ᠬᠥᠭᠵᠢᠯᠲᠡ᠎ᠶᠢᠨ ᠢᠲᠡᠭᠡᠯ᠎ᠢᠶᠡᠨ ᠪᠠᠲᠤᠳᠬᠠᠵᠤ ᠬᠥᠭᠵᠢᠯᠲᠡ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠠ
2025-12-08 11:05:47
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

︱ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢᠨ ᠬᠦᠦᠷᠨᠢᠯ


ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ ᠪᠣᠯ ᠨᠡᠢᠭᠡᠮ ᠵᠢᠷᠤᠮᠳᠤ  ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ ᠵᠢ ᠪᠡᠬᠢᠵᠢᠭᠦᠯᠬᠦ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭᠠᠨ ᠳ᠋ᠤ ᠤᠷᠤᠬᠤ ᠭᠡᠵᠦ ᠪᠠᠢᠭ᠎ᠠ ᠦᠶ᠎ᠡ ᠳ᠋ᠤ ᠬᠤᠷᠠᠯᠳᠤᠭᠤᠯᠤᠬᠰᠠᠨ ᠨᠢᠭᠡ ᠤᠳᠠᠭᠠᠨ᠎ᠤ ᠲᠤᠢᠯ᠎ᠤᠨ ᠴᠢᠬᠤᠯᠠ ᠬᠤᠷᠠᠯ ᠮᠦᠨ᠃ ᠪᠥᠬᠥᠳᠡ ᠬᠤᠷᠠᠯ᠎ᠡᠴᠡ ᠬᠢᠨᠠᠨ ᠵᠦᠪᠯᠡᠵᠦ ᠪᠠᠲᠤᠯᠠᠭᠰᠠᠨ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ᠂ ᠳᠤᠮᠳᠠᠳᠤ ᠤᠯᠤᠰ᠎ᠤᠨ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠵᠢᠷᠤᠭ ᠲᠥᠰᠥᠪ᠎ᠢ ᠵᠢᠷᠤᠭᠯᠠᠭᠰᠠᠨ ᠨᠢ ᠢᠯᠠᠯᠲᠠ᠎ᠶᠢᠨ ᠡᠷᠴᠢᠨ ᠳᠡᠭᠡᠷ᠎ᠡ᠎ᠪᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠬᠤ ᠪᠠᠰᠠ ᠨᠢᠭᠡ ᠤᠳᠠᠭᠠᠨ᠎ᠤ ᠶᠡᠷᠦᠩᠬᠡᠢ ᠳᠠᠢᠴᠢᠯᠠᠯᠲᠠ᠂ ᠶᠡᠷᠦᠩᠬᠡᠢ ᠪᠠᠢᠷᠢᠯᠠᠭᠤᠯᠤᠯᠳᠠ ᠮᠥᠨ᠃

ᠬᠠᠮᠲᠤ᠎ᠶᠢᠨ ᠲᠠᠨᠢᠯᠲᠠ᠎ᠪᠠᠨ ᠤᠯᠠᠮ ᠨᠢᠭᠡ ᠠᠯᠬᠤᠮ ᠨᠡᠮᠡᠭᠳᠡᠭᠦᠯᠤᠨ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠡᠷᠴᠢ ᠵᠣᠷᠢᠭ᠋᠎ᠢᠶᠠᠨ ᠨᠡᠮᠡᠭᠳᠡᠭᠦᠯᠬᠦ᠎ᠶᠢᠨ ᠲᠥᠯᠥᠭᠡ᠂ 10 ᠰᠠᠷ᠎ᠠ᠎ᠶᠢᠨ ᠰᠡᠭᠦᠯᠴᠢ᠎ᠡᠴᠡ ᠡᠬᠢᠯᠡᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠨᠠᠷ ᠲᠤᠰ ᠲᠤᠰ 31 ᠮᠤᠵᠢ (ᠣᠷᠣᠨ᠂ ᠬᠤᠳᠠ)᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠦᠸᠠᠨ ᠪᠣᠯᠣᠨ ᠰᠢᠶᠠᠩᠭᠠᠩ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ ᠵᠢᠴᠢ ᠬᠣᠯᠪᠣᠭᠳᠠᠯ ᠪᠦᠬᠦᠢ ᠰᠢᠰᠲᠧᠮ᠂ ᠰᠠᠯᠠᠭ᠎ᠠ ᠮᠥᠴᠢᠷ᠂ ᠨᠢᠭᠡᠴᠢ᠎ᠳᠦ ᠬᠦᠷᠴᠦ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃

ᠬᠡᠳᠦᠨ ᠡᠳᠦᠷ᠎ᠤᠨ ᠲᠤᠷᠰᠢ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠨᠡᠢ᠍ᠢᠳᠡ 58 ᠲᠠᠯᠠᠪᠤᠷ ᠮᠡᠳᠡᠭᠦᠯᠦᠯᠲᠡ ᠬᠢᠵᠦ᠂ ᠡᠯ᠎ᠡ ᠵᠦᠢᠯ᠎ᠦᠨ ᠬᠡᠯᠪᠡᠷᠢ᠎ᠶᠢᠨ ᠬᠠᠷᠢᠯᠴᠠᠨ ᠰᠣᠯᠢᠯᠴᠠᠬᠤ ᠠᠵᠢᠯᠯᠠᠭ᠎ᠠ᠎ᠶᠢ 56 ᠲᠠᠯᠠᠪᠤᠷ ᠡᠷᠬᠢᠯᠡᠵᠦ᠂ ᠰᠢᠭᠤᠳ ᠰᠣᠨᠣᠰᠤᠭ᠍ᠴᠢ 68 ᠲᠦᠮᠡ ᠭᠠᠷᠤᠢ ᠬᠥᠮᠥᠨ ᠪᠤᠯᠵᠦ᠂ ᠲᠧᠯᠸᠢᠰ᠎ᠢᠶᠡᠷ ᠰᠢᠭᠤᠳ ᠨᠡᠪᠲᠡᠷᠡᠭᠦᠯᠬᠦ᠂ ᠰᠦᠯᠵᠢᠶ᠎ᠡ᠎ᠪᠡᠷ ᠳᠠᠮᠵᠢᠭᠤᠯᠤᠨ ᠨᠡᠪᠲᠡᠷᠡᠭᠦᠯᠬᠦ ᠵᠡᠷᠭᠡ ᠠᠷᠭ᠎ᠠ ᠵᠠᠮ᠎ᠢᠶᠠᠷ 2000 ᠭᠠᠷᠤᠢ ᠲᠦᠮᠡᠨ ᠬᠥᠮᠥᠨ ᠳᠠᠮ᠎ᠢᠶᠠᠷ ᠬᠦᠯᠢᠶᠡᠨ ᠰᠣᠨᠣᠰᠴᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠬᠤ᠎ᠶᠢ ᠠᠬᠢᠭᠤᠯᠪᠠ᠃

ᠳᠡᠭᠡᠳᠦ ᠳᠠᠪᠬᠤᠷᠭ᠎ᠠ᠎ᠡᠴᠡ ᠤᠬᠠᠭᠠᠯᠠᠨ ᠲᠦᠯᠦᠪᠯᠡᠵᠤ ᠠᠬᠢᠭᠤᠯᠤᠨ ᠤᠬᠠᠭᠤᠯᠤᠨ ᠲᠠᠢᠯᠪᠤᠷᠢᠯᠠᠬᠤ ᠬᠠᠯᠠᠭᠤᠨ ᠥᠷᠨᠢᠯᠲᠡ ᠭᠠᠷᠭᠠᠪᠠ

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠵᠤ ᠰᠠᠢᠲᠤᠷ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠭᠡᠰᠡᠭ ᠬᠤᠭᠤᠴᠠᠭᠠᠨ᠎ᠤ ᠪᠦᠬᠦ ᠨᠠᠮ ᠪᠦᠬᠦ ᠤᠯᠤᠰ᠎ᠤᠨ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠮᠥᠨ᠃

ᠪᠥᠬᠥᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ᠄ 《ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠭᠠᠷᠭᠠᠵᠤ᠂ ᠡᠯ᠎ᠡ ᠵᠦᠢᠯ᠎ᠦᠨ ᠠᠷᠭ᠎ᠠ ᠮᠠᠶᠢᠭ᠋᠎ᠢᠶᠠᠷ ᠳᠠᠮᠵᠢᠭᠤᠯᠤᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠬᠤ᠂ ᠤᠬᠠᠭᠤᠯᠤᠨ ᠲᠠᠢᠯᠪᠤᠷᠢᠯᠠᠬᠤ᠂ ᠤᠬᠠᠭᠤᠯᠤᠨ ᠰᠤᠷᠳᠠᠯᠴᠢᠯᠠᠬᠤ ᠠᠵᠢᠯ᠎ᠢ ᠰᠠᠢᠲᠤᠷ ᠵᠣᠬᠢᠶᠠᠨ ᠪᠠᠢᠭᠤᠯᠵᠤ᠂ ᠪᠦᠬᠦ ᠨᠠᠮ ᠪᠦᠬᠦ ᠨᠡᠢᠭᠡᠮ᠎ᠳᠦ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠣᠢᠯᠠᠭᠠᠭᠤᠯᠬᠤ ᠬᠡᠷᠡᠭᠲᠡᠢ》 ᠭᠡᠵᠦ ᠲᠣᠳᠣᠷᠬᠠᠢ ᠱᠠᠭᠠᠷᠳᠠᠪᠠ᠃

ᠪᠥᠬᠥᠳᠡ ᠬᠤᠷᠠᠯ᠎ᠤᠨ ᠳᠠᠷᠠᠭ᠎ᠠ ᠠᠩᠬ᠎ᠠ ᠤᠳᠠᠭ᠎ᠠ ᠤᠯᠤᠰ᠎ᠤᠨ ᠳᠣᠲᠣᠭᠠᠳᠤ᠎ᠳᠤ ᠰᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶᠢᠨ ᠫᠢᠩ᠄ 《ᠣᠯᠠᠨ ᠲᠠᠰ ᠳᠠᠪᠬᠤᠷᠭ᠎ᠠ ᠣᠯᠠᠨ ᠠᠷᠭ᠎ᠠ ᠵᠠᠮ᠎ᠢᠶᠠᠷ ᠤᠬᠠᠭᠤᠯᠤᠨ ᠲᠠᠢᠯᠪᠤᠷᠢᠯᠠᠵᠤ ᠪᠣᠯᠪᠠᠰᠤᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠶᠢ ᠨᠢ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ》᠂ 《ᠨᠠᠮ᠎ᠤᠨ ᠲᠥᠪ ᠬᠣᠷᠢᠶ᠎ᠡ ᠵᠢᠨ ᠵᠣᠷᠢᠭ᠋ ᠰᠠᠨᠠᠭ᠎ᠠ᠎ᠶᠢ ᠣᠨᠣᠪᠴᠢᠲᠠᠶ ᠡᠵᠡᠮᠰᠢᠵᠦ᠂ ᠺᠠᠳ᠋ᠷ ᠣᠯᠠᠨ ᠲᠦᠮᠡᠨ᠎ᠦ ᠠᠩᠬᠠᠷᠴᠤ ᠪᠠᠢᠭ᠎ᠠ ᠠᠰᠠᠭᠤᠳᠠᠯ᠎ᠳᠤ ᠴᠢᠭᠯᠡᠭᠦᠯᠦᠨ ᠲᠠᠢᠯᠪᠤᠷᠢᠯᠠᠨ ᠤᠢᠯᠠᠭᠠᠭᠤᠯᠵᠤ ᠡᠬᠡᠳᠡᠷᠡᠭᠡ ᠵᠢ ᠨᠢ ᠠᠯᠳᠠᠷᠠᠭᠠᠬᠤ ᠬᠡᠷᠡᠭᠳᠡᠢ》 ᠭᠡᠵᠦ ᠵᠢᠭᠠᠵᠤ ᠭᠠᠷᠭᠠᠪᠠ᠃

ᠡᠳᠡᠭᠡᠷ ᠠᠯᠢ ᠤᠯᠠᠨ ᠴᠢᠬᠤᠯᠠ ᠵᠢᠭᠠᠪᠤᠷᠢ ᠱᠠᠭᠠᠷᠳᠠᠯᠭ᠎ᠠ ᠨᠢ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠬᠦ᠎ᠳᠦ ᠦᠨᠳᠦᠰᠦᠨ ᠵᠢᠷᠤᠮᠯᠠᠯ ᠬᠠᠩᠭᠠᠪᠠ᠃

ᠨᠠᠮ᠎ᠤᠨ ᠲᠥᠪ ᠬᠣᠷᠢᠶ᠎ᠡ ᠵᠢᠨ ᠳᠡᠭᠡᠳᠦ ᠬᠡᠮᠵᠢᠶᠡᠨ᠎ᠦ ᠴᠢᠬᠤᠯᠠᠴᠢᠯᠠᠭ᠎ᠠ ᠳᠣᠣᠷ᠎ᠠ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠤᠬᠠᠭᠤᠯᠤᠨ ᠲᠠᠢᠯᠪᠤᠷᠢᠯᠠᠬᠤ ᠠᠵᠢᠯ᠎ᠢ ᠨᠠᠷᠢᠨ ᠨᠢᠭ᠍ᠲᠠ ᠪᠠᠢᠷᠢᠯᠠᠭᠤᠯᠤᠨ᠂ ᠯᠠᠪᠳᠠᠭᠤᠨ ᠪᠠᠲᠤᠲᠠᠢ ᠪᠡᠯᠡᠳᠬᠡᠵᠦ᠂ ᠡᠮᠬᠢ ᠴᠡᠭᠴᠡ᠎ᠲᠠᠢ ᠭᠦᠨᠵᠡᠭᠡᠢ ᠠᠬᠢᠭᠤᠯᠪᠡ᠃

10 ᠰᠠᠷ᠎ᠠ᠎ᠶᠢᠨ 27 ᠎ᠤ᠋ ᠡᠳᠦᠷ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠠᠢᠴᠢᠯᠠᠯᠲᠠ᠎ᠶᠢᠨ ᠬᠤᠷᠠᠯ ᠪᠡᠭᠡᠵᠢᠩ᠎ᠳᠦ ᠬᠤᠷᠠᠯᠳᠤᠵᠤ᠂ ᠲᠥᠪ᠎ᠦᠨ ᠤᠳᠤᠷᠢᠳᠬᠤ ᠨᠥᠬᠥᠳ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠤᠬᠠᠭᠤᠯᠤᠨ ᠲᠠᠢᠯᠪᠤᠷᠢᠯᠠᠬᠤ ᠠᠵᠢᠯ᠎ᠤᠨ ᠴᠢᠬᠤᠯᠠ ᠴᠢᠨᠠᠷ᠎ᠢ ᠭᠦᠢᠴᠡᠳ ᠲᠠᠨᠢᠵᠤ᠂ ᠤᠬᠠᠭᠤᠯᠤᠨ ᠲᠠᠢᠯᠪᠤᠷᠢᠯᠠᠬᠤ ᠵᠥᠪ ᠤᠯᠤᠰ ᠲᠦᠷᠦ᠎ᠶᠢᠨ ᠴᠢᠭᠯᠡᠯ ᠪᠣᠯᠣᠨ ᠬᠦᠭ ᠠᠶᠠᠰ᠎ᠤᠨ ᠤᠳᠤᠷᠢᠳᠤᠮᠵᠢ᠎ᠶᠢ ᠡᠵᠡᠮᠳᠡᠵᠦ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠣᠨᠣᠪᠴᠢᠲᠠᠢ ᠶᠠᠷᠢᠵᠤ᠂ ᠪᠦᠬᠦ ᠲᠠᠯ᠎ᠠ᠎ᠪᠠᠷ ᠶᠠᠷᠢᠵᠤ᠂ ᠨᠡᠪᠲᠡᠷᠡᠲᠡᠯ᠎ᠡ ᠶᠠᠷᠢᠬᠤ ᠬᠡᠷᠡᠭᠲᠡᠢ ᠭᠡᠵᠦ ᠴᠢᠬᠤᠯᠠᠴᠢᠯᠠᠪᠠ᠃

ᠤᠬᠠᠭᠤᠯᠤᠨ ᠲᠠᠢᠯᠪᠤᠷᠢᠯᠠᠬᠤ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠣᠭᠣᠷᠢᠨ᠎ᠳᠤ᠂ ᠬᠤᠷᠠᠯ᠎ᠡᠴᠡ ᠬᠠᠨᠳᠤᠯᠭᠠᠳᠤ ᠴᠢᠨᠠᠷᠲᠠᠢ ᠲᠠᠢᠯᠪᠤᠷᠢᠯᠠᠯᠲᠠ᠎ᠶᠢ ᠢᠯᠡᠭᠦᠬᠡᠨ ᠬᠢᠵᠦ᠂ ᠠᠮᠢᠳᠤᠯᠢᠭ᠋ ᠪᠣᠳᠠᠲᠤ ᠵᠢᠱ᠌ᠢᠶ᠎ᠡ᠂ ᠰᠡᠳᠬᠢᠯ ᠬᠥᠳᠡᠯᠭᠡᠭᠰᠡᠨ ᠦᠯᠢᠭᠡᠷ᠎ᠢ ᠢᠯᠡᠭᠦᠬᠡᠨ ᠶᠠᠷᠢᠵᠤ᠂ ᠲᠦᠭᠦᠮ ᠣᠢᠯᠠᠭᠠᠮᠵᠢᠲᠠᠢ ᠦᠭᠡ ᠶᠠᠷᠢᠶ᠎ᠠ᠂ ᠪᠣᠳᠠᠲᠦ ᠲᠣᠭ᠎ᠠ ᠪᠠᠷᠢᠮᠲᠠ᠎ᠶᠢ ᠢᠯᠡᠭᠦᠬᠡᠨ ᠬᠡᠷᠡᠭᠯᠡᠵᠦ᠂ ᠨᠠᠮ᠎ᠤᠨ ᠲᠥᠪ ᠬᠣᠷᠢᠶ᠎ᠡ ᠵᠢᠨ ᠵᠣᠷᠢᠭ᠋ ᠰᠠᠨᠠᠭ᠎ᠠ᠎ᠶᠢ ᠭᠦᠨᠵᠡᠭᠡᠢ ᠪᠥᠭᠡᠳ ᠣᠢᠯᠠᠭᠠᠮᠵᠢᠲᠠᠢ ᠶᠠᠷᠢᠵᠤ᠂ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤ ᠥᠭᠬᠦ ᠳᠤᠮᠳᠠ ᠢᠲᠡᠭᠡᠭᠦᠯᠬᠦ ᠬᠦᠴᠦᠨ᠂ ᠤᠷᠢᠶᠠᠯᠠᠬᠤ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃

ᠲᠤᠰ ᠡᠳᠦᠷ᠎ᠡᠴᠡ ᠡᠬᠢᠯᠡᠨ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠪᠡᠭᠡᠵᠢᠩ᠎ᠳᠦ ᠬᠠᠮᠲᠤ᠎ᠪᠠᠷ ᠬᠢᠴᠢᠶᠡᠯ ᠪᠡᠯᠡᠳᠬᠡᠪᠡ᠃ ᠡᠨᠡ ᠬᠤᠭᠤᠴᠠᠭᠠᠨ᠎ᠳᠤ᠂ ᠤᠯᠠᠨ᠎ᠢᠶᠠᠷ᠎ᠢᠶᠠᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠣᠯᠣᠨ ᠪᠦᠬᠦᠳᠡ ᠬᠤᠷᠠᠯ᠎ᠤᠨ 《ᠰᠠᠨᠠᠭᠤᠯᠭ᠎ᠠ》 ᠶ᠋ᠢ ᠲᠡᠷᠡ ᠬᠡᠪ᠎ᠢᠶᠡᠷ ᠨᠢ ᠰᠤᠷᠤᠯᠴᠠᠵᠤ᠂ ᠤᠬᠠᠭᠤᠯᠤᠨ ᠲᠠᠢᠯᠪᠤᠷᠢᠯᠠᠬᠤ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ᠎ᠶᠢᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠵᠤ᠂ ᠬᠦᠯᠢᠶᠡᠨ ᠠᠪᠤᠭ᠍ᠴᠢᠳ᠎ᠤᠨ ᠣᠨᠴᠠᠯᠢᠭ᠋᠎ᠢ ᠤᠨᠢᠨ ᠳᠡᠭᠡᠷ᠎ᠡ ᠨᠢ ᠡᠵᠡᠮᠰᠢᠵᠦ᠂ ᠤᠬᠠᠭᠤᠯᠤᠨ ᠲᠠᠢᠯᠪᠤᠷᠢᠯᠠᠬᠤ ᠠᠭᠤᠯᠭ᠎ᠠ᠎ᠶᠢ ᠨᠠᠷᠢᠨ ᠨᠢᠮᠪᠠᠢ ᠲᠥᠯᠥᠪᠯᠡᠵᠦ᠂ ᠤᠯᠠᠨ ᠲᠦᠮᠡᠨᠴᠢᠯᠡᠬᠦ᠂ ᠵᠦᠷᠢᠶᠡᠵᠢᠬᠦᠯᠦᠨ ᠤᠬᠠᠭᠤᠯᠤᠨ ᠲᠠᠢᠯᠪᠤᠷᠢᠯᠠᠬᠤ᠎ᠶᠢ ᠴᠢᠷᠮᠠᠢᠨ ᠪᠡᠶᠡᠯᠡᠭᠦᠯᠪᠡ᠃

ᠭᠦᠢᠴᠡᠳ ᠪᠡᠯᠡᠳᠬᠡᠯ ᠬᠢᠭᠰᠡᠨ ᠰᠠᠭᠤᠷᠢᠨ ᠳᠡᠭᠡᠷ᠎ᠡ᠂ ᠠᠯᠢ ᠤᠯᠠᠨ ᠳᠡᠭᠡᠳᠦ ᠬᠡᠮᠵᠢᠶᠡᠨ᠎ᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢ ᠠᠯᠬᠤᠮ ᠠᠯᠬᠤᠮ᠎ᠢᠶᠠᠷ ᠥᠷᠨᠢᠭᠦᠯᠪᠡ᠃

10 ᠰᠠᠷ᠎ᠠ᠎ᠶᠢᠨ 29 ᠎ᠤ᠋ ᠦᠳᠡ᠎ᠶᠢᠨ ᠡᠮᠦᠨ᠎ᠡ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠢᠵᠢᠭ ᠶᠣᠰᠣᠯᠠᠯ᠎ᠤᠨ ᠲᠠᠩᠬᠢᠮ᠎ᠳᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠠᠩᠬᠠᠳᠠᠭ᠍ᠴᠢ ᠮᠡᠳᠡᠭᠦᠯᠦᠯᠲᠡ᠎ᠶᠢᠨ ᠬᠤᠷᠠᠯ ᠡᠬᠢᠯᠡᠪᠡ᠃ ᠪᠡᠭᠡᠵᠢᠩ᠎ᠳᠦ ᠪᠠᠢᠭ᠎ᠠ ᠨᠠᠮ ᠵᠠᠰᠠᠭ ᠴᠡᠷᠢᠭ᠎ᠦᠨ ᠪᠠᠢᠭᠤᠯᠭ᠎ᠠ᠎ᠶᠢᠨ ᠺᠠᠳ᠋ᠷ᠂ ᠲᠥᠪ᠎ᠦᠨ ᠠᠵᠤ ᠠᠬᠤᠢᠯᠠᠯ ᠪᠣᠯᠣᠨ ᠶᠡᠬᠡ ᠳᠡᠭᠡᠳᠦ ᠰᠤᠷᠭᠠᠭᠤᠯᠢ᠎ᠶᠢᠨ ᠬᠠᠷᠢᠭᠤᠴᠠᠯᠭᠠᠲᠠᠨ᠂ ᠤᠨᠤᠯ᠎ᠤᠨ ᠠᠵᠢᠯᠲᠠᠨ ᠪᠣᠯᠣᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭᠴᠢ ᠵᠡᠷᠭᠡ 700 ᠰᠢᠬᠠᠮ ᠬᠥᠮᠥᠨ ᠡᠷᠲᠡᠬᠡᠨ ᠰᠠᠭᠤᠳᠠᠯ᠎ᠳᠠᠭᠠᠨ ᠰᠠᠭᠤᠵᠤ᠂ ᠤᠯᠠᠨ᠎ᠢᠶᠠᠷ᠎ᠢᠶᠠᠨ ᠪᠦᠬᠦ ᠠᠩᠬᠠᠷᠤᠯ᠎ᠢᠶᠠᠨ ᠲᠥᠪᠯᠡᠷᠡᠭᠦᠯᠤᠨ᠂ ᠨᠠᠷᠢᠨ ᠬᠢᠨᠠᠮᠠᠭᠠᠢ ᠰᠣᠨᠣᠰᠴᠤ᠂ ᠪᠠᠢᠨ ᠪᠠᠢᠨ ᠲᠡᠮᠳᠡᠭᠯᠡᠯ ᠬᠢᠵᠦ ᠪᠠᠢᠯ᠎ᠠ᠃

ᠮᠡᠳᠡᠭᠦᠯᠦᠯᠲᠡ ᠵᠢᠨ ᠬᠤᠷᠠᠯ ᠳᠡᠭᠡᠷ᠎ᠡ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠎ᠦ ᠲᠠᠢᠯᠤᠮᠵᠢ ᠪᠠᠶᠠᠯᠢᠭ᠋ ᠠᠭᠤᠯᠭ᠎ᠠ᠎ᠲᠠᠢ ᠪᠠᠢᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠤᠭ᠎ᠠ ᠲᠥᠰᠥᠪ ᠪᠣᠯᠣᠨ ᠡᠯ᠎ᠡ ᠬᠦᠷᠢᠶᠡᠨ᠎ᠦ ᠠᠵᠢᠯ᠎ᠤᠨ ᠪᠠᠢᠷᠢᠯᠠᠭᠤᠯᠤᠯᠲᠠ᠎ᠶᠢ ᠨᠡᠪᠳᠡᠷᠡᠯᠴᠡᠬᠦᠯᠵᠦ᠂ ᠪᠦᠬᠦᠳᠡ ᠬᠤᠷᠠᠯ᠎ᠤᠨ ᠦᠨᠳᠦᠰᠦᠨ ᠵᠣᠷᠢᠭ᠋ ᠰᠠᠨᠠᠭ᠎ᠠ᠂ ᠦᠨᠳᠦᠰᠦᠨ ᠠᠭᠤᠯᠭ᠎ᠠ᠎ᠶᠢ ᠰᠢᠰᠲᠧᠮ᠎ᠲᠠᠢ ᠲᠠᠨᠢᠯᠴᠠᠭᠤᠯᠤᠭᠰᠠᠨ ᠪᠥᠭᠡᠳ ᠭᠣᠣᠯᠳᠠᠯᠭ᠎ᠠ᠎ᠲᠠᠢ ᠠᠰᠠᠭᠤᠳᠠᠯ᠂ ᠵᠠᠩᠭᠢᠯᠠᠭ᠎ᠠ᠎ᠶᠢᠨ ᠠᠰᠠᠭᠤᠳᠠᠯ᠎ᠢ ᠲᠥᠪᠯᠡᠷᠡᠭᠦᠯᠦᠨ ᠲᠠᠢᠯᠪᠤᠷᠢᠯᠠᠵᠤ᠂ ᠲᠤᠬᠠᠢ᠎ᠶᠢᠨ ᠲᠠᠯᠠᠪᠠᠢ᠎ᠶᠢᠨ ᠰᠣᠨᠣᠰᠤᠭ᠍ᠴᠢᠳ᠎ᠤᠨ ᠦᠵᠡᠯ ᠰᠠᠨᠠᠭᠠᠨ᠎ᠤ ᠴᠤᠤᠷᠢᠶᠠᠲᠤᠯ᠎ᠢ ᠬᠥᠭᠵᠢᠭᠡᠵᠡᠢ᠃

ᠲᠥᠪ ᠬᠣᠷᠢᠶ᠎ᠡ ᠵᠢᠨ ᠪᠠᠢᠷᠢᠯᠠᠭᠤᠯᠤᠯᠲᠠ ᠲᠣᠬᠢᠷᠠᠭᠤᠯᠤᠯᠲᠠ᠎ᠪᠠᠷ᠂ ᠨᠠᠮ ᠪᠣᠯᠣᠨ ᠲᠦᠷᠦ ᠵᠢᠨ ᠬᠡᠰᠡᠭ ᠤᠳᠤᠷᠢᠳᠬᠤ ᠨᠥᠬᠥᠳ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠎ᠦ ᠬᠤᠪᠢ᠎ᠪᠠᠷ ᠬᠣᠯᠪᠣᠭᠳᠠᠯ ᠪᠦᠬᠦᠢ ᠰᠢᠰᠲᠧᠮ᠂ ᠰᠠᠯᠠᠭ᠎ᠠ ᠮᠥᠴᠢᠷ ᠪᠤᠶᠤ ᠪᠠᠢᠭ᠎ᠠ ᠭᠠᠵᠠᠷ ᠣᠷᠣᠨ᠎ᠳᠤ ᠤᠬᠠᠭᠤᠯᠤᠨ ᠲᠠᠢᠯᠪᠤᠷᠢᠯᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭᠵᠢᠯᠲᠡ᠎ᠶᠢᠨ ᠣᠯᠣᠭᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶᠢ ᠲᠣᠳᠣᠷᠬᠠᠢ ᠶᠠᠷᠢᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠲᠣᠳᠣᠷᠬᠠᠢ ᠶᠠᠷᠢᠵᠤ᠂ ᠨᠠᠮ᠎ᠤᠨ ᠲᠥᠪ ᠬᠣᠷᠢᠶ᠎ᠡ ᠵᠢᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠢᠳᠠᠯ᠎ᠤᠨ ᠲᠤᠬᠠᠢ ᠦᠨᠳᠦᠰᠦᠨ ᠮᠠᠭᠠᠳᠯᠠᠯᠲᠠ᠎ᠶᠢ ᠲᠣᠳᠣᠷᠬᠠᠢ ᠶᠠᠷᠢᠵᠦ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ᠎ᠶᠢ ᠲᠣᠳᠣᠷᠬᠠᠢ ᠶᠠᠷᠢᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠤᠨᠴᠠᠯᠠᠨ ᠡᠵᠡᠮᠰᠢᠬᠦ ᠴᠢᠬᠤᠯᠠᠲᠠᠢ ᠭᠣᠣᠯᠳᠠᠯᠭ᠎ᠠ᠎ᠶᠢ ᠲᠣᠳᠣᠷᠬᠠᠢ ᠶᠠᠷᠢᠪᠠ ᠁ ᠨᠠᠮ ᠪᠠ ᠲᠦᠷᠦ᠎ᠶᠢᠨ ᠤᠳᠤᠷᠢᠳᠬᠤ ᠨᠥᠬᠥᠳ᠎ᠦᠨ ᠤᠬᠠᠭᠤᠯᠤᠨ ᠲᠠᠢᠯᠪᠤᠷᠢᠯᠠᠬᠤ ᠭᠣᠣᠯ ᠰᠡᠳᠦᠪ ᠨᠢ ᠢᠯᠡ ᠲᠣᠳᠣ᠌᠂ ᠰᠢᠰᠲᠧᠮ ᠨᠢ ᠪᠦᠬᠦ ᠲᠠᠯ᠎ᠠ᠎ᠶᠢᠨ ᠪᠠᠢᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠂ ᠤᠯᠠᠨ ᠲᠦᠮᠡᠨ᠎ᠦ ᠬᠠᠯᠠᠭᠤᠨ ᠬᠦᠷᠢᠶᠡᠯᠡᠯ᠎ᠢ ᠣᠯᠪᠠ᠃

ᠣᠯᠠᠨ᠎ᠢᠶᠠᠷ᠎ᠢᠶᠠᠨ᠂ ᠨᠠᠮ ᠪᠣᠯᠣᠨ ᠲᠦᠷᠦ ᠵᠢᠨ ᠤᠳᠤᠷᠢᠳᠬᠤ ᠨᠥᠬᠥᠳ᠎ᠦᠨ ᠤᠬᠠᠭᠤᠯᠤᠨ ᠲᠠᠢᠯᠪᠤᠷᠢᠯᠠᠯᠲᠠ ᠨᠢ ᠲᠥᠪ ᠬᠣᠷᠢᠶ᠎ᠡ ᠵᠢᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠵᠤ᠂ ᠭᠦᠨ ᠭᠦᠨᠵᠡᠭᠡᠢ ᠣᠨᠣᠯ᠎ᠤᠨ ᠲᠠᠢᠯᠪᠤᠷᠢᠯᠠᠯᠲᠠ ᠲᠡᠢ ᠮᠥᠷᠲᠡᠭᠡᠨ ᠪᠠᠰᠠ ᠪᠣᠳᠠᠲᠠᠢ ᠦᠢᠯᠡᠳᠦᠯᠭᠡ᠎ᠶᠢᠨ ᠵᠢᠯᠣᠭᠣᠳᠤᠯᠭ᠎ᠠ ᠪᠠᠢᠨ᠎ᠠ᠂ ᠲᠠᠷᠠᠭᠠᠴᠢ᠎ᠶᠢᠨ ᠠᠯᠬᠤᠮ᠎ᠳᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠪᠠ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠬᠥᠭᠵᠢᠯᠲᠡ᠎ᠶᠢᠨ ᠪᠣᠭᠣᠮᠢ᠎ᠶᠢ ᠰᠢᠪᠳᠤᠯᠬᠤ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠠᠤᠭ᠎ᠠ ᠲᠥᠰᠥᠪ᠎ᠢ ᠠᠯᠬᠤᠮ ᠠᠯᠬᠤᠮ᠎ᠢᠶᠠᠷ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠡ ᠭᠡᠵᠤ ᠢᠯᠡᠳᠬᠡᠵᠡᠭᠡᠪᠡ᠃

ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ ᠠᠮᠢᠳᠤᠯᠢᠭ ᠲᠠᠢᠯᠪᠤᠷᠢᠯᠠᠬᠤ᠎ᠪᠠᠷ ᠴᠢᠷᠮᠠᠢᠪᠠ

ᠬᠢᠷᠢᠨ᠎ᠦ ᠴᠠᠩᠴᠦ᠋ᠨ᠎ᠳᠦ᠂ ᠳᠤᠮᠳᠠᠳᠤ ᠤᠯᠤᠰ᠎ᠤᠨ ᠢ ᠴᠢ ᠬᠤᠩ ᠴᠢ ᠮᠠᠰᠢᠨ ᠲᠡᠷᠭᠡᠨ᠎ᠤ ᠦᠢᠯᠡᠳᠬᠦ ᠲᠥᠪ᠎ᠦᠨ ᠬᠥᠭᠵᠢᠯ ᠴᠡᠴᠡᠭᠯᠡᠯ᠎ᠦᠨ ᠦᠢᠯᠡᠳᠪᠦᠷᠢ᠎ᠶᠢᠨ ᠲᠣᠭᠣᠷᠢᠭ᠋᠎ᠲᠤ᠂ ᠠᠵᠤ ᠦᠢᠯᠡᠳᠪᠦᠷᠢ᠎ᠶᠢᠨ ᠮᠠᠰᠢᠨ ᠬᠥᠮᠥᠨ ᠴᠢᠯᠦᠭᠡᠲᠡᠢ᠎ᠪᠡᠷ ᠠᠵᠢᠯᠯᠠᠵᠤ᠂ ᠠᠦ᠋ᠲ᠋ᠣ᠋ ᠠᠶᠠᠯᠠᠯ᠎ᠤᠨ ᠵᠠᠮᠴᠢᠯᠠᠭᠤᠷ ᠲᠡᠢ ᠳᠡᠭᠡᠭᠡᠪᠦᠷᠢ ᠵᠢᠨ ᠮᠠᠰᠢᠨ ᠲᠡᠷᠭᠡ ᠡᠮᠬᠢ ᠳᠢᠭ᠌ᠯᠢᠮ᠎ᠲᠠᠢ᠎ᠪᠡᠷ ᠰᠦᠯᠵᠢᠯᠳᠦᠨ᠎ᠡ᠃ ᠡᠨᠳᠡ ᠳᠤᠮᠳᠠᠴᠢ᠎ᠪᠠᠷ 54 ᠰᠧᠺᠦ᠋ᠨ᠋ᠳ᠋ ᠪᠦᠷᠢ᠎ᠳᠦ ᠨᠢᠭᠡ ᠰᠢᠨ᠎ᠡ ᠡᠨᠧᠷᠭᠢ᠎ᠶᠢᠨ ᠮᠠᠰᠢᠨ ᠲᠡᠷᠭᠡ ᠤᠷᠤᠭᠰᠢᠲᠠᠢ᠎ᠪᠠᠷ ᠦᠢᠯᠡᠳᠪᠦᠷᠢᠯᠡᠯ᠎ᠤᠨ ᠱᠤᠭᠤᠮ ᠡᠴᠡ ᠭᠠᠷᠴᠦ ᠪᠠᠢᠨ᠎ᠠ᠃ 11 ᠰᠠᠷ᠎ᠠ᠎ᠶᠢᠨ 6 ᠎ᠤ᠋ ᠦᠳᠡ᠎ᠶᠢᠨ ᠬᠣᠢᠨ᠎ᠠ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠨᠠᠷ ᠦᠢᠯᠡᠳᠪᠦᠷᠢ᠎ᠶᠢᠨ ᠲᠣᠭᠣᠷᠢᠭ᠋᠎ᠲᠤ ᠢᠷᠡᠵᠦ᠂ ᠠᠵᠢᠯᠲᠠᠳ᠎ᠲᠠᠢ ᠲᠤᠬᠠᠢ᠎ᠶᠢᠨ ᠲᠠᠯᠠᠪᠠᠢ᠎ᠳᠤ ᠰᠠᠨᠠᠯ᠎ᠢᠶᠠᠨ ᠰᠤᠯᠢᠯᠴᠠᠪᠠ᠃

《ᠡᠸᠦ᠋ᠷᠦᠫᠡ ᠠᠮᠧᠷᠢᠺᠠ᠎ᠶᠢᠨ ᠮᠠᠨ᠎ᠤ ᠤᠯᠤᠰ᠎ᠤᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠪᠠ ᠪᠡᠯᠡ ᠣᠷᠣᠭᠤᠯᠤᠯᠲᠠ᠎ᠶᠢ ᠬᠢᠵᠠᠭᠠᠷᠯᠠᠬᠤ ᠲᠥᠷᠥ᠎ᠶᠢᠨ ᠪᠣᠳᠣᠯᠭ᠎ᠠ᠎ᠶᠢᠨ ᠲᠠᠰᠤᠷᠠᠯᠲᠠ ᠦᠭᠡᠢ ᠨᠡᠮᠡᠭᠳᠡᠬᠦ᠎ᠶᠢ ᠳᠠᠭᠠᠯᠳᠤᠨ᠂ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠬᠤᠭᠤᠴᠠᠭᠠᠨ᠎ᠳᠠᠬᠢ ᠮᠠᠰᠢᠨ ᠲᠡᠷᠭᠡᠨ᠎ᠦ ᠠᠵᠤ ᠦᠢᠯᠡᠰ᠎ᠦᠨ ᠠᠯᠤᠰ ᠢᠷᠡᠭᠡᠳᠦᠢ ᠵᠢ ᠲᠠ ᠶᠠᠭᠠᠬᠢᠵᠤ ᠦᠵᠡᠵᠤ ᠪᠠᠢᠭ᠎ᠠ ᠪᠤᠢ?》

ᠰᠠᠨᠠᠯ ᠪᠤᠳᠤᠯ᠎ᠢᠶᠡᠨ ᠰᠤᠯᠢᠴᠠᠬᠤ ᠶᠠᠪᠤᠴᠠ᠎ᠳᠤ᠂ ᠳᠡᠭᠡᠳᠦ ᠵᠡᠷᠭᠡ᠎ᠶᠢᠨ ᠢᠨᠵᠧᠨᠧᠷ ᠵᠠᠩ ᠬᠣᠩ ᠹᠸᠩ ᠰᠢᠭᠤᠳ ᠰᠢᠯᠤᠭᠤᠨ ᠦᠭᠡ ᠶᠠᠷᠢᠶ᠎ᠠ ᠪᠡᠷ ᠰᠡᠳᠬᠢᠯ᠎ᠦᠨ ᠡᠷᠡᠭᠡᠯᠵᠡᠭᠡ᠎ᠪᠡᠨ ᠦᠴᠢᠪᠡ᠃

《ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠂ ᠬᠡᠳᠦ ᠲᠤᠮᠤ ᠬᠡᠪᠴᠢᠶᠡᠨ᠎ᠦ ᠵᠠᠬ᠎ᠠ ᠳᠡᠯᠭᠡᠭᠦᠷ᠂ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠂ ᠴᠢᠳᠠᠪᠤᠷᠢᠲᠠᠨ᠎ᠤ ᠡᠬᠢ ᠪᠠᠶᠠᠯᠢᠭ᠋᠎ᠢ ᠪᠠᠶᠠᠯᠢᠭ᠍ᠵᠢᠭᠤᠯᠬᠤ ᠪᠣᠯ ᠮᠠᠨ᠎ᠤ ᠬᠥᠭᠵᠢᠯᠲᠡ᠎ᠶᠢᠨ ᠢᠳᠡ ᠬᠦᠴᠦᠨ ᠮᠥᠨ᠃ ᠮᠠᠨ᠎ᠤ ᠤᠯᠤᠰ᠎ᠤᠨ ᠮᠠᠰᠢᠨ ᠲᠡᠷᠭᠡᠨ᠎ᠦ ᠠᠵᠤ ᠦᠢᠯᠡᠰ᠎ᠦᠨ ᠢᠷᠡᠭᠡᠳᠦᠢ ᠭᠡᠭᠡᠨ ᠰᠠᠷᠠᠭᠤᠯ᠂ ᠬᠦᠰᠠᠨ ᠪᠠᠷᠠᠯᠠᠭᠤᠰᠢᠲᠠᠢ ᠪᠠᠢᠨ᠎ᠠ!》 ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠎ᠤ ᠦᠭᠡ ᠶᠠᠷᠢᠶ᠎ᠠ ᠡᠷᠡᠰ ᠪᠠᠲᠤ ᠪᠠᠢᠵᠤ᠂ ᠣᠮᠣᠭ ᠲᠡᠭᠦᠯᠳᠡᠷ᠎ᠢᠶᠡᠷ ᠬᠠᠷᠢᠭᠤᠯᠪᠠ᠃

ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠬᠡᠷᠬᠢᠨ ᠠᠬᠢᠭᠤᠯᠬᠤ᠎ᠡᠴᠡ ᠮᠡᠷᠭᠡᠵᠢᠯ ᠴᠢᠳᠠᠪᠤᠷᠢ᠎ᠪᠠᠨ ᠬᠡᠷᠬᠢᠨ ᠳᠡᠭᠡᠭᠰᠢᠯᠡᠭᠦᠯᠵᠦ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ ᠪᠣᠯᠬᠤ ᠬᠦᠷᠲᠡᠯ᠎ᠡ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠭᠢᠷᠢᠨ᠎ᠦ ᠦᠢᠯᠡᠳᠬᠦ ᠦᠢᠯᠡᠰ᠎ᠦᠨ ᠬᠥᠭᠵᠢᠯᠲᠡ᠎ᠶᠢᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠡᠷᠡᠭᠡᠯᠵᠡᠭᠡ᠎ᠶᠢ ᠲᠠᠢ᠍ᠢᠯᠵᠤ᠂ ᠨᠢᠭᠡᠳ ᠨᠢᠭᠡ᠎ᠪᠡᠷ ᠬᠠᠷᠢᠭᠤᠯᠲᠠ ᠥᠭᠴᠦ᠂ ᠢᠲᠡᠭᠡᠯ ᠵᠣᠷᠢᠭ᠋᠎ᠢ ᠬᠠᠷᠢᠭᠤᠯᠲᠠ ᠳᠤᠮᠳᠠ ᠪᠡᠨ ᠳᠠᠮᠵᠢᠭᠤᠯᠵᠤ᠂ ᠬᠠᠮᠲᠤ᠎ᠶᠢᠨ ᠲᠠᠨᠢᠯᠲᠠ᠎ᠶᠢ ᠶᠠᠷᠢᠯᠴᠠᠭ᠎ᠠ ᠰᠣᠯᠢᠯᠴᠠᠭᠠᠨ᠎ᠤ ᠳᠤᠮᠳᠠ ᠪᠡᠨ ᠭᠦᠢᠴᠡᠳ ᠨᠢᠭ᠍ᠲᠠᠷᠠᠭᠤᠯᠪᠠ᠃

ᠨᠡᠢᠭᠡᠮ ᠲᠣᠭᠣᠷᠢᠭ᠋ ᠪᠣᠯ ᠬᠤᠳᠠ᠎ᠶᠢᠨ ᠵᠠᠰᠠᠯᠲᠠ᠎ᠶᠢᠨ ᠰᠢᠰᠲ᠋ᠸᠮ᠎ᠤᠨ ᠦᠨᠳᠦᠰᠦᠨ ᠨᠢᠭᠡᠴᠢ ᠪᠣᠯᠣᠨ᠎ᠠ᠂ ᠮᠥᠨ ᠴᠦ᠍ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠣᠨ᠎ᠠ᠃ ᠱᠠᠨ ᠰᠢ᠎ᠶᠢᠨ ᠲᠠᠶ᠋ᠢᠶᠦᠸᠠᠨ᠎ᠤ ᠬᠠᠭᠤᠴᠢᠨ ᠴᠡᠷᠢᠭ᠎ᠦᠨ ᠬᠤᠸᠠᠷᠠᠨ᠎ᠤ ᠵᠡᠭᠡᠯᠢ ᠭᠤᠳᠤᠮᠵᠢ᠎ᠶᠢᠨ ᠰᠢᠨ᠎ᠡ᠎ᠪᠡᠷ ᠪᠠᠢᠭᠤᠯᠤᠭᠰᠠᠨ ᠡᠮᠦᠨ᠎ᠡ ᠵᠠᠮ᠎ᠤᠨ ᠬᠣᠶᠠᠳᠤᠭᠠᠷ ᠨᠡᠢᠭᠡᠮ ᠲᠣᠭᠣᠷᠢᠭ᠋᠎ᠲᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠬᠥᠷᠰᠢ ᠵᠡᠷᠭᠡᠯᠡᠳᠡᠭᠡ᠎ᠶᠢᠨ ᠬᠡᠷᠡᠭ ᠵᠥᠪᠯᠡᠬᠦ ᠲᠢᠩᠬᠢᠮ᠎ᠳᠦ ᠬᠦᠷᠴᠦ᠂ ᠰᠠᠭᠤᠭᠠᠯᠢ ᠠᠷᠠᠳ᠎ᠤᠨ ᠳᠡᠷᠭᠡᠳᠡ ᠤᠴᠢᠯ᠎ᠠ᠃

《ᠰᠠᠭᠤᠭᠠᠯᠢ ᠠᠷᠠᠳ ᠤᠯᠠᠨ᠎ᠳᠤ ᠦᠢᠯᠡᠴᠢᠯᠡᠬᠦ ᠪᠣᠯ ᠨᠡᠢᠭᠡᠮ ᠲᠣᠭᠣᠷᠢᠭ᠋᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠡᠭᠦᠷᠭᠡᠯᠡᠵᠦ ᠪᠠᠢᠭ᠎ᠠ ᠭᠣᠣᠯ ᠡᠭᠦᠷᠭᠡ ᠮᠥᠨ》᠂ 《〈ᠨᠠᠰᠤᠲᠠᠨ ᠨᠢᠯᠬ᠎ᠠ〉 ᠵᠡᠷᠭᠡ ᠭᠣᠣᠯᠳᠠᠯᠭ᠎ᠠ᠎ᠲᠠᠢ ᠬᠦᠮᠦᠰ᠎ᠤᠨ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠦᠨᠡᠨ ᠬᠦ᠌ ᠰᠠᠢᠲᠤᠷ ᠰᠢᠢᠳᠪᠦᠷᠢᠯᠡᠬᠦ ᠬᠡᠷᠡᠭᠲᠡᠢ》᠂ 《ᠨᠡᠢᠭᠡᠮ ᠲᠣᠭᠣᠷᠢᠭ᠋ ᠪᠣᠯᠣᠨ ᠰᠠᠭᠤᠭ᠎ᠠ ᠪᠠᠢᠭᠤᠯᠭ᠎ᠠ ᠨᠢᠭᠡᠴᠢ᠎ᠶᠢᠨ ᠬᠠᠷᠢᠯᠴᠠᠨ ᠬᠣᠯᠪᠣᠭᠠᠯᠠᠵᠤ ᠬᠠᠮᠲᠤ ᠪᠠᠷ ᠪᠠᠶ᠋ᠢᠭᠤᠯᠬᠤ᠂ ᠵᠣᠬᠢᠴᠠᠭᠤᠯᠤᠨ ᠬᠠᠮᠲᠤᠷᠠᠯᠴᠠᠬᠤ᠎ᠶᠢ ᠠᠬᠢᠭᠤᠯᠵᠤ᠂ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ》 ᠁ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠪᠦᠬᠦᠳᠡ ᠬᠤᠷᠠᠯ᠎ᠤᠨ《ᠰᠠᠨᠠᠭᠤᠯᠭ᠎ᠠ》 ᠳ᠋ᠡᠬᠢ ᠨᠡᠢᠭᠡᠮ ᠲᠣᠭᠣᠷᠢᠭ᠋᠎ᠤᠨ ᠵᠠᠰᠠᠯᠲᠠ᠎ᠶᠢ ᠲᠡᠭᠦᠯᠳᠡᠷᠵᠢᠭᠦᠯᠬᠦ ᠴᠢᠬᠤᠯᠠ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠪᠡ᠃ ᠨᠡᠢᠭᠡᠮ ᠲᠣᠭᠣᠷᠢᠭ᠋᠎ᠤᠨ ᠬᠥᠭᠵᠢᠯᠲᠡ᠎ᠳᠦ ᠪᠤᠲᠠᠲᠤ ᠤᠬᠠᠭᠠᠨ ᠭᠠᠷᠭᠠᠵᠤ᠂ ᠠᠷᠭ᠎ᠠ ᠪᠤᠳᠤᠯᠭ᠎ᠠ ᠰᠦᠪᠡᠭᠴᠢᠯᠡᠪᠡ᠃

《ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ ᠤᠯᠠᠨ᠎ᠢᠶᠠᠷ᠎ᠢᠶᠠᠨ ᠡᠮᠦᠨ᠎ᠡ ᠹᠷᠣᠨᠲ᠎ᠲᠤ ᠦᠨᠳᠦᠰᠦᠯᠡᠵᠦ᠂ ᠤᠯᠠᠨ ᠲᠦᠮᠡᠨ᠎ᠳᠦ ᠦᠢᠯᠡᠴᠢᠯᠡᠬᠦ ᠢᠲᠡᠭᠡᠯ ᠵᠣᠷᠢᠭ᠋ ᠴᠤ᠌ ᠤᠯᠠᠮ ᠪᠠᠲᠤᠵᠢᠵᠠᠢ》᠃ ᠬᠠᠭᠤᠴᠢᠨ ᠴᠡᠷᠢᠭ᠎ᠦᠨ ᠬᠤᠸᠠᠷᠠᠨ᠎ᠤ ᠵᠡᠭᠡᠯᠢ ᠭᠤᠳᠤᠮᠵᠢ᠎ᠶᠢᠨ ᠨᠠᠮ᠎ᠤᠨ ᠠᠵᠢᠯᠯᠠᠬᠤ ᠬᠣᠷᠢᠶ᠎ᠠ᠎ᠶᠢᠨ ᠱᠦᠵᠢ ᠫᠧᠢ ᠲᠤᠤ᠂ ᠵᠠᠯᠭᠠᠭᠠᠳ ᠨᠡᠩ ᠶᠡᠬᠡ ᠡᠷᠴᠢᠮ᠎ᠢᠶᠡᠷ ᠠᠷᠠᠳ᠎ᠤᠨ ᠠᠮᠢᠳᠤᠷᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠬᠤᠸᠠᠷ ᠬᠠᠳᠬᠤᠬᠤ ᠡᠷᠳᠡᠮ》ᠭᠠᠷᠭᠠᠵᠤ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠥᠭᠡᠷᠡᠴᠢᠯᠡᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠢᠭᠡᠮ ᠲᠣᠭᠣᠷᠢᠭ᠋᠎ᠤᠨ ᠦᠢᠯᠡᠴᠢᠯᠡᠭᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠦᠨᠳᠦᠰᠦᠨ ᠱᠠᠲᠤᠨ᠎ᠤ ᠵᠥᠷᠢᠴᠡᠯ᠎ᠢ ᠪᠦᠲᠦᠮᠵᠢᠲᠡᠢ ᠨᠠᠮᠳᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶᠢᠨ ᠦᠷ᠎ᠡ ᠪᠦᠲᠦᠮᠵᠢ ᠪᠣᠯᠣᠨ ᠴᠢᠨᠠᠷ ᠰᠠᠢᠲᠠᠢ ᠬᠥᠭᠵᠢᠯᠲᠡ᠎ᠶᠢ ᠵᠡᠷᠭᠡ ᠪᠡᠷ ᠠᠬᠢᠭᠤᠯᠵᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠨ᠎ᠠ ᠭᠡᠵᠦ ᠢᠯᠡᠳᠬᠡᠪᠡ᠃

ᠠᠵᠤ ᠠᠬᠤᠢᠯᠠᠯ᠎ᠡᠴᠡ ᠨᠡᠢᠭᠡᠮ ᠲᠣᠭᠣᠷᠢᠭ᠋ ᠬᠦᠷᠲᠡᠯ᠎ᠡ᠂ ᠬᠤᠳᠠ᠎ᠡᠴᠡ ᠬᠥᠳᠡᠭᠡ ᠲᠣᠰᠬᠣᠨ ᠬᠦᠷᠲᠡᠯ᠎ᠡ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠭᠦᠨᠵᠡᠭᠡᠢ ᠵᠠᠳᠠᠯᠤᠨ ᠰᠢᠨᠵᠢᠯᠡᠯᠲᠡ᠂ ᠠᠮᠢᠳᠤᠯᠢᠭ᠋ ᠲᠠᠢᠯᠪᠤᠷᠢᠯᠠᠯᠲᠠ᠎ᠪᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ 《ᠡᠭᠡᠯ ᠠᠷᠠᠳ᠎ᠤᠨ ᠭᠡᠷ᠎ᠲᠦ ᠬᠦᠷᠬᠦ》 ᠶ᠋ᠢ ᠠᠬᠢᠭᠤᠯᠵᠠᠢ᠃

ᠡᠪᠦᠯ᠎ᠦᠨ ᠡᠬᠢᠨ᠎ᠤ ᠰᠧᠴᠦᠸᠠᠨ᠎ᠤ ᠪᠠᠷᠠᠭᠤᠨ ᠬᠡᠰᠡᠭ᠎ᠦᠨ ᠲᠠᠯ᠎ᠠ ᠭᠠᠵᠠᠷ᠎ᠲᠤ ᠠᠯᠲᠠᠨ ᠨᠠᠷᠠᠨ ᠡᠶᠡᠪᠡᠷᠭᠦᠦ ᠳᠤᠯᠠᠭᠠᠨ ᠪᠠᠢᠯ᠎ᠠ᠃ 11 ᠰᠠᠷ᠎ᠠ᠎ᠶᠢᠨ 5 ᠎ᠤ᠋ ᠡᠳᠦᠷ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠰᠧᠴᠦᠸᠠᠨ᠎ᠤ ᠮᠸᠢᠢᠱᠠᠨ ᠬᠤᠳᠠ᠎ᠶᠢᠨ᠎ᠲᠠᠢ ᠡᡁᠸ ᠪᠠᠯᠭᠠᠰᠤᠨ᠎ᠤ ᠶᠦᠩ ᠹᠸᠩ ᠲᠣᠰᠬᠣᠨ᠎ᠳᠤ ᠬᠦᠷᠴᠦ᠂ ᠲᠣᠰᠬᠣᠨ᠎ᠤ ᠠᠷᠠᠳ᠎ᠤᠨ ᠲᠥᠯᠥᠭᠡᠯᠡᠭᠴᠢ᠂ ᠦᠨᠳᠦᠰᠦᠨ ᠱᠠᠲᠤᠨ᠎ᠤ ᠺᠠᠳ᠋ᠷᠴᠤᠳ᠎ᠲᠠᠢ ᠬᠠᠮᠲᠤ ᠬᠦᠷᠢᠶᠡᠯᠡᠨ ᠰᠠᠭᠤᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠣᠢᠯᠠᠭᠠᠪᠠ᠃

