ᠠᠯᠠᠱᠠ ᠠᠢᠮᠠᠭᠪᠠᠳᠠᠢᠶ᠋ᠢᠨ ᠵᠢᠷᠠᠨ᠂ ᠲᠩᠷᠢ ᠡᠯᠡᠰᠦ᠂ ᠤᠯᠠᠭᠠᠨᠪᠤᠬ᠎ᠠ 3 ᠶᠡᠬᠡ ᠡᠯᠡᠰᠦᠨ ᠴᠦᠯ᠎ᠦᠨ ᠵᠠᠬ᠎ᠠ᠎ᠶ᠋ᠢ ᠡᠮᠵᠢᠶᠡᠷᠢᠯᠡᠭᠰᠡᠨ ᠤᠢ ᠮᠣᠳᠣ ᠡᠪᠡᠰᠦ ᠪᠡᠯᠴᠢᠬᠡᠷ᠎ᠤᠨ ᠪᠦᠰᠡ᠎ᠶ᠋ᠢ ᠨᠡᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠡᠶᠡᠯᠡᠭᠦᠯᠵᠦ᠍᠂ 1856 ᠺᠢᠯᠤᠮᠸᠲᠷ᠎ᠤᠨ 《ᠨᠤᠮᠢᠨ ᠨᠤᠭᠤᠭᠠᠨ 〈ᠤᠷᠳᠤ ᠴᠠᠭᠠᠨ ᠬᠡᠷᠡᠮ〉》 ᠡᠯᠡᠰᠦᠨ ᠴᠦᠯ᠎ᠦᠨ ᠲᠦᠷᠢᠯᠳᠡ ᠶ᠋ᠢ ᠪᠦᠲᠦᠮᠵᠢᠲᠡᠢ ᠬᠣᠷᠢᠭ᠍ᠯᠠᠪᠠ; ᠬᠥᠯᠥᠨ ᠪᠣᠢᠷ ᠬᠣᠲᠠ᠎ᠶ᠋ᠢᠨ ᠳ᠋ᠦᠩᠱᠢᠭᠤᠷ ᠱᠢᠬᠠᠮ ᠮᠥ᠍ ᠨᠤᠲᠤᠭ ᠪᠡᠯᠴᠢᠭᠡᠷ 《ᠴᠠᠯᠢᠩᠲᠠᠶᠠᠮᠠᠷᠠᠬᠤ》 ᠵᠠᠭ᠍ᠪᠤᠷ᠎ᠢ ᠡᠬᠢᠯᠡᠬᠦᠯᠪᠡ; 27 ᠵᠢᠯ ᠤᠷᠤᠰᠭᠠᠯ ᠲᠠᠰᠤᠷᠠᠭ᠍ᠰᠠᠨ ᠪᠠᠷᠠᠭᠤᠨ ᠯᠢᠶᠣᠤᠾᠧ ᠭᠣᠣᠯ ᠪᠦᠬᠦ᠌ ᠱᠤᠭᠤᠮ᠎ᠢᠶᠠᠷ ᠨᠡᠪᠲᠡᠷᠡᠪᠡ; ᠥᠪᠥᠷ ᠮᠣᠩᠭᠣᠯ᠎ᠤᠨ ᠠᠩᠬᠠᠳᠠᠭ᠍ᠴᠢ ᠪᠦᠯᠦᠭ 《ᠵᠢᠵᠢᠭ ᠰᠠᠪᠠ ᠭᠠᠵᠠᠷ + ᠢᠳᠡᠭ᠌ᠳᠡᠯ᠎ᠦᠨ ᠭᠤᠤ》 ᠵᠢᠨ ᠬᠥᠷᠥᠰᠥ᠍ ᠱᠢᠷᠣᠢ᠎ᠶ᠋ᠢ ᠬᠠᠮᠠᠭᠠᠯᠠᠬᠤ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠤᠨᠳᠤᠤᠰᠢᠭᠤᠯᠤᠨ ᠠᠷᠠᠯᠵᠢᠶᠠᠯᠠᠬᠤ ᠭᠡᠷ᠎ᠡ ᠳᠤᠬᠢᠷᠠᠯᠴᠠᠪᠠ ᠁ ᠠᠯᠢ ᠤᠯᠠᠨ ᠨᠣᠮᠢᠨ ᠤᠰᠤ ᠬᠦᠬᠡᠮᠳᠦᠭ ᠠᠭᠤᠯᠠ ᠪᠡᠷ ᠪᠦᠷᠢᠯᠳᠦᠭᠰᠡᠨ ᠵᠢᠷᠤᠭ᠎ᠤᠳ ᠨᠢ ᠥᠪᠥᠷ ᠮᠣᠩᠭᠣᠯ᠎ᠤᠨ ᠠᠮᠢ ᠠᠬᠤᠢ᠎ᠶ᠋ᠢᠨ ᠦᠵᠡᠮᠵᠢᠳᠤ ᠵᠢᠷᠤᠭ᠎ᠢ ᠪᠦᠳᠦᠬᠡᠵᠡᠢ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ 《ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ》 ᠭᠡᠬᠦ᠌ ᠣᠢᠯᠠᠭᠠᠭ᠍ᠳᠠᠬᠤᠨ᠎ᠢ ᠭᠤᠢᠪᠢᠰᠢ ᠥᠬᠡᠶ ᠦᠶ᠋ᠯᠡᠳᠦᠯᠭᠡᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠴᠢᠨᠠᠷ ᠰᠠᠢᠲᠠᠶ ᠬᠡᠷᠡᠭ᠌ᠵᠢᠭᠦᠯᠵᠦ᠍᠂ ᠠᠭᠤᠯᠠ ᠨᠢ ᠬᠥᠬᠡᠮᠳᠦᠭ᠂ ᠤᠰᠤ᠎ᠨᠢ ᠨᠤᠮᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢ ᠭᠠᠵᠠᠷ ᠪᠣᠯᠭᠠᠨ᠎ᠡᠴᠡ ᠬᠠᠷᠠᠬᠤ ᠪᠤᠯᠪᠠ᠃
