ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠪᠣᠯᠤᠨ 《 ᠠᠷᠪᠠ ᠵᠠᠭᠤ ᠮᠢᠩᠭ᠎ᠠ ᠲᠦᠮᠡ》 ᠤᠮᠠᠷᠠᠲᠤ ᠬᠢᠯᠢ᠎ᠶ᠋ᠢᠨ ᠪᠠᠭᠠᠲᠤᠷ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠬᠠᠨᠳᠤᠯᠭᠠᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2025-12-08 11:27:16
ᠵᠣᠬᠢᠶᠠᠭ᠍ᠴᠢ᠄
​ ᠶᠠᠩ ᠸᠧᠢ ᠭᠦᠸᠧ ᠴᠢ ᠨᠠᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 4 ᠡᠴᠡ 5 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠦᠷᠦᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ 《ᠠᠷᠪᠠ ᠵᠠᠭᠤ ᠮᠢᠩᠭ᠎ᠠ ᠲᠦᠮᠡ》 ᠤᠮᠠᠷᠠᠲᠤ᠎ᠬᠢᠯᠢ ᠶ᠋ᠢᠨ ᠪᠠᠭᠠᠲᠤᠷ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠲᠤᠰ ᠲᠤᠰ ᠥᠪᠥᠷ ᠮᠣᠩᠭᠣᠯ᠎ᠤᠨ ᠨᠢᠰᠭᠡᠯ᠎ᠦᠨ ᠪᠠᠭᠤᠳᠠᠯ᠎ᠤᠨ ᠪᠦᠯᠦᠭ᠌ᠯᠡᠯ ᠪᠣᠯᠤᠨ ᠤᠯᠠᠭᠠᠨᠴᠠᠪ ᠬᠤᠳᠠ᠎ᠳᠤ ᠬᠦᠷᠴᠦ᠍ ᠬᠠᠨᠳᠤᠯᠭᠠᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠭᠦᠯᠪᠡ᠃

ᠥᠪᠥᠷ ᠮᠣᠩᠭᠣᠯ᠎ᠤᠨ ᠨᠢᠰᠭᠡᠯ᠎ᠦᠨ ᠪᠠᠭᠤᠳᠠᠯ᠎ᠤᠨ ᠪᠦᠯᠦᠭ᠌ᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠢᠰᠭᠡᠯ᠎ᠦᠨ ᠪᠠᠭᠤᠳᠠᠯ᠎ᠤᠨ ᠪᠦᠯᠦᠭ᠌ᠯᠡᠯ᠎ᠦᠨ ᠨᠠᠮ᠎ᠤᠨ ᠬᠤᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠴᠧᠨ ᠵᠢᠶᠠᠨ ᠵᠢᠶᠦ᠋ᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠴᠠ᠎ᠳᠠᠬᠢ ᠴᠢᠬᠤᠯᠠ ᠪᠠᠢᠷᠢ ᠰᠠᠭᠤᠷᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠬᠠᠷᠠᠯᠲᠠ ᠡᠭᠦᠷᠭᠡ ᠵᠡᠷᠭᠡ ᠲᠠᠯ᠎ᠠ᠎ᠵᠢᠨ ᠲᠣᠭᠣᠷᠢᠨ᠎ᠳᠤ ᠱᠢᠰᠲ᠋ᠧᠮ᠎ᠲᠡᠶ ᠲᠠᠢᠯᠪᠤᠷᠢᠯᠠᠯᠲᠠ ᠬᠢᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠲᠤᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠢᠰᠭᠡᠯ᠎ᠦᠨ ᠪᠠᠭᠤᠳᠠᠯ᠎ᠤᠨ ᠪᠦᠯᠦᠭ᠌ᠯᠡᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠪᠣᠳᠠᠲᠤ ᠪᠠᠢᠳᠠᠯ ᠲᠠᠢ ᠨᠢᠭ᠍ᠲᠠ ᠤᠶᠠᠯᠳᠤᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠡᠬᠢ ᠥᠪᠥᠷ ᠮᠣᠩᠭᠣᠯ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠱᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠦᠰᠦᠪᠯᠡᠵᠦ᠂ ᠨᠢᠰᠭᠡᠯ᠎ᠦᠨ ᠪᠠᠭᠤᠳᠠᠯ᠎ᠤᠨ ᠪᠦᠯᠦᠭ᠌ᠯᠡᠯ᠎ᠦᠨ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠠᠩ ᠴᠢᠨᠠᠷ ᠰᠠᠢᠲᠠᠶ᠂ ᠨᠠᠩ ᠦᠷᠭᠦᠯᠵᠢᠯᠡᠬᠦ ᠬᠥᠭ᠌ᠵᠢᠯᠲᠡ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ᠍ ᠴᠢᠬᠤᠯᠠᠴᠢᠯᠠᠪᠠ᠃

ᠥᠪᠥᠷ ᠮᠣᠩᠭᠣᠯ᠎ᠤᠨ ᠨᠢᠰᠭᠡᠯ᠎ᠦᠨ ᠪᠠᠭᠤᠳᠠᠯ᠎ᠤᠨ ᠪᠦᠯᠦᠭ᠌ᠯᠡᠯ᠎ᠦᠨ ᠨᠢᠰᠭᠡᠯ᠎ᠦᠨ ᠪᠠᠭᠤᠳᠠᠯ᠎ᠤᠨ ᠪᠦᠲᠦᠭᠡᠨ ᠪᠠᠢᠭᠤᠯᠤᠯᠲᠠ᠎ᠶ᠋ᠢᠨ ᠬᠡᠯᠲᠡᠰ᠎ᠦᠨ ᠶᠡᠷᠦᠩᠬᠡᠢ ᠳᠠᠭᠠᠭᠠᠮᠠᠯ ᠵᠠᠩ ᠷᠦᠢ ᠵᠢᠶᠦ᠋ᠨ᠄ 《ᠮᠡᠳᠡᠭᠦᠯᠦᠯᠲᠡ ᠨᠢ ᠨᠠᠮ᠎ᠠ ᠵᠢ ᠶᠡᠬᠡᠳᠡ ᠰᠡᠩᠬᠡᠷᠡᠭᠦᠯᠵᠦ᠍᠂ ᠲᠤᠢᠯ᠎ᠢᠶᠠᠷ ᠤᠷᠮᠠᠱᠢᠭᠤᠯᠪᠠ᠃ ᠢᠷᠡᠭᠡᠳᠦᠶ᠎ᠳᠦ᠂ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠣᠯᠠᠨ ᠵᠢᠯ᠎ᠦᠨ ᠲᠤᠷᠰᠢ ᠪᠦᠷᠢᠯᠳᠦᠭ᠌ᠰᠡᠨ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ᠍ ᠪᠣᠯᠬᠤᠢᠴᠠ ᠨᠢᠰᠭᠡᠯ᠎ᠦᠨ ᠪᠠᠭᠤᠳᠠᠯ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠭ᠎ᠠ᠎ᠶ᠋ᠢ ᠨᠠᠩ ᠣᠯᠠᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠡᠯ᠎ᠡ ᠠᠢᠮᠠᠭ ᠬᠣᠲᠠ᠂ ᠬᠣᠱᠢᠭᠤ ᠱᠢᠶᠠᠨ᠎ᠤ ᠨᠢᠰᠭᠡᠯ᠎ᠦᠨ ᠪᠠᠭᠤᠳᠠᠯ᠎ᠤᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠠᠭᠠᠷ᠎ᠤᠨ ᠠᠶᠠᠯᠠᠯ᠎ᠢᠶᠡᠷ ᠶᠠᠪᠤᠵᠤ ᠰᠠᠭᠤᠬᠤ〈ᠡᠴᠦᠰ᠎ᠦᠨ ᠨᠢᠭᠡ ᠺᠢᠯᠣᠮᠧᠲ᠋ᠷ〉 ᠢ᠋ ᠨᠡᠪᠲᠡᠷᠡᠭᠦᠯᠵᠦ᠍᠂ ᠣᠯᠠᠨ ᠲᠠᠰ ᠳᠠᠪᠬᠤᠷᠭ᠎ᠠ᠎ᠶ᠋ᠢᠨ ᠨᠢᠰᠭᠡᠯ᠎ᠦᠨ ᠪᠠᠭᠤᠳᠠᠯ᠎ᠤᠨ ᠱᠢᠰᠲ᠋ᠧᠮ᠎ᠢ ᠴᠢᠨᠠᠷ ᠰᠠᠢᠲᠠᠶ ᠠᠭᠠᠷ᠎ᠤᠨ ᠠᠶᠠᠯᠠᠯ᠎ᠤᠨ ᠦᠶ᠋ᠯᠡᠴᠢᠯᠡᠭᠡ᠎ᠶ᠋ᠢ ᠠᠬᠢᠭᠤᠯᠬᠤ ᠴᠢᠬᠤᠯᠠ ᠬᠥᠳᠡᠯᠭᠡᠬᠦ᠌ ᠬᠦᠴᠦᠨ ᠪᠣᠯᠭᠠᠨ᠎ᠠ》 ᠭᠡᠵᠡᠢ᠃

ᠥᠪᠥᠷ ᠮᠣᠩᠭᠣᠯ᠎ᠤᠨ ᠨᠢᠰᠬᠡᠯ᠎ᠦᠨ ᠪᠠᠭᠤᠳᠠᠯ᠎ᠤᠨ ᠪᠦᠯᠦᠭᠯᠡᠯ᠎ᠦᠨ ᠦᠢᠯᠡᠴᠢᠯᠡᠭᠡᠨ᠎ᠦ ᠶᠠᠰᠤ ᠴᠢᠨᠠᠷ᠎ᠤᠨ ᠬᠡᠯᠲᠡᠰ᠎ᠦᠨ ᠶᠡᠷᠦᠩᠬᠡᠢ ᠳᠠᠭᠠᠭᠠᠮᠠᠯ ᠯᠢ ᠶᠦᠩ ᠴᠢ᠄《ᠤᠬᠠᠭᠤᠯᠤᠨ ᠲᠠᠢᠯᠪᠤᠷᠢᠯᠠᠭᠰᠠᠨ ᠠᠭᠤᠯᠤᠭᠳᠠᠬᠤᠨ ᠡᠯᠪᠡᠭ ᠪᠠᠶᠠᠯᠢᠭ᠋ ᠪᠠᠢᠵᠤ᠂ ᠵᠢᠯᠤᠭᠣᠳᠬᠤ ᠴᠢᠨᠠᠷ᠎ᠢᠶᠠᠷ ᠴᠢᠩᠭ᠎ᠠ ᠪᠠᠢᠨ᠎ᠠ᠃ ᠵᠠᠯᠭᠠᠭᠠᠳ᠂ ᠪᠢᠳᠡ 〈ᠬᠡᠷᠡᠭᠯᠡᠭᠴᠢ᠎ᠶᠢᠨ ᠬᠡᠷᠡᠭᠴᠡᠭᠡ ᠱᠠᠭᠠᠷᠳᠠᠯᠭ᠎ᠠ᠎ᠪᠠᠷ ᠭᠣᠣᠯ ᠪᠣᠯᠭᠠᠭᠰᠠᠨ〉 ᠲᠠᠰ ᠳᠡᠪᠰᠢᠭᠰᠡᠨ ᠬᠡᠪ ᠮᠠᠶᠢᠭ᠋᠎ᠤᠨ ᠦᠢᠯᠡᠴᠢᠯᠡᠭᠡ᠎ᠶᠢ ᠤᠯᠠᠮ ᠴᠢᠨᠠᠭᠰᠢᠳᠠ ᠪᠣᠶ ᠪᠣᠯᠭᠠᠵᠤ᠂ ᠢᠯᠠᠩᠭᠤᠶ᠎ᠠ ᠨᠢᠭᠡ ᠪᠦᠯᠦᠭ ᠴᠢᠨᠠᠷ ᠰᠠᠢᠲᠠᠢ〈ᠠᠷᠠᠳ᠎ᠤᠨ ᠠᠭᠠᠷ᠎ᠤᠨ ᠲᠡᠭᠡᠭᠡᠪᠦᠷᠢ + ᠰᠣᠶᠣᠯ ᠵᠢᠭᠤᠯᠴᠢᠯᠠᠯ〉ᠤ᠋ᠨ ᠣᠨᠴᠠᠯᠢᠭ᠍ᠲᠤ ᠦᠢᠯᠡᠴᠢᠯᠡᠭᠡᠨ᠎ᠦ ᠦᠢᠯᠡᠳᠬᠦᠨ᠎ᠢ ᠪᠣᠶ ᠪᠣᠯᠭᠠᠵᠤ᠂ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠦᠢᠯᠡᠴᠢᠯᠡᠭᠡᠨ᠎ᠦ ᠲᠦᠷᠦᠯ ᠲᠡᠮᠳᠡᠭ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ; ᠨᠠᠩ ᠨᠠᠷᠢᠨ ᠨᠢᠮᠪᠠᠢ ᠦᠢᠯᠡᠴᠢᠯᠡᠭᠡ᠎ᠪᠡᠷ ᠳᠠᠮᠵᠢᠭᠤᠯᠤᠨ ᠣᠯᠠᠨ ᠲᠦᠮᠡᠨ᠎ᠢ ᠨᠠᠩ ᠶᠡᠬᠡ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠲᠠᠢ ᠪᠣᠯᠭᠠᠨ᠎ᠠ》 ᠭᠡᠪᠡ᠃