ᠲᠣᠰᠬᠣᠨ᠎ᠳᠤ ᠤᠬᠠᠭᠤᠯᠤᠨ ᠲᠠᠢᠯᠪᠤᠷᠢᠯᠠᠬᠤ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠠᠩᠬᠠᠷᠤᠯ᠎ᠤᠨ ᠴᠡᠭ ᠪᠣᠯᠬᠤ ᠨᠢ ᠵᠠᠢᠯᠠᠰᠢ ᠦᠭᠡᠢ᠃ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ《ᠬᠥᠳᠡᠭᠡ ᠲᠣᠰᠬᠣᠨ᠎ᠤ ᠬᠥᠮᠥᠰ᠎ᠦᠨ ᠣᠷᠣᠰᠢᠨ ᠰᠠᠭᠤᠬᠤ ᠣᠷᠴᠢᠨ ᠨᠦᠭᠦᠴᠡᠯ᠎ᠢ ᠦᠷᠭᠦᠯᠵᠢᠯᠡᠨ ᠴᠡᠭᠴᠡᠯᠡᠨ ᠰᠠᠢᠵᠢᠷᠠᠭᠤᠯᠬᠤ》᠂ 《ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠬᠤ》 ᠵᠡᠷᠭᠡ ᠪᠦᠬᠦᠳᠡ ᠬᠤᠷᠠᠯ᠎ᠤᠨ ᠪᠠᠢᠷᠢᠯᠠᠭᠤᠯᠤᠯᠲᠠ᠎ᠶᠢ ᠶᠦᠩ ᠹᠸᠩ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ᠂ ᠵᠣᠷᠯᠣᠩ᠎ᠤᠨ ᠬᠤᠪᠢᠰᠬᠠᠯ᠎ᠤᠨ ᠠᠬᠢᠭᠤᠯᠤᠯᠳᠠ᠂ ᠬᠣᠭ ᠨᠣᠪᠰᠢ᠎ᠶᠢᠨ ᠵᠠᠰᠠᠯᠲᠠ᠎ᠶᠢ ᠠᠬᠢᠭᠤᠯᠬᠤ ᠵᠡᠷᠭᠡ ᠪᠣᠳᠠᠲᠦ ᠪᠠᠢᠳᠠᠯ᠎ᠲᠠᠢ ᠤᠶᠠᠯᠳᠤᠭᠤᠯᠵᠤ᠂ ᠲᠤᠬᠠᠢ᠎ᠶᠢᠨ ᠲᠠᠯᠠᠪᠤᠷ᠎ᠲᠤ ᠪᠠᠢᠭᠰᠠᠨ ᠺᠠᠳ᠋ᠷ ᠤᠯᠠᠨ ᠲᠦᠮᠡᠨ᠎ᠳᠦ ᠰᠡᠩᠬᠡᠷᠡᠭᠦᠯᠦᠯ ᠤᠯᠭᠤᠭᠰᠠᠨ ᠪᠥᠭᠡᠳ ᠤᠯᠠᠨ ᠲᠦᠮᠡᠨ᠎ᠲᠠᠢ ᠣᠢᠷᠠᠲᠤᠭᠰᠠᠨ ᠲᠥᠷᠥᠭᠳᠡᠯ ᠣᠯᠭᠣᠵᠠᠢ᠃

《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠤᠨᠴᠠᠯᠢᠬ᠍ᠳᠤ ᠠᠵᠤ ᠦᠢᠯᠡᠰ᠎ᠢ ᠪᠤᠵᠠᠭᠠᠢᠷᠠᠭᠤᠯᠬᠤ ᠨᠢ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠭᠡᠳᠡᠭ᠎ᠢ ᠪᠢ ᠨᠡᠩ ᠣᠢᠯᠠᠭᠠᠪᠠ》᠃ ᠶᠦᠩ ᠹᠸᠩ ᠲᠣᠰᠭᠣᠨ᠎ᠤ ᠲᠣᠰᠭᠣᠨ᠎ᠤ ᠠᠷᠠᠳ᠎ᠤᠨ ᠵᠥᠪᠯᠡᠯ᠎ᠦᠨ ᠺᠠᠳ᠋ᠷ ᠸᠠᠩ ᠱ᠌ᠢ ᠴᠢ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠬᠤ᠎ᠳᠤ᠂ ᠲᠣᠰᠭᠣᠨ᠎ᠤ ᠺᠠᠳ᠋ᠷ ᠲᠦᠷᠦ᠍᠎ᠶ᠋ᠢᠨ ᠪᠤᠳᠤᠯᠭ᠎ᠠ᠎ᠶ᠋ᠢᠨ 《ᠳᠠᠮᠵᠢᠭᠤᠯᠤᠬᠴᠢ》 ᠪᠣᠯᠬᠤ᠎ᠪᠠᠷ ᠪᠠᠷᠠᠬᠤ ᠦᠭᠡᠢ ᠨᠡᠩ ᠴᠤ᠌ ᠬᠥᠭ᠌ᠵᠢᠯᠲᠡ᠎ᠶ᠋ᠢᠨ 《ᠬᠣᠱᠢᠭᠤᠴᠢ ᠭᠠᠯᠠᠭᠤ》 ᠪᠣᠯᠬᠤ ᠬᠡᠷᠡᠭ᠌ᠲᠡᠢ᠃ ᠢᠷᠡᠭᠡᠳᠦᠶ᠎ᠳᠦ ᠲᠣᠰᠭᠣᠨ᠎ᠤ 《ᠬᠣᠶᠠᠷ ᠵᠥᠪᠯᠡᠯ》 ᠨᠢ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠤᠨ ᠲᠠᠷᠢᠶᠠᠯᠠᠬᠤ ᠰᠣᠶᠣᠯ᠎ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠣᠯᠠᠨ᠎ᠤ ᠠᠮᠢᠳᠤᠷᠠᠯ᠎ᠢ ᠤᠯᠠᠮ ᠥᠭᠡᠳᠡᠯᠡᠭᠦᠯᠬᠦ᠌ ᠪᠣᠯᠤᠨ᠎ᠠ ᠬᠡᠵᠤ ᠢᠯᠡᠳᠬᠡᠪᠡ᠃

ᠤᠷᠢᠬᠠᠨ ᠰᠠᠯᠬᠢ ᠥᠭ᠌ᠭᠢᠶᠡᠮᠦᠷ ᠬᠤᠷ᠎ᠠ᠎ᠪᠠᠷ ᠲᠦᠮᠡᠨ ᠪᠣᠳᠠᠰ᠎ᠢ ᠤᠮᠳᠠᠯᠠᠵᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠤᠬᠠᠭᠤᠯᠤᠨ ᠲᠠᠢᠯᠪᠤᠷᠢᠯᠠᠵᠤ᠂ ᠤᠨᠤᠯ᠎ᠤᠨ ᠳᠠᠮᠵᠢᠭᠤᠯᠭ᠎ᠠ᠎ᠶ᠋ᠢᠨ 《ᠡᠴᠦᠰ᠎ᠦᠨ ᠨᠢᠭᠡ ᠺᠢᠯᠤᠮᠸᠲᠷ》 ᠢ᠋ ᠨᠡᠪᠲᠡᠷᠡᠭᠦᠯᠵᠦ᠍᠂ ᠺᠠᠳ᠋ᠷ ᠤᠯᠠᠨ ᠲᠦᠮᠡᠨ᠎ᠦ ᠰᠡᠳᠭᠢᠯ ᠨᠢᠭᠡᠳᠦᠨ ᠪᠦᠯᠬᠦᠮᠳᠡᠨ ᠲᠡᠮᠡᠴᠡᠬᠦ᠌ ᠰᠦᠷ ᠳᠠᠯᠠᠢᠴᠠᠲᠠᠢ ᠬᠥᠳᠡᠯᠭᠡᠬᠦ᠌ ᠬᠦᠴᠦᠨ᠎ᠢ ᠬᠥᠭ᠌ᠵᠢᠭᠡᠪᠡ᠃

《ᠤᠬᠠᠭᠤᠯᠤᠨ ᠲᠠᠢᠯᠪᠤᠷᠢᠯᠠᠯᠳᠠ᠎ᠨᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠤᠬᠰᠠᠨ ᠵᠢᠨᠷ ᠪᠠᠷᠠᠬᠤ ᠥᠬᠡᠶ ᠪᠠᠰᠠ ᠹᠦᠵᠢᠶᠠᠨ᠎ᠤ ᠮᠤᠵᠢ᠎ᠶ᠋ᠢᠨ ᠱᠠᠲᠤᠨ᠎ᠤ ᠤᠰᠤᠨ ᠠᠱᠢᠭ᠍ᠯᠠᠯᠲᠠ᠎ᠶ᠋ᠢᠨ ᠲᠤᠤᠷ᠎ᠤᠨ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠪᠣᠳᠠᠲᠠᠶ ᠡᠭᠦᠷᠭᠡ᠎ᠲᠡᠶ ᠨᠡᠢᠴᠡᠬᠦᠯᠵᠤ᠂ ᠪᠢᠳᠡᠨ ᠳ᠋ᠤ ᠣᠳᠣᠬᠢᠴᠢᠯᠠᠭ᠍ᠰᠠᠨ ᠤᠰᠤᠨ ᠠᠱᠢᠭ᠍ᠯᠠᠯᠲᠠ᠎ᠶ᠋ᠢᠨ ᠲᠤᠤᠷ᠎ᠢ ᠲᠦᠷᠭᠡᠳᠭᠡᠨ ᠪᠠᠢᠭᠤᠯᠬᠤ ᠠᠬᠢᠴᠠ ᠳᠤᠮᠳᠠ ᠤᠰᠤᠨ ᠠᠱᠢᠭ᠍ᠯᠠᠯᠲᠠ᠎ᠶ᠋ᠢᠨ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠤᠢᠯᠠᠭᠠᠭᠤᠯᠪᠠ》᠃ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠹᠦᠵᠧᠦ ᠬᠤᠳᠠ᠎ᠶ᠋ᠢᠨ ᠮᠢᠨᠵᠢᠶᠠᠩ᠎ᠤᠨ ᠭᠣᠣᠯ ᠤᠷᠤᠰᠭᠠᠯ᠎ᠤᠨ ᠦᠶᠡᠷ᠎ᠢ ᠰᠡᠷᠭᠡᠢᠯᠡᠬᠦ ᠲᠦᠪᠰᠢᠨ ᠢ᠋ ᠳᠡᠭᠡᠭ᠌ᠰᠢᠯᠡᠭᠦᠯᠬᠦ᠌ ᠪᠠᠷᠢᠯᠭ᠎ᠠ ᠵᠢᠨ ᠮᠡᠷᠭᠡᠵᠢᠯ᠎ᠦᠨ ᠬᠠᠷᠢᠭᠤᠴᠠᠯᠭᠠᠲᠠᠨ ᠯᠢᠨ ᠰᠧ ᠸᠸᠨ ᠮᠠᠰᠢ ᠭᠦᠨ ᠲᠦᠷᠦᠭ᠌ᠳᠡᠯ᠎ᠲᠡᠶ ᠪᠠᠢᠯ᠎ᠠ᠃

ᠹᠦᠵᠢᠶᠠᠨ᠎ᠳᠤ ᠤᠬᠠᠭᠤᠯᠤᠨ ᠲᠠᠢᠯᠪᠤᠷᠢᠯᠠᠬᠤ ᠬᠤᠭᠤᠴᠠᠭᠠᠨ᠎ᠳᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠮᠢᠨᠵᠢᠶᠠᠩ ᠮᠥᠷᠡᠨ᠎ᠦ ᠭᠣᠣᠯ ᠤᠷᠤᠰᠭᠠᠯ᠎ᠤᠨ ᠦᠶᠡᠷ᠎ᠢ ᠰᠡᠷᠭᠡᠢᠯᠡᠬᠦ ᠲᠦᠪᠰᠢᠨ ᠢ᠋ ᠳᠡᠭᠡᠭ᠌ᠰᠢᠯᠡᠭᠦᠯᠬᠦ᠌ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠭᠦᠨᠵᠡᠭᠡᠢᠷᠡᠵᠦ᠍᠂ ᠪᠦᠬᠦᠳᠠ ᠬᠤᠷᠠᠯ᠎ᠡᠴᠡ ᠳᠤᠷᠠᠳᠤᠭ᠍ᠰᠠᠨ 《ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠢ ᠪᠠᠢᠭᠤᠯᠬᠤ》 ᠵᠡᠷᠭᠡ ᠪᠠᠢᠷᠢᠯᠠᠭᠤᠯᠤᠯᠲᠠ᠎ᠳᠤ ᠭᠣᠣᠯᠳᠠᠯᠭ᠎ᠠ᠎ᠲᠠᠶ ᠲᠠᠢᠯᠤᠮᠵᠢ ᠬᠢᠵᠡᠢ᠃

《ᠪᠢᠳᠡ ᠰᠤᠷᠤᠯᠴᠠᠭ᠍ᠰᠠᠨ ᠣᠯᠤᠯᠲᠠ᠎ᠪᠠᠨ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠬᠦ᠌ ᠲᠦᠪᠱᠢᠨ᠎ᠢ ᠳᠡᠭᠡᠭ᠌ᠰᠢᠯᠡᠭᠦᠯᠬᠦ᠌᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠦᠷ᠎ᠡ ᠪᠦᠲᠦᠮᠵᠢ᠎ᠶ᠋ᠢ ᠱᠢᠯᠢᠳᠡᠭ᠌ᠵᠢᠭᠦᠯᠬᠦ᠌᠂ ᠬᠣᠲᠠ ᠬᠥᠳᠡᠭᠡ᠎ᠶ᠋ᠢᠨ ᠤᠰᠤ ᠬᠠᠩᠭᠠᠬᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠷᠢᠯᠭ᠎ᠠ᠎ᠶ᠋ᠢᠨ ᠨᠢᠭᠡᠳᠦᠭᠡᠷ ᠹᠷᠣᠨᠲ ᠲᠤ᠌ ᠪᠣᠳᠠᠲᠠᠶ ᠦᠷ᠎ᠡ ᠪᠦᠲᠦᠮᠵᠢ  ᠪᠤᠯᠭᠠᠨ᠎ᠠ》 ᠬᠡᠵᠤ ᠯᠢᠨ ᠰᠧ ᠸᠸᠨ ᠬᠡᠯᠡᠪᠡ᠃

ᠲᠢᠶᠠᠨᠵᠢᠨ᠂ ᠴᠦᠩᠴᠢᠩ᠂ ᠭᠤᠸᠠᠩᠳᠦ᠋ᠩ᠂ ᠵᠢᠶᠠᠩᠰᠢ᠂ ᠾᠸᠪᠸᠢ᠂ ᠨᠢᠩᠱᠢᠶᠠ᠂ ᠭᠦᠢᠵᠧᠦ᠂ ᠾᠧᠨᠠᠨ᠂ ᠶᠦᠨᠨᠠᠨ᠂ ᠥᠪᠥᠷ ᠮᠣᠩᠭᠣᠯ᠂ ᠭᠠᠨᠰᠦ᠂ ᠲᠥᠪᠡᠳ ᠵᠡᠷᠭᠡ ᠭᠠᠵᠠᠷ᠎ᠲᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠤᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠬᠠᠭᠤᠯᠤᠨ ᠲᠠᠢᠯᠪᠤᠷᠢᠯᠠᠬᠤ ᠲᠤᠬᠠᠢ᠎ᠶ᠋ᠢᠨ ᠲᠠᠯᠠᠪᠠᠢ᠎ᠳᠤ ᠪᠠᠢᠨ ᠲᠠᠬᠢᠨ ᠬᠤᠷᠰᠢᠯᠴᠠᠵᠦ᠂ ᠤᠯᠠᠨ᠎ᠢᠶᠠᠷ᠎ᠢᠶᠠᠨ ᠮᠠᠰᠢ ᠶᠡᠬᠡ ᠰᠡᠩᠬᠡᠷᠡᠭᠦᠯᠦᠯ ᠣᠯᠵᠠᠢ᠃

ᠵᠠᠯᠠᠭᠤᠴᠤᠳ᠎ᠲᠤ ᠬᠠᠨᠳᠤᠭᠤᠯᠤᠨ ᠵᠠᠯᠠᠭᠤ ᠨᠠᠰᠤᠨ᠎ᠤ ᠬᠦᠴᠦᠨ ᠴᠢᠳᠠᠯ᠎ᠢ᠋ ᠪᠠᠳᠠᠷᠠᠭᠤᠯᠪᠠ

ᠵᠠᠯᠠᠭᠤᠴᠤᠳ ᠪᠣᠯ ᠤᠯᠤᠰ ᠣᠷᠣᠨ᠎ᠤ ᠬᠦᠰᠡᠯ ᠡᠷᠡᠮᠡᠯᠵᠡᠯ᠂ ᠦᠨᠳᠦᠰᠦᠲᠡᠨ᠎ᠦ ᠢᠷᠡᠭᠡᠳᠦᠢ ᠮᠥᠨ᠃ ᠥᠷᠭᠡᠨ ᠤᠯᠠᠨ ᠵᠠᠯᠠᠭᠤᠴᠤᠳ᠎ᠢ᠋ ᠬᠠᠪᠰᠤᠷᠤᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠤᠢ᠍ᠢᠯᠠᠭᠠᠭᠤᠯᠬᠤ᠎ᠪᠤᠯ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠤ᠋ ᠵᠠᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ  ᠶᠤᠮ᠃

ᠪᠡᠭᠡᠵᠢᠩ᠂ ᠱᠠᠩᠬᠠᠢ᠂ ᠱᠢᠨᠵᠢᠶᠠᠩ᠂ ᠵᠢᠶᠠᠩᠰᠦ᠂ ᠬᠠᠢᠨᠠᠨ᠂ ᠬᠠᠷᠠᠮᠥ᠋ᠷᠡᠨ᠂ ᠱᠠᠨᠳᠦ᠋ᠩ᠂ ᠠᠨᠾᠦ᠋ᠢ᠂ ᠯᠢᠶᠣᠤᠨᠢᠩ᠂ ᠬᠤᠨᠠᠨ᠂ ᠬᠥᠬᠡᠨᠠᠭᠤᠷ ᠵᠡᠷᠭᠡ ᠭᠠᠵᠠᠷ᠎ᠲᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠡᠯ᠎ᠡ ᠡᠲᠡᠭᠡᠳ᠎ᠦᠨ ᠵᠠᠯᠠᠭᠤᠴᠤᠳ᠎ᠲᠠᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠤᠯᠠᠨ᠎ᠤ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠡᠬᠡ ᠤᠯᠤᠰ᠎ᠤᠨ᠎ᠢᠶᠠᠨ ᠲᠥᠯᠥᠭᠡ ᠵᠢᠳᠬᠦᠵᠦ᠍᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠠᠶᠠᠨ᠎ᠳᠤ ᠢᠳᠡᠪᠬᠢᠲᠡᠢ ᠣᠷᠣᠯᠴᠠᠬᠤ᠎ᠶ᠋ᠢ ᠵᠣᠷᠢᠭ᠍ᠵᠢᠭᠤᠯᠪᠠ᠃

ᠵᠧᠵᠢᠶᠠᠩ ᠶᠡᠬᠡ ᠰᠤᠷᠭᠠᠭᠤᠯᠢ᠎ᠶ᠋ᠢᠨ ᠰᠤᠷᠭᠠᠭᠤᠯᠢ᠎ᠶ᠋ᠢᠨ ᠲᠡᠦᠬᠡ᠎ᠶ᠋ᠢᠨ ᠣᠷᠳᠣᠨ᠎ᠳᠤ᠂ ᠭᠡᠷᠡᠯ ᠵᠢᠷᠤᠭ᠂ ᠪᠣᠳᠠᠲᠤ ᠪᠣᠳᠠᠰ᠂ ᠦᠵᠡᠭ᠌ᠳᠡᠯ ᠵᠡᠷᠭᠡ ᠪᠡᠷ ᠳᠠᠮᠵᠢᠭᠤᠯᠤᠨ᠂ ᠡᠨᠡ ᠬᠦ᠌ ᠶᠡᠬᠡ ᠳᠡᠭᠡᠳᠦ ᠰᠤᠷᠭᠠᠭᠤᠯᠢ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠶ᠋ᠢ ᠵᠢᠷᠤᠭ᠍ᠯᠠᠵᠤ᠂ ᠵᠧᠵᠢᠶᠠᠩ᠎ᠤᠨ 《ᠦᠨᠡᠨ᠎ᠢ ᠡᠷᠢᠯᠬᠢᠯᠡᠨ ᠱᠢᠨ᠎ᠡ᠎ᠶ᠋ᠢ ᠡᠭᠦᠳᠬᠦ᠌》ᠵᠣᠷᠢᠭ ᠰᠠᠨᠠᠭᠠᠨ᠎ᠤ ᠰᠠᠭᠤᠷᠢ᠎ᠶ᠋ᠢ ᠰᠡᠢᠯᠪᠡ᠃ ᠵᠧᠵᠢᠶᠠᠩ ᠶᠡᠬᠡ ᠰᠤᠷᠭᠠᠭᠤᠯᠢ᠎ᠳᠤ ᠤᠬᠠᠭᠤᠯᠤᠨ ᠲᠠᠢᠯᠪᠤᠷᠢᠯᠠᠬᠤ ᠬᠤᠭᠤᠴᠠᠭᠠᠨ᠎ᠳᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠲᠤᠰᠭᠠᠢᠯᠠᠨ ᠰᠤᠷᠭᠠᠭᠤᠯᠢ᠎ᠶ᠋ᠢᠨ ᠲᠡᠦᠬᠡ᠎ᠶ᠋ᠢᠨ ᠣᠷᠳᠣᠨ᠎ᠳᠤ ᠬᠦᠷᠴᠦ᠍᠂ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢᠳ᠎ᠲᠡᠶ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠶᠠᠷᠢᠯᠴᠠᠪᠠ᠃

ᠳᠤᠮᠳᠠᠳᠤ ᠤᠯᠤᠰ᠎ᠤᠨ ᠣᠨᠴᠠᠯᠢᠭ᠎ᠪᠦᠬᠦᠢ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠶᠡᠬᠡ ᠰᠤᠷᠭᠠᠭᠤᠯᠢ᠎ᠶ᠋ᠢ ᠪᠦᠳᠦᠭᠡᠨ ᠪᠠᠢᠭᠤᠯᠬᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠵᠡᠷᠭᠡ ᠠᠭᠤᠯᠭ᠎ᠠ᠎ᠳᠤ ᠭᠣᠣᠯᠳᠠᠯᠭ᠎ᠠ᠎ᠲᠠᠶ ᠠᠩᠬᠠᠷᠤᠯ᠎ᠢᠶᠠᠨ ᠲᠥᠪᠯᠡᠷᠡᠭᠦᠯᠵᠦ᠍᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠠᠤᠭ᠎ᠠ《ᠶᠡᠬᠡ ᠶᠣᠰᠣ》 ᠵᠢ ᠵᠠᠯᠠᠭᠤᠴᠤᠳ᠎ᠤᠨ ᠠᠮᠠᠷᠬᠠᠨ ᠬᠦᠯᠢᠶᠡᠨ ᠠᠪᠬᠤ᠂  ᠰᠣᠨᠣᠰᠭᠤ ᠲᠤᠷᠠᠳᠠᠢ 《ᠵᠢᠵᠢᠭ ᠦᠯᠢᠬᠡᠷ》 ᠪᠣᠯᠭᠠᠨ ᠲᠠᠢᠯᠪᠤᠷᠢᠯᠠᠪᠠ᠃

《ᠤᠬᠠᠭᠤᠯᠤᠨ ᠲᠠᠢᠯᠪᠤᠷᠢᠯᠠᠬᠤ ᠨᠢ ᠨᠠᠮ᠎ᠤᠨ ᠠᠮᠢᠳᠤᠯᠢᠭ ᠬᠢᠴᠢᠶᠡᠯ ᠮᠡᠲᠦ᠂ ᠦᠵᠡᠯ ᠰᠠᠨᠠᠭᠠᠨ᠎ᠤ ᠬᠦᠴᠦᠨ᠎ᠢ ᠳᠠᠮᠵᠢᠭᠤᠯᠤᠬᠰᠠᠨ᠎ᠵᠢᠡᠷ ᠪᠠᠷᠠᠬᠤ ᠦᠬᠡᠢ᠂ ᠪᠠᠰᠠ ᠵᠢᠱ᠌ᠢᠢ᠎ᠡ ᠦᠵᠡᠭᠦᠯᠵᠦ᠍ ᠤᠬᠠᠭᠤᠯᠤᠨ ᠲᠠᠢᠯᠪᠤᠷᠢᠯᠠᠬᠤ ᠤᠷᠠᠯᠢᠭ ᠵᠢᠨᠷ ᠨᠠᠳᠠ᠎ᠳᠤ ᠮᠠᠰᠢ ᠶᠡᠬᠡ ᠠᠱᠢᠭ ᠬᠦᠷᠲᠡᠭᠡᠵᠡᠢ》᠃ ᠲᠣᠰ ᠰᠤᠷᠭᠠᠭᠤᠯᠢ᠎ᠶ᠋ᠢᠨ ᠰᠣᠷᠣᠭ᠍ᠴᠢ᠂ ᠵᠠᠯᠠᠭᠤᠴᠤᠳ᠎ᠤᠨ ᠣᠨᠣᠯ᠎ᠤᠨ ᠤᠬᠠᠭᠤᠯᠤᠨ ᠲᠠᠢᠯᠪᠤᠷᠢᠯᠠᠭ᠍ᠴᠢ ᠸᠠᠩ ᠶᠦᠨ ᠱᠤ᠌᠂ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠭ᠍ᠴᠢ ᠪᠣᠯᠤᠭ᠍ᠰᠠᠨ᠎ᠤ ᠬᠤᠪᠢ᠎ᠳᠤ᠂ ᠣᠨᠣᠯ᠎ᠤᠨ ᠰᠠᠭᠤᠷᠢ᠎ᠪᠠᠨ ᠤᠯᠠᠮ ᠨᠢᠭᠡ ᠠᠯᠬᠤᠮ ᠪᠠᠲᠤᠳᠭᠠᠵᠤ᠂ ᠵᠠᠯᠠᠭᠤᠴᠤᠳ᠎ᠤᠨ ᠬᠠᠷᠠᠭᠠᠨ᠎ᠳᠤ ᠣᠢᠷᠠᠲᠤᠵᠤ᠂ 《ᠵᠠᠯᠠᠭᠤ ᠨᠠᠰᠤᠨ᠎ᠤ ᠦᠭᠡ ᠶᠠᠷᠢᠶ᠎ᠠ》 ᠵᠢ ᠴᠢᠳᠠᠮᠠᠭᠠᠶ ᠬᠡᠷᠡᠭ᠌ᠯᠡᠵᠦ᠍᠂ ᠨᠠᠮ᠎ᠤᠨ ᠰᠠᠢᠨ ᠰᠠᠢᠬᠠᠨ ᠲᠠᠭᠤᠨ᠎ᠢᠶᠠᠷ ᠨᠠᠩ ᠣᠯᠠᠨ ᠵᠠᠯᠠᠭᠤ ᠨᠠᠰᠤᠨ᠎ᠤ ᠬᠦᠴᠦᠨ ᠴᠢᠳᠠᠯ᠎ᠢ ᠨᠢᠭ᠍ᠲᠠᠷᠠᠭᠤᠯᠤᠨ᠎ᠠ ᠭᠡᠵᠤ ᠢᠯᠡᠳᠬᠡᠪᠡ᠃

ᠴᠠᠩ ᠠᠨ ᠶᠡᠬᠡ ᠰᠤᠷᠭᠠᠭᠤᠯᠢ ᠨᠢ ᠡᠷᠲᠡᠨ᠎ᠦ ᠨᠡᠢᠰᠯᠡᠯ ᠰᠢ ᠠᠨ᠎ᠳᠤ ᠪᠠᠢᠷᠢᠯᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠤᠯᠤᠰ᠎ᠤᠨ ᠭᠠᠵᠠᠷ ᠱᠢᠷᠣᠶ ᠡᠬᠢ ᠪᠠᠶᠠᠯᠢᠭ᠂ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠵᠡᠷᠭᠡ ᠬᠦᠷᠢᠶᠡᠨ᠎ᠳᠡᠬᠢ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌᠎ᠪᠡᠷ ᠰᠤᠷᠭᠠᠭᠤᠯᠢ ᠡᠷᠭᠢᠯᠡᠬᠦ᠌ ᠣᠨᠴᠠᠯᠢᠭ᠎ᠢᠶᠠᠨ ᠪᠣᠯᠭᠠᠳᠠᠭ᠃ 11 ᠰᠠᠷ᠎ᠠ᠎ᠶ᠋ᠢᠨ 4 ᠎ᠤ᠋ ᠡᠳᠦᠷ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠲᠣᠰ ᠰᠤᠷᠭᠠᠭᠤᠯᠢ᠎ᠶ᠋ᠢᠨ ᠵᠠᠰᠠᠮᠠᠯ ᠵᠠᠮ᠎ᠤᠨ ᠳᠡᠭᠡᠳᠦ ᠰᠤᠷᠭᠠᠭᠤᠯᠢ ᠪᠣᠯᠤᠨ ᠢᠷᠡᠭᠡᠳᠦᠶ᠎ᠶ᠋ᠢᠨ ᠵᠠᠮ ᠬᠠᠷᠢᠯᠴᠠᠭᠠᠨ᠎ᠤ ᠳᠡᠭᠡᠳᠦ ᠰᠤᠷᠭᠠᠭᠤᠯᠢ᠎ᠳᠤ ᠬᠦᠷᠴᠦ᠍᠂ ᠦᠶ ᠣᠯᠠᠨ ᠰᠤᠷᠤᠭ᠍ᠴᠢᠳ᠎ᠲᠠᠶ ᠨᠢᠭᠤᠷᠲᠠᠨ ᠶᠠᠷᠢᠯᠴᠠᠪᠠ᠃