ᠥᠪᠥᠷ ᠮᠣᠩᠭᠣᠯ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠬᠤᠷᠳᠤᠴᠡ ᠵᠢ 《ᠳᠠᠬᠢᠨ᠎ᠢᠶᠠᠷ ᠲᠦᠷᠭᠡᠳᠭᠡᠬᠦ》 ᠵᠠᠭ᠍ᠪᠤᠷ᠎ᠢ ᠡᠬᠢᠯᠡᠬᠦᠯᠪᠡ
《2023 ᠣᠨ᠎ᠳᠤ 〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠲᠠᠯ᠎ᠠ᠎ᠪᠠᠷ ᠡᠬᠢᠯᠡᠭᠦᠯᠵᠡᠢ᠃ 2024 ᠣᠨ᠎ᠳᠤ ᠥᠪᠥᠷ ᠮᠣᠩᠭᠣᠯ ᠡᠳᠦᠷ ᠳᠤᠮᠳᠠᠴᠢ᠎ᠪᠡᠷ 6 ᠲᠦᠮᠡᠨ ᠮᠤ᠌ ᠵᠢᠨ ᠡᠯᠡᠰᠦ ᠵᠢ ᠵᠠᠰᠠᠬᠤ ᠬᠤᠷᠳᠤᠴᠠ ᠪᠡᠷ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠵᠢ ᠠᠬᠢᠭᠤᠯᠵᠤ᠂ ᠬᠤᠷᠳᠤᠴᠡ ᠵᠢ 〈ᠳᠠᠬᠢᠨ᠎ᠢᠶᠠᠷ ᠲᠦᠷᠭᠡᠳᠭᠡᠬᠦ〉 ᠵᠠᠭ᠍ᠪᠤᠷ᠎ᠢ ᠡᠬᠢᠯᠡᠬᠦᠯᠪᠡ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶᠠᠨ᠎ᠤ ᠳᠡᠳ᠋ ᠳᠠᠷᠤᠭ᠎ᠠ ᠲᠢᠶᠸ ᠨᠢᠤ ᠲᠠᠨᠢᠯᠴᠠᠭᠤᠯᠬᠤ᠎ᠳᠠᠭᠠᠨ᠂ 《ᠮᠤᠤᠠᠤᠰᠤ᠎ᠶ᠋ᠢᠨ ᠡᠯᠡᠰᠦᠷᠬᠡᠭ ᠭᠠᠵᠠᠷ᠎ᠢ ᠵᠠᠰᠠᠭ᠍ᠰᠠᠨ ᠠᠬᠢᠴᠠ 80%᠎ᠳ᠋ᠤ ᠬᠦᠷᠴᠦ᠍᠂ ᠬᠥᠪᠴᠢ᠎ᠶ᠋ᠢᠨ ᠡᠯᠡᠰᠦᠨ᠎ᠳᠦ 〈ᠬᠡᠷᠡᠯᠴᠢ ᠴᠡᠨᠡᠭ᠎ᠦᠨ ᠣᠷᠳᠣ ᠴᠠᠭᠠᠨ ᠬᠡᠷᠡᠮ〉 ᠢ᠋ ᠪᠠᠢᠭᠤᠯᠵᠤ᠂ ᠪᠠᠳᠠᠶ᠎ᠶ᠋ᠢᠨ ᠵᠢᠷᠠᠨ᠂ ᠲᠩᠷᠢ ᠡᠯᠡᠰᠦ᠂ ᠤᠯᠠᠭᠠᠨᠪᠤᠬ᠎ᠠ 3 ᠶᠡᠬᠡ ᠡᠯᠡᠰᠦᠨ ᠴᠥᠯ᠎ᠦᠨ ᠵᠠᠬ᠎ᠠ᠎ᠶ᠋ᠢ ᠡᠮᠵᠢᠶᠡᠷᠢᠯᠡᠭᠰᠡᠨ ᠣᠶ ᠱᠢᠭᠤᠶ ᠡᠪᠡᠰᠦ ᠪᠡᠯᠴᠢᠬᠡᠷ᠎ᠤᠨ ᠪᠦᠰᠡ ᠵᠢ ᠵᠠᠯᠭᠠᠨ ᠨᠡᠢᠯᠡᠬᠦᠯᠪᠡ》 ᠭᠡᠵᠡᠢ᠃
ᠠᠯᠠᠱᠠ ᠵᠡᠭᠦᠨ ᠬᠣᠱᠢᠭᠤᠨ᠎ᠤ ᠵᠡᠭᠦᠨ ᠪᠠᠯ ᠪᠠᠯᠭᠠᠰᠤᠨ ᠤ᠋ ᠵᠠᠭᠤᠨ ᠲᠦᠮᠡᠨ ᠮᠦ᠍ ᠵᠠᠭᠤᠨ ᠤᠢ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ᠎ᠳᠤ ᠬᠦᠷᠴᠦ᠂ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠪᠠᠯ᠂ ᠵᠠᠭᠤᠨ ᠤᠢ ᠬᠦᠪᠡᠭᠡ ᠬᠢᠵᠠᠭᠠᠷ ᠦᠭᠡᠢ ᠦᠷᠬᠦᠯᠵᠢᠯᠡᠨ᠎ᠡ᠃ ᠵᠠᠭᠤᠨ ᠤᠢ᠎ᠶ᠋ᠢᠨ ᠲᠤᠳᠤᠷ᠎ᠠ ᠴᠠᠭᠠᠨ ᠭᠣᠶᠣᠣ ᠴᠠᠢᠷᠠᠨ ᠬᠠᠷᠠᠬᠳᠠᠨ᠎ᠠ ᠃