ᠤᠯᠠᠭᠠᠨᠴᠠᠪ ᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠠᠷᠪᠠ ᠵᠠᠭᠤ ᠮᠢᠩᠭ᠎ᠠ ᠲᠦᠮᠡ》 ᠎ᠵᠢᠨ ᠤᠮᠠᠷᠠᠲᠤ ᠬᠢᠯᠢ᠎ᠶᠢᠨ ᠪᠠᠭᠠᠲᠤᠷ ᠡᠮᠡᠭᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠎ᠶᠢᠨ ᠠᠯᠪᠠᠨ ᠭᠡᠷ᠎ᠦᠨ ᠳᠡᠳ᠋ ᠡᠷᠬᠢᠯᠡᠭᠴᠢ ᠰᠥᠩ ᠶᠤᠸᠠᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠬᠤᠷᠠᠯᠳᠤᠭᠤᠯᠤᠭᠰᠠᠨ ᠴᠢᠬᠤᠯᠠ ᠶᠡᠬᠡ ᠠᠴᠢ ᠬᠣᠯᠪᠣᠭᠳᠠᠯ ᠵᠢᠴᠢ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠬᠡᠷᠬᠢᠨ ᠭᠦᠨᠵᠡᠭᠡᠢ ᠰᠤᠷᠤᠯᠴᠠᠨ ᠣᠢᠯᠠᠭᠠᠬᠤ᠂ ᠪᠥᠬᠥ ᠲᠠᠯ᠎ᠠ᠎ᠪᠠᠷ ᠲᠤᠭᠤᠰᠢᠯᠠᠭᠤᠯᠬᠤ ᠵᠡᠷᠭᠡ ᠠᠭᠤᠯᠭ᠎ᠠ᠎ᠶᠢᠨ ᠲᠣᠭᠣᠷᠢᠨ᠎ᠳᠤ ᠨᠠᠷᠢᠨ ᠲᠣᠳᠣᠷᠬᠠᠢᠯᠠᠨ ᠥᠭᠦᠯᠡᠭᠰᠡᠨ ᠪᠠ ᠠᠮᠢᠳᠤᠯᠢᠭ᠋ ᠲᠠᠢᠯᠤᠮᠵᠢ ᠬᠢᠵᠦ᠂ ᠣᠨᠣᠯ᠎ᠤᠨ ᠥᠨᠳᠥᠷᠴᠡ᠎ᠲᠠᠢ ᠪᠥᠭᠡᠳ ᠪᠠᠰᠠ ᠠᠷᠠᠳ᠎ᠤᠨ ᠠᠮᠢᠳᠤᠷᠠᠯ᠎ᠢ ᠬᠠᠯᠠᠮᠵᠢᠯᠠᠯ ᠲᠠᠢ ᠪᠤᠯᠤᠭᠰᠠᠨ ᠪᠠᠢᠨ᠎ᠠ᠃

ᠤᠯᠠᠭᠠᠨᠴᠠᠪ ᠬᠤᠳᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠡᠮᠡᠭᠲᠡᠢᠴᠦᠳ᠎ᠦᠨ ᠵᠥᠪᠯᠡᠯ᠎ᠦᠨ ᠡᠷᠬᠢᠯᠡᠭᠴᠢ ᠳᠦ ᠬᠤᠸᠠᠢ ᠸᠸᠨ᠄《ᠲᠤᠰ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠯᠲᠠ᠎ᠶᠢᠨ ᠠᠭᠤᠯᠭ᠎ᠠ ᠨᠢ ᠪᠣᠳᠠᠲᠠᠢ᠎ᠶᠢ ᠡᠷᠬᠢᠮᠯᠡᠵᠦ᠂ ᠵᠢᠯᠤᠭᠣᠳᠬᠤ ᠴᠢᠨᠠᠷ᠎ᠢᠶᠠᠷ ᠴᠢᠩᠭ᠎ᠠ ᠪᠠᠢᠨ᠎ᠠ᠃ ᠳᠠᠷᠠᠭᠠᠴᠢ᠎ᠶᠢᠨ ᠠᠯᠬᠤᠮ᠎ᠳᠤ ᠪᠢᠳᠡ ᠨᠡᠩ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠪᠡᠷ ᠡᠮᠡᠭᠲᠡᠢᠴᠦᠳ ᠬᠡᠦᠬᠡᠳ᠎ᠦᠨ ᠦᠢᠯᠡᠰ᠎ᠦᠨ ᠬᠥᠭᠵᠢᠯᠲᠡ᠎ᠶᠢ ᠬᠠᠮᠠᠭᠠᠯᠠᠵᠤ᠂ ᠭᠡᠷ ᠪᠦᠯᠢ᠎ᠶᠢᠨ ᠬᠡᠷᠡᠭᠴᠡᠭᠡ᠎ᠳᠦ ᠤᠯᠠᠮ ᠴᠢᠨᠠᠭᠰᠢᠳᠠ ᠦᠢᠯᠡᠴᠢᠯᠡᠬᠦ᠎ᠶᠢᠨ ᠬᠠᠮᠲᠤ ᠰᠡᠳᠬᠢᠯ ᠬᠠᠨᠤᠮᠵᠢᠳᠠᠢ ᠪᠤᠯᠭᠠᠵᠦ᠂ ᠡᠮᠡᠭᠲᠡᠢᠴᠦᠳ᠎ᠢ ᠰᠤᠷᠭᠠᠨ ᠬᠦᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠠᠶᠠᠨ᠎ᠳᠦ ᠭᠡᠷᠡᠯ ᠭᠢᠯᠪᠠᠭ᠎ᠠ ᠵᠢ ᠨᠢ ᠰᠠᠴᠤᠷᠠᠭᠤᠯᠤᠨ᠎ᠠ》 ᠭᠡᠪᠡ᠃

ᠤᠯᠠᠭᠠᠨᠴᠠᠪ ᠬᠤᠲᠠ᠎ᠶᠢᠨ ᠡᠮᠡᠭᠲᠡᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠤᠨ ᠨᠡᠢᠭᠡᠮᠯᠢᠭ᠎ᠦᠨ ᠨᠠᠷᠢᠨ ᠪᠢᠴᠢᠭ᠎ᠦᠨ ᠳᠠᠷᠤᠭ᠎ᠠ ᠭᠤᠤ ᠬᠣᠩ ᠶᠠᠨ᠄ 《ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠳᠤᠷᠠᠳᠤᠭᠰᠠᠨ〈ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠬᠦᠯᠬᠦ᠎ᠶᠢ ᠲᠦᠷᠭᠡᠳᠬᠡᠬᠦ〉ᠲᠤᠬᠠᠢ ᠭᠦᠨᠵᠡᠭᠡᠢ ᠣᠢᠯᠠᠭᠠᠯᠲᠠ᠎ᠲᠠᠢ ᠪᠣᠯᠪᠠ᠃ ᠲᠠᠷᠠᠭᠠᠴᠢ᠎ᠶᠢᠨ ᠠᠯᠬᠤᠮ᠎ᠳᠤ ᠪᠢ ᠲᠤᠬᠠᠢᠯᠠᠭᠰᠠᠨ ᠠᠵᠢᠯ᠎ᠳᠠᠭᠠᠨ ᠰᠠᠭᠤᠷᠢᠯᠠᠵᠤ᠂ ᠰᠢᠨ᠎ᠡ᠎ᠶᠢ ᠡᠭᠦᠳᠬᠦ ᠳᠤᠭᠤᠢᠯᠠᠩ᠎ᠢ ᠵᠣᠬᠢᠶᠠᠨ ᠪᠠᠢᠭᠤᠯᠵᠤ᠂ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ;ᠡᠮᠡᠭᠲᠡᠢᠴᠦᠳ᠎ᠦᠨ ᠳᠠᠪᠠᠭᠤᠯᠢᠭ᠋᠎ᠢ ᠤᠯᠠᠮ ᠨᠢᠭᠡ ᠠᠯᠬᠤᠮ ᠪᠠᠳᠠᠷᠠᠭᠤᠯᠵᠤ᠂ ᠲᠡᠳᠡᠨ᠎ᠢ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠬᠠᠭᠤᠯᠤᠨ ᠲᠠᠢᠯᠪᠤᠷᠢᠯᠠᠬᠤ ᠪᠠ ᠴᠢᠳᠠᠪᠤᠷᠢᠲᠠᠨ᠎ᠢ ᠤᠯᠠᠮᠵᠢᠯᠠᠬᠤ ᠬᠠᠪᠰᠤᠷᠬᠤ ᠳᠠᠭᠠᠭᠤᠯᠬᠤ ᠠᠵᠢᠯ᠎ᠳᠤ ᠦᠷᠭᠦᠯᠵᠢᠯᠡᠨ ᠣᠷᠣᠯᠴᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠠᠯᠠᠭᠤ ᠬᠦᠴᠦᠨ᠎ᠢ ᠬᠥᠮᠥᠵᠢᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠤᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号