ᠲᠥᠷᠥ᠎ᠶ᠋ᠢᠨ ᠪᠣᠳᠣᠯᠭ᠎ᠠ ᠨᠢ ᠬᠡᠷᠬᠢᠨ ᠲᠤᠰᠭᠠᠶ ᠮᠡᠷᠭᠡᠵᠢᠯ᠎ᠦᠨ ᠴᠢᠭ᠌ᠯᠡᠯ᠎ᠢ ᠵᠢᠯᠣᠭᠣᠳᠭᠤ ᠪᠣᠶ? ᠣᠯᠠᠨ᠎ᠤ ᠳᠤᠷᠠᠳᠤᠭ᠍ᠰᠠᠨ ᠠᠰᠠᠭᠤᠳᠠᠯ᠎ᠤᠨ ᠲᠣᠭᠣᠷᠢᠨ᠎ᠳᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠱᠢᠭᠦᠳ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠤᠨ ᠪᠠᠢᠯᠳᠤᠬᠤ ᠪᠣᠳᠣᠯᠭ᠎ᠠ ᠪᠣᠯᠤᠨ ᠵᠠᠯᠠᠭᠤᠴᠤᠳ᠎ᠤᠨ ᠦᠰᠦᠨ ᠪᠣᠢᠵᠢᠯᠲᠠ᠎ᠬᠠᠮᠲᠤᠷᠠᠭ᠍ᠰᠠᠨ ᠭᠦᠨ ᠳᠠᠪᠬᠤᠷᠭ᠎ᠠ᠎ᠶ᠋ᠢᠨ ᠯᠣᠭᠢᠭ᠎ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂ ᠰᠤᠷᠤᠭ᠍ᠴᠢᠳ᠎ᠲᠤ ᠬᠣᠷᠸ᠎ᠠ ᠲᠥᠷᠥ᠎ᠶ᠋ᠢᠨ ᠪᠣᠳᠣᠯᠭ᠎ᠠ ᠪᠣᠯᠤᠨ ᠲᠤᠰᠭᠠᠶ ᠮᠡᠷᠭᠡᠵᠢᠯ᠎ᠦᠨ ᠰᠤᠷᠤᠯᠴᠠᠯᠭ᠎ᠠ᠎ᠶ᠋ᠢᠨ ᠳᠤᠮᠳᠠ᠎ᠡᠴᠡ ᠠᠭᠤᠯᠵᠠᠷ ᠴᠡᠭ᠎ᠢ ᠡᠷᠢᠵᠦ᠍ ᠣᠯᠭᠣᠪᠠ᠃

《ᠤᠬᠠᠭᠤᠯᠤᠨ ᠲᠠᠢᠯᠪᠤᠷᠢᠯᠠᠬᠤ ᠨᠢ ᠮᠢᠨᠦ᠍ ᠲᠦᠷᠦ᠍᠎ᠶ᠋ᠢᠨ ᠪᠤᠳᠤᠯᠭ᠎ᠠ᠎ᠶ᠋ᠢᠨ ᠲᠤᠬᠠᠢ ᠣᠢᠯᠠᠭᠠᠯᠲᠠ᠎ᠶ᠋ᠢ ᠦᠰᠦᠭ ᠪᠢᠴᠢᠭ᠎ᠦᠨ ᠳᠠᠪᠬᠤᠷᠭ᠎ᠠ᠎ᠡᠴᠡ ᠳᠠᠪᠠᠭᠤᠯᠵᠤ᠂ ᠠᠭᠠᠵᠢᠮ᠎ᠢᠶᠠᠷ ᠭᠦᠨ ᠳᠠᠪᠬᠤᠷᠭ᠎ᠠ᠎ᠶ᠋ᠢᠨ ᠲᠠᠨᠢᠨ ᠮᠡᠳᠡᠷᠡᠬᠦᠢ᠎ᠲᠡᠶ ᠪᠣᠯᠭᠠᠵᠠᠢ》᠃ ᠴᠠᠩ ᠠᠨ ᠶᠡᠬᠡ ᠰᠤᠷᠭᠠᠭᠤᠯᠢ᠎ᠶ᠋ᠢᠨ ᠵᠠᠰᠠᠮᠠᠯ ᠵᠠᠮ᠎ᠤᠨ ᠳᠡᠭᠡᠳᠦ ᠰᠤᠷᠭᠠᠭᠤᠯᠢ᠎ᠶ᠋ᠢᠨ ᠳ᠋ᠣᠺᠲ᠋ᠣᠷᠠᠨᠲ ᠵᠧᠩ ᠹᠦ᠋ ᠰᠸᠨ᠂ ᠢᠷᠡᠭᠡᠳᠦᠢ᠎ᠳᠦ᠂ ᠪᠢ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠤᠢᠷ᠎ᠡ ᠤᠬᠳᠠᠷᠭᠤᠢ ᠵᠢᠨ ᠠᠵᠤ ᠠᠬᠤᠢ᠎ᠵᠢᠨ ᠵᠠᠮ ᠬᠠᠷᠢᠯᠴᠠᠭᠠᠨ᠎ᠤ ᠠᠮᠤᠷ ᠲᠦᠪᠱᠢᠨ᠎ᠳ᠋ᠤ ᠡᠨᠧᠷᠭᠢ ᠣᠯᠭᠣᠬᠤ ᠰᠤᠳᠤᠯᠭᠠᠨ᠎ᠢ ᠰᠠᠢᠲᠤᠷ ᠬᠢᠵᠦ᠍᠂ ᠠᠮᠢ ᠠᠬᠤᠢ᠎ᠶ᠋ᠢᠨ ᠬᠢᠨᠠᠨ ᠬᠡᠮᠵᠢᠯᠲᠡ᠂ ᠤᠢ᠍ᠢᠷ᠎ᠠ ᠪᠠᠢ᠌ᠭᠠᠯᠢᠯᠢᠬ ᠰᠡᠷᠭᠦᠭᠡᠯᠲᠡ ᠵᠡᠷᠭᠡ ᠤᠢ᠍ᠢᠯᠠᠭᠠᠭ᠍ᠳᠠᠬᠤᠨ᠎ᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠢᠯᠡᠳᠦᠯᠭᠡ᠎ᠳᠦ ᠠᠭᠤᠰᠤᠯᠴᠠᠭᠤᠯᠵᠦ᠍᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠳᠤ ᠤᠶᠤᠨ ᠤᠬᠠᠭᠠᠨ᠎ᠢᠶᠠᠨ ᠡᠷᠭᠦᠨ᠎ᠡ ᠭᠡᠵᠦ᠍ ᠢᠯᠡᠳᠭᠡᠪᠡ᠃

ᠤᠬᠠᠭᠤᠯᠤᠨ ᠲᠠᠢᠯᠪᠤᠷᠢᠯᠠᠯᠲᠠ ᠨᠢ  ᠬᠤᠪᠢ ᠬᠥᠮᠦᠨ᠎ᠦ ᠬᠦᠰᠡᠯᠡᠩ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠬᠣᠭᠣᠷᠣᠨᠳᠣ ᠬᠥᠭᠥᠷᠭᠡ ᠲᠠᠯᠪᠢᠵᠠᠢ; ᠤᠳᠠᠭ᠎ᠠ ᠪᠦᠷᠢ᠎ᠶ᠋ᠢᠨ ᠰᠣᠯᠢᠯᠴᠠᠭ᠎ᠠ ᠨᠢ ᠡᠷᠢᠯ ᠬᠥᠭᠡᠭᠡᠴᠡᠯᠳᠦᠯ᠎ᠳᠦ ᠰᠡᠷᠭᠡᠭ ᠵᠠᠯᠠᠭᠤᠴᠤᠳ᠎ᠲᠤ ᠤᠷᠤᠭ᠍ᠰᠢᠯᠠᠬᠤ ᠴᠢᠭ᠌ᠯᠡᠯ᠎ᠢ ᠵᠢᠭᠠᠵᠤ ᠥᠭ᠌ᠪᠡ᠃

ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠳᠤ ᠬᠠᠨᠳᠤᠭᠤᠯᠤᠭ᠍ᠰᠠᠨ ᠨᠡᠭᠡᠭᠡᠯᠲᠡᠲᠦ ᠬᠠᠮᠲᠤᠷᠠᠯᠴᠠᠭᠠᠨ᠎ᠤ ᠡᠮᠦᠨ᠎ᠡ ᠹᠷᠣᠨᠲ ᠪᠣᠯᠤᠭ᠍ᠰᠠᠨ᠎ᠤ ᠬᠤᠪᠢ᠎ᠳᠤ᠂ ᠭᠤᠸᠠᠩᠰᠢ ᠵᠢᠨ ᠬᠢᠨ ᠵᠣᠬᠢᠶᠠᠮᠠᠯ ᠤᠶᠤᠨ ᠴᠢᠳᠠᠪᠤᠷᠢ᠎ᠶ᠋ᠢᠨ ᠱᠢᠨ᠎ᠡ᠎ᠶ᠋ᠢ ᠡᠭᠦᠳᠬᠦ᠌ ᠬᠠᠮᠲᠤᠷᠠᠯᠴᠠᠭ᠎ᠠ᠎ᠶ᠋ᠢ ᠢᠳᠡᠪᠬᠢᠲᠡᠢ ᠥᠷᠨᠢᠭᠦᠯᠵᠦ᠍ ᠪᠠᠢᠨ᠎ᠠ᠃ ᠨᠠᠨᠨᠢᠩ᠎ᠳᠤ ᠪᠠᠢᠭ᠎ᠠ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠵᠣᠬᠢᠶᠠᠮᠠᠯ ᠤᠶᠤᠨ ᠴᠢᠳᠠᠪᠤᠷᠢ᠎ᠶ᠋ᠢᠨ ᠬᠡᠷᠡᠭ᠌ᠯᠡᠭᠡᠨ᠎ᠦ ᠬᠠᠮᠲᠤᠷᠠᠯᠴᠠᠭᠠᠨ᠎ᠤ ᠲᠥᠪ ᠪᠣᠯ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠪᠠᠢᠭᠤᠯᠤᠮᠵᠢ᠎ᠶ᠋ᠢᠨ ᠭᠦᠨᠵᠡᠭᠡᠢ ᠠᠭᠤᠰᠤᠯᠴᠠᠯ ᠪᠠ ᠪᠤᠳᠤᠯᠲᠠ ᠵᠢᠨ ᠬᠦᠴᠦᠨ᠎ᠦ ᠡᠬᠢ ᠪᠠᠶᠠᠯᠢᠭ᠎ᠤᠨ ᠬᠣᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠬᠤ ᠴᠢᠬᠤᠯᠠ ᠲᠠᠪᠴᠠᠩ ᠪᠠᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠵᠤ ᠠᠬᠤᠢᠯᠠᠯ᠎ᠢ ᠳᠠᠳᠠᠨ ᠬᠣᠢᠨ᠎ᠠ ᠬᠣᠢᠨ᠎ᠠ᠎ᠡᠴᠡ᠎ᠪᠠᠨ ᠡᠨᠳᠡ ᠨᠤᠳᠤᠬᠰᠢᠪᠠ᠃ ᠲᠦᠷᠦᠭᠦᠬᠡᠨ᠂ ᠡᠨᠳᠡ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ᠎ᠢ ᠤᠭ᠍ᠲᠤᠨ ᠠᠪᠴᠢᠷᠠᠪᠠ᠃

《ᠭᠤᠸᠠᠩᠰᠢ᠎ᠶ᠋ᠢᠨ ᠬᠢᠨ 〈ᠵᠣᠬᠢᠶᠠᠮᠠᠯ ᠣᠶᠤᠨ ᠴᠢᠳᠠᠪᠤᠷᠢ +〉 ᠠᠵᠢᠯᠯᠠᠭ᠎ᠠ᠎ᠶ᠋ᠢᠨ ᠠᠬᠤᠶ ᠪᠠᠢᠳᠠᠯ ᠳᠤᠤᠷ᠎ᠠ ᠬᠡᠷᠬᠢᠨ ᠠᠵᠢᠯᠯᠠᠬᠤ᠎ᠶ᠋ᠢ ᠲᠣᠳᠣᠷᠬᠠᠢᠯᠠᠪᠠ》᠂《ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠬᠤ ᠨᠢ ᠵᠣᠬᠢᠶᠠᠮᠠᠯ ᠣᠶᠤᠨ ᠴᠢᠳᠠᠪᠤᠷᠢ᠎ᠶ᠋ᠢᠨ ᠬᠦᠷᠢᠶᠡᠨ᠎ᠳᠦ ᠶᠠᠮᠠᠷ ᠠᠴᠢ ᠬᠣᠯᠪᠣᠭ᠍ᠳᠠᠯ᠎ᠲᠠᠶ ᠭᠡᠳᠡᠭ᠎ᠢ ᠣᠢᠯᠠᠭᠠᠪᠠ》᠂ ᠣᠯᠠᠨ᠎ᠢᠶᠠᠷ᠎ᠢᠶᠠᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠴᠤ᠌᠂ ᠴᠢᠭ᠌ᠯᠡᠯ ᠨᠠᠩ ᠲᠣᠳᠣᠷᠬᠠᠶ ᠪᠣᠯᠵᠤ᠂ ᠰᠡᠳᠭᠢᠮᠵᠢ ᠨᠠᠩ ᠰᠠᠷᠠᠭᠤᠯ ᠪᠣᠯᠵᠤ᠂ ᠢᠲᠡᠭᠡᠯ ᠵᠣᠷᠢᠭ ᠨᠠᠩ ᠲᠡᠭᠦᠯᠳᠡᠷ ᠪᠣᠯᠵᠠᠢ ᠬᠡᠵᠡᠭᠡᠨ᠎ᠠ᠃

《ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤ᠋ᠤᠨ ᠬᠤᠯᠪᠤᠭ᠎ᠠ ᠵᠢᠨ ᠵᠣᠬᠢᠶᠠᠮᠠᠯ ᠣᠶᠤᠨ ᠴᠢᠳᠠᠪᠤᠷᠢ᠎ᠶ᠋ᠢᠨ ᠬᠡᠷᠡᠭ᠌ᠯᠡᠭᠡᠨ᠎ᠦ ᠬᠠᠮᠲᠤᠷᠠᠯᠴᠠᠭᠠᠨ᠎ᠤ ᠲᠥᠪ᠎ᠦᠨ ᠦᠵᠡᠭᠦᠯᠭᠡ᠎ᠶ᠋ᠢᠨ ᠲᠥᠪ᠎ᠦᠨ ᠡᠵᠡᠩᠨᠡᠯᠲᠡ᠎ᠶ᠋ᠢᠨ ᠲᠠᠯ᠎ᠠ ᠪᠤᠯᠤᠭᠰᠠᠨ ᠬᠤᠪᠢ᠎ᠳᠤ᠂ ᠪᠢᠳᠡ ᠦᠶ᠋ᠯᠡᠴᠢᠯᠡᠭᠡᠨ᠎ᠦ ᠬᠠᠮᠲᠤᠷᠠᠯᠴᠠᠭᠠᠨ᠎ᠤ ᠲᠠᠪᠴᠠᠩ᠎ᠢ ᠰᠠᠢᠲᠤᠷ ᠪᠠᠢᠭᠤᠯᠵᠤ᠂ ᠡᠵᠡᠩᠨᠡᠯᠲᠡ᠎ᠶ᠋ᠢᠨ ᠵᠠᠭ᠍ᠪᠤᠷ᠎ᠢ ᠪᠦᠷᠢᠯᠳᠦᠭᠦᠯᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠠᠵᠤ ᠠᠬᠤᠢᠯᠠᠯ᠎ᠤᠨ ᠲᠡᠯᠡᠶ᠎ᠳᠦ ᠭᠠᠷᠬᠤ᠎ᠳᠤ ᠬᠦᠴᠦᠨ ᠨᠡᠮᠡᠷᠢᠯᠡᠵᠦ᠍᠂ ᠭᠤᠸᠠᠩᠰᠢ᠎ᠶ᠋ᠢᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠳᠤ ᠬᠠᠨᠳᠤᠭᠤᠯᠤᠭ᠍ᠰᠠᠨ ᠵᠣᠬᠢᠶᠠᠮᠠᠯ ᠣᠶᠤᠨ ᠴᠢᠳᠠᠪᠤᠷᠢ᠎ᠶ᠋ᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠥᠨᠳᠥᠷᠯᠢᠭ᠎ᠢ ᠴᠣᠭ᠍ᠴᠠᠯᠠᠬᠤ᠎ᠳᠤ ᠥᠪᠡᠷ᠎ᠦᠨ ᠬᠤᠪᠢ ᠨᠡᠮᠡᠷᠢ᠎ᠪᠡᠨ ᠦᠵᠡᠭᠦᠯᠦᠨ᠎ᠡ》 ᠭᠡᠵᠦ᠍ ᠲᠣᠰ ᠡᠵᠡᠩᠨᠡᠯᠲᠡ᠎ᠶ᠋ᠢᠨ ᠲᠠᠯ᠎ᠠ᠎ᠶ᠋ᠢᠨ ᠶᠡᠷᠡᠨ ᠤᠨ ᠡᠴᠡ ᠰᠡᠭᠦᠯᠡᠷ  ᠲᠦᠷᠦᠭᠰᠡᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠯᠦᠩ ᠬᠤᠤ ᠬᠡᠯᠡᠪᠡ᠃

ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠦᠬᠠᠨ᠎ᠤ ᠴᠢᠯᠠᠭᠤᠯᠢᠭ ᠱᠢᠷᠣᠶ᠎ᠶ᠋ᠢᠨ ᠬᠦᠴᠦᠨ᠎ᠦ ᠤᠬᠠᠭᠠᠨ᠎ᠤ ᠰᠤᠳᠤᠯᠭᠠᠨ᠎ᠤ ᠭᠠᠵᠠᠷ᠎ᠲᠤ᠂ ᠨᠠᠶᠠᠨ ᠣᠨ᠎ᠡᠴᠡ ᠰᠡᠭᠦᠯᠡᠷ ᠲᠥᠷᠥᠭ᠌ᠰᠡᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠤᠤᠯᠯᠠᠭ᠍ᠴᠢ ᠬᠦᠴᠦᠨ᠂ ᠰᠤᠳᠤᠯᠤᠭ᠍ᠴᠢ ᠲᠠᠨ ᠱᠢᠶᠠᠨ ᠵᠢᠶᠦ᠋ᠨ ᠥᠪᠡᠷ᠎ᠦᠨ ᠠᠩᠬᠠᠷᠴᠤ᠌ ᠪᠠᠢᠭ᠎ᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠰᠠᠭᠤᠳᠠᠯ᠎ᠤᠨ ᠲᠤᠬᠠᠶ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠎ᠲᠡᠶ ᠰᠠᠨᠠᠯ᠎ᠢᠶᠠᠨ ᠰᠣᠯᠢᠯᠴᠠᠭ᠍ᠰᠠᠨ ᠪᠥᠭᠡᠳ ᠢᠳᠡᠪᠬᠢᠲᠡᠶ ᠬᠠᠷᠢᠭᠤᠯᠲᠠ ᠤᠯᠪᠠ᠃ ᠲᠡᠷᠡ᠂ ᠨᠠᠮ᠎ᠤᠨ ᠲᠥᠪ ᠬᠣᠷᠢᠶ᠎ᠠ ᠵᠠᠯᠠᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠴᠦ᠍ ᠦᠢᠯᠡᠰ ᠪᠤᠰᠭᠠᠬᠤ᠎ᠶ᠋ᠢ ᠳᠡᠮᠵᠢᠬᠦ᠌᠎ᠶ᠋ᠢ ᠪᠦᠬᠦᠳᠡ ᠬᠤᠷᠠᠯ᠎ᠤᠨ 《ᠰᠠᠨᠠᠭᠤᠯᠭ᠎ᠠ》 ᠳ᠋ᠤ ᠪᠢᠴᠢᠨ ᠣᠷᠣᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠲᠠᠳ᠎ᠲᠤ ᠡᠷᠴᠢ ᠨᠡᠮᠡᠷᠢᠯᠡᠵᠠᠢ ᠬᠡᠵᠤ ᠢᠯᠡᠳᠬᠡᠪᠡ᠃

ᠠᠷᠪᠠᠨ ᠨᠠᠶ᠋ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠵᠠᠯᠠᠭᠤᠴᠤᠳ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ ᠬᠦᠷᠲᠡᠭ᠌ᠴᠢ ᠪᠣᠯᠤᠭ᠍ᠰᠠᠨ᠎ᠤ ᠬᠤᠪᠢ᠎ᠳᠤ᠂ ᠲᠠᠨ ᠱᠢᠶᠠᠨ ᠵᠢᠶᠦ᠋ᠨ ᠬᠦᠶ᠋ᠲᠡᠨ ᠣᠷᠣᠨ᠎ᠤ ᠨᠦᠬᠡᠨ ᠵᠠᠮ᠎ᠤᠨ ᠬᠥᠯᠳᠡᠬᠦ᠌ ᠭᠠᠮᠱᠢᠭ᠎ᠢ ᠰᠡᠷᠭᠡᠢᠯᠡᠨ ᠡᠵᠡᠮᠳᠡᠬᠦ᠌ ᠰᠤᠳᠤᠯᠭᠠᠨ᠎ᠳᠤ ᠣᠷᠳᠣ ᠬᠤᠭᠤᠴᠠᠭ᠎ᠠ᠎ᠪᠠᠷ ᠵᠢᠳᠬᠦᠵᠦ᠍᠂ ᠪᠦᠯᠬᠦᠮ᠎ᠢᠶᠡᠨ ᠳᠠᠭᠠᠭᠤᠯᠤᠨ ᠱᠢᠰᠲ᠋ᠧᠮᠲᠦ ᠴᠢᠨᠠᠷᠲᠠᠶ ᠣᠨᠣᠯ᠎ᠤᠨ ᠬᠠᠢᠨ ᠰᠥᠪᠡᠭ᠌ᠴᠢᠯᠡᠯᠲᠡ᠂ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠪᠣᠯᠤᠨ ᠢᠨᠵᠧᠨᠧᠷᠢᠩ᠎ᠦᠨ ᠦᠶ᠋ᠯᠡᠳᠦᠯᠭᠡ᠎ᠪᠡᠷ ᠳᠠᠮᠵᠢᠭᠤᠯᠤᠨ᠂ 《ᠬᠥᠯᠳᠡᠬᠦ᠌ ᠦᠵᠡᠭ᠌ᠳᠡᠯ᠎ᠤ᠋ᠨ ᠲᠠᠨᠢᠨ ᠮᠡᠳᠡᠬᠦᠶ — ᠡᠪᠡᠳᠴᠢᠨ᠎ᠦ ᠬᠥᠨᠥᠭᠡᠯ᠎ᠦᠨ ᠵᠢᠮ᠎ᠡ ᠶᠣᠰᠣ᠎ᠶ᠋ᠢᠨ ᠢᠯᠡᠷᠡᠭᠦᠯᠤᠯᠳᠠ —  ᠰᠡᠷᠭᠡᠢᠯᠡᠨ ᠡᠵᠡᠮᠳᠡᠬᠦ᠌ ᠠᠷᠭ᠎ᠠ᠎ᠵᠢᠨ ᠵᠢᠷᠤᠬ ᠲᠥᠯᠥᠪᠯᠡᠬᠡ》 ᠪᠥᠬᠥ᠌ ᠬᠡᠯᠬᠢᠶᠡᠨ᠎ᠦ ᠱᠢᠨ᠎ᠡ ᠡᠭᠦᠳᠦᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ᠃

ᠪᠦᠭᠦᠳᠡ ᠬᠤᠷᠠᠯ᠎ᠤᠨ ᠵᠣᠷᠢᠭ ᠰᠠᠨᠠᠭᠠᠨ ᠤ᠋ ᠵᠢᠯᠣᠭᠣᠳᠭᠤ ᠴᠢᠭ᠌ᠯᠡᠯ ᠶᠣᠰᠣᠭᠠᠷ᠂ ᠰᠡᠳᠭᠢᠯ ᠱᠢᠭᠤᠳᠤᠨ ᠠᠵᠢᠯᠯᠠᠵᠤ᠂ ᠲᠤᠬᠠᠢᠯᠠᠬᠰᠠᠨ ᠠᠵᠢᠯ ᠳ᠋ᠠᠭᠠᠨ ᠰᠢᠮᠳᠠᠵᠤ᠂ ᠳᠤᠷᠠᠲᠠᠶ᠎ᠠ 《ᠬᠦᠢᠲᠡᠨ ᠰᠠᠨᠳᠠᠯᠢ》 ᠳᠡᠭᠡᠷ᠎ᠡ ᠰᠠᠭᠤᠵᠤ᠂ 《ᠡᠵᠡᠭᠦᠢ ᠣᠷᠣᠨ》 ᠳ᠋ᠤ ᠣᠷᠣᠬᠤ ᠬᠠᠳᠠᠨ ᠵᠣᠷᠢᠭ ᠵᠢᠨᠷ ᠠᠩᠬᠠᠨ᠎ᠤ ᠡᠭᠦᠳᠦᠯᠲᠡ ᠪᠣᠯᠤᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠦᠷᠭᠦᠯᠵᠢᠯᠡᠨ ᠴᠢᠩᠭᠠᠳᠬᠠᠨ᠎ᠠ᠂  ᠡᠨᠡ ᠵᠠᠮ᠎ᠢᠶᠠᠷ ᠪᠢ ᠬᠠᠮᠲᠤ ᠠᠵᠢᠯᠯᠠᠭ᠍ᠰᠠᠳ᠎ᠲᠠᠶ᠎ᠪᠠᠨ ᠡᠷᠡᠰ ᠭᠤᠢᠪᠢᠰᠢ ᠦᠭᠡᠢ ᠵᠠᠮᠨᠠᠬᠤ ᠪᠣᠯᠤᠨ᠎ᠠ ᠬᠡᠵᠤ ᠲᠠᠨ ᠰᠢᠶᠠᠨ ᠵᠢᠶᠦ᠋ᠨ ᠬᠡᠯᠡᠪᠡ᠃

ᠴᠠᠩ ᠪᠠᠢ ᠱᠠᠨ ᠠᠭᠤᠯᠠ ᠡᠴᠡ ᠲᠠᠢᠬᠠᠩᠱᠠᠨ ᠠᠭᠤᠯᠠᠨ᠎ᠤ ᠭᠦᠨ ᠳ᠋ᠤ ᠬᠦᠷᠲᠡᠯ᠎ᠡ᠂ ᠡᠮᠦᠨᠡᠲᠦ ᠲᠠᠩᠭᠢᠰ᠎ᠤᠨ ᠬᠥᠪᠡᠭᠡᠨ᠎ᠡᠴᠡ ᠱᠢᠷ᠎ᠠ ᠬᠥᠷᠥᠰᠥᠲᠦ ᠥᠨᠳᠥᠷᠯᠢᠭ ᠬᠦᠷᠲᠡᠯ᠎ᠡ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠡᠭᠡᠨ ᠰᠠᠷᠠᠭᠤᠯ ᠠᠯᠤᠰ ᠢᠷᠡᠭᠡᠳᠦᠢ ᠬᠥᠮᠦᠰ᠎ᠦᠨ ᠰᠡᠳᠭᠢᠯ᠎ᠢ ᠬᠥᠭ᠌ᠵᠢᠭᠡᠵᠦ᠍᠂ ᠤᠷᠤᠭ᠍ᠰᠢᠯᠠᠯᠲᠠ᠎ᠶ᠋ᠢᠨ ᠬᠠᠮᠲᠤ᠎ᠶ᠋ᠢᠨ ᠲᠠᠨᠢᠯᠲᠠ ᠥᠷᠭᠡᠨ᠎ᠢᠶᠡᠷ ᠨᠢᠭ᠍ᠲᠠᠷᠠᠭᠤᠯᠵᠠᠢ᠃ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠪᠠᠷ ᠳᠠᠮᠵᠢᠨ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ᠂ ᠤᠯᠠᠨ ᠲᠦᠮᠡᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠳᠤᠮᠳᠠ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠪᠠᠲᠤᠳᠭᠠᠵᠤ᠂ ᠬᠥᠭ᠌ᠵᠢᠯᠲᠡ᠎ᠶ᠋ᠢᠨ ᠬᠠᠮᠲᠤᠷᠠᠯ ᠬᠦᠴᠦᠨ ᠵᠢᠨᠨ ᠨᠢᠭ᠍ᠲᠠᠷᠠᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠍᠂ ᠦᠷᠭᠦᠯᠵᠢᠯᠡᠨ ᠲᠡᠮᠡᠴᠡᠵᠦ᠍᠂ ᠨᠡᠩ ᠴᠤᠭ ᠪᠠᠳᠠᠷᠠᠩᠭᠤᠢ ᠣᠪᠣᠷ ᠪᠠᠢᠳᠠᠯ ᠪᠣᠯᠤᠨ ᠨᠡᠩ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠠᠶᠠᠨ᠎ᠳᠠᠭᠠᠨ ᠮᠣᠷᠳᠠᠵᠠᠭᠠᠨ᠎ᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠤᠨ 12 ᠰᠠᠷ᠎ᠠ ᠵᠢᠨ 2᠎ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号