10 ᠭᠠᠷᠤᠢ ᠵᠢᠯ᠎ᠦᠨ ᠡᠮᠦᠨ᠎ᠡ ᠡᠨᠳᠡ ᠬᠠᠮᠠᠷ ᠬᠠᠳᠬᠤᠬᠤ ᠡᠪᠡᠰᠦ ᠤᠷᠭᠤᠬᠤ ᠦᠭᠡᠢ ᠭᠠᠵᠠᠷ ᠪᠠᠢᠵᠠᠢ᠃ 2010 ᠣᠨ᠎ᠳᠤ ᠠᠯᠠᠱᠠ ᠵᠡᠭᠦᠨ ᠬᠣᠱᠢᠭᠤ ᠵᠠᠭᠤᠨ ᠲᠦᠮᠡᠨ ᠮᠦ᠍᠎ᠶ᠋ᠢᠨ ᠵᠠᠭᠤᠨ ᠤᠢ ᠳ᠋ᠤ ᠴᠠᠭᠠᠨ ᠭᠣᠶᠣᠣᠲᠠᠷᠢᠬᠤ ᠠᠵᠤ ᠦᠢᠯᠡᠰ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠡᠬᠢᠯᠡᠭᠦᠯᠵᠦ᠍᠂ ᠠᠯᠠᠱᠠ ᠵᠡᠭᠦᠨ ᠬᠣᠱᠢᠭᠤᠨ᠎ᠤ ᠵᠡᠭᠦᠨ ᠪᠡᠯ ᠪᠠᠯᠭᠠᠰᠤᠨ᠎ᠳᠤ 43 ᠲᠦᠮᠡᠨ ᠮᠦ᠍ ᠵᠠᠭ ᠤ᠋ᠨ ᠤᠢ ᠵᠢᠨ ᠭᠠᠵᠠᠷ᠎ᠢ ᠲᠥᠯᠥᠪᠵᠢᠭᠦᠯᠵᠡᠢ᠃ 2012 ᠣᠨ᠎ᠤ ᠬᠠᠪᠤᠷ ᠲᠦᠷᠦᠯ ᠵᠦᠢᠯ᠎ᠦᠨ ᠪᠠᠷᠢᠯᠭ᠎ᠠ᠎ᠶ᠋ᠢᠨ ᠠᠵᠢᠯ ᠡᠬᠢᠯᠡᠪᠡ᠃ ᠣᠳᠣ ᠡᠨᠳᠡ 43 ᠲᠦᠮᠡᠨ ᠮᠦ᠍ ᠵᠠᠭᠤᠨ ᠤᠢ ᠲᠠᠷᠢᠵᠤ᠂ ᠵᠡᠭᠦᠨᠰᠢ ᠪᠠᠷᠠᠭᠤᠨᠰᠢ 37 ᠺᠢᠯᠤᠮᠸᠲᠷ ᠤᠷᠳᠤ᠂ ᠡᠮᠦᠨᠡᠰᠢ ᠤᠮᠠᠷᠠᠰᠢ 23 ᠺᠢᠯᠤᠮᠸᠲᠷ ᠥᠷᠭᠡᠨ ᠨᠣᠭᠣᠭᠠᠨ ᠬᠠᠯᠬᠠᠪᠴᠢ ᠪᠤᠰᠴᠠᠢ; ᠴᠠᠭᠠᠨ ᠭᠣᠶᠣᠣ ᠵᠢ 5.8 ᠲᠦᠮᠡᠨ ᠮᠥ᠍ ᠳᠠᠷᠢᠵᠤ᠂ ᠵᠢᠯ᠎ᠳᠦ 300 ᠲᠣᠨ ᠣᠷᠴᠢᠮ ᠱᠢᠨ᠎ᠡ ᠰᠤᠷᠭᠤᠭ ᠴᠠᠭᠠᠨ ᠭᠣᠶᠣᠣ ᠤᠷᠭᠤᠵᠤ᠂ ᠦᠶ᠋ᠯᠡᠳᠬᠦᠨ᠎ᠦ ᠥᠷᠲᠡᠭ ᠨᠢ 600 ᠲᠦᠮᠡᠨ ᠲᠥᠭᠥᠷᠢᠭ ᠤᠷᠴᠢᠮ ᠬᠦᠷᠴᠤ ᠪᠤᠢ᠃
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠠᠮᠢ ᠠᠬᠤᠶ᠎ᠶ᠋ᠢ ᠬᠠᠮᠠᠭᠠᠯᠠᠵᠤ ᠰᠡᠷᠭᠦᠭᠡᠬᠦ᠌ ᠠᠵᠢᠯ ᠳ᠋ᠤ ᠨᠡᠢᠲᠡ 1000 ᠳ᠋ᠦᠩᠱᠢᠭᠤᠷ ᠭᠠᠷᠤᠶ ᠲᠥᠭᠥᠷᠢᠭ᠎ᠦᠨ ᠪᠠᠯᠠ ᠮᠥᠩᠭᠥ᠌ ᠣᠷᠣᠭᠤᠯᠵᠤ᠂ 1.1 ᠳ᠋ᠦᠩᠱᠢᠭᠤᠷ ᠮᠥ᠍ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠪᠡ᠂ ᠡᠭᠦᠨ᠎ᠳᠦ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠭ᠍ᠰᠠᠨ ᠲᠠᠯᠠᠪᠠᠶ 6500 ᠲᠦᠮᠡᠨ ᠮᠤ᠌ᠶ᠋ᠢ ᠳᠠᠪᠠᠪᠠ᠃
ᠥᠪᠥᠷ ᠮᠣᠩᠭᠣᠯ᠎ᠤᠨ ᠲᠠᠯ᠎ᠠ ᠨᠤᠲᠤᠭ 《ᠴᠠᠯᠢᠩ᠎ᠲᠠᠶ ᠠᠮᠠᠷᠠᠬᠤ》 ᠶ᠋ᠢ ᠪᠡᠶᠡᠯᠡᠭᠦᠯᠪᠡ
ᠬᠥᠯᠥᠨ ᠪᠣᠢᠷ ᠬᠣᠲᠠ᠎ᠶ᠋ᠢᠨ ᠬᠠᠭᠤᠴᠢᠨ ᠪᠠᠷᠭᠤ ᠬᠣᠱᠢᠭᠤᠨ᠎ᠤ ᠠᠷᠢᠭᠤᠨ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠶ᠎ᠳᠤ ᠣᠷᠣᠬᠤ᠎ᠳᠤ᠂ ᠮᠠᠯᠴᠢᠨ ᠲᠠᠯᠢᠶᠠ ᠶᠠᠭ ᠦᠬᠡᠷᠲᠡᠭᠡᠨ ᠡᠪᠡᠰᠦ ᠪᠣᠷᠳᠣᠭ᠎ᠠ ᠨᠡᠮᠡᠵᠦ᠍ ᠪᠠᠢᠪᠠ᠃
《ᠥᠩᠭᠡᠷᠡᠭ᠌ᠰᠡᠨ᠎ᠳᠦ ᠮᠠᠯ᠎ᠤᠨ ᠲᠣᠭ᠎ᠠ ᠣᠯᠠᠳᠠᠵᠤ᠂ ᠪᠡᠯᠴᠢᠭᠡᠷ ᠬᠦᠨᠳᠦ ᠨᠣᠴᠢᠲᠠᠶ ᠮᠠᠭᠤᠳᠠᠪᠠ》᠃ ᠲᠠᠯᠢᠶᠠ᠂ ᠣᠲᠣ ᠪᠡᠯᠴᠢᠭᠡᠷ ᠢ ᠠᠮᠠᠷᠠᠭᠤᠯᠤᠬᠰᠠᠨᠦ ᠳᠠᠷᠠᠭ᠎ᠠ᠂ ᠨᠢᠭᠡ ᠵᠢᠯ᠎ᠳᠦ 7 ᠲᠦᠮᠡᠨ ᠲᠥᠭᠥᠷᠢᠭ᠎ᠦᠨ ᠨᠥᠬᠥᠪᠥᠷᠢ ᠣᠯᠤᠨ᠎ᠠ᠂ ᠵᠣᠨ᠎ᠤ ᠤᠯᠠᠷᠢᠯ᠎ᠤᠨ ᠨᠤᠲᠤᠭ ᠪᠡᠯᠴᠢᠭᠡᠷ ᠴᠤ᠌ ᠢᠯᠡᠳᠲᠡ ᠨᠣᠭᠣᠭᠠᠷᠠᠪᠠ ᠬᠡᠵᠦ ᠶᠠᠷᠢᠨ᠎ᠠ᠃
