ᠬᠢᠩᠭᠠᠨ ᠠᠢᠮᠠᠭ ᠨᠤᠲᠤᠭ ᠤ᠋ᠨ ᠣᠨᠴᠠ ᠭᠠᠷᠤᠯᠲᠠ ᠢ᠋ᠢᠨ ᠭᠤᠤᠯᠯᠠᠬᠤ ᠥᠷᠢᠰᠦᠯᠳᠦᠬᠦ᠌ ᠬᠦᠴᠦᠨ ᠢ᠋ ᠪᠦᠬᠦ ᠬᠡᠯᠬᠢᠶ᠎ᠠ ᠪᠡᠷ ᠴᠢᠩᠭᠠᠷᠠᠭᠤᠯᠤᠨ᠎ᠠ
2025-12-08 11:29:31
ᠵᠣᠬᠢᠶᠠᠭ᠍ᠴᠢ᠄
​ ᠭᠣᠣ ᠮᠢᠨ ᠨᠨ
ᠣᠩᠱᠢᠭ᠍ᠰᠠᠨ ᠣᠳᠠᠭ᠎ᠠ᠄
★★★☆☆

11 ᠰᠠᠷ᠎ᠠ ᠢ᠋ᠢᠨ 25 ᠤ᠋ ᠡᠳᠦᠷ᠂ ᠬᠢᠩᠭᠠᠨ ᠠᠢᠮᠠᠭ ᠤ᠋ᠨ ᠲᠠᠯ᠎ᠠ ᠨᠤᠲᠤᠭ ᠤ᠋ᠨ ᠰᠠᠨ ᠾᠧ ᠣᠷᠭᠠᠨᠢᠭ ᠲᠠᠷᠢᠶᠠᠯᠠᠩ ᠤ᠋ᠨ ᠨᠡᠭᠡᠭᠡᠯᠲᠡ ᠢ᠋ᠢᠨ ᠬᠢᠵᠠᠭᠠᠷᠲᠤ ᠺᠣᠮᠫᠠᠨᠢ ᠢ᠋ᠢᠨ ᠪᠠᠷᠢᠮᠵᠢᠶᠠᠵᠢᠭᠤᠯᠤᠭ᠍ᠰᠠᠨ ᠦᠶ᠋ᠯᠡᠳᠪᠦᠷᠢ ᠢ᠋ᠢᠨ ᠲᠠᠰᠤᠭ ᠲᠤ᠌ ᠮᠠᠱᠢᠨ ᠬᠦᠷᠴᠢᠭᠢᠨᠡᠵᠤ᠂ ᠠᠵᠢᠯᠴᠢᠳ ᠲᠥᠬᠥᠭᠡᠷᠦᠮᠵᠢ ᠢ᠋ᠢ ᠪᠣᠯᠪᠠᠰᠤᠷᠠᠩᠭᠤᠶ ᠠᠵᠢᠯᠯᠠᠭᠤᠯᠤᠨ ᠬᠢᠯᠳᠠᠭᠠᠨᠠᠭᠰᠠᠨ ᠲᠤᠲᠤᠷᠭ᠎ᠠ ᠢ᠋ᠢ ᠤᠭᠤᠳᠠ ᠤᠭᠤᠳᠠ ᠪᠡᠷ ᠰᠠᠪᠠᠯᠠᠨ ᠪᠤᠭᠤᠳᠠᠯᠯᠠᠨ᠎ᠠ᠃ ᠡᠨᠡ ᠬᠦ᠌ 《ᠬᠢᠩᠭᠠᠨ ᠠᠢᠮᠠᠭ ᠤ᠋ᠨ ᠨᠤᠲᠤᠭ ᠤ᠋ᠨ ᠣᠨᠴᠠ ᠭᠠᠷᠤᠯᠲᠠ》 ᠭᠡᠬᠦ᠌ ᠨᠢᠭᠡᠳᠦᠯᠲᠡᠶ ᠲᠦᠷᠦᠯ ᠲᠡᠮᠳᠡᠭ ᠪᠦᠬᠦᠢ ᠲᠤᠳᠤᠷᠭ᠎ᠠ ᠡᠳ᠋ ᠪᠠᠷᠠᠭᠠᠨ ᠤ᠋ ᠭᠦᠶ᠋ᠯᠭᠡᠭᠡ ᠵᠢᠨ ᠲᠤᠰᠭᠠᠶ ᠱᠤᠭᠤᠮ ᠢ᠋ᠢᠡᠷ ᠪᠥᠬᠥ᠌ ᠤᠯᠤᠰ ᠤ᠋ᠨ ᠡᠯ᠎ᠡ ᠭᠠᠵᠠᠷ ᠤ᠋ᠨ ᠬᠡᠷᠡᠭ᠌ᠯᠡᠭ᠌ᠴᠢᠳ ᠤ᠋ᠨ ᠬᠣᠭᠣᠯᠠᠨ ᠱᠢᠷᠡᠭᠡᠨ ᠳ᠋ᠤ ᠬᠦᠷᠬᠦ ᠪᠤᠯᠤᠨ᠎ᠠ᠃

《〈ᠬᠢᠩᠭᠠᠨ ᠠᠢᠮᠠᠭ ᠤ᠋ᠨ ᠨᠤᠲᠤᠭ ᠤ᠋ᠨ ᠣᠨᠴᠠ ᠭᠠᠷᠤᠯᠲᠠ〉 ᠨᠢᠭᠡᠳᠦᠯᠲᠡᠶ ᠲᠦᠷᠦᠯ ᠲᠡᠮᠳᠡᠭ ᠪᠠ ᠪᠠᠷᠢᠮᠵᠢᠶᠠᠵᠢᠭ᠍ᠰᠠᠨ ᠦᠶ᠋ᠯᠡᠳᠪᠦᠷᠢᠯᠡᠯ ᠤ᠋ᠨ ᠱᠤᠭᠤᠮ ᠲᠠᠢ ᠪᠠᠢᠵᠤ᠂ ᠮᠠᠨ ᠤ᠋ ᠲᠤᠲᠤᠷᠭ᠎ᠠ ᠢ᠋ᠢᠨ ᠠᠮᠲᠠ ᠲᠣᠭ᠍ᠲᠠᠪᠤᠷᠢᠲᠠᠶ ᠮᠦᠷᠳᠡᠬᠡᠨ ᠰᠤᠭᠤᠴᠢᠨ ᠪᠠᠢᠴᠠᠭᠠᠯᠲᠠ᠎ᠳ᠋ᠤ ᠬᠢᠷᠢ ᠲᠡᠩᠴᠡᠭ᠌ᠰᠡᠨ ᠨᠣᠷᠮ᠎ᠠ 100% ᠬᠦᠷᠴᠤ ᠪᠠᠢᠨ᠎ᠠ᠃ ᠵᠢᠯ ᠤ᠋ᠨ ᠪᠣᠷᠣᠯᠠᠭᠤᠯᠭ᠎ᠠ ᠢ᠋ᠢᠨ ᠬᠡᠮᠵᠢᠶ᠎ᠡ 1 ᠲᠦᠮᠡᠨ ᠲᠣᠨ ᠪᠠᠢᠭ᠍ᠰᠠᠨ ᠡᠴᠡ ᠪᠡᠨ 1.5 ᠲᠦᠮᠡᠨ ᠲᠣᠨ ᠱᠢᠬᠠᠮ ᠪᠣᠯᠵᠣ᠂ ᠰᠦᠯᠵᠢᠶᠡᠨ ᠳᠡᠭᠡᠷ᠎ᠡ ᠳᠠᠬᠢᠨ ᠬᠤᠳᠠᠯᠳᠤᠨ ᠠᠪᠤᠭ᠍ᠰᠠᠨ ᠨᠣᠷᠮ᠎ᠠ 40% ᠵᠢ ᠳᠠᠪᠠᠪᠠ》 ᠭᠡᠵᠤ ᠲᠤᠰ ᠺᠣᠮᠫᠠᠨᠢ ᠢ᠋ᠢᠨ ᠵᠠᠰᠠᠭ ᠵᠠᠬᠢᠷᠭᠠᠨ ᠤ᠋ ᠳᠠᠭᠠᠭᠠᠮᠠᠯ ᠼᠦᠢ ᡁᠢ ᠱᠢᠶᠠᠩ ᠢᠲᠡᠭᠡᠯ ᠲᠡᠭᠦᠯᠳᠡᠷ ᠶᠠᠷᠢᠨ᠎ᠠ᠃

ᠤᠢ᠍ᠢᠷ᠎ᠠ ᠢ᠋ᠢᠨ ᠵᠢᠯ᠎ᠳ᠋ᠤ ᠬᠢᠩᠭᠠᠨ ᠠᠢᠮᠠᠭ 《ᠦᠢᠯᠡᠳᠪᠦᠷᠢᠯᠡᠯ + ᠡᠳ᠋ᠱᠢᠭᠦᠯᠦᠯᠲᠡ + ᠬᠥᠮᠥᠷᠭᠡᠯᠡᠯᠲᠡ + ᠡᠳ᠋ ᠪᠠᠷᠠᠭᠠᠨ ᠤ᠋ ᠭᠦᠢᠯᠭᠡᠭᠡ + ᠪᠣᠷᠣᠯᠠᠭᠤᠯᠭ᠎ᠠ》 ᠵᠢᠨ ᠪᠦᠬᠦ᠌ ᠬᠡᠯᠬᠢᠶ᠎ᠠ ᠢ᠋ᠢᠨ ᠬᠥᠭ᠌ᠵᠢᠯᠲᠡ ᠢ᠋ᠢᠨ ᠪᠠᠢᠷᠢᠱᠢᠯ ᠢ᠋ ᠪᠠᠢᠭᠤᠯᠵᠤ᠂ ᠲᠤᠲᠤᠷᠭ᠎ᠠ ᠪᠠ ᠦᠬᠡᠷ ᠬᠤᠨᠢᠨ ᠮᠢᠬ᠎ᠠ ᠵᠢ ᠨᠠᠷᠢᠯᠢᠭ ᠪᠤᠯᠪᠠᠰᠤᠷᠠᠭᠤᠯᠬᠤ ᠵᠡᠷᠭᠡ 14 《ᠨᠤᠲᠤᠭ ᠤ᠋ᠨ ᠣᠨᠴᠠ ᠭᠠᠷᠤᠯᠲᠠ》 ᠵᠢᠨ ᠪᠦᠬᠦ᠌ ᠠᠵᠤ ᠦᠢᠯᠡᠰ ᠤ᠋ᠨ ᠬᠡᠯᠬᠢᠶ᠎ᠠ ᠢ᠋ᠢ ᠪᠣᠢᠵᠢᠭᠤᠯᠤᠨ᠂ 《ᠵᠢᠵᠢᠭ ᠣᠨᠴᠠ ᠭᠠᠷᠤᠯᠲᠠ》 ᠵᠢ ᠣᠷᠣᠨ ᠪᠦᠰᠡ ᠢ᠋ᠢᠨ ᠬᠥᠭ᠌ᠵᠢᠯᠲᠡ ᠢ᠋ᠢ ᠲᠤᠯᠭᠠᠭᠤᠷᠢᠯᠠᠬᠤ 《ᠲᠤᠮᠤ ᠠᠵᠤ ᠦᠢᠯᠡᠰ》 ᠪᠣᠯᠭᠠᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

ᠺᠧ ᠴᠢᠨ ᠸᠠᠨ ᠵᠢᠶᠠ ᠢᠳᠡᠬᠡᠨ ᠤ᠋ ᠬᠢᠵᠠᠭᠠᠷᠳᠤ ᠺᠤᠮᠫᠠᠨᠢ ᠬᠢᠩᠭᠠᠨ ᠠᠢᠮᠠᠭ ᠤ᠋ᠨ ᠪᠦ᠋ ᠯᠢᠦ ᠺᠧ ᠪᠣᠯᠪᠠᠰᠤᠷᠠᠭᠤᠯᠬᠤ ᠮᠡᠷᠭᠡᠵᠢᠯ ᠤ᠋ᠨ ᠰᠤᠳᠤᠯᠭᠠᠨ ᠤ᠋ ᠭᠠᠵᠠᠷ ᠢ᠋ ᠪᠠᠢᠭᠤᠯᠵᠤ᠂ ᠠᠮᠲᠠ ᠱᠢᠮ᠎ᠡ ᠪᠠ ᠲᠥᠷᠥᠯ ᠵᠦᠶ᠋ᠯ ᠤ᠋ᠨ ᠲᠣᠭᠣᠷᠢᠨ ᠳ᠋ᠤ ᠱᠢᠰᠲ᠋ᠧᠮᠲᠦ ᠴᠢᠨᠠᠷᠲᠠᠶ ᠰᠤᠳᠤᠯᠤᠨ ᠨᠡᠭᠡᠭᠡᠯᠲᠡ ᠬᠢᠵᠤ᠂ ᠣᠳᠣ ᠤᠯᠤᠰ ᠤ᠋ᠨ ᠳᠣᠲᠣᠭᠠᠳᠤ ᠢ᠋ᠢᠨ ᠵᠠᠬ᠎ᠠ ᠳᠡᠯᠭᠡᠭᠦᠷ ᠤ᠋ᠨ ᠴᠢᠬᠤᠯᠠ ᠬᠤᠪᠢ ᠢ᠋ᠢᠨ ᠵᠢᠩ ᠢ᠋ ᠡᠵᠡᠯᠡᠭᠰᠡᠨ ᠢ᠋ᠢᠡᠷ ᠪᠠᠷᠠᠬᠤ ᠦᠭᠡᠶ ᠣᠷᠣᠰ᠂ ᠧᠦ᠋ᠷᠣᠫᠠ ᠢ᠋ᠢᠨ ᠬᠣᠯᠪᠣᠭ᠎ᠠ ᠵᠡᠷᠭᠡ ᠳᠡᠭᠡᠳᠦ ᠳᠡᠰ ᠤ᠋ᠨ ᠵᠠᠬ᠎ᠠ ᠳᠡᠯᠭᠡᠭᠦᠷ ᠤ᠋ᠨ ᠡᠭᠦᠳᠡ ᠢ᠋ᠢ ᠴᠦ᠍ ᠨᠡᠭᠡᠭᠡᠵᠡᠶ᠃ 2024 ᠣᠨ ᠳ᠋ᠤ ᠲᠣᠰ ᠠᠵᠤ ᠠᠬᠤᠢᠯᠠᠯ ᠤ᠋ᠨ ᠦᠶ᠋ᠯᠡᠳᠬᠦᠨ ᠤ᠋ ᠥᠷᠲᠡᠭ 1.2 ᠳ᠋ᠦᠩᠱᠢᠭᠤᠷ ᠲᠥᠭᠥᠷᠢᠭ ᠢ᠋ ᠳᠠᠪᠠᠵᠤ᠂ ᠦᠶ᠋ᠯᠡᠳᠬᠦᠨ ᠨᠢ 52 ᠤᠯᠤᠰ ᠪᠠ ᠭᠠᠵᠠᠷ ᠣᠷᠣᠨ ᠳ᠋ᠤ ᠪᠣᠷᠣᠯᠠᠭᠤᠯᠤᠭ᠍ᠳᠠᠨ᠂《ᠳᠠᠷᠢᠬᠤ — ᠡᠳ᠋ᠱᠢᠭᠦᠯᠬᠦ᠌ — ᠱᠢᠨᠵᠢᠯᠡᠬᠦ᠌ ᠤᠬᠠᠭᠠᠨ ᠤ᠋ ᠰᠤᠳᠤᠯᠭᠠᠨ — ᠰᠣᠶᠣᠯ ᠵᠢᠭᠤᠯᠴᠢᠯᠠᠯ》 ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠢ᠋ᠢᠨ ᠠᠮᠢ ᠠᠬᠤᠶ ᠢ᠋ᠢ ᠪᠠᠢᠭᠤᠯᠵᠤ᠂《ᠨᠤᠲᠤᠭ ᠤ᠋ᠨ ᠦᠨᠦᠷ ᠠᠮᠲᠠᠳᠤ》 ᠢᠳᠡᠭᠡᠨ ᠢ᠋ ᠣᠯᠠᠨ ᠤᠯᠤᠰ ᠤ᠋ᠨ ᠬᠣᠭᠣᠯᠠᠨ ᠱᠢᠷᠡᠭᠡᠨ ᠳ᠋ᠤ ᠭᠠᠷᠭᠠᠪᠠ᠃

ᠲᠦᠴᠢᠦᠸᠠᠨ ᠱᠢᠶᠠᠨ ᠤ᠋ ᠮᠠᠯ ᠤ᠋ᠨ ᠠᠰᠢᠭ ᠰᠢᠮ᠎ᠠ ᠢ᠋ᠢ ᠪᠤᠯᠪᠠᠰᠤᠷᠠᠭᠤᠯᠬᠤ ᠳᠠᠭᠠᠭᠤᠯᠤᠭ᠍ᠴᠢ ᠠᠵᠤ ᠠᠬᠤᠢᠯᠠᠯ ᠪᠣᠯᠤᠭ᠍ᠰᠠᠨ ᠤ᠋ ᠬᠤᠪᠢ ᠳ᠋ᠤ᠂ ᠥᠪᠥᠷ ᠮᠣᠩᠭᠣᠯ ᠤ᠋ᠨ ᠯᠢᠦᠶ ᠹᠸᠩ ᠴᠢᠤᠸᠠᠨ ᠲᠠᠷᠢᠶᠠᠯᠠᠩ ᠮᠠᠯ ᠠᠵᠤ ᠠᠬᠤᠶ ᠢ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠯ ᠳ᠋ᠤ 10 ᠲᠦᠮᠡᠨ ᠦᠬᠡᠷ᠂ 50 ᠲᠦᠮᠡᠨ ᠬᠣᠨᠢ ᠨᠢᠲᠤᠯᠬᠤ ᠣᠶᠤᠨᠴᠢᠯᠠᠭ᠍ᠰᠠᠨ ᠦᠶ᠋ᠯᠡᠳᠪᠦᠷᠢᠯᠡᠯ ᠤ᠋ᠨ ᠱᠤᠭᠤᠮ ᠢ᠋ ᠪᠠᠢᠭᠤᠯᠤᠭ᠍ᠰᠠᠨ ᠪᠥᠭᠡᠳ ᠦᠬᠡᠷ ᠤ᠋ᠨ ᠮᠢᠬ᠎ᠠ ᠢ᠋ᠢ ᠨᠠᠷᠢᠯᠢᠭ ᠪᠤᠯᠪᠠᠰᠤᠷᠠᠭᠤᠯᠬᠤ ᠳᠡᠭᠡᠳᠦ ᠲᠠᠰ ᠤ᠋ᠨ ᠲᠥᠬᠥᠭᠡᠷᠦᠮᠵᠢ ᠢ᠋ᠢ ᠣᠷᠣᠭᠤᠯᠪᠠ᠃ 《ᠪᠢᠳᠡ ᠲᠣᠰ ᠭᠠᠵᠠᠷ ᠤ᠋ᠨ ᠮᠠᠯ ᠠᠵᠤ ᠠᠬᠤᠢ ᠢ᠋ᠢᠨ᠎ᠡᠬᠢ ᠪᠠᠶᠠᠯᠢᠭ ᠲᠦ᠍ ᠲᠦᠱᠢᠭ᠌ᠯᠡᠨ ᠶᠠᠰᠤ ᠴᠢᠨᠠᠷ ᠤ᠋ᠨ ᠰᠡᠷᠭᠡᠢᠯᠡᠯᠲᠡ ᠢ᠋ᠢᠨ ᠱᠤᠭᠤᠮ ᠢ᠋ ᠡᠬᠢ ᠡᠭᠦᠰᠦᠯ ᠡᠴᠡ ᠨᠢ ᠪᠡᠬᠢᠵᠢᠭᠦᠯᠪᠡ᠃ ᠪᠠᠷᠢᠮᠵᠢᠶᠠᠵᠢᠭᠤᠯᠤᠨ ᠨᠢᠲᠤᠯᠵᠤ ᠡᠳ᠋ᠱᠢᠭᠦᠯᠬᠦ᠌ ᠪᠠ ᠲᠦᠷᠦᠯ ᠲᠡᠮᠳᠡᠭ ᠤ᠋ᠨ ᠪᠣᠭᠣᠳᠠᠯ ᠪᠠᠭ᠍ᠯᠠᠭ᠎ᠠ ᠪᠠᠷ ᠳᠡᠮᠵᠢᠨ ᠤᠳᠤ ᠪᠦᠲᠦᠭᠡᠭᠳᠡᠭᠦᠨ ᠢ᠋ᠢᠡᠨ ᠪᠡᠭᠡᠵᠢᠩ᠂ ᠹᠦᠵᠧᠦ᠂ ᠱᠢᠶᠠᠮᠧᠨ ᠵᠡᠷᠭᠡ ᠭᠠᠵᠠᠷ ᠲᠦ᠍ ᠪᠣᠷᠣᠯᠠᠭᠤᠯᠬᠤ  ᠪᠤᠯᠵᠤ᠂ 〈ᠠᠮᠢᠳᠤ ᠮᠠᠯ ᠢ᠋ ᠵᠠᠬ᠎ᠠ ᠳᠡᠯᠭᠡᠭᠦᠷ ᠲᠤ᠌ ᠭᠠᠷᠭᠠᠬᠤ〉 ᠡᠴᠡ 〈ᠨᠠᠷᠢᠯᠢᠭ ᠪᠤᠯᠪᠠᠰᠤᠷᠠᠭᠤᠯᠤᠭᠰᠠᠨ ᠪᠦᠲᠦᠭᠡᠭ᠌ᠳᠡᠬᠦᠨ ᠢ᠋ ᠵᠠᠬ᠎ᠠ ᠳᠡᠯᠭᠡᠭᠦᠷ ᠲᠤ᠌ ᠭᠠᠷᠭᠠᠬᠤ〉 ᠦᠷᠲᠡᠭ ᠤ᠋ᠨ ᠦᠰᠦᠷᠦᠯᠲᠡ ᠢ᠋ᠢ ᠪᠠᠶᠠᠯᠠᠭᠦᠯᠪᠠ》 ᠭᠡᠵᠦ᠍ ᠯᠢᠦᠢ ᠹᠸᠩ ᠴᠢᠤᠸᠠᠨ ᠺᠤᠮᠫᠠᠨᠢ ᠵᠢᠨ ᠦᠬᠡᠷ ᠬᠤᠨᠢ ᠵᠢᠨ ᠮᠢᠬ᠎ᠠ ᠢ᠋ᠢ ᠬᠦᠢᠳᠡᠨ ᠢ᠋ᠢᠡᠷ ᠬᠠᠳᠠᠭᠠᠯᠠᠵᠤ ᠪᠣᠯᠪᠠᠰᠤᠷᠠᠭᠤᠯᠬᠤ ᠲᠥᠪ ᠤ᠋ᠨ ᠶᠡᠷᠦᠩᠬᠡᠢ ᠳᠠᠭᠠᠭᠠᠮᠠᠯ ᠵᠠᠩ ᠪᠥᠸᠧ ᠬᠡᠯᠡᠨ᠎ᠠ᠃

ᠪᠥᠬᠥ᠌ ᠶᠠᠪᠤᠴᠠ ᠢ᠋ᠢᠨ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠶ᠋ᠯᠭᠡᠭᠡ ᠵᠢᠨ ᠱᠢᠰᠲ᠋ᠧᠮ ᠪᠤᠯ ᠠᠵᠤ ᠦᠶ᠋ᠯᠡᠰ ᠤ᠋ᠨ ᠬᠥᠭ᠌ᠵᠢᠯᠲᠡ ᠢ᠋ᠢᠨ 《ᠬᠢᠯᠭᠠᠰᠤᠨ ᠰᠤᠳᠠᠯ》 ᠪᠠᠢᠵᠤ᠂ ᠴᠢᠨᠠᠷ ᠰᠠᠢᠲᠠᠶ ᠪᠦᠲᠦᠭᠡᠭᠳᠡᠭᠦᠨ ᠤ᠋ ᠵᠠᠬ᠎ᠠ ᠲᠠᠯᠬᠡᠬᠦᠷ ᠤ᠋ᠨ ᠪᠤᠷᠤᠯᠠᠭᠤᠯᠭ᠎ᠠ ᠵᠢ ᠦᠷᠬᠡᠳᠬᠡᠨ ᠨᠡᠡᠭ ᠲᠣᠭ᠍ᠲᠠᠪᠤᠷᠢᠲᠠᠶ ᠪᠣᠯᠭᠠᠳᠠᠬ᠃ ᠡᠨᠡ ᠲᠤᠬᠠᠢ ᠬᠢᠩᠭᠠᠨ ᠠᠢᠮᠠᠭ ᠤ᠋ᠨ ᠡᠯᠧᠺᠲ᠋ᠷᠣᠨ ᠬᠤᠳᠠᠯᠳᠤᠭᠠᠨ ᠤ᠋ ᠭᠠᠷᠤᠯᠲᠠ ᠢ᠋ᠢᠨ ᠣᠷᠣᠨ ᠤ᠋ ᠡᠭᠦᠯᠡᠨ ᠬᠥᠮᠥᠷᠭᠡ ᠢ᠋ᠢᠨ ᠬᠠᠮᠢᠶᠠᠷᠤᠭᠴᠢ ᠭᠦᠸᠧ ᠹᠠᠨ᠄《ᠡᠳ᠋ ᠪᠠᠷᠠᠭᠠᠨ ᠤ᠋ ᠭᠦᠶ᠋ᠯᠭᠡᠭᠡ ᠪᠣᠯ ᠭᠠᠷᠤᠯᠲᠠ ᠢ᠋ᠢᠨ ᠣᠷᠣᠨ ᠪᠠ ᠬᠡᠷᠡᠭ᠌ᠯᠡᠭ᠌ᠴᠢᠳ ᠢ᠋ ᠬᠣᠯᠪᠣᠬᠤ ᠬᠥᠭᠥᠷᠭᠡ ᠮᠥᠨ᠃ ᠪᠢᠳᠡ ᠱᠢᠨ᠎ᠡ ᠰᠣᠷᠭᠣᠭ ᠪᠦᠲᠦᠭᠡᠭᠳᠡᠭᠦᠨ ᠤ᠋ ᠪᠦᠬᠦ ᠶᠠᠪᠤᠴᠠ ᠢ᠋ᠢᠨ ᠳᠤᠯᠠᠭᠠᠨ ᠤ᠋ ᠬᠡᠮᠵᠢᠶ᠎ᠠ ᠢ᠋ᠢ 0 — 8 ᠭᠷᠠᠳᠦ᠋ᠰ ᠤ᠋ᠨ ᠬᠣᠭᠣᠷᠣᠨᠳᠣ ᠡᠵᠡᠮᠳᠡᠨ᠂ ᠳᠠᠪᠬᠤᠷ ᠪᠤᠭᠤᠳᠠᠯ ᠵᠢᠡᠷ ᠬᠠᠮᠠᠭᠠᠯᠠᠵᠤ᠂ ᠲᠤᠰᠭᠠᠶ ᠱᠤᠭᠤᠮ ᠤ᠋ᠨ ᠬᠦᠶ᠋ᠲᠡᠨ ᠬᠡᠯᠬᠢᠶ᠎ᠡ ᠪᠡᠷ ᠳᠠᠮᠵᠢᠨ ᠦᠷᠳᠡᠬᠡ ᠰᠤᠯᠢᠨ ᠬᠦᠢᠯᠬᠡᠬᠡᠬᠦ ᠬᠣᠷᠣᠭ᠍ᠳᠠᠭᠤᠯᠤᠯ ᠢ᠋ ᠪᠠᠭᠠᠰᠭᠠᠵᠤ᠂ ᠬᠥᠮᠥᠷᠭᠡ ᠡᠴᠡ ᠭᠠᠷᠭᠠᠬᠤ ᠡᠴᠡ ᠡᠮᠦᠨ᠎ᠡ ᠬᠣᠶᠠᠳᠠᠬᠢ ᠤᠳᠠᠭ᠎ᠠ ᠵᠢᠨ ᠶᠠᠰᠤ ᠴᠢᠨᠠᠷ ᠤ᠋ᠨ ᠪᠠᠢᠴᠠᠭᠠᠯᠲᠠ ᠬᠢᠵᠤ ᠡᠳ᠋ ᠪᠠᠷᠠᠭᠠᠨ ᠤ᠋ ᠭᠦᠶ᠋ᠯᠭᠡᠭᠡ ᠵᠢᠨ ᠳᠠᠭᠠᠳᠭᠠᠯ ᠠᠪᠴᠦ ᠪᠠᠢᠨ᠎ᠠ》 ᠭᠡᠵᠤ ᠲᠠᠨᠢᠯᠴᠠᠭᠤᠯᠵᠤ ᠪᠠᠢᠯ᠎ᠠ᠃ ᠡᠨᠡ ᠬᠦ᠌ ᠡᠳ᠋ ᠪᠠᠷᠠᠭᠠᠨ ᠤ᠋ ᠭᠦᠶ᠋ᠯᠭᠡᠭᠡ ᠵᠢᠨ ᠪᠠᠲᠤᠯᠠᠭ᠎ᠠ ᠢ᠋ᠢᠨ《ᠬᠠᠮ ᠠᠷᠭ᠎ᠠ ᠬᠡᠮᠵᠢᠶ᠎ᠡ》 ᠨᠢ ᠤᠯᠠᠮᠵᠢᠯᠠᠯᠲᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠨᠡᠮᠡᠯᠲᠡ ᠥᠷᠲᠡᠭ ᠳᠤᠤᠷ᠎ᠠ᠂ ᠬᠤᠯᠠ ᠲᠡᠭᠡᠭᠡᠪᠦᠷᠢᠯᠡᠬᠦ᠌ ᠳ᠋ᠤ ᠠᠮᠠᠷᠬᠠᠨ ᠴᠢᠨᠠᠷ ᠬᠤᠪᠢᠷᠠᠬᠤ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠵᠡᠢ᠃

ᠬᠢᠩᠭᠠᠨ ᠠᠢᠮᠠᠭ 《ᠰᠦᠯᠵᠢᠶᠡᠨ ᠳᠡᠭᠡᠷ᠎ᠡ ᠪᠠ ᠪᠤᠳᠠᠳᠤ ᠲᠠᠯᠠᠪᠠᠢ ᠳ᠋ᠤ ᠬᠣᠯᠪᠣᠭᠠᠯᠠᠨ ᠬᠥᠳᠡᠯᠦᠯᠴᠡᠬᠦ᠌᠂ ᠤᠯᠠᠮᠵᠢᠯᠠᠯᠲᠤ ᠪᠠ ᠤᠳᠤ ᠦᠶ᠎ᠠ ᠵᠢᠨ ᠠᠭᠤᠰᠤᠯᠴᠠᠯ》 ᠤ᠋ᠨ ᠪᠣᠰᠣᠭ᠎ᠠ ᠴᠣᠭ᠍ᠴᠠᠲᠤ ᠳᠠᠮᠵᠢᠭᠤᠯᠭ᠎ᠠ ᠢ᠋ᠢᠨ ᠵᠢᠭ᠍ᠰᠠᠭᠠᠯ ᠢ᠋ ᠪᠠᠢᠭᠤᠯᠵᠤ᠂ 《ᠨᠤᠲᠤᠭ ᠤ᠋ᠨ ᠣᠨᠴᠠ ᠭᠠᠷᠤᠯᠲᠠ》ᠪᠠᠨ ᠪᠤᠷᠤᠯᠠᠭᠤᠯᠵᠤ ᠪᠠᠢᠨ᠎ᠠ᠃ ᠪᠤᠳᠠᠳᠤ ᠲᠠᠯᠠᠪᠠᠢ ᠵᠢᠨ ᠵᠠᠷ ᠮᠡᠳᠡᠭᠡ ᠨᠢ ᠬᠥᠬᠡᠬᠣᠲᠠ ᠢ᠋ᠢᠨ ᠴᠠᠭᠠᠨ ᠰᠤᠪᠤᠷᠭ᠎ᠠ ᠨᠢᠰᠭᠡᠯ ᠤ᠋ᠨ ᠪᠠᠭᠤᠳᠠᠯ᠂ ᠪᠡᠭᠡᠵᠢᠩ ᠤ᠋ᠨ ᠨᠡᠢᠰᠯᠡᠯ ᠤ᠋ᠨ ᠨᠢᠰᠭᠡᠯ ᠤ᠋ᠨ ᠪᠠᠭᠤᠳᠠᠯ ᠵᠡᠷᠭᠡ ᠵᠠᠮ ᠬᠠᠷᠢᠯᠴᠠᠭᠠᠨ ᠤ᠋ ᠬᠦᠶ᠋ᠰᠦ ᠢ᠋ᠢ ᠪᠦᠷᠬᠦᠵᠦ᠍᠂《ᠬᠢᠩᠭᠠᠨ ᠤ᠋ ᠰᠠᠢᠨ ᠪᠦᠲᠦᠭᠡᠭᠳᠡᠭᠦᠨ ᠢ᠋ ᠪᠡᠭᠡᠵᠢᠩ ᠳ᠋ᠤ ᠣᠷᠣᠭᠤᠯᠬᠤ》 ᠵᠡᠷᠭᠡ ᠲᠤᠰᠭᠠᠶ ᠠᠵᠢᠯᠯᠠᠭ᠎ᠠ ᠪᠡᠷ ᠲᠠᠮᠵᠢᠨ ᠨᠤᠲᠤᠭ ᠤ᠋ᠨ ᠣᠨᠴᠠ ᠭᠠᠷᠤᠯᠲᠠ ᠢ᠋ᠢ ᠱᠢᠭᠤᠳ ᠪᠡᠭᠡᠵᠢᠩ ᠲᠢᠶᠠᠨᠵᠢᠨ ᠾᠸᠪᠸᠢ ᠵᠢᠨ ᠵᠠᠬ᠎ᠠ ᠳᠡᠯᠭᠡᠭᠦᠷ ᠲᠤ᠌ ᠬᠠᠩᠭᠠᠪᠠ; ᠰᠦᠯᠵᠢᠶᠡᠨ ᠳᠡᠭᠡᠷ᠎ᠡ 《ᠠᠢᠮᠠᠭ ᠤ᠋ᠨ ᠰᠠᠢᠨ ᠪᠦᠲᠦᠭᠡᠭᠳᠡᠭᠦᠨ》 ᠪᠢᠴᠢᠯ ᠫᠷᠤᠭ᠌ᠷᠠᠮ᠂ ᠭᠣᠣᠯ ᠪᠣᠯᠬᠤ ᠡᠯᠧᠺᠲ᠋ᠷᠣᠨ ᠬᠤᠳᠠᠯᠳᠤᠭᠠᠨ ᠤ᠋ ᠲᠠᠪᠴᠠᠩ ᠪᠠ ᠱᠢᠭᠤᠳ ᠨᠡᠪᠲᠡᠷᠡᠭᠦᠯᠭᠡ ᠪᠡᠷ ᠪᠠᠷᠠᠭ᠎ᠠ ᠬᠤᠳᠠᠯᠳᠤᠬᠤ ᠬᠠᠮᠲᠤᠷᠠᠯ ᠬᠦᠴᠦᠨ ᠢ᠋ ᠪᠦᠷᠢᠯᠳᠦᠭᠦᠯᠵᠦ᠍᠂ ᠬᠡᠷᠡᠭ᠌ᠯᠡᠭᠡᠨ ᠤ᠋ ᠬᠠᠯᠠᠮᠰᠢᠯ ᠢ᠋ ᠦᠷᠭᠦᠯᠵᠢᠯᠡᠨ ᠬᠥᠭ᠌ᠵᠢᠭᠡᠪᠡ᠃

ᠪᠦᠬᠦ᠌ ᠬᠡᠯᠬᠢᠶ᠎ᠡ ᠢ᠋ᠢᠨ ᠠᠵᠤ ᠦᠢᠯᠡᠰ ᠤ᠋ᠨ ᠬᠥᠭ᠌ᠵᠢᠯᠲᠡ ᠢ᠋ᠢᠨ ᠡᠴᠦᠰ ᠤ᠋ᠨ ᠲᠤᠰᠤᠯᠲᠠ ᠪᠣᠯ ᠠᠷᠠᠳ ᠢ᠋ ᠪᠠᠶᠠᠵᠢᠭᠤᠯᠵᠤ ᠠᠢᠮᠠᠭ ᠢ᠋ ᠬᠦᠴᠦᠷᠬᠡᠭ᠌ᠵᠢᠭᠦᠯᠬᠦ᠌ ᠶᠠᠪᠤᠳᠠᠯ ᠪᠣᠯᠤᠨ᠎ᠠ᠃ ᠡᠨᠡ ᠵᠢᠯ ᠡᠴᠡ ᠨᠠᠭᠠᠰᠢ᠂ ᠬᠢᠩᠭᠠᠨ ᠠᠢᠮᠠᠭ ᠨᠤᠲᠤᠭ ᠤ᠋ᠨ ᠣᠨᠴᠠ ᠭᠠᠷᠤᠯᠲᠠ ᠢ᠋ᠢᠨ ᠠᠵᠤ ᠦᠢᠯᠡᠰ ᠢ᠋《ᠦᠢᠯᠡᠰ ᠢ᠋ ᠬᠦᠴᠦᠷᠬᠡᠭ᠌ᠵᠢᠭᠦᠯᠬᠦ᠌》᠂ 《ᠲᠣᠰᠭᠣᠨ ᠢ᠋ ᠬᠥᠭ᠌ᠵᠢᠭᠦᠯᠬᠦ᠌》 ᠴᠢᠬᠤᠯᠠ ᠭᠠᠷᠳᠠᠴᠠ ᠪᠣᠯᠭᠠᠨ ᠲᠤᠲᠤᠷᠭ᠎ᠠ᠂ ᠦᠬᠡᠷ ᠤ᠋ᠨ ᠮᠢᠬ᠎ᠠ᠂ ᠡᠷᠳᠡᠨᠢ ᠱᠢᠰᠢ ᠵᠡᠷᠭᠡ ᠳᠠᠪᠠᠭᠤᠯᠢᠭ ᠲᠦᠷᠦᠯ ᠵᠦᠢᠯ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠬᠡᠪᠴᠢᠶᠡᠵᠢᠭ᠌ᠰᠡᠨ᠂ ᠠᠵᠤ ᠦᠢᠯᠡᠰᠵᠢᠭ᠌ᠰᠡᠨ᠂ ᠲᠦᠷᠦᠯ ᠲᠡᠮᠳᠡᠭ᠌ᠵᠢᠭ᠌ᠰᠡᠨ ᠴᠢᠭ᠌ᠯᠡᠯ ᠢ᠋ᠢᠡᠷ ᠤᠨᠢᠨ ᠳᠡᠭᠡᠷ᠎ᠡ ᠨᠢ ᠬᠦᠴᠦᠯᠡᠵᠠᠢ᠃ ᠲᠣᠭ᠎ᠠ ᠪᠠᠷᠢᠮᠲᠠ ᠳ᠋ᠤ ᠢᠯᠡᠷᠡᠭᠦᠯᠦᠭ᠌ᠰᠡᠨ ᠢ᠋ᠢᠡᠷ᠂ ᠤᠳᠤ ᠪᠥᠬᠥ᠌ ᠠᠢᠮᠠᠭ ᠤ᠋ᠨ 70 ᠦᠶ᠋ᠯᠡᠳᠪᠦᠷᠢᠯᠡᠵᠤ ᠪᠤᠯᠪᠠᠰᠤᠷᠠᠭᠤᠯᠬᠤ ᠠᠵᠤ ᠠᠬᠤᠢᠯᠠᠯ ᠤ᠋ᠨ ᠵᠢᠯ ᠤ᠋ᠨ ᠪᠣᠷᠣᠯᠠᠭᠤᠯᠭ᠎ᠠ ᠢ᠋ᠢᠨ ᠣᠷᠣᠯᠭ᠎ᠠ 16.14 ᠳ᠋ᠦᠩᠱᠢᠭᠤᠷ ᠲᠥᠭᠥᠷᠢᠭ ᠲᠤ᠌ ᠬᠦᠷᠴᠦ᠍᠂ 4 ᠲᠦᠮᠡᠨ ᠡᠷᠦᠬᠡ ᠵᠢᠨ ᠮᠠᠯᠴᠢᠨ ᠲᠠᠷᠢᠶᠠᠴᠢᠨ ᠢ᠋ ᠳᠠᠢᠴᠢᠯᠠᠨ ᠣᠷᠣᠯᠭ᠎ᠠ ᠢ᠋ᠢ ᠨᠢ ᠨᠡᠮᠡᠭ᠌ᠳᠡᠭᠦᠯᠵᠤ᠂ ᠠᠵᠤ ᠦᠶ᠋ᠯᠡᠰ ᠢ᠋ ᠬᠦᠴᠦᠷᠬᠡᠭᠵᠢᠬᠦᠯᠬᠦ ᠪᠠ ᠠᠷᠠᠳ ᠣᠯᠠᠨ ᠢ᠋ ᠪᠠᠶᠠᠵᠢᠭᠤᠯᠬᠤ ᠵᠢ ᠵᠡᠷᠭᠡ ᠪᠡᠷ ᠠᠬᠢᠭᠤᠯᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠭᠠᠷᠤᠭ᠎ᠠ ᠳ᠋ᠤ ᠰᠠᠭᠤᠷᠢᠯᠠᠨ ᠰᠢᠨ᠎ᠠ ᠬᠦᠭᠵᠢᠯᠳᠡ ᠵᠢ ᠡᠷᠢᠯᠬᠢᠯᠡᠨ᠎ᠠ᠃ ᠬᠢᠩᠭᠠᠨ ᠠᠢᠮᠠᠭ ᠤ᠋ᠨ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠵᠢᠨ ᠳᠡᠳ᠋ ᠳᠠᠷᠤᠭ᠎ᠠ ᠹᠦ᠋ ᠱᠢᠶᠤᠤ ᠴᠢᠦ᠄《ᠪᠢᠳᠠ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠤ᠋ᠨ ᠬᠥᠳᠡᠭᠡ ᠲᠣᠰᠭᠣᠨ ᠤ᠋ ᠤᠨᠴᠠᠯᠢᠬ᠍ᠳᠤ ᠠᠵᠤ ᠦᠢᠯᠡᠰ ᠢ᠋ ᠬᠥᠭ᠌ᠵᠢᠭᠦᠯᠬᠦ᠌ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ ᠢ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠲᠣᠭ᠍ᠲᠠᠴᠠ ᠪᠠᠷ ᠠᠵᠤ ᠦᠢᠯᠡᠰ ᠤ᠋ᠨ ᠭᠦᠨᠵᠡᠭᠡᠢ ᠠᠭᠤᠰᠤᠯᠴᠠᠯ ᠢ᠋ ᠠᠬᠢᠭᠤᠯᠤᠨ᠂ ᠤᠨᠴᠠᠯᠢᠬ᠍ᠳᠤ ᠠᠷᠭ᠎ᠠ ᠵᠠᠮ ᠢ᠋ᠢᠡᠷ ᠭᠣᠣᠯᠯᠠᠬᠤ ᠦᠷᠢᠰᠦᠯᠳᠦᠬᠦ᠌ ᠬᠦᠴᠦᠨ ᠢ᠋ ᠴᠢᠩᠭᠠᠷᠠᠭᠤᠯᠵᠤ᠂ ᠲᠦᠷᠦᠯ ᠲᠡᠮᠳᠡᠭ᠌ᠵᠢᠭ᠌ᠰᠡᠨ ᠡᠵᠡᠩᠨᠡᠯᠲᠡ ᠪᠡᠷ ᠠᠵᠤ ᠦᠢᠯᠡᠰ ᠢ᠋ ᠲᠡᠰ ᠳᠡᠪᠱᠢᠭᠦᠯᠵᠦ᠍᠂ 〈ᠬᠢᠩᠭᠠᠨ ᠠᠢᠮᠠᠭ ᠤ᠋ᠨ ᠨᠤᠲᠤᠭ ᠤ᠋ᠨ ᠣᠨᠴᠠ ᠭᠠᠷᠤᠯᠲᠠ〉 ᠵᠢ ᠪᠦᠬᠦ᠌ ᠤᠯᠤᠰ ᠲᠦ᠍ ᠬᠠᠨᠳᠤᠭᠤᠯᠤᠭ᠍ᠰᠠᠨ ᠦᠵᠡᠰᠭᠦᠯᠡᠩᠲᠦ ᠰᠠᠢᠬᠠᠨ ᠨᠡᠷ᠎ᠡ ᠢ᠋ᠢᠨ ᠬᠠᠭᠤᠳᠠᠰᠤ ᠪᠣᠯᠭᠠᠨ᠂ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠲᠠᠢ ᠬᠥᠭ᠌ᠵᠢᠯᠲᠡ ᠳ᠋ᠤ ᠥᠨᠢᠳᠡ ᠢ᠋ᠢᠨ ᠬᠥᠳᠡᠯᠭᠡᠬᠦ᠌ ᠬᠦᠴᠦᠨ ᠨᠡᠮᠡᠷᠢᠯᠡᠨ᠎ᠡ》 ᠭᠡᠵᠦ᠍ ᠢᠯᠡᠷᠬᠡᠢᠯᠡᠪᠠ᠃

ᠪᠠᠷᠢᠮᠵᠢᠶᠠᠵᠢᠭ᠍ᠰᠠᠨ ᠦᠢᠯᠡᠳᠪᠦᠷᠢᠯᠡᠯ ᠢ᠋ᠢᠡᠷ ᠶᠠᠰᠤ ᠴᠢᠨᠠᠷ ᠤ᠋ᠨ ᠰᠠᠭᠤᠷᠢ ᠢ᠋ᠢ ᠪᠠᠲᠤ ᠴᠣᠭ᠍ᠴᠠᠯᠠᠬᠤ ᠡᠴᠡ ᠠᠪᠤᠭᠠᠳ ᠲᠦᠷᠦᠯ ᠲᠡᠮᠳᠡᠭ᠌ᠵᠢᠭ᠌ᠰᠡᠨ ᠡᠵᠡᠩᠨᠡᠯᠲᠡ ᠪᠡᠷ ᠦᠷᠳᠡᠭ ᠢ᠋ ᠳᠡᠭᠡᠭ᠌ᠰᠢᠯᠡᠭᠦᠯᠬᠦ᠌ ᠬᠦᠷᠲᠡᠯ᠎ᠡ᠂ ᠨᠠᠷᠢᠯᠢᠭ ᠪᠣᠯᠪᠠᠰᠤᠷᠠᠭᠤᠯᠵᠤ ᠬᠡᠯᠬᠢᠶ᠎ᠡ ᠢ᠋ᠢ ᠤᠷᠲᠤᠳᠭᠠᠬᠤ ᠡᠴᠡ ᠠᠪᠤᠭᠠᠳ ᠬᠦᠢᠳᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠪᠡᠷ ᠲᠦᠭ᠌ᠵᠢᠷᠡᠯ ᠢ᠋ ᠨᠡᠪᠲᠡᠷᠡᠭᠦᠯᠬᠦ᠌ ᠬᠦᠷᠲᠡᠯ᠎ᠡ᠂ ᠬᠢᠩᠭᠠᠨ ᠠᠢᠮᠠᠭ ᠶᠠᠭ 《ᠨᠤᠲᠤᠭ ᠤ᠋ᠨ ᠣᠨᠴᠠ ᠭᠠᠷᠤᠯᠲᠠ》 ᠭᠡᠬᠦ᠌ ᠡᠨᠡ ᠬᠦ᠌ 《ᠠᠯᠳᠠᠨ ᠲᠦᠯᠬᠢᠭᠦᠷ》 ᠢ᠋ ᠬᠡᠷᠡᠭ᠌ᠯᠡᠨ᠂ ᠴᠢᠨᠠᠷ ᠰᠠᠢᠲᠠᠢ ᠬᠥᠭ᠌ᠵᠢᠯᠲᠡ ᠪᠣᠯᠤᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ ᠢ᠋ᠢ ᠪᠢᠴᠢᠭᠯᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号