ᠦᠢᠯᠡᠴᠢᠯᠡᠵᠦ ᠢᠷᠡᠭᠰᠡᠨ ᠎ᠤ ᠬᠠᠷᠢᠭᠤ ᠬᠦᠷᠳᠡᠭᠡᠯ ᠪᠤᠯᠵᠤ᠂ ᠳᠡᠷᠡ  ᠤᠯᠤᠰ᠎ᠤᠨ ᠬᠠᠮᠤᠭ ᠎ᠤᠨ ᠦᠨᠳᠦᠷ ᠡᠷᠳᠡᠮ ᠰᠢᠨᠵᠢᠯᠡᠭᠡᠨ ᠎ᠤ᠋  ᠪᠠ ᠢᠨᠵᠧᠨᠧᠷᠢᠩ᠎ᠦᠨ ᠮᠡᠷᠭᠡᠵᠢᠯ᠎ᠦᠨ ᠢᠷᠠᠭᠤ ᠠᠯᠳᠠᠷ ᠵᠢᠡᠷ ᠡᠩᠬᠡᠷ ᠵᠢᠡᠨ ᠮᠢᠯᠢᠶᠠᠯᠭᠠᠪᠠ᠃ ᠲᠠᠷᠢᠶᠠᠨ ᠭᠠᠵᠠᠷ ᠢ᠋ ᠬᠠᠮᠠᠭᠠᠯᠠᠬᠤ ᠪᠠ ᠠᠰᠢᠭ᠍ᠯᠠᠬᠤ ᠪᠣᠯ ᠳᠡᠬᠦᠨ᠎ᠤ ᠴᠥᠬᠥᠷᠡᠰᠢ ᠦᠭᠡᠢ ᠬᠥᠭᠡᠭᠡᠴᠡᠯᠳᠦᠯ ᠪᠤᠯᠤᠨ᠎ᠠ᠃ ᠳᠡᠷᠡ᠄ 《 ᠪᠢ ᠬᠡᠳᠦᠢᠪᠡᠷ ᠵᠢᠷᠠ ᠬᠦᠷᠦᠭᠰᠡᠨ ᠴᠤ᠌ ᠦᠢᠯᠡᠰ ᠮᠠᠨᠢ ᠰᠠᠶᠢᠬᠠᠨ ᠡᠬᠢᠯᠡᠵᠦ ᠪᠠᠢᠭ᠎ᠠ ᠬᠡᠮᠡᠷ ᠰᠠᠨᠠᠭᠳᠠᠵᠤ ᠪᠠᠢᠨ᠎ᠠ》 ᠬᠡᠵᠦ ᠶᠠᠷᠢᠵᠤ ᠪᠠᠢᠯ᠎ᠠ᠃

    


                   ᠬᠤᠯᠪᠤᠭᠠᠰᠤ


11ᠰᠠᠷ᠎ᠠ ᠵᠢᠨ 21᠎ᠤ᠋ ᠡᠳᠦᠷ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ ᠪᠤᠯᠤᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ ᠡᠴᠡ 2025 ᠣᠨ᠎ᠤ ᠠᠺᠠᠳᠧᠮᠢᠴᠢ ᠵᠢ ᠨᠡᠮᠡᠵᠦ ᠰᠤᠩᠭᠤᠭᠰᠠᠨ ᠦᠷ᠎ᠠ ᠳ᠋ᠦᠩ᠎ᠢ ᠨᠡᠢᠲᠡᠯᠡᠵᠦ ᠨᠡᠢᠳᠡ 144 ᠬᠦᠮᠦᠨ ᠰᠤᠩᠭᠤᠭᠳᠠᠪᠠ᠃  ᠡᠨᠡ ᠤᠳᠠᠭ᠎ᠠ ᠦᠪᠦᠷ ᠮᠤᠩᠭᠤᠯ᠎ᠡᠴᠡ 2 ᠬᠦᠮᠦᠨ ᠨᠡᠮᠡᠵᠦ ᠰᠤᠩᠭᠤᠭᠳᠠᠪᠠ᠃

ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠤᠨ ᠠᠺᠠᠳᠧᠮᠢᠴᠢ  ᠪᠡᠷ  73 ᠬᠦᠮᠦᠨ᠎ᠢ ᠰᠤᠩᠭᠤᠨ ᠭᠠᠷᠭᠠᠵᠤ᠂ ᠨᠡᠮᠡᠵᠦ ᠰᠤᠩᠭᠤᠭᠰᠠᠨ᠎ᠤ ᠳᠠᠷᠠᠭ᠎ᠠ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠤᠨ ᠠᠺᠠᠳᠧᠮᠢᠴᠢ  ᠨᠡᠢᠳᠡ 908 ᠪᠤᠯᠵᠠᠢ᠃ ᠡᠬᠦᠨ ᠡᠴᠡ ᠭᠠᠳᠠᠨ᠎ᠠ᠂ ᠰᠢᠨ᠎ᠡ ᠪᠡᠷ ᠨᠡᠮᠡᠵᠦ ᠰᠤᠩᠭᠤᠭᠰᠠᠨ᠎ᠭᠠᠳᠠᠭᠠᠳᠤ ᠵᠢᠨ ᠠᠺᠠᠳᠧᠮᠢᠴᠢ  27 ᠪᠠᠢᠵᠤ᠂  ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ ᠳ᠋ᠡᠬᠢ ᠭᠠᠳᠠᠭᠠᠳᠤ ᠵᠢᠨ ᠠᠺᠠᠳᠧᠮᠢᠴᠢ ᠨᠡᠢᠳᠡ 173  ᠪᠤᠯᠪᠠ᠃

ᠳᠤᠮᠳᠠᠳᠤ ᠤᠯᠤᠰ᠎ᠤᠨ ᠢᠨᠵᠧᠨᠧᠷᠢᠩ ᠎ᠦᠨ ᠬᠦᠷᠢᠶᠡᠯᠡᠩ᠎ᠦᠨ ᠠᠺᠠᠳᠧᠮᠢᠴᠢ  ᠪᠡᠷ 71 ᠬᠦᠮᠦᠨ ᠢ᠋ ᠰᠤᠩᠭᠤᠨ ᠭᠠᠷᠭᠠᠪᠠ᠃ ᠨᠡᠮᠡᠵᠦ ᠰᠤᠩᠭᠤᠭᠰᠠᠨ᠎ᠤ ᠳᠠᠷᠠᠭ᠎ᠠ ᠳᠤᠮᠳᠠᠳᠤ ᠤᠯᠤᠰ᠎ᠤᠨ ᠢᠨᠵᠧᠨᠧᠷᠢᠩ ᠎ᠦᠨ ᠬᠦᠷᠢᠶᠡᠯᠡᠩ᠎ᠦᠨ ᠠᠺᠠᠳᠧᠮᠢᠴᠢ 1002  ᠪᠤᠯᠪᠠ᠃  ᠡᠬᠦᠨ ᠡᠴᠡ ᠭᠠᠳᠠᠨ᠎ᠠ᠂ ᠰᠢᠨ᠎ᠡ ᠪᠡᠷ ᠨᠡᠮᠡᠵᠦ ᠰᠤᠩᠭᠤᠭᠰᠠᠨ᠎ᠭᠠᠳᠠᠭᠠᠳᠤ ᠵᠢᠨ ᠠᠺᠠᠳᠧᠮᠢᠴᠢ  24 ᠪᠠᠢᠵᠤ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠳ᠋ᠡᠬᠢ ᠭᠠᠳᠠᠭᠠᠳᠤ ᠵᠢᠨ ᠠᠺᠠᠳᠧᠮᠢᠴᠢ 148  ᠪᠤᠯᠪᠠ᠃



     ᠳᠤᠮᠳᠠᠳᠤ ᠤᠯᠤᠰ᠎ᠤᠨ ᠠᠺᠠᠳᠧᠮᠢᠴᠢ

ᠠᠺᠠᠳᠧᠮᠢᠴᠢ ᠪᠤᠯ ᠮᠠᠨ ᠤ᠋ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠪᠠ ᠢᠨᠵᠧᠨ᠋ᠧᠷᠢᠩ᠎ᠤᠨ ᠮᠡᠷᠬᠡᠵᠢᠯ᠎ᠤᠨ ᠬᠦᠷᠢᠶᠡᠨ ᠤ᠋ ᠬᠠᠮᠤᠭ᠎ᠤᠨ ᠦᠨᠳᠦᠷ ᠢᠷᠠᠭᠤ ᠠᠯᠳᠠᠷ᠎ᠤᠨ ᠴᠤᠯᠠ ᠪᠤᠯᠤᠨ᠎ᠠ᠃ 2 ᠵᠢᠯ᠎ᠳᠤ 1 ᠤᠳᠠᠭ᠎ᠠ ᠨᠡᠮᠡᠵᠦ ᠰᠤᠩᠭᠤᠳᠠᠭ᠃ ᠳᠤᠮᠳᠠᠳᠤ ᠤᠯᠤᠰ᠎ᠤᠨ ᠠᠺᠠᠳᠧᠮᠢᠴᠢ᠎ᠶᠢ 2 ᠲᠥᠷᠥᠯ᠎ᠳᠦ ᠬᠤᠪᠢᠶᠠᠨ᠎ᠠ᠃



ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴ

ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠪᠣᠯ ᠳᠤᠮᠳᠠᠳᠤ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠨ᠎ᠳᠡᠬᠢ ᠬᠠᠮᠤᠭ᠎ᠤᠨ ᠳᠡᠭᠡᠳᠦ ᠡᠷᠳᠡᠮ ᠰᠢᠨᠵᠢᠯᠡᠭᠡᠨ᠎ᠦ ᠴᠣᠯᠠ ᠪᠠᠢᠵᠦ᠂ ᠨᠠᠰᠤᠨ ᠲᠤᠷᠰᠢᠲᠠ᠎ᠶᠢᠨ ᠢᠷᠠᠭᠤ ᠠᠯᠳᠠᠷ ᠪᠤᠯᠤᠨ᠎ᠠ᠃ ᠡᠬᠦᠨ᠎ᠳᠤ᠂ ᠲᠣᠭᠠᠨ᠎ᠤ ᠤᠬᠠᠭᠠᠨ ᠹᠢᠽᠢᠺ᠎ᠦᠨ ᠤᠬᠠᠭᠠᠨ᠎ᠤ ᠬᠡᠯᠲᠡᠰ᠂ ᠬᠢᠮᠢ᠎ᠶᠢᠨ ᠬᠡᠯᠲᠡᠰ᠂ ᠠᠮᠢ ᠨᠠᠰᠤᠨ ᠤ᠋ ᠰᠢᠨᠵᠢᠯᠡᠬᠦ ᠤᠬᠠᠭᠠᠨ ᠪᠠ ᠠᠨᠠᠭᠠᠬᠤ ᠤᠬᠠᠭᠠᠨ᠎ᠤ ᠡᠷᠳᠡᠮ ᠰᠢᠨᠵᠢᠯᠡᠭᠡᠨ᠎ᠦ ᠬᠡᠯᠲᠡᠰ᠂ ᠭᠠᠵᠠᠷ ᠵᠦᠢ᠎ᠶᠢᠨ ᠡᠷᠳᠡᠮ ᠰᠢᠨᠵᠢᠯᠡᠭᠡᠨ᠎ᠦ ᠬᠡᠯᠲᠡᠰ᠂ ᠮᠡᠳᠡᠭᠡ ᠵᠠᠩᠭᠢ᠎ᠶᠢᠨ ᠮᠡᠷᠭᠡᠵᠢᠯ᠎ᠦᠨ ᠰᠢᠨᠵᠢᠯᠡᠬᠦ ᠤᠬᠠᠭᠠᠨ᠎ᠤ ᠬᠡᠯᠲᠡᠰ᠂ ᠮᠡᠷᠭᠡᠵᠢᠯ᠎ᠦᠨ ᠰᠢᠨᠵᠢᠯᠡᠬᠦ ᠤᠬᠠᠭᠠᠨ᠎ᠤ ᠬᠡᠯᠲᠡᠰ ᠵᠡᠷᠭᠡ 6 ᠡᠷᠳᠡᠮ ᠰᠢᠨᠵᠢᠯᠡᠭᠡᠨ᠎ᠤ ᠬᠡᠯᠳᠡᠰ ᠲᠸ᠋ ᠬᠤᠪᠢᠶᠠᠳᠠᠭ᠃


  ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ

ᠳᠤᠮᠳᠠᠳᠤ ᠤᠯᠤᠰ ᠎ᠤᠨ ᠢᠨᠵᠧᠨᠧᠷᠢᠩ ᠎ᠦᠨ ᠬᠦᠷᠢᠶᠡᠯᠡᠩ᠎ᠦᠨ ᠠᠺᠠᠳᠧᠮᠢᠴᠢ ᠪᠣᠯ ᠳᠤᠮᠳᠠᠳᠤ ᠤᠯᠤᠰ᠎ᠤᠨ ᠢᠨᠵᠧᠨᠧᠷᠢᠩ᠎ᠦᠨ ᠮᠡᠷᠭᠡᠵᠢᠯ ᠎ᠦᠨ ᠬᠦᠷᠢᠶᠡᠨ᠎ᠳᠡᠬᠢ ᠬᠠᠮᠤᠭ᠎ᠤᠨ ᠳᠡᠭᠡᠳᠦ ᠡᠷᠳᠡᠮ ᠰᠢᠨᠵᠢᠯᠡᠭᠡᠨ᠎ᠦ ᠴᠣᠯᠠ ᠪᠠᠢᠵᠦ᠂ ᠨᠠᠰᠤᠨ ᠲᠤᠷᠰᠢᠲᠠ᠎ᠶᠢᠨ ᠢᠷᠠᠭᠤ ᠠᠯᠳᠠᠷ ᠪᠤᠯᠤᠨ᠎ᠠ᠃ ᠡᠬᠦᠨ᠎ᠳᠤ᠂ ᠮᠠᠰᠢᠨ ᠮᠧᠬᠠᠨᠢᠭ᠋ ᠪᠠ ᠵᠥᠭᠡᠭᠡᠪᠦᠷᠢ᠎ᠶᠢᠨ ᠢᠨᠵᠧᠨᠧᠷᠢᠩ᠎ᠦᠨ ᠡᠷᠳᠡᠮ ᠰᠢᠨᠵᠢᠯᠡᠭᠡᠨ᠎ᠦ ᠬᠡᠯᠲᠡᠰ᠂ ᠮᠡᠳᠡᠭᠡ ᠵᠠᠩᠭᠢ ᠪᠠ ᠡᠯᠧᠺᠲᠷᠣᠨ᠎ᠤ ᠢᠨᠵᠧᠨᠧᠷᠢᠩ᠎ᠦᠨ ᠡᠷᠳᠡᠮ ᠰᠢᠨᠵᠢᠯᠡᠭᠡᠨ᠎ᠦ ᠬᠡᠯᠲᠡᠰ᠂ ᠬᠢᠮᠢ᠎ᠶᠢᠨ ᠠᠵᠤ ᠦᠢᠯᠡᠳᠪᠦᠷᠢ᠂ ᠲᠡᠮᠦᠷᠯᠢᠭ ᠪᠤᠯᠪᠠᠰᠤᠷᠠᠭᠤᠯᠬᠤ ᠪᠠ ᠮᠠᠲᠧᠷᠢᠶᠠᠯ᠎ᠤᠨ ᠢᠨᠵᠧᠨᠧᠷᠢᠩ᠎ᠦᠨ ᠡᠷᠳᠡᠮ ᠰᠢᠨᠵᠢᠯᠡᠭᠡᠨ᠎ᠦ ᠬᠡᠯᠲᠡᠰ᠂ ᠡᠨᠧᠷᠭᠢ ᠬᠢᠭᠡᠳ ᠠᠭᠤᠷᠬᠠᠢ᠎ᠶᠢᠨ ᠢᠨᠵᠧᠨᠧᠷᠢᠩ᠎ᠦᠨ ᠡᠷᠳᠡᠮ ᠰᠢᠨᠵᠢᠯᠡᠭᠡᠨ᠎ᠦ ᠬᠡᠯᠲᠡᠰ᠂ ᠮᠣᠳᠣ᠌ ᠰᠢᠷᠣᠢ᠂ ᠤᠰᠤᠨ ᠠᠰᠢᠭ᠍ᠯᠠᠯᠲᠠ ᠪᠠ ᠪᠠᠷᠢᠯᠭ᠎ᠠ᠎ᠶᠢᠨ ᠢᠨᠵᠧᠨᠧᠷᠢᠩ᠎ᠦᠨ ᠡᠷᠳᠡᠮ ᠰᠢᠨᠵᠢᠯᠡᠭᠡᠨ᠎ᠦ ᠬᠡᠯᠲᠡᠰ᠂ ᠣᠷᠴᠢᠨ ᠲᠣᠭᠣᠷᠢᠨ ᠬᠢᠭᠡᠳ ᠬᠥᠩᠭᠡᠨ ᠠᠵᠤ ᠦᠢᠯᠡᠳᠪᠦᠷᠢ ᠨᠡᠬᠡᠮᠡᠯ᠎ᠦᠨ ᠢᠨᠵᠧᠨᠧᠷᠢᠩ᠎ᠦᠨ ᠡᠷᠳᠡᠮ ᠰᠢᠨᠵᠢᠯᠡᠭᠡᠨ᠎ᠦ ᠬᠡᠯᠲᠡᠰ᠂ ᠲᠠᠷᠢᠶᠠᠯᠠᠩ᠎ᠤᠨ ᠡᠷᠳᠡᠮ ᠰᠢᠨᠵᠢᠯᠡᠭᠡᠨ᠎ᠦ ᠬᠡᠯᠲᠡᠰ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠷᠳᠡᠮ ᠰᠢᠨᠵᠢᠯᠡᠭᠡᠨ᠎ᠦ ᠬᠡᠯᠲᠡᠰ ᠵᠡᠷᠭᠡ 9 ᠡᠷᠳᠡᠮ ᠰᠢᠨᠵᠢᠯᠡᠭᠡᠨ᠎ᠦ ᠬᠡᠯᠲᠡᠰ᠎ᠲᠦ ᠬᠤᠪᠢᠶᠠᠳᠠᠭ᠃


      ᠥᠪᠥᠷ ᠮᠣᠩᠭᠣᠯ᠎ᠡᠴᠡ ᠴᠤᠯᠭᠤᠷᠠᠭᠰᠠᠨ ᠠᠺᠠᠳᠧᠮᠢᠴᠢ


ᠯᠢ ᠪᠦᠸᠸ᠄ 1993ᠤᠨ᠎ᠳᠤ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠪᠠᠷ ᠰᠤᠩᠭᠤᠠᠠᠳᠠᠪᠠ᠃ ᠮᠠᠨ᠎ᠤ ᠤᠯᠤᠰ᠎ᠤᠨ ᠤᠷᠭᠤᠮᠠᠯ᠎ᠤᠨ ᠠᠮᠢ ᠠᠬᠤᠢ ᠵᠢᠨ ᠤᠬᠠᠭᠠᠨᠳᠠᠨ᠂  ᠦᠪᠦᠷ ᠮᠤᠩᠭᠤᠯ᠎ᠳᠤ ᠤᠳᠠᠭᠠᠨ ᠵᠢᠯ ᠠᠵᠢᠯᠯᠠᠵᠦ ᠰᠤᠳᠤᠯᠭᠠᠨ ᠬᠢᠪᠡ᠃

ᠰᠢᠭᠤᠷᠭᠠᠨ᠄ 1995 ᠤᠨ᠎ᠳᠤ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠪᠠᠷ ᠰᠤᠩᠭᠤᠠᠠᠳᠠᠪᠠ᠃ ᠮᠠᠨ᠎ᠤ ᠤᠯᠤᠰ᠎ᠤᠨ ᠠᠩᠬᠠᠳᠠᠭᠴᠢ 《ᠬᠤᠷᠤᠭᠤ ᠰᠢᠯ᠎ᠤᠨ ᠬᠤᠷᠠᠭ᠎ᠠ》᠂ 《ᠬᠤᠷᠤᠭᠤ ᠰᠢᠯ᠎ᠤᠨ ᠲᠤᠭᠤᠯ》 ᠢ᠋ ᠪᠤᠢᠵᠢᠭᠤᠯᠤᠭᠰᠠᠨ ᠬᠦᠮᠦᠨ ᠪᠤᠯᠤᠨ᠎ᠠ᠃

ᠵᠠᠩ ᠫᠧᠩ ᠵᠢᠦᠢ᠄ 2025 ᠤᠨ᠎ᠳᠤ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠪᠠᠷ ᠰᠤᠩᠭᠤᠠᠠᠳᠠᠪᠠ᠃  ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ ᠎ᠦᠨ ᠪᠠᠷᠢᠯᠭ᠎ᠠ ᠎ᠶᠢᠨ ᠬᠦᠷᠢᠶᠡᠨ ᠤ᠋ ᠠᠺᠠᠳᠧᠮᠢᠴᠢ ᠪᠡᠷ ᠰᠤᠩᠭᠤᠭᠳᠠᠭᠰᠠᠨ ᠦᠪᠦᠷ ᠮᠤᠩᠭᠤᠯ ᠎ᠤᠨ  ᠠᠩᠬᠠᠳᠠᠭᠴᠢ ᠳᠤᠰᠬᠠᠢ ᠮᠡᠷᠬᠡᠵᠢᠯᠳᠡᠨ ᠪᠤᠯᠤᠨ᠎ᠠ᠃

ᠯᠤ᠌ ᠵᠠᠨ ᠶᠤᠸᠠᠨ᠄ 2025 ᠤᠨ᠎ᠳᠤ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠪᠠᠷ ᠰᠤᠩᠭᠤᠠᠠᠳᠠᠪᠠ᠃ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ᠎ᠤ ᠲᠠᠷᠢᠶᠠᠨ ᠭᠠᠵᠠᠷ᠎ᠤᠨ《ᠰᠠᠯᠬᠢᠨ᠎ᠳᠤ ᠢᠳᠡᠭᠳᠡᠬᠦ᠎ᠶᠢ ᠰᠡᠷᠭᠡᠢᠯᠡᠨ ᠵᠠᠰᠠᠬᠤ᠂ ᠬᠦᠷᠦᠰᠦᠨ ᠤ᠋ ᠰᠢᠮ᠎ᠡ᠎ᠶᠢ ᠪᠣᠢᠵᠢᠭᠤᠯᠬᠤ᠂ ᠦᠢᠯᠡᠳᠪᠦᠷᠢᠯᠡᠯ ᠎ᠦᠨ ᠴᠢᠳᠠᠪᠤᠷᠢ᠎ᠶᠢ ᠳᠡᠭᠡᠭᠰᠢᠯᠡᠭᠦᠯᠬᠦ》 ᠭᠤᠷᠪᠠᠨ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ ᠬᠦᠴᠢᠷ ᠠᠰᠠᠭᠤᠳᠠᠯ᠎ᠢ ᠰᠢᠰᠲ᠋ᠧᠮ ᠲᠠᠢ ᠰᠢᠢᠳᠪᠦᠷᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号