20 ᠭᠠᠷᠤᠶ ᠵᠢᠯ᠎ᠦᠨ ᠡᠮᠦᠨ᠎ᠡ᠂ ᠪᠡᠯᠴᠢᠬᠡᠷ᠎ᠤᠨ ᠳᠠᠭᠠᠭᠠᠴᠠ᠎ᠡᠴᠡ ᠨᠢ ᠬᠡᠲᠦᠷᠡᠭᠦᠯᠦᠨ ᠮᠠᠯᠵᠢᠭ᠍ᠰᠠᠨ ᠵᠡᠷᠭᠡ ᠱᠢᠯᠲᠠᠭᠠᠨ᠎ᠡᠴᠡ ᠪᠣᠯᠵᠤ᠂ ᠬᠥᠯᠥᠨ ᠪᠣᠢᠷ᠎ᠤᠨ ᠲᠠᠯ᠎ᠠ ᠨᠤᠲᠤᠭ ᠵᠢᠯ ᠪᠦᠷᠢ 2%᠎ᠤ᠋ᠨ ᠬᠤᠷᠳᠤᠴᠠ᠎ᠪᠠᠷ ᠲᠠᠴᠢᠷᠳᠠᠵᠤ ᠪᠠᠢᠪᠠ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠮᠠᠯ ᠪᠡᠯᠴᠢᠭᠡᠷ᠎ᠦᠨ ᠲᠡᠩᠴᠡᠭᠦᠷᠢ᠎ᠶ᠋ᠢ ᠪᠠᠲᠤᠯᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠵᠤ ᠪᠡᠯᠴᠢᠭᠡᠷ᠎ᠢ ᠰᠡᠷᠬᠦᠬᠡᠬᠦ ᠣᠯᠠᠨ ᠡᠱᠢᠵᠢᠭ᠌ᠰᠡᠨ ᠨᠥᠬᠥᠪᠥᠷᠢᠦᠭᠬᠦ ᠲᠣᠭ᠍ᠲᠠᠴᠠ᠎ᠶ᠋ᠢ ᠦᠷᠭᠦᠯᠵᠢᠯᠡᠨ ᠰᠦᠪᠡᠭ᠌ᠴᠢᠯᠡᠵᠦ᠍᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠦᠷ᠎ᠡ ᠪᠦᠲᠦᠮᠵᠢ ᠬᠢᠭᠡᠳ ᠨᠥᠬᠥᠪᠥᠷᠢ ᠱᠠᠩᠨᠠᠯ᠎ᠤᠨ ᠪᠠᠯᠠ ᠮᠥᠩᠭᠥ᠎ᠶ᠋ᠢᠨ ᠬᠤᠪᠢᠶᠠᠷᠢᠯᠠᠯᠲᠠ᠎ᠶ᠋ᠢ ᠬᠣᠯᠪᠣᠭ᠍ᠳᠠᠭᠤᠯᠬᠤ ᠤᠷᠮᠠᠱᠢᠭᠤᠯᠤᠨ ᠬᠢᠵᠠᠭᠠᠷᠯᠠᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠪᠡ᠃
ᠱᠢᠯᠢ᠎ᠶ᠋ᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠱᠢᠭᠤᠨ᠎ᠤ ᠰᠠᠢᠬᠠᠠᠠᠦ᠋ᠯᠵᠡᠢ ᠰᠤᠮᠤ᠎ᠶ᠋ᠢᠨ ᠨᠣᠭᠣᠭᠠᠨᠲᠠᠯᠠ ᠭᠠᠴᠠᠭ᠎ᠠ᠎ᠶ᠋ᠢᠨ ᠮᠠᠯᠴᠢᠨ ᠡᠷᠳᠡᠨᠢᠪᠠᠶᠠᠷ᠎ᠤᠨ ᠬᠢᠨ 3 ᠮᠦ᠍ ᠣᠷᠴᠢᠮ᠎ᠤᠨ ᠬᠤᠨᠢᠨ ᠬᠠᠱᠢᠶ᠎ᠠ ᠲᠠᠢ᠃
ᠡᠷᠳᠡᠨᠢᠪᠠᠶᠠᠷ᠎ᠤᠨ ᠬᠢᠨ 7000 ᠭᠠᠷᠤᠢ ᠮᠦ᠍ ᠪᠡᠯᠴᠢᠭᠡᠷ᠎ᠲᠡᠶ᠂ ᠪᠡᠯᠴᠢᠭᠡᠷ᠎ᠢ ᠰᠡᠷᠭᠦᠭᠡᠬᠦ᠌ ᠬᠤᠭᠤᠴᠠᠭᠠᠨ᠎ᠳᠤ 8000 ᠲᠥᠭᠥᠷᠢᠭ᠎ᠦᠨ ᠨᠥᠬᠥᠪᠥᠷᠢ ᠣᠯᠵᠠᠢ᠃ ᠲᠡᠷᠡ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠬᠤ ᠪᠣᠯ ᠬᠥᠮᠦᠨ ᠪᠦᠬᠦᠨ᠎ᠦ ᠵᠠᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ᠂ ᠭᠠᠭ᠍ᠴᠠ ᠬᠦ᠌ ᠨᠤᠲᠤᠭ ᠪᠡᠯᠴᠢᠭᠡᠷ᠎ᠦᠨ ᠠᠮᠢ ᠠᠬᠤᠶ ᠲᠠᠰᠤᠷᠠᠯᠲᠠ ᠥᠬᠡᠶ ᠰᠠᠢᠵᠢᠷᠠᠪᠠᠯ ᠮᠠᠯᠴᠢᠳ᠎ᠤᠨ ᠠᠮᠢᠳᠤᠷᠠᠯ ᠰᠠᠶᠢ ᠶᠠᠪᠤᠬᠤ ᠲᠤᠲᠤᠮ ᠰᠠᠢᠵᠢᠷᠠᠵᠤ ᠴᠢᠳᠠᠨ᠎ᠠ ᠭᠡᠪᠡ᠃
ᠪᠡᠯᠴᠢᠬᠡᠷ᠎ᠤᠨ ᠳᠠᠭᠠᠭᠠᠴᠠ ᠡᠴᠡ ᠨᠢ ᠬᠡᠲᠦᠷᠡᠲᠡᠯ᠎ᠡ ᠮᠠᠯᠵᠢᠬᠤ ᠠᠰᠠᠭᠤᠳᠠᠯ ᠢ᠋ ᠱᠢᠢᠳᠪᠦᠷᠢᠯᠡᠬᠦ᠌᠎ᠶ᠋ᠢᠨ ᠲᠦᠯᠦᠬᠡ᠂ ᠥᠪᠥᠷ ᠮᠣᠩᠭᠣᠯ ᠬᠠᠱᠢᠶᠠᠯᠠᠨ ᠲᠡᠵᠢᠭᠡᠬᠦ ᠬᠠᠭᠠᠰ ᠬᠠᠱᠢᠶᠠᠯᠠᠨ ᠲᠡᠵᠢᠭᠡᠬᠦ᠌ ᠵᠠᠭ᠍ᠪᠤᠷ ᠢ᠋ ᠬᠡᠷᠡᠭᠵᠢᠭᠦᠯᠵᠦ᠂ ᠮᠠᠯᠴᠢᠳ᠎ᠤᠨ ᠡᠬᠢ ᠪᠠᠶᠠᠯᠢᠭ᠎ᠢᠶᠠᠨ ᠨᠡᠢᠳᠬᠡᠬᠦ᠌᠂ ᠲᠤᠨᠤᠭ ᠲᠥᠬᠥᠭᠡᠷᠦᠮᠵᠢ ᠬᠤᠳᠠᠯᠳᠤᠨ ᠠᠪᠬᠤ᠂ ᠬᠠᠱᠢᠶ᠎ᠠ ᠰᠠᠷᠠᠪᠴᠢ ᠪᠥᠳᠥᠭᠡᠨ ᠪᠠᠢᠭᠤᠯᠬᠤ᠎ᠶ᠋ᠢ ᠲᠡᠮᠵᠢᠵᠤ᠂ ᠲᠠᠷᠢᠮᠠᠯ ᠲᠡᠵᠢᠭᠡᠯ ᠡᠪᠡᠰᠦ ᠪᠣᠯᠤᠨ ᠪᠠᠢᠭᠠᠯᠢ᠎ᠶ᠋ᠢᠨ ᠨᠤᠲᠤᠭ ᠪᠡᠯᠴᠢᠭᠡᠷ᠎ᠤᠨ ᠲᠡᠵᠢᠭᠡᠯ ᠡᠪᠡᠰᠦ᠎ᠶ᠋ᠢᠨ ᠤᠨᠠᠯᠲᠠ᠎ᠶ᠋ᠢ ᠨᠡᠮᠡᠭ᠌ᠳᠡᠭᠦᠯᠵᠦ᠍᠂ ᠡᠷᠴᠢᠮᠵᠢᠭᠦᠯᠵᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌᠎ᠶ᠋ᠢ ᠪᠡᠶᠡᠯᠡᠭᠦᠯᠵᠦ᠍᠂ ᠤᠯᠠᠮᠵᠢᠯᠠᠯᠲᠤ ᠮᠠᠯ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠪᠠ᠃ 2025 ᠣᠨ᠎ᠳᠤ ᠥᠪᠥᠷ ᠮᠣᠩᠭᠣᠯ᠎ᠤᠨ 9.7 ᠳ᠋ᠦᠩᠱᠢᠭᠤᠷ ᠮᠥ᠍ ᠨᠤᠲᠤᠭ ᠪᠡᠯᠴᠢᠭᠡᠷ 《ᠴᠠᠯᠢᠩ᠎ᠲᠠᠶ ᠠᠮᠠᠷᠠᠬᠤ》 ᠶ᠋ᠢ ᠪᠡᠶᠡᠯᠡᠭᠦᠯᠪᠡ᠂ ᠡᠭᠦᠨ᠎ᠳᠦ 3.8 ᠳ᠋ᠦᠩᠱᠢᠭᠤᠷ ᠮᠥ᠍ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠣᠷᠣᠨ᠎ᠤ ᠨᠤᠲᠤᠭ ᠪᠡᠯᠴᠢᠭᠡᠷ᠎ᠲᠦ 5 ᠵᠢᠯᠪᠥᠬᠥ᠌ ᠵᠢᠯ᠎ᠵᠢᠡᠷ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ᠎ᠶ᠋ᠢ ᠬᠡᠷᠡᠭ᠌ᠵᠢᠭᠦᠯᠵᠦ᠍᠂ 5.9 ᠳ᠋ᠦᠩᠱᠢᠭᠤᠷ ᠮᠥ᠍ ᠵᠢᠨ ᠮᠠᠯᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠣᠷᠣᠨ᠎ᠤ ᠨᠤᠲᠤᠭ ᠪᠡᠯᠴᠢᠭᠡᠷ᠎ᠲᠦ 45 ᠡᠳᠦᠷ᠎ᠡᠴᠡ ᠳᠤᠲᠠᠭᠤ ᠥᠬᠡᠶ ᠬᠠᠪᠤᠷ᠎ᠤᠨ ᠤᠯᠠᠷᠢᠯ᠎ᠤᠨ ᠪᠡᠯᠴᠢᠭᠡᠷᠰᠡᠷᠬᠦᠬᠡᠬᠦ ᠲᠦᠷᠢᠮ᠎ᠢ ᠬᠡᠷᠡᠭ᠌ᠵᠢᠭᠦᠯᠪᠡ᠃
ᠥᠪᠥᠷ ᠮᠣᠩᠭᠣᠯ᠎ᠤᠨ ᠤᠰᠤᠨ᠎ᠤ ᠠᠮᠤᠷ ᠲᠦᠪᠱᠢᠨ᠎ᠢ ᠪᠠᠲᠤᠯᠠᠬᠤ ᠴᠢᠳᠠᠪᠤᠷᠢ ᠪᠥᠬᠥ᠌ ᠲᠠᠯ᠎ᠠ᠎ᠪᠠᠷ ᠳᠡᠭᠡᠭ᠌ᠰᠢᠯᠡᠪᠡ
10 ᠰᠠᠷ᠎ᠠ᠎ᠶ᠋ᠢᠨ ᠡᠬᠢ᠎ᠪᠡᠷ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠶᠡᠬᠡ ᠱᠢᠭᠡᠭᠲᠡᠢ ᠪᠠᠯᠭᠠᠰᠤᠨ᠎ᠤ ᠮᠠ ᠪᠥᠸᠸ ᠽᠢ ᠲᠣᠰᠭᠣᠨ᠎ᠤ ᠡᠷᠳᠡᠨᠢ ᠱᠢᠰᠢ ᠳᠠᠷᠢᠬᠤ ᠰᠠᠭᠤᠷᠢᠨ᠎ᠳᠤ᠂ ᠳᠤᠰᠤᠯᠭᠠᠨ ᠤᠰᠤᠯᠠᠬᠤ ᠪᠦᠰᠡ ᠨᠢ 《ᠬᠢᠯᠭᠠᠰᠤᠨ ᠰᠤᠳᠠᠯ》 ᠬᠡᠮᠡᠷ ᠤᠰᠤ᠎ᠶ᠋ᠢ ᠡᠷᠳᠡᠨᠢ ᠱᠢᠰᠢ᠎ᠶ᠋ᠢᠨ ᠦᠨᠳᠦᠰᠦᠨ ᠬᠡᠰᠡᠭ᠎ᠲᠦ ᠣᠨᠣᠪᠴᠢᠲᠠᠶᠬᠦᠷᠭᠡᠨᠡ᠃ ᠥᠩᠭᠡᠷᠡᠭ᠌ᠰᠡᠨ᠎ᠦ ᠶᠡᠬᠡ ᠤᠰᠤ᠎ᠪᠠᠷ ᠨᠠᠯᠠᠢᠲᠠᠯᠠ ᠤᠰᠤᠯᠠᠬᠤ᠎ᠲᠠᠶ ᠬᠠᠷᠢᠴᠠᠭᠤᠯᠪᠠᠯ᠂ ᠡᠢᠮᠦᠷᠬᠦᠥ ᠨᠠᠷᠢᠯᠢᠭ ᠣᠨᠣᠴᠠᠲᠠᠶᠳᠤᠰᠤᠯᠭᠠᠨ ᠤᠰᠤᠯᠠᠬᠤ ᠨᠢ ᠲᠠᠷᠢᠶᠠᠨ ᠭᠠᠵᠠᠷ᠎ᠤᠨ ᠬᠠᠮᠢᠶᠠᠷᠤᠯᠲᠠ᠎ᠶ᠋ᠢ ᠨᠠᠩ ᠣᠶᠤᠨᠴᠢᠯᠠᠬᠰᠠᠨ᠎ᠢᠶᠠᠷ ᠪᠠᠷᠠᠬᠤ ᠥᠬᠡᠶ᠂ ᠤᠰᠤ ᠠᠷᠪᠢᠯᠠᠬᠤ ᠦᠷ᠎ᠡ ᠪᠦᠲᠦᠮᠵᠢ᠎ᠶ᠋ᠢ ᠴᠦ᠍ ᠨᠠᠩ ᠢᠯᠡᠷᠬᠡᠶ ᠪᠣᠯᠭᠠᠵᠠᠶ᠃
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠤᠰᠤᠨ ᠠᠱᠢᠭ᠍ᠯᠠᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠦᠶᠡᠷ ᠤᠰᠤᠳᠤᠯ ᠪᠠ ᠭᠠᠩ᠎ᠤᠨ ᠭᠠᠮᠱᠢᠭ᠎ᠢ ᠰᠡᠷᠭᠡᠢᠯᠡᠬᠦ᠌᠂ ᠤᠰᠤ ᠬᠠᠩᠭᠠᠬᠤ ᠪᠠᠲᠤᠯᠠᠭ᠎ᠠ᠂ ᠤᠰᠤᠨ᠎ᠤ ᠡᠬᠢ ᠪᠠᠶᠠᠯᠢᠭ᠎ᠢ ᠠᠷᠪᠢᠯᠠᠨ ᠭᠠᠮᠨᠠᠵᠦ ᠡᠷᠴᠢᠮᠵᠢᠭᠦᠯᠦᠨ ᠠᠱᠢᠭ᠍ᠯᠠᠬᠤ᠂ ᠤᠰᠤᠨ᠎ᠤ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠨ ᠵᠠᠰᠠᠬᠤ ᠵᠡᠷᠭᠡ ᠴᠢᠳᠠᠪᠤᠷᠢ ᠪᠥᠬᠥ᠌ ᠲᠠᠯ᠎ᠠ᠎ᠪᠠᠷ ᠳᠡᠭᠡᠭ᠌ᠰᠢᠯᠡᠪᠡ᠃
ᠦᠶᠡᠷ ᠤᠰᠤᠳᠤᠯ ᠪᠠ ᠭᠠᠩ᠎ᠤᠨ ᠭᠠᠮᠱᠢᠭ᠎ᠢ ᠰᠡᠷᠭᠡᠢᠯᠡᠬᠦ᠌ ᠴᠢᠳᠠᠪᠤᠷᠢ ᠢᠯᠡᠳᠲᠡ ᠳᠡᠭᠡᠭ᠌ᠰᠢᠯᠡᠪᠡ᠃ ᠬᠠᠲᠤᠨ ᠭᠤᠤᠯ᠂ ᠨᠤᠨ ᠮᠥᠷᠡᠨ᠂ ᠯᠢᠶᠣᠤᠾᠧ ᠭᠤᠤᠯ᠎ᠤᠨ ᠭᠤᠤᠯ ᠤᠷᠤᠰᠭᠠᠯ᠎ᠤᠨ ᠳᠠᠯᠠᠩ ᠬᠠᠱᠢᠯᠭ᠎ᠠ ᠨᠢᠭᠡᠨᠲᠡ ᠰᠡᠷᠭᠡᠢᠯᠡᠯᠲᠡ᠎ᠶ᠋ᠢᠨ ᠪᠠᠷᠢᠮᠵᠢᠶ᠎ᠠ᠎ᠳᠤ ᠦᠨᠳᠦᠰᠦᠨ᠎ᠳᠡᠭᠡᠨ ᠬᠦᠷᠴᠦ᠍᠂ ᠤᠰᠤᠨ ᠴᠥᠭᠥᠷᠥᠮ᠂ ᠳᠠᠯᠠᠩ᠂ ᠤᠰᠤᠨ ᠬᠠᠭᠠᠯᠲᠠ᠂ ᠦᠶᠡᠷ᠎ᠢ ᠰᠠᠯᠭᠠᠬᠤ ᠣᠷᠣᠨ ᠵᠡᠷᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠨᠡᠯᠢᠶᠡᠳ ᠪᠦᠷᠢᠨ ᠲᠡᠭᠦᠯᠳᠡᠷ ᠱᠢᠰᠲ᠋ᠧᠮ᠎ᠢ ᠠᠩᠬ᠎ᠠ ᠠᠯᠬᠤᠮ ᠪᠦᠷᠢᠯᠳᠦᠬᠦᠯᠪᠡ᠃ ᠣᠳᠣᠬᠠᠨ᠎ᠳᠤ ᠪᠥᠬᠥ᠌ ᠣᠷᠣᠨ᠎ᠤ ᠡᠯ᠎ᠡ ᠱᠠᠲᠤᠨ᠎ᠤ ᠳᠠᠯᠠᠩ ᠬᠠᠱᠢᠯᠭ᠎ᠠ᠎ᠶ᠋ᠢᠨ ᠪᠠᠷᠢᠮᠵᠢᠶ᠎ᠠ᠎ᠳᠤ ᠬᠦᠷᠦᠭ᠌ᠰᠡᠨ ᠨᠣᠷᠮ᠎ᠠ 80.13% ᠪᠠᠢᠵᠤ᠂ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠵᠢᠯᠣᠭᠣᠳᠣᠯᠭ᠎ᠠ ᠪᠠ ᠠᠭᠤᠯᠠᠨ ᠦᠶᠡᠷ᠎ᠦᠨ ᠭᠠᠮᠱᠢᠭ᠎ᠢ ᠰᠡᠷᠭᠡᠢᠯᠡᠬᠦ᠌ ᠲᠠᠪᠴᠠᠩ᠎ᠢ ᠪᠠᠢᠭᠤᠯᠵᠤ᠂ ᠪᠣᠷᠣᠭᠠᠨ᠎ᠤ ᠤᠰᠤᠨ᠎ᠤ ᠪᠠᠢᠳᠠᠯ᠎ᠤᠨ ᠬᠤᠪᠢᠷᠠᠯᠲᠠ ᠪᠠ ᠠᠭᠤᠯᠠᠨ ᠦᠶᠡᠷ᠎ᠦᠨ ᠭᠠᠮᠱᠢᠭ᠎ᠢ ᠪᠦᠲᠦᠮᠵᠢᠲᠡᠶ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠵᠦ᠍᠂ ᠦᠶᠡᠷ ᠤᠰᠤᠳᠤᠯ ᠪᠠ ᠭᠠᠩ᠎ᠤᠨ ᠭᠠᠮᠱᠢᠭ᠎ᠢ ᠰᠡᠷᠭᠡᠢᠯᠡᠬᠦ᠌ ᠴᠢᠳᠠᠪᠤᠷᠢᠢᠯᠡᠳᠲᠡ ᠳᠡᠭᠡᠭ᠌ᠰᠢᠯᠡᠪᠡ᠃
ᠤᠰᠤ ᠬᠠᠩᠭᠠᠬᠤ ᠪᠠᠲᠤᠯᠠᠭ᠎ᠠ᠎ᠶ᠋ᠢᠨ ᠴᠢᠳᠠᠪᠤᠷᠢ ᠢᠯᠡᠳᠲᠡ ᠴᠢᠩᠭᠠᠷᠠᠪᠠ᠃ ᠳ᠋ᠦᠩ ᠲᠠᠢ ᠽᠢ ᠤᠰᠤᠨ ᠴᠥᠭᠥᠷᠥᠮ᠎ᠦᠨ ᠪᠠᠷᠢᠯᠭ᠎ᠠ᠂ ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠪᠠᠷᠢᠯᠭ᠎ᠠ᠎ᠶ᠋ᠢ ᠡᠬᠢᠯᠡᠨ ᠪᠠᠢᠭᠤᠯᠵᠤ᠂ ᠴᠤᠤᠯ ᠭᠣᠣᠯ᠎ᠤᠨ ᠤᠰᠤ᠎ᠶ᠋ᠢ ᠯᠢᠶᠣᠤᠾᠧ ᠭᠣᠣᠯ᠎ᠳᠤ ᠲᠠᠲᠠᠬᠤ ᠢᠨᠵᠸᠨ᠋ᠸᠷᠢᠩ ᠲᠤᠷᠰᠢᠨ ᠤᠰᠤ ᠨᠡᠪᠲᠡᠷᠡᠭᠦᠯᠬᠦ᠌᠎ᠶ᠋ᠢ ᠪᠡᠶᠡᠯᠡᠭᠦᠯᠪᠡ᠃ ᠪᠣᠷᠣᠲᠣᠬᠣᠶ᠂ ᠳ᠋ᠸᠨᠭᠺᠸᠤ ᠵᠡᠷᠭᠡ ᠤᠰᠤᠯᠠᠯᠲᠠ᠎ᠶ᠋ᠢᠨ ᠣᠷᠣᠨ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃ ᠬᠥᠳᠡᠭᠡ ᠲᠣᠰᠭᠣᠨ᠎ᠤ ᠲᠦᠭᠡᠭᠡᠯ ᠤᠰᠤ ᠲᠦᠭᠡᠮᠡᠯᠵᠢᠭ᠌ᠰᠡᠨ ᠨᠣᠷᠮ᠎ᠠ 84.8%᠎ᠳ᠋ᠤ ᠬᠦᠷᠴᠦ᠍᠂ ᠪᠥᠬᠥ᠌ ᠣᠷᠣᠨ᠎ᠤ ᠤᠰᠤ ᠬᠠᠩᠭᠠᠬᠤ ᠶᠡᠷᠦᠩᠬᠡᠶ ᠴᠢᠳᠠᠪᠤᠷᠢ 238.6 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠍᠂ ᠬᠣᠲᠠ ᠪᠠᠯᠭᠠᠰᠤ᠂ ᠠᠵᠤ ᠦᠶ᠋ᠯᠡᠳᠪᠦᠷᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠤᠰᠤ ᠬᠡᠷᠡᠭ᠌ᠯᠡᠬᠦ᠌ ᠬᠡᠷᠡᠭ᠌ᠴᠡᠭᠡ᠎ᠶ᠋ᠢ ᠪᠦᠲᠦᠮᠵᠢᠲᠡᠶ ᠪᠠᠲᠤᠯᠠᠪᠠ᠃
ᠤᠰᠤ ᠠᠷᠪᠢᠯᠠᠬᠤ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠪᠡ᠃ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ ᠵᠢ ᠪᠦᠲᠦᠮᠵᠢᠲᠡᠶ ᠠᠱᠢᠭ᠍ᠯᠠᠬᠤ ᠢᠯᠡᠳᠭᠡᠮᠵᠢ 0.588 ᠪᠠᠢᠵᠤ᠂ ᠲᠠᠷᠢᠶᠠᠯᠠᠩ᠎ᠤᠨ ᠤᠰᠤ ᠬᠡᠷᠡᠭ᠌ᠯᠡᠬᠦ᠌ ᠦᠷ᠎ᠡ ᠪᠦᠲᠦᠮᠵᠢ ᠶᠡᠬᠡᠪᠡᠷ ᠳᠡᠭᠡᠭ᠌ᠰᠢᠯᠡᠵᠦ᠍᠂ ᠲᠠᠷᠢᠶᠠᠯᠠᠩ᠎ᠤᠨ ᠦᠶ᠋ᠯᠡᠳᠪᠦᠷᠢᠯᠡᠯ᠎ᠢ ᠠᠬᠢᠭᠤᠯᠬᠤ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠬᠦᠴᠦᠲᠡᠶ ᠪᠠᠲᠤᠯᠠᠭ᠎ᠠ ᠬᠠᠩᠭᠠᠪᠠ᠃
ᠤᠰᠤᠨ᠎ᠤ ᠠᠮᠢ ᠠᠬᠤᠢ᠎ᠶ᠋ᠢᠨ ᠬᠠᠮᠠᠭᠠᠯᠠᠯᠲᠠ ᠪᠠ ᠰᠡᠷᠭᠦᠭᠡᠬᠦ ᠠᠵᠢᠯ ᠱᠢᠨ᠎ᠡ ᠱᠢᠪᠲᠤᠯᠤᠯᠲᠠ᠎ᠲᠠᠶ ᠪᠣᠯᠪᠠ᠃ ᠪᠥᠬᠥ᠌ ᠣᠷᠣᠨ᠎ᠤ ᠬᠦᠷᠦᠰᠦ ᠱᠢᠷᠣᠶ᠎ᠶ᠋ᠢᠨ ᠢᠳᠡᠭ᠌ᠳᠡᠯ᠎ᠦᠨ ᠲᠠᠯᠠᠪᠠᠶ 1.62 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠠᠭᠠᠰᠴᠤ᠌᠂ ᠪᠠᠭᠠᠰᠤᠭᠰᠠᠨ ᠬᠡᠮᠵᠢᠶ᠎ᠡ᠎ᠨᠢ 2.79% ᠳ᠋ᠤ ᠬᠥᠷᠪᠡ; ᠳᠤᠮᠳᠠ ᠵᠡᠷᠭᠡ᠎ᠡᠴᠡ ᠳᠡᠭᠡᠭ᠌ᠰᠢᠬᠢ ᠢᠳᠡᠭ᠌ᠳᠡᠯ᠎ᠦᠨ ᠲᠠᠯᠠᠪᠠᠢ 1.05 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠠᠭᠠᠰᠴᠤ᠌᠂ ᠪᠠᠭᠠᠰᠤᠭᠰᠠᠨ ᠬᠡᠮᠵᠢᠶ᠎ᠡ ᠨᠢ 7.60%᠎ᠳᠤ ᠬᠦᠷᠴᠦ᠍᠂ ᠢᠳᠡᠭ᠌ᠳᠡᠯ᠎ᠦᠨ ᠬᠦᠴᠦᠯᠡᠴᠡ ᠨᠢ ᠶᠡᠷᠦᠩᠬᠡᠢ᠎ᠳᠡᠭᠡᠨ ᠥᠨᠳᠥᠷ᠎ᠡᠴᠡ ᠳᠣᠣᠷ᠎ᠠ ᠵᠦᠭ ᠱᠢᠯᠵᠢᠪᠡ; ᠪᠥᠬᠥ᠌ ᠣᠷᠣᠨ᠎ᠤ ᠬᠥᠷᠥᠰᠥ᠍ ᠱᠢᠷᠣᠶ᠎ᠶ᠋ᠢᠨ ᠢᠳᠡᠭ᠌ᠳᠡᠯ᠎ᠦᠨ ᠪᠠᠢᠳᠠᠯ᠎ᠳᠤ ᠲᠠᠯᠠᠪᠠᠶ ᠪᠠ ᠬᠦᠴᠦᠯᠡᠴᠡ ᠵᠢᠨ 《ᠬᠤᠤᠰ ᠪᠠᠭᠤᠷᠠᠭᠤᠯᠤᠯᠲᠠ》ᠵᠢᠨ ᠬᠠᠨᠳᠤᠰᠢ ᠢᠯᠡᠷᠡᠪᠡ᠃
ᠥᠪᠥᠷ ᠮᠣᠩᠭᠣᠯ ᠶᠠᠭ ᠴᠤᠴᠠᠯᠲᠠ ᠥᠬᠡᠶ ᠴᠢᠷᠮᠠᠢᠬᠤ ᠲᠣᠭ᠍ᠲᠠᠯ ᠬᠦᠴᠦᠨ᠎ᠢᠶᠡᠷ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠳᠡᠭᠡᠭ᠌ᠰᠢᠯᠡᠭᠦᠯᠵᠦ᠍᠂ ᠤᠮᠠᠷᠠᠲᠤ ᠬᠢᠯᠢ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ 《ᠣᠷᠳᠣ ᠴᠠᠭᠠᠨ ᠬᠡᠷᠡᠮ》᠎ᠢ᠋ ᠨᠠᠩ ᠪᠠᠲᠤ ᠪᠠᠬᠢ ᠪᠣᠯᠭᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠤ ᠨᠠᠩ ᠦᠵᠡᠰᠭᠦᠯᠡᠩᠲᠦ ᠰᠠᠢᠬᠠᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭᠯᠡᠵᠤ ᠪᠠᠢᠨ᠎ᠠ